ᠬᠠᠳᠤᠨ ᠭᠤᠣᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠤᠨ ᠭᠤᠣᠯ ᠤᠨ ᠬᠠᠯᠢᠶ᠎ᠠ ᠦᠶᠡᠷ ᠤᠨ ᠬᠤᠭᠤᠴᠠᠭᠠᠨ ᠳᠠᠬᠢ ᠭᠠᠲᠤᠯᠬᠤ ᠶᠢ ᠴᠠᠭᠠᠵᠠᠯᠠᠬᠤ ᠵᠠᠷᠯᠢᠭ
ᠨᠡᠶᠢᠲᠡᠯᠡᠭᠰᠡᠨ ᠴᠠᠭ᠄
2021/11/29
     2021 ᠣᠨ ᠤ 11 ᠰᠠᠷ᠎ᠠ ᠶᠢᠨ 22 ᠤᠨ ᠡᠳᠦᠷ ᠤᠨ 9 ᠴᠠᠭ ᠲᠤ ᠬᠠᠲᠤᠨ ᠭᠤᠤᠯ ᠤᠨ ᠤᠷᠠᠳ ᠤᠨ ᠡᠮᠦᠨᠡᠲᠦ ᠬᠤᠰᠢᠭᠤᠨ ᠤ ᠬᠡᠰᠡᠭ ᠲᠤ ᠠᠩᠬ᠎ᠠ ᠤᠳᠠᠭ᠎ᠠ ᠰᠥᠩ ᠬᠠᠯᠢᠶ᠎ᠠ ᠭᠠᠷᠴᠤ᠂ ᠮᠠᠨ ᠤ ᠬᠤᠰᠢᠭᠤᠨ ᠤ ᠬᠢᠯᠢ ᠳᠣᠲᠣᠷᠠᠬᠢ ᠬᠠᠲᠤᠨ ᠭᠤᠤᠯ ᠪᠢᠲᠡᠭᠦᠮᠵᠢᠯᠡᠬᠦ ᠬᠤᠭᠤᠴᠠᠭᠠᠨ ᠳᠤ ᠣᠷᠣᠵᠤ᠂ ᠬᠠᠲᠤᠨ ᠭᠤᠤᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠴᠤ ᠵᠠᠩᠭᠢᠯᠠᠭ᠎ᠠ ᠶᠢᠨ ᠱᠠᠲᠤᠨ ᠳᠤ ᠤᠷᠤᠭᠰᠠᠨ ᠪᠠᠶᠢᠨ᠎ᠠ᠃ ᠬᠥᠮᠦᠨ ᠬᠠᠷ᠎ᠠ ᠦᠬᠦᠵᠦ ᠰᠢᠷᠬᠠᠲᠤᠬᠤ ᠵᠡᠷᠭᠡ ᠭᠡᠨᠡᠳᠲᠡ ᠶᠢᠨ ᠬᠡᠷᠡᠭ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠡᠨᠡ ᠡᠪᠦᠯ ᠬᠠᠲᠤᠨ ᠭᠤᠣᠯ ᠤᠨ ᠭᠤᠣᠯ ᠪᠢᠲᠡᠭᠦᠮᠵᠢᠯᠡᠬᠦ ᠬᠠᠯᠢᠶ᠎ᠠ ᠶᠢᠨ ᠦᠶᠡᠷ ᠤᠨ ᠬᠤᠭᠤᠴᠠᠭᠠᠨ ᠳᠤ᠂ ᠵᠢᠭᠠᠰᠤ ᠠᠩᠨᠠᠬᠤ ᠣᠩᠭᠤᠴᠠ ᠬᠠᠲᠤᠨ ᠭᠤᠣᠯ ᠤᠨ ᠳᠣᠲᠣᠷ᠎ᠠ ᠵᠢᠭᠠᠰᠤ ᠠᠩᠨᠠᠬᠤ ᠶᠢ ᠴᠢᠩᠭ᠎ᠠ ᠴᠠᠭᠠᠵᠠᠯᠠᠨ᠎ᠠ︔ ᠤᠮᠪᠠᠯᠲᠠ ᠶᠢᠨ ᠣᠩᠭᠤᠴᠠ ᠪᠠ ᠭᠠᠲᠤᠯᠭ᠎ᠠ ᠶᠢᠨ ᠣᠩᠭᠤᠴᠠ ᠶᠢᠨ ᠬᠠᠲᠤᠨ ᠭᠤᠣᠯ ᠤᠨ ᠳᠣᠲᠣᠷ᠎ᠠ ᠭᠠᠲᠤᠯᠬᠤ ᠶᠢ ᠴᠢᠩᠭ᠎ᠠ ᠴᠠᠭᠠᠵᠠᠯᠠᠨ᠎ᠠ︔ ᠲᠡᠷᠭᠡ ᠬᠥᠰᠬᠡ ᠶᠢᠨ ᠮᠥᠰᠥᠨ ᠳᠡᠭᠡᠷ᠎ᠡ ᠶᠠᠪᠤᠬᠤ ᠶᠢ ᠴᠢᠩᠭ᠎ᠠ ᠴᠠᠭᠠᠵᠠᠯᠠᠨ᠎ᠠ︔ ᠶᠠᠪᠠᠭᠠᠨ ᠬᠥᠮᠦᠨ ᠤ ᠮᠥᠰᠥᠨ ᠳᠡᠭᠡᠷ᠎ᠡ ᠠᠯᠬᠤᠵᠤ ᠭᠤᠣᠯ ᠭᠠᠲᠤᠯᠬᠤ ᠶᠢ ᠴᠢᠩᠭ᠎ᠠ ᠴᠠᠭᠠᠵᠠᠯᠠᠨ᠎ᠠ︔ ᠭᠤᠣᠯ ᠤᠨ ᠲᠠᠩ ᠢᠶᠠᠷ ᠵᠤᠭᠠᠴᠠᠬᠤ᠂ ᠠᠩ ᠠᠩᠨᠠᠬᠤ᠂ ᠲᠦᠯᠡᠭᠡ ᠲᠡᠭᠦᠬᠦ᠂ ᠮᠠᠯ ᠬᠠᠷᠢᠭᠤᠯᠬᠤ᠂ ᠰᠢᠷᠣᠶ ᠠᠪᠬᠤ ᠵᠢᠴᠢ ᠡᠯ᠎ᠡ ᠵᠦᠢᠯ ᠤᠨ ᠪᠠᠷᠢᠯᠭ᠎ᠠ ᠪᠠᠷᠢᠬᠤ ᠶᠢ ᠴᠢᠩᠭ᠎ᠠ ᠴᠠᠭᠠᠵᠠᠯᠠᠨ᠎ᠠ᠃ ᠭᠤᠣᠯ ᠳᠠᠭᠠᠤ ᠶᠢᠨ ᠡᠯ᠎ᠡ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠢ ᠨᠦᠭᠦᠳ ᠬᠠᠳᠤᠨ ᠭᠤᠣᠯ ᠤᠨ ᠬᠠᠰᠢᠯᠭ᠎ᠠ ᠳᠠᠯᠠᠩ ᠤᠨ ᠡᠯ᠎ᠡ ᠵᠠᠮ ᠤᠨ ᠠᠭᠤᠯᠵᠠᠷ᠂ ᠰᠤᠪᠠᠭ ᠳᠠᠯᠠᠩ ᠤᠨ ᠠᠮᠠᠰᠠᠷ ᠵᠡᠷᠭᠡ ᠭᠠᠵᠠᠷ ᠲᠤ ᠰᠡᠷᠡᠮᠵᠢ ᠶᠢᠨ ᠫᠠᠶᠢᠰᠠ ᠪᠤᠰᠬᠠᠬᠤ ᠶᠢᠨ ᠬᠠᠮᠲᠤ ᠤᠬᠠᠭᠤᠯᠭ᠎ᠠ ᠬᠥᠮᠦᠵᠢᠯ ᠵᠢᠴᠢ ᠲᠣᠭᠤᠷᠢᠨ ᠪᠠᠶᠢᠴᠠᠭᠠᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠥᠮᠦᠨ ᠮᠠᠯ ᠤᠨ ᠦᠬᠦᠯ ᠰᠢᠷᠬᠠᠲᠤᠯ ᠤᠨ ᠠᠳᠡᠯ ᠭᠠᠷᠬᠤ ᠠᠴᠠ ᠵᠠᠶᠢᠯᠠᠰᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃                                        ᠤᠷᠠᠳ ᠤᠨ ᠡᠮᠦᠨᠡᠲᠦ ᠬᠤᠰᠢᠭᠤᠨ ᠤ ᠦᠶᠡᠷ ᠢ ᠰᠡᠷᠭᠡᠶᠢᠯᠡᠨ                                      ᠭᠠᠩ  ᠲᠠᠢ  ᠲᠡᠮᠡᠴᠡᠬᠦ  ᠠᠵᠢᠯ ᠤᠨ  ᠵᠢᠯᠣᠭᠤᠳᠬᠤ ᠭᠠᠵᠠᠷ                                               2021 ᠣᠨ ᠤ 11 ᠰᠠᠷ᠎ᠠ ᠶᠢᠨ 26
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ