ᠮᠤᠨᠠ ᠠᠭᠤᠯᠠ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠪᠠᠯᠭᠠᠰᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ  ᠶᠢᠨ ᠬᠤᠷᠢᠶ᠎ᠠ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠰᠠᠬᠢᠯᠭ᠎ᠠ ᠪᠠᠳᠤ ᠶᠢ ᠴᠢᠩᠭ᠎ᠠ ᠠᠳᠬᠤᠪᠠ
ᠨᠡᠶᠢᠲᠡᠯᠡᠭᠰᠡᠨ ᠴᠠᠭ᠄
2021/11/29
     ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ  ᠪᠤᠯ ᠤᠯᠤᠰ ᠲᠦᠷᠦ  ᠶᠢᠨ ᠠᠮᠢᠳᠤᠷᠠᠯ ᠤᠨ ᠲᠤᠮᠳᠠᠬᠢ ᠨᠢᠬᠡᠨ ᠲᠤᠮᠤ ᠶᠠᠪᠤᠳᠠᠯ ᠪᠤᠯᠤᠨ᠎ᠠ᠃ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠲᠡᠭᠦᠰ ᠠᠮᠵᠢᠯᠳᠠᠳᠠᠢ ᠲᠡᠭᠦᠰᠬᠦ ᠡᠰᠡᠬᠦ ᠳᠤ ᠬᠤᠭᠤᠴᠠᠭ᠎ᠠ ᠰᠤᠯᠢᠬᠤ  ᠰᠠᠬᠢᠯᠭ᠎ᠠ ᠪᠠᠳᠤ ᠪᠤᠯ ᠵᠠᠩᠭᠢᠯᠠᠭ᠎ᠠ ᠪᠤᠯᠤᠨ᠎ᠠ᠃ ᠡᠨᠡ ᠵᠢᠯ  ᠮᠤᠨᠠ ᠠᠭᠤᠯᠠ ᠪᠠᠯᠭᠠᠰᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠵᠠᠰᠠᠭ ᠤᠨ ᠤᠷᠳᠤᠨ ᠤ ᠬᠤᠭᠤᠴᠠᠭ᠎ᠠ ᠰᠤᠯᠢᠬᠤ ᠠᠵᠢᠯ ᠢ ᠡᠬᠢᠯᠡᠬᠦᠯᠦᠭᠰᠡᠨ ᠠᠴᠠ ᠨᠠᠭᠠᠰᠢ᠂ ᠮᠤᠨᠠ ᠠᠭᠤᠯᠠ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠨᠢ ᠰᠠᠨᠠᠭᠠᠴᠢᠯᠠᠭ᠎ᠠ ᠠᠴᠠ ᠪᠠᠨ ᠢᠳᠡᠪᠬᠢᠳᠡᠢ ᠤᠷᠤᠯᠴᠠᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢᠨ ᠤᠪᠤᠷ ᠰᠤᠷᠳᠠᠯ ᠢ ᠠᠳᠬᠤᠬᠤ ᠢᠶᠠᠷ ᠭᠠᠷᠳᠠᠴᠠ ᠪᠤᠯᠭᠠᠵᠤ᠂ ᠪᠦᠬᠦ ᠪᠠᠯᠭᠠᠰᠤᠨ ᠤ ᠬᠤᠭᠤᠴᠠᠭ᠎ᠠ ᠰᠤᠯᠢᠬᠤ ᠠᠵᠢᠯ ᠤᠨ ᠲᠦᠷᠢᠮᠵᠢᠯ ᠲᠠᠢ᠂ ᠡᠮᠬᠢ ᠵᠢᠷᠤᠮ ᠲᠠᠢ ᠶᠠᠪᠤᠭᠳᠠᠬᠤ ᠶᠢ ᠠᠬᠢᠭᠤᠯᠪᠠ᠃ ᠪᠠᠯᠭᠠᠰᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠠᠴᠠ ᠤᠳᠤᠷᠢᠳᠬᠤ ᠲᠤᠭᠤᠶᠢᠯᠠᠩ ᠤᠨ ᠪᠦᠷᠢᠯᠳᠦᠬᠦᠨ ᠪᠠ ᠡᠯ᠎ᠡ ᠰᠤᠩᠭᠤᠭᠤᠯᠢ ᠶᠢᠨ ᠲᠤᠭᠤᠷᠢᠭ ᠤᠨ ᠬᠠᠷᠢᠭᠤᠴᠠᠯᠭᠠᠳᠠᠨ ᠲᠠᠢ ᠰᠡᠳᠬᠢᠯ ᠢᠶᠠᠨ ᠲᠡᠯᠬᠡᠨ ᠶᠠᠷᠢᠯᠴᠠᠬᠤ᠂ ᠰᠡᠷᠡᠮᠵᠢᠯᠡᠬᠦᠯᠬᠦ ᠬᠦᠮᠦᠵᠢᠯ ᠤᠨ ᠹᠢᠯᠢᠮ ᠦᠵᠡᠬᠦᠯᠬᠦ ᠵᠡᠷᠭᠡ ᠬᠡᠯᠪᠡᠷᠢ ᠪᠠᠷ ᠠᠶᠢᠮᠠᠭ ᠪᠦᠯᠦᠭ ᠪᠠᠶᠢᠭᠤᠯᠬᠤ᠂ ᠰᠤᠩᠭᠤᠭᠤᠯᠢ ᠶᠢᠨ ᠫᠢᠶᠤᠤ ᠲᠠᠳᠠᠬᠤ ᠬᠠᠭ᠋ᠤᠶᠢᠯᠢᠳᠤ ᠰᠤᠩᠭᠤᠭᠤᠯᠢ ᠶᠠᠪᠤᠭᠤᠯᠬᠤ ᠵᠡᠷᠭᠡ ᠬᠤᠭᠤᠴᠠᠭ᠎ᠠ ᠰᠤᠯᠢᠬᠤ ᠰᠠᠬᠢᠯᠭ᠎ᠠ ᠪᠠᠳᠤ ᠶᠢᠨ ᠠᠰᠠᠭᠤᠳᠠᠯ  ᠭᠠᠷᠬᠤ ᠶᠢ ᠡᠷᠡᠰ ᠬᠤᠷᠢᠭᠯᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ