11 ᠰᠠᠷ᠎ᠠ ᠶᠢᠨ 25 ᠤ ᠡᠳᠦᠷ᠂ ᠤᠷᠠᠳ ᠤᠨ ᠡᠮᠦᠨᠡᠲᠦ ᠬᠤᠰᠢᠭᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ | ᠤᠨ ᠬᠤᠷᠠᠯ ᠵᠢᠴᠢ ᠠᠷᠪᠠᠨ ᠨᠢᠭᠡᠳᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ᠃ | | | | | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠬᠤᠰᠢᠭᠤ ᠳᠠᠷᠤᠭ᠎ᠠ ᠸᠠᠩ ᠵᠢᠶᠦ᠋ᠨ ᠵᠢᠶᠧ ᠵᠡᠷᠭᠡ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢᠦ ᠶᠤᠸᠠᠢ ᠮᠢᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠳᠡᠳ᠋ ᠡᠷᠬᠢᠯᠡᠭᠴᠢ ᠤᠷᠢᠬᠠᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠣᠣ ᠷᠦ᠋ ᠯᠢᠨ ᠵᠢᠴᠢ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠢᠨᠠᠨ ᠪᠤᠳᠤᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠨ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠱᠢ ᠸᠠᠩ ᠴᠢᠩ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | ᠬᠤᠰᠢᠭᠤᠨ ᠤ ᠨᠠᠮ ᠤᠨ ᠬᠤᠷᠢᠶᠠᠨ ᠤ ᠪᠠᠶᠢᠩᠬᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠰᠠᠷᠠᠨᠴᠡᠴᠡᠭ ᠶᠡᠷᠦᠩᠬᠡᠶ ᠱᠦᠵᠢ ᠰᠢ ᠶᠢᠨ | ᠫᠢᠩ ᠤᠨ ᠲᠡᠮᠡᠭᠡᠲᠦ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠵᠠᠰᠠᠭ ᠤᠨ ᠣᠷᠳᠣᠨ ᠤ | ᠳᠡᠳ᠋ ᠬᠤᠰᠢᠭᠤ ᠳᠠᠷᠤᠭ᠎ᠠ ᠰᠤ᠋ ᠴᠠᠩ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ | ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ | ᠬᠤᠪᠢᠶᠠᠷᠢᠯᠠᠯ ᠤᠨ ᠲᠣᠬᠢᠷᠠᠭᠤᠯᠤᠯᠲᠠ ᠶᠢ ᠤᠩᠰᠢᠪᠠ᠃ | ᠸᠠᠩ ᠵᠢᠶᠦ᠋ᠨ ᠵᠢᠶᠧ ᠬᠤᠷᠠᠯ ᠳᠡᠭᠡᠷ᠎ᠡ ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠴᠢᠬᠤᠯᠠ ᠲᠡᠦᠬᠡᠨ ᠴᠠᠭ ᠮᠥᠴᠡ ᠳᠤ᠂ ᠨᠠᠮ ᠪᠣᠯᠤᠨ ᠠᠷᠠᠳ ᠲᠦᠮᠡᠨ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠢᠯᠠᠯᠲᠠ ᠲᠠᠢ ᠪᠡᠶᠡᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠵᠤ ᠪᠠᠶᠢᠭ᠎ᠠ ᠴᠢᠬᠤᠯᠠ ᠶᠡᠭᠡ ᠲᠡᠦᠬᠡ ᠶᠢᠨ ᠵᠠᠩᠭᠢᠯᠠᠭ᠎ᠠ ᠶᠢᠨ | ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠡᠯ᠎ᠡ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ | ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠮ ᠤᠨ ᠵᠠᠭᠤᠨ ᠵᠢᠯ ᠤᠨ ᠶᠡᠭᠡ ᠨᠠᠮ ᠪᠣᠯᠤᠭᠰᠠᠨ ᠤ ᠬᠤᠪᠢ ᠳᠠᠬᠢ ᠭᠦᠨ ᠵᠤᠵᠠᠭᠠᠨ | ᠲᠡᠦᠬᠡᠲᠦ ᠰᠡᠳᠬᠢᠯᠭᠡ ᠶᠢ ᠭᠦᠨᠵᠡᠭᠡᠢ ᠣᠶᠢᠯᠠᠭᠠᠵᠤ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠪᠦᠬᠦᠳᠡ | ᠬᠤᠷᠠᠯ ᠤᠨ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠭᠤᠶᠢᠪᠢᠰᠢ ᠦᠭᠡᠢ ᠤᠷᠤᠭᠰᠢᠯᠠᠬᠤ ᠬᠡᠷᠡᠭᠲᠡᠢ︔ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ | ᠥᠪᠥᠷ ᠮᠣᠩᠭᠤᠯ ᠳᠤ ᠲᠣᠭᠲᠠᠭᠠᠭᠰᠠᠨ ︽ᠬᠤᠶᠠᠷ ᠬᠠᠯᠬᠠᠪᠴᠢ︾ ᠶᠢ ᠪᠠᠲᠤ ᠪᠠᠶᠢᠭᠤᠯᠬᠤ᠂ ︽ᠬᠤᠶᠠᠷ ᠰᠠᠭᠤᠷᠢᠨ ᠭᠠᠵᠠᠷ︾ ᠪᠠ ︽ᠨᠢᠭᠡ ᠪᠠᠬᠢᠯᠡᠯᠲᠡ︾ ᠶᠢ | ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ | ᠬᠥᠭᠵᠢᠯᠲᠡ ᠶᠢᠨ ᠤᠳᠤᠷᠢᠳᠤᠮᠵᠢ ᠶᠢ ᠪᠠᠲᠤ ᠪᠠᠬᠢ ᠪᠣᠶ ᠪᠣᠯᠭᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ | ᠰᠢᠰᠲ᠋ᠧᠮ ᠲᠠᠢ ᠵᠠᠰᠠᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠠᠵᠤ ᠦᠢᠯᠡᠰ ᠤᠨ ᠪᠦᠲᠦᠴᠡ ᠶᠢᠨ ᠬᠡᠯᠪᠡᠷᠢ ᠶᠢ ᠬᠤᠪᠢᠷᠠᠭᠤᠯᠬᠤ᠂ | ᠨᠡᠶᠢᠭᠡᠮ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠬᠦᠴᠦᠯᠡᠨ ᠠᠬᠢᠭᠤᠯᠤᠨ᠎ᠠ︔ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠡᠨᠧᠷᠭᠢ ᠶᠢᠨ ᠬᠤᠷᠣᠭᠳᠠᠭᠤᠯᠤᠯ ᠶᠡᠬᠡᠲᠡᠢ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠨ ᠠᠬᠢᠭᠤᠯᠵᠤ᠂ ᠬᠤᠴᠣᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠠᠯᠬᠤᠮ ᠠᠯᠬᠤᠮ ᠢᠶᠠᠷ | ᠰᠢᠭᠰᠢᠭᠳᠡᠭᠦᠯᠵᠦ᠂ ᠴᠢᠨᠠᠷ ᠰᠠᠶᠢᠲᠠᠢ ᠲᠦᠷᠦᠯ ᠵᠦᠢᠯ ᠳᠤ ᠡᠨᠧᠷᠭᠢ ᠶᠢᠨ ᠬᠤᠷᠣᠭᠳᠠᠯ ᠤᠨ ᠣᠷᠣᠨ ᠵᠠᠢ ᠶᠢ ᠰᠤᠯᠠᠯᠠᠵᠤ ᠥᠭᠬᠦ ᠬᠡᠷᠡᠭᠲᠡᠢ︔ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠥᠬᠦ ᠬᠦᠴᠦᠨ ᠢᠶᠠᠷ ᠰᠠᠶᠢᠲᠤᠷ ᠠᠳᠬᠤᠵᠤ᠂ ᠮᠠᠯᠵᠢᠬᠤ ᠲᠠᠷᠢᠶᠠᠯᠠᠬᠤ ᠣᠷᠣᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠲᠦᠷᠭᠡᠳᠬᠡᠨ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠤᠨᠴᠠᠯᠢᠬᠳᠤ ᠳᠠᠷᠢᠵᠤ ᠲᠡᠵᠢᠭᠡᠨ | ᠦᠷᠡᠵᠢᠭᠦᠯᠬᠦ ᠦᠢᠯᠡᠰ᠂ ᠲᠠᠷᠢᠶᠠᠯᠠᠩ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠢ ᠬᠥᠭᠵᠢᠭᠦᠯᠵᠦ᠂ ᠡᠮᠦᠨᠡᠲᠦ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠶᠠᠪᠤᠭᠳᠠᠭᠤᠯᠬᠤ ᠪᠠᠷ ᠴᠢᠷᠮᠠᠶᠢᠬᠤ ᠬᠡᠷᠡᠭᠲᠡᠶ︔ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠡᠯᠪᠡᠭ ᠪᠠᠶᠠᠯᠢᠭ ᠠᠭᠤᠯᠤᠭᠳᠠᠬᠤᠨ᠂ ᠭᠤᠣᠯ | ᠴᠢᠬᠤᠯᠠ ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠶᠠᠷᠢᠶᠠᠨ ᠤ ᠱᠠᠭᠠᠷᠳᠠᠯᠭ᠎ᠠ ᠲᠠᠢ ᠬᠠᠷᠭᠤᠭᠤᠯᠵᠤ᠂ ᠦᠨᠡᠨᠬᠦ ᠰᠠᠶᠢᠨ | ᠦᠯᠢᠭᠡᠷ ᠳᠠᠭᠤᠷᠢᠶᠠᠯ ᠪᠤᠯᠵᠤ᠂ ᠰᠠᠶᠢᠨ ᠵᠢᠱᠢᠶᠡᠴᠢ ᠪᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠦᠳᠦᠯᠦᠨ ᠳᠠᠭᠠᠭᠤᠯᠵᠤ ᠴᠢᠷᠮᠠᠶᠢᠨ ᠲᠡᠮᠡᠴᠡᠵᠦ᠂ | ᠢᠳᠡᠪᠬᠢᠲᠡᠢ ᠪᠠᠷ ᠤᠷᠤᠭᠰᠢᠯᠠᠨ ᠲᠠᠪᠰᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ ᠪᠠᠰᠠ ᠣᠳᠣᠬᠠᠨ ᠤ ᠠᠶᠤᠯᠭᠦᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ | ᠠᠵᠢᠯ ᠪᠣᠯᠤᠨ ᠡᠨᠡ ᠵᠢᠯ ᠤᠨ ᠭᠦᠢᠴᠡᠳᠬᠡᠬᠦ ᠲᠤᠭ᠎ᠠ ᠶᠢᠨ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ᠂ ᠢᠷᠡᠬᠦ ᠵᠢᠯ ᠤᠨ ᠡᠯ᠎ᠡ ᠵᠦᠢᠯ ᠤᠨ ᠠᠵᠢᠯ ᠤᠨ ᠲᠥᠯᠥᠪᠯᠡᠭᠡ | ᠵᠡᠷᠭᠡ ᠶᠢ ᠲᠤᠬᠢᠷᠠᠭᠤᠯᠤᠨ ᠪᠠᠶᠢᠷᠢᠯᠠᠭᠤᠯᠵᠠᠢ᠃ | |