ᠶᠡᠭᠡ ᠰᠢᠬᠡᠲᠡᠢ ᠶᠢᠨ ᠬᠠᠰ ᠤᠨ ᠰᠦᠯᠵᠢᠶᠡᠨ ᠪᠣᠷᠣᠯᠠᠭᠤᠯᠭ᠎ᠠ ᠬᠦᠭᠵᠢᠶᠡᠨᠲᠡᠢ ᠪᠠᠶᠢᠨ᠎ᠠ
ᠨᠡᠶᠢᠲᠡᠯᠡᠭᠰᠡᠨ ᠴᠠᠭ᠄
2021/11/30
     ᠣᠷᠠᠳ  ᠤᠨ ᠡᠮᠦᠨᠡᠲᠤ ᠬᠤᠰᠢᠭᠤᠨ ᠤ ᠶᠡᠭᠡ ᠰᠢᠭᠡᠲᠡᠢ  ᠪᠠᠯᠭᠠᠰᠣ ᠨᠢ ᠰᠢᠭᠡᠲᠡᠢ ᠶᠢᠨ ᠬᠠᠰ ᠤᠨ ᠣᠷᠣᠨ ᠬᠡᠮᠡᠭᠳᠡᠭᠰᠡᠨ ᠰᠠᠶᠢᠬᠠᠨ ᠴᠣᠯᠠ ᠲᠠᠢ ᠪᠢᠯᠡ᠃ ᠲᠣᠰ ᠪᠠᠯᠭᠠᠰᠣᠨ ᠤ ᠰᠠᠨ ᠹᠧᠨ ᠽᠢ ᠲᠣᠰᠬᠤᠨ ᠤ ᠠᠷᠠᠳ ᠭᠡᠷ ᠤᠨ ᠡᠭᠦᠳᠡᠨ ᠳᠠᠬᠢ ᠬᠠᠰ ᠴᠢᠯᠠᠭᠤᠨ ᠤ ᠠᠵᠤ ᠦᠢᠯᠡᠰ ᠢ ᠠᠰᠢᠭᠯᠠᠨ᠂  ᠶᠡᠭᠡ ᠰᠢᠭᠡᠲᠡᠢ ᠶᠢᠨ ᠬᠠᠰ ᠢ ᠪᠦᠬᠦ ᠣᠯᠣᠰ ᠤᠨ ᠡᠯ᠎ᠡ  ᠭᠠᠵᠠᠷ ᠲᠤ ᠪᠣᠷᠣᠯᠠᠭᠤᠯᠵᠤ ᠣᠷᠣᠯᠭ᠎ᠠ ᠪᠠᠨ ᠨᠡᠮᠡᠭᠳᠡᠬᠦᠯᠵᠦ ᠪᠠᠶᠢᠨ᠎ᠠ᠃
佘太翠1.jpg
     ᠰᠣᠷᠪᠣᠯᠵᠢᠯᠠᠭᠴᠢ ᠶᠢ ᠣᠷᠠᠳ ᠤᠨ ᠡᠮᠦᠨᠡᠲᠤ ᠬᠤᠰᠢᠭᠤᠨ ᠤ ᠶᠡᠭᠡ ᠰᠢᠭᠡᠲᠡᠢ ᠪᠠᠯᠭᠠᠰᠣᠨ ᠤ ᠲᠣᠰᠬᠤᠨ ᠤ ᠠᠷᠠᠳ ᠯᠢ ᠰᠢᠤᠢ ᠶᠢᠨ ᠭᠡᠷ ᠲᠤ᠂ ᠲᠡᠭᠦᠨ ᠤ ᠡᠬᠡᠨᠡᠷ ᠨᠢ ᠶᠠᠭ ᠭᠠᠷ ᠤᠲᠠᠰᠤ ᠪᠠᠷ ᠰᠢᠭᠤᠳ ᠨᠡᠪᠲᠡᠷᠡᠬᠦᠯᠭᠡ ᠬᠢᠵᠤ᠂ ᠬᠡᠷᠡᠭᠯᠡᠭᠴᠢᠳ ᠲᠤ  ᠶᠡᠭᠡ ᠰᠢᠭᠡᠲᠡᠢ ᠶᠢᠨ ᠬᠠᠰ ᠤᠨ ᠪᠠᠭᠤᠪᠴᠢ ᠶᠢ ᠲᠠᠨᠢᠯᠴᠠᠭᠤᠯᠵᠤ ᠪᠠᠶᠢᠪᠠ᠃     ᠶᠡᠭᠡ ᠰᠢᠭᠡᠲᠡᠢ ᠶᠢᠨ ᠬᠠᠰ ᠨᠢ 18 —24 ᠳ᠋ᠦᠩᠰᠢᠭᠤᠷ ᠵᠢᠯ ᠤᠨ ᠡᠮᠦᠨ᠎ᠡ ᠪᠦᠷᠢᠯᠳᠦᠭᠰᠡᠨ ᠲᠠᠮᠠᠭᠠᠭᠯᠠᠯ ᠲᠠᠢ᠂ ᠭᠤᠣᠯᠳᠠᠭᠤ ᠣᠷᠠᠳ ᠤᠨ ᠡᠮᠦᠨᠡᠲᠤ ᠬᠤᠰᠢᠭᠤᠨ ᠤ ᠶᠡᠭᠡ ᠰᠢᠭᠡᠲᠡᠢ ᠪᠠᠯᠭᠠᠰᠤᠨ ᠳᠤ ᠡᠯᠪᠡᠭ ᠭᠠᠷᠳᠠᠭ᠃ 2008 ᠣᠨ ᠳᠤ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠂ ᠴᠢᠯᠠᠭᠤᠨ ᠮᠠᠲ᠋ᠧᠷᠢᠶᠠᠯ ᠰᠤᠪᠤᠳ ᠡᠷᠳᠡᠨᠢ ᠶᠢᠨ ᠲᠤᠰᠬᠠᠢ ᠮᠡᠷᠭᠡᠵᠢᠯᠲᠡᠨ ᠵᠢᠩᠬᠢᠨᠢ ᠪᠠᠷ ︽  ᠶᠡᠭᠡ ᠰᠢᠭᠡᠲᠡᠢ ᠶᠢᠨ ᠬᠠᠰ︾ ᠭᠡᠵᠦ ᠨᠡᠷᠡᠯᠡᠪᠡ᠃ ᠶᠡᠭᠡ ᠰᠢᠭᠡᠲᠡᠢ ᠶᠢᠨ ᠬᠠᠰ ᠨᠢ ᠬᠠᠲᠠᠭᠤ ᠶᠢᠨ ᠬᠡᠮᠵᠢᠶ᠎ᠡ ᠪᠠᠷ ᠥᠨᠳᠥᠷ᠂  ᠴᠢᠨᠠᠷ ᠨᠢ ᠨᠢᠭᠲᠠ᠂ ᠥᠩᠭᠡ ᠨᠢ ᠰᠠᠶᠢᠬᠠᠨ᠂ ᠳᠠᠩ ᠬᠡᠰᠡᠭ ᠤᠨ ᠡᠵᠡᠯᠡᠬᠦᠨ ᠨᠢ ᠶᠡᠭᠡ ᠪᠠᠶᠢᠳᠠᠭ ᠠᠴᠠ ᠦᠢᠯᠡᠳᠦᠵᠤ ᠭᠠᠷᠭᠠᠭᠰᠠᠨ ᠭᠠᠷ ᠤᠷᠠᠯᠠᠯ ᠤᠨ ᠡᠳ᠋ ᠪᠠ ᠠᠮᠢᠳᠤᠷᠠᠯ ᠤᠨ ᠬᠡᠷᠡᠭᠰᠡᠯ ᠨᠢ ᠬᠥᠮᠦᠰ ᠤᠨ ᠲᠠᠭᠠᠰᠢᠶᠠᠯ ᠢ ᠣᠯᠳᠠᠭ ᠪᠠᠶᠢᠨ᠎ᠠ᠃ 
佘太翠2.jpg
     ᠡᠶᠢᠮᠦᠷᠬᠦᠦ ᠠᠵᠦ ᠦᠢᠯᠡᠰ ᠤᠨ ᠳᠠᠪᠠᠭᠤᠯᠢᠭ ᠨᠢ ᠲᠣᠬᠠᠢ ᠶᠢᠨ ᠭᠠᠵᠠᠷ ᠤᠨ ᠲᠣᠰᠬᠤᠨ ᠤ ᠠᠷᠠᠳ ᠲᠤ ᠬᠤᠳᠠᠯᠳᠤᠭᠠᠨ ᠤ ᠠᠵᠠ ᠲᠣᠬᠢᠶᠠᠯ ᠢ ᠣᠯᠭᠤᠵᠣ ᠦᠭᠭᠦᠭᠰᠡᠨ ᠠᠴᠠ᠂ ᠤᠢᠢᠷ᠎ᠠ ᠶᠢᠨ ᠬᠡᠳᠦᠨ ᠵᠢᠯ ᠳᠤ᠂ ᠶᠡᠭᠡ ᠰᠢᠭᠡᠲᠡᠢ ᠶᠢᠨ ᠬᠠᠰ  ᠤᠨ ᠰᠦᠯᠵᠢᠶᠡᠨ ᠪᠣᠷᠣᠯᠠᠭᠤᠯᠭ᠎ᠠ ᠶᠢᠨ ᠬᠡᠮᠵᠢᠶ᠎ᠡ ᠨᠢ ᠪᠦᠬᠦ ᠡᠯᠧᠺᠲᠷᠣᠨ ᠬᠤᠳᠠᠯᠳᠤᠭᠠᠨ ᠤ ᠬᠠᠰ ᠴᠢᠯᠠᠭᠤᠨ ᠤ ᠲᠦᠷᠦᠯ ᠵᠦᠢᠯ ᠤᠨ ᠪᠣᠷᠣᠯᠠᠭᠤᠯᠭ᠎ᠠ ᠳᠤᠮᠳᠠ ᠨᠢᠭᠡᠳᠦᠭᠡᠷ ᠲᠤ ᠪᠠᠶᠢᠷᠢᠯᠠᠵᠦ᠂ ᠵᠢᠱᠢᠯᠲᠡ ᠪᠠᠷ ᠡᠨᠡ ᠵᠢᠯ ᠤᠨ ᠪᠣᠷᠣᠯᠠᠭᠤᠯᠭ᠎ᠠ ᠶᠢᠨ ᠶᠡᠷᠦᠩᠬᠡᠢ ᠬᠡᠮᠵᠢᠶ᠎ᠡ ᠨᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠳᠤ ᠬᠦᠷᠬᠦ ᠪᠣᠯᠤᠨ᠎ᠠ᠃      ᠤᠳᠤ᠂ ᠪᠦᠬᠦ ᠲᠣᠰᠬᠤᠨ ᠤ ᠶᠡᠭᠡ ᠪᠠᠭ᠎ᠠ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠨᠡᠶᠢᠳᠡ 23 ᠪᠤᠢ᠂ ᠨᠢᠳᠤᠨᠤᠨ ᠵᠢᠯ ᠰᠦᠯᠵᠢᠶᠡᠨ ᠪᠣᠷᠣᠯᠠᠭᠤᠯᠭ᠎ᠠ ᠶᠢᠨ ᠶᠡᠷᠦᠩᠬᠡᠢ  ᠦᠷᠲᠡᠭ ᠨᠢ 8000 ᠭᠠᠷᠤᠢ ᠲᠦᠮᠡᠨ ᠲᠥᠭᠦᠷᠢᠭ ᠲᠤ ᠬᠦᠷᠪᠡ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠰᠦᠯᠵᠢᠶᠡᠨ ᠪᠣᠷᠣᠯᠠᠭᠤᠯᠭ᠎ᠠ ᠨᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠮᠠᠰᠢ ᠣᠯᠠᠨ ᠵᠠᠯᠠᠭᠤᠴᠣᠳ ᠢ ᠬᠦᠳᠡᠭᠡ ᠲᠣᠰᠬᠤᠨ  ᠳᠤ ᠦᠯᠡᠳᠡᠭᠡᠨ  ᠬᠥᠳᠡᠭᠡ ᠲᠣᠰᠬᠤᠨ ᠤ ᠬᠥᠮᠦᠨ ᠠᠮᠠ ᠶᠢᠨ ᠠᠯᠳᠠᠭᠳᠠᠯ ᠢ ᠨᠠᠮᠳᠠᠭᠤᠯᠪᠠ᠃ ᠰᠠᠨ ᠹᠧᠨ ᠽᠢ ᠲᠣᠰᠬᠤᠨ ᠴᠤ ᠠᠵᠠ ᠲᠣᠬᠢᠶᠠᠯ ᠢ ᠠᠮᠵᠢᠨ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ  ᠠᠬᠢᠭᠤᠯᠣᠭᠰᠠᠨ ᠪᠠᠶᠢᠨ᠎ᠠ᠃  ᠣᠲᠣ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠦᠢᠯᠡᠳᠬᠦᠨ ᠨᠢ  ᠶᠡᠭᠡ ᠰᠢᠭᠡᠲᠡᠢ ᠶᠢᠨ ᠬᠠᠰ ᠠᠴᠠ ᠲᠠᠷᠢᠶᠠᠯᠠᠩ  ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠬᠦᠷᠲᠡᠯ᠎ᠡ ᠥᠷᠭᠡᠵᠢᠵᠦ᠂  ᠰᠢᠭᠡᠲᠡᠢ ᠶᠢᠨ ᠤᠯᠠᠭᠠᠨ ᠯᠠᠵᠤᠤ᠂ ᠰᠢᠭᠡᠲᠡᠢ ᠶᠢᠨ ᠨᠡᠷᠡᠨ ᠬᠤᠸᠠᠷ᠂ ᠰᠢᠭᠡᠲᠡᠢ ᠶᠢᠨ ᠠᠷᠢᠬᠢ᠂ ᠰᠢᠭᠡᠲᠡᠢ ᠶᠢᠨ ᠦᠬᠡᠷ ᠬᠤᠨᠢᠨ ᠮᠢᠬ᠎ᠠ ᠨᠢ ᠴᠤ ᠡᠯᠧᠺᠲᠷᠣᠨ ᠬᠤᠳᠠᠯᠳᠤᠭᠠᠨ ᠳᠤ ᠪᠣᠷᠣᠯᠠᠭᠤᠯᠣᠭᠳᠠᠬᠤ ᠪᠣᠯᠵᠣ ᠲᠣᠬᠠᠢ ᠶᠢᠨ ᠭᠠᠵᠠᠷ ᠤᠨ ᠲᠣᠰᠬᠤᠨ ᠤ ᠠᠷᠠᠳ ᠤᠨ ᠣᠷᠣᠯᠭ᠎ᠠ ᠴᠣ᠋  ᠬᠠᠨᠣᠮᠵᠢᠲᠠᠢ  ᠪᠣᠯᠣᠭᠰᠠᠨ ᠪᠠᠶᠢᠨ᠎ᠠ᠃
佘太翠3.jpg
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ