ᠤᠷᠠᠳ ᠤᠨ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ 363 ᠲᠦᠮᠡᠨ ᠲᠦᠬᠦᠷᠢᠭ ᠤᠨ ᠬᠦᠢᠴᠡᠳᠬᠡᠬᠦ ᠬᠡᠷᠡᠭ ᠤᠨ ᠵᠤᠭᠤᠰ ᠢ ᠲᠦᠪᠯᠡᠷᠡᠭᠦᠯᠦᠨ ᠲᠠᠷᠬᠠᠭᠠᠪᠠ
ᠨᠡᠶᠢᠲᠡᠯᠡᠭᠰᠡᠨ ᠴᠠᠭ᠄
2021/11/29
     ᠤᠶᠢᠷ᠎ᠡ ᠶᠢᠨ ᠡᠳᠦᠷ᠂ ᠮᠧᠩ ᠱᠠᠩ ᠬᠤᠳᠠᠯᠳᠤᠭᠠᠨ ᠤ ᠪᠠᠩᠭᠢ ᠶᠢᠨ ᠬᠤᠪᠢ ᠤᠷᠤᠭᠤᠯᠤᠭᠰᠠᠨ ᠬᠢᠵᠠᠭᠠᠷᠳᠤ ᠺᠤᠮᠫᠠᠨᠢ ᠶᠢᠨ ᠤᠷᠠᠳ ᠤᠨ  ᠡᠮᠦᠨᠡᠳᠦ ᠬᠤᠰᠢᠭᠤᠨ ᠤ ᠰᠠᠯᠪᠤᠷᠢ ᠪᠠᠩᠭᠢ ᠶᠢᠨ ᠬᠠᠷᠢᠭᠤᠴᠠᠯᠭᠠᠳᠠᠨ ᠨᠢᠬᠡ ᠬᠤᠪᠢ ᠲᠠᠯᠠᠷᠬᠠᠯ ᠤᠨ ᠵᠠᠭᠢᠳᠠᠯ ᠢ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠶᠢᠨ ᠬᠦᠢᠴᠡᠳᠬᠡᠬᠦ ᠲᠤᠪᠴᠢᠶᠠᠨ ᠤ ᠬᠤᠯᠪᠤᠭᠳᠠᠯ ᠪᠦᠬᠦᠢ ᠬᠠᠷᠢᠭᠤᠴᠠᠯᠭᠠᠳᠠᠨ ᠤ ᠭᠠᠷ ᠲᠤ ᠭᠦᠷᠬᠡᠵᠦ᠂ ᠡᠮᠦᠨᠡᠳᠦ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠬᠦᠢᠴᠡᠳᠬᠡᠬᠦ  ᠠᠵᠢᠯᠯᠠᠭ᠎ᠠ ᠲᠤᠮᠳᠠ ᠮᠧᠩ ᠱᠠᠩ ᠬᠤᠳᠠᠯᠳᠤᠭᠠᠨ ᠤ ᠪᠠᠩᠭᠢ ᠶᠢᠨ  ᠵᠢᠱᠢᠭᠰᠡᠨ ᠵᠢᠬᠡᠯᠡᠯᠭᠡ ᠶᠢ ᠢᠯᠭᠠᠷᠠᠭᠤᠯᠵᠤ  ᠬᠤᠷᠢᠶᠠᠬᠤ ᠳᠤ ᠭᠠᠷᠭᠠᠭᠰᠠᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠡᠢ ᠃      ᠲᠤᠰ ᠵᠢᠯ ᠠᠴᠠ ᠨᠠᠭᠠᠰᠢ᠂ ᠠᠷᠠᠳ ᠤᠨ ᠲᠡᠭᠡᠳᠦ  ᠰᠢᠬᠦᠬᠦ ᠬᠤᠷᠢᠶ᠎ᠠ ᠠᠴᠠ ᠵᠤᠬᠢᠶᠠᠨ ᠪᠠᠶᠢᠭᠤᠯᠤᠭᠰᠠᠨ ᠪᠦᠬᠦ ᠤᠯᠤᠰ ᠤᠨ  ᠰᠢᠬᠦᠬᠦ ᠬᠤᠷᠢᠶ᠎ᠠ ᠶᠢᠨ ᠬᠦᠢᠴᠡᠳᠬᠡᠬᠦ ᠬᠡᠷᠡᠭ ᠤᠨ ᠵᠤᠭᠤᠰ ᠢ ᠲᠦᠪᠯᠡᠷᠡᠭᠦᠯᠦᠨ ᠲᠠᠷᠬᠠᠭᠠᠬᠤ ᠠᠵᠢᠯᠯᠠᠭ᠎ᠠ ᠶᠢ ᠦᠷᠨᠢᠬᠦᠯᠬᠦ ᠱᠠᠭᠠᠷᠳᠠᠯᠭ᠎ᠠ ᠶᠤᠰᠤᠭᠠᠷ᠂ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ  ᠶᠢᠨ ᠡᠨᠡᠬᠦ ᠤᠳᠠᠭᠠᠨ ᠤ ᠬᠦᠢᠴᠡᠳᠬᠡᠬᠦ ᠬᠡᠷᠡᠭ ᠤᠨ ᠵᠤᠭᠤᠰ ᠢ ᠲᠦᠪᠯᠡᠷᠡᠭᠦᠯᠦᠨ ᠲᠠᠷᠬᠠᠭᠠᠬᠤ ᠠᠵᠢᠯᠯᠠᠭ᠎ᠠ ᠶᠢ ᠦᠷᠨᠢᠬᠦᠯᠵᠡᠢ᠃  ᠲᠤᠬᠠᠢ ᠶᠢᠨ ᠲᠠᠯᠠᠪᠠᠢ  ᠳᠤ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠶᠢᠨ ᠬᠦᠢᠴᠡᠳᠬᠡᠬᠦ ᠲᠤᠪᠴᠢᠶᠠᠨ ᠤ  ᠺᠠᠳ᠋ᠷ ᠴᠠᠭᠳᠠᠭᠠᠴᠢᠳ ᠲᠤᠬᠠᠢ ᠶᠢᠨ ᠬᠦᠮᠦᠨ ᠤ ᠪᠡᠶ᠎ᠡ ᠭᠠᠷᠤᠯ ᠢ ᠨᠢᠬᠡ ᠨᠢᠬᠡ  ᠪᠠᠷ ᠬᠠᠷᠭᠤᠭᠤᠯᠤᠨ᠂ ᠬᠦᠢᠴᠡᠳᠬᠡᠬᠦ ᠪᠠᠷ ᠭᠤᠶᠤᠴᠢᠯᠠᠭᠰᠠᠨ ᠬᠦᠮᠦᠨ ᠤ ᠭᠠᠷᠳᠠᠮ ᠢ ᠬᠦᠢᠴᠡᠳᠬᠡᠬᠡᠨ ᠦᠭᠴᠦ᠂ ᠨᠡᠶᠢᠳᠡ 76  ᠬᠦᠮᠦᠨ ᠤ 363 ᠲᠦᠮᠡᠨ ᠲᠦᠬᠦᠷᠢᠭ ᠤᠨ ᠬᠦᠢᠴᠡᠳᠬᠡᠬᠦ ᠬᠡᠷᠡᠭ ᠤᠨ ᠵᠤᠭᠤᠰ ᠢ ᠲᠦᠪᠯᠡᠷᠡᠭᠦᠯᠦᠨ ᠲᠠᠷᠬᠠᠭᠠᠪᠠ᠃     ᠤᠶᠢᠯᠠᠭᠠᠬᠤ ᠪᠠᠷ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠨᠢ ᠦᠨᠦ ᠵᠢᠯ ᠳᠤ ᠨᠡᠶᠢᠳᠡ 2303 ᠬᠦᠢᠴᠡᠳᠬᠡᠬᠦ ᠬᠡᠷᠡᠭ ᠢ ᠰᠢᠬᠦᠨ ᠲᠠᠭᠤᠰᠬᠠᠵᠤ᠂ ᠬᠡᠷᠡᠭ  ᠲᠤ ᠬᠤᠯᠪᠤᠭᠳᠠᠭᠰᠠᠨ ᠬᠦᠢᠴᠡᠳᠬᠡᠬᠦ ᠬᠡᠷᠡᠭ ᠤᠨ ᠵᠤᠭᠤᠰ ᠨᠢ 2.56  ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ