ᠣᠶᠢᠷ᠎ᠠ ᠶᠢᠨ ᠵᠢᠯ ᠳᠤ᠂ ᠮᠢᠩᠭᠠᠨ ᠪᠠᠯᠭᠠᠰᠤ ᠢᠮᠠᠭᠲᠠ ︽ᠬᠥᠭᠵᠢᠯᠲᠡ ᠶᠢᠨ ᠲᠣᠭᠤᠷᠢᠨ ᠳᠤ ᠨᠠᠮ ᠤᠨ ᠪᠠᠶᠢᠭᠤᠯᠤᠯᠲᠠ ᠶᠢ ᠠᠳᠬᠤᠵᠤ᠂ ᠨᠠᠮ ᠤᠨ | ᠪᠠᠶᠢᠭᠤᠯᠤᠯᠲᠠ ᠶᠢ ᠰᠠᠶᠢᠲᠤᠷ ᠠᠳᠬᠤᠬᠤ ᠪᠠᠷ ᠬᠥᠭᠵᠢᠯᠲᠡ ᠶᠢ ᠠᠬᠢᠭᠤᠯᠬᠤ︾ ᠠᠵᠢᠯ ᠤᠨ ᠰᠡᠳᠬᠢᠴᠡ ᠶᠢ ᠪᠠᠷᠢᠮᠲᠠᠯᠠᠵᠤ᠂ ᠪᠠᠯᠭᠠᠰᠤᠨ ᠤ ᠪᠣᠳᠠᠲᠤ ᠪᠠᠶᠢᠳᠠᠯ ᠪᠠ | ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠬᠤᠨᠴᠢᠷ ᠢ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ ᠵᠠᠩᠭᠢᠯᠠᠭ᠎ᠠ ᠶᠢᠨ ᠠᠵᠤ ᠦᠢᠯᠡᠰ ᠤᠨ | ᠭᠤᠤᠯᠳᠠᠯᠭ᠎ᠠ ᠪᠣᠯᠭᠠᠨ ᠪᠤᠶᠢᠵᠢᠭᠤᠯᠬᠤ ᠶᠢ ᠢᠮᠠᠭᠲᠠ ᠪᠠᠷᠢᠮᠲᠠᠯᠠᠵᠤ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾ ᠶᠢᠨ ᠠᠵᠢᠯᠯᠠᠭᠠᠨ ᠤ ᠠᠷᠭ᠎ᠠ | ᠬᠡᠯᠪᠡᠷᠢ ᠶᠢ ᠬᠡᠷᠡᠭᠵᠢᠭᠦᠯᠦᠨ᠂ ᠬᠤᠨᠴᠢᠷ ᠵᠡᠷᠭᠡ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠲᠠᠯᠠᠪᠠᠶ ᠶᠢ ᠲᠣᠭᠲᠠᠭᠤᠨ ᠢᠶᠠᠷ ᠥᠷᠭᠡᠳᠬᠡᠵᠦ᠂ ᠤᠨᠴᠠᠯᠢᠭᠳᠤ | ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ᠂ ᠠᠵᠤ ᠦᠢᠯᠡᠰ ᠤᠨ ᠪᠦᠲᠦᠴᠡ ᠳᠤ ᠲᠠᠰᠤᠷᠠᠯᠲᠠ ᠥᠬᠡᠶ ᠲᠣᠬᠢᠷᠠᠭᠤᠯᠤᠯᠲᠠ ᠬᠢᠵᠦ᠂ ᠡᠭᠦᠨ ᠤ ᠤᠯᠠᠮ ᠠᠴᠠ | ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠂ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠴᠢᠨᠠᠷ ᠰᠠᠶᠢᠲᠠᠶ | ᠳᠠᠪᠠᠯᠲᠠᠲᠤ ᠮᠠᠶ᠋ᠢᠭ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ | ᠪᠥᠬᠦ ᠪᠠᠯᠭᠠᠰᠤᠨ ᠤ ᠠᠮᠢ ᠠᠬᠤᠶ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠨᠠᠮ ᠤᠨ ᠡᠭᠦᠷ ᠢ ᠠᠵᠤ ᠦᠢᠯᠡᠰ ᠤᠨ ᠬᠡᠯᠬᠢᠶ᠎ᠡ ᠳᠡᠭᠡᠷ᠎ᠡ | ᠪᠠᠶᠢᠭᠤᠯᠬᠤ ᠪᠠᠷ ᠴᠢᠷᠮᠠᠶᠢᠵᠤ᠂ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ︽ᠨᠠᠮ ᠤᠨ ᠡᠭᠦᠷ + ᠠᠵᠤ | ᠦᠢᠯᠡᠰ ᠤᠨ ᠬᠥᠭᠵᠢᠯᠲᠡ︾ ᠶᠢᠨ ᠵᠠᠮ ᠢᠶᠠᠷ ᠵᠠᠮᠨᠠᠬᠤ ᠶᠢ ᠢᠮᠠᠭᠲᠠ ᠪᠠᠷᠢᠮᠲᠠᠯᠠᠵᠤ᠂ ︽ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ︾᠂ ︽ᠺᠣᠮᠫᠠᠨᠢ + | ᠰᠠᠭᠤᠷᠢᠨ ᠭᠠᠵᠠᠷ + ᠬᠤᠷᠰᠢᠶ᠎ᠠ + ᠲᠠᠷᠢᠶᠠᠴᠢᠨ ᠡᠷᠦᠬᠡ︾ ᠵᠡᠷᠭᠡ ᠵᠠᠭᠪᠤᠷ ᠢ ᠶᠡᠭᠡ ᠪᠠᠷ ᠬᠡᠷᠡᠭᠵᠢᠭᠦᠯᠵᠦ᠂ ᠤᠯᠠᠮᠵᠢᠯᠠᠯᠲᠤ ᠬᠢᠲᠠᠳ ᠡᠮ ᠤᠨ ᠮᠠᠲ᠋ᠧᠷᠢᠶᠠᠯ ᠤᠨ ︽ | ᠲᠠᠷᠠᠬᠠᠶ᠂ ᠪᠠᠭ᠎ᠠ᠂ ᠪᠠᠭᠤᠷᠠᠶ︾ ᠪᠠᠬᠢᠯᠡᠯᠲᠡ ᠶᠢ ᠬᠦᠴᠦᠯᠡᠨ ᠡᠪᠳᠡᠵᠦ᠂ ᠥᠷᠭᠡᠨ ᠣᠯᠠᠨ ᠲᠦᠮᠡᠨ ᠤ ︽ᠪᠦᠯᠬᠦᠮ ᠮᠠᠶ᠋ᠢᠭ︾ ᠤᠨ ᠬᠤᠨᠴᠢᠷ ᠤᠨ ᠨᠤᠳᠤᠭ ᠤᠨ | ᠡᠮ ᠤᠨ ᠮᠠᠲ᠋ᠧᠷᠢᠶᠠᠯ ᠤᠨ ᠲᠠᠷᠢᠮᠠᠯ ᠢ ᠬᠥᠭᠵᠢᠭᠦᠯᠬᠦ ᠶᠢ ᠠᠬᠢᠭᠤᠯᠵᠤ᠂ ᠥᠪᠡᠷᠮᠢᠴᠡ ᠣᠨᠴᠠᠯᠢᠭ ᠲᠠᠢ ᠬᠢᠲᠠᠳ ᠡᠮ ᠤᠨ ᠮᠠᠲ᠋ᠧᠷᠢᠶᠠᠯ ᠤᠨ ᠰᠢᠨ᠎ᠡ ᠠᠵᠢᠯᠯᠠᠭ᠎ᠠ ᠳᠤ | ᠬᠦᠴᠦᠨ ᠨᠡᠮᠡᠷᠢᠯᠡᠵᠦ᠂ ᠥᠷᠭᠡᠨ ᠣᠯᠠᠨ ᠲᠦᠮᠡᠨ ᠢ ᠪᠥᠬᠦ ᠲᠠᠯ᠎ᠠ ᠪᠠᠷ ᠲᠠᠶᠢᠴᠢᠯᠠᠵᠤ᠂ ᠣᠳᠣᠬᠠᠨ ᠪᠣᠯᠲᠠᠯ᠎ᠠ᠂ ᠨᠠᠮ ᠤᠨ ᠡᠭᠦᠷ ᠪᠣᠯᠤᠨ ᠮᠤᠤ ᠱᠧᠩ ᠶᠧ | ᠲᠠᠷᠢᠶᠠᠯᠠᠩ ᠤᠨ ᠠᠷᠠᠯᠵᠢᠶᠠᠨ ᠤ ᠲᠤᠰᠬᠠᠶ ᠬᠤᠷᠰᠢᠶ᠎ᠠ ᠶᠢᠨ ᠳᠠᠭᠠᠭᠤᠯᠭ᠎ᠠ ᠳᠤᠤᠷ᠎ᠠ᠂ ᠮᠢᠩᠭᠠᠨ ᠪᠠᠯᠭᠠᠰᠤᠨ ᠤ ᠬᠢᠨ 3 ᠲᠦᠮᠡᠨ ᠮᠥ ᠠᠴᠠ ᠳᠡᠭᠡᠭᠰᠢ ᠬᠤᠨᠴᠢᠷ ᠳᠠᠷᠢᠵᠤ | ᠂ ᠣᠲᠣ ᠨᠢᠭᠡᠨᠲᠡ ᠬᠠᠳᠤᠵᠤ ᠬᠤᠷᠢᠶᠠᠬᠤ ᠤᠯᠠᠷᠢᠯ ᠳᠤ ᠣᠷᠣᠵᠤ᠂ ᠵᠢᠱᠢᠯᠲᠡ ᠪᠠᠷ ᠮᠥ ᠪᠦᠷᠢ ᠶᠢᠨ ᠤᠨᠠᠯᠲᠠ 1500 ᠵᠢᠩ ᠠᠴᠠ ᠳᠡᠭᠡᠭᠰᠢ ᠳᠤ ᠬᠦᠷᠴᠦ᠂ ᠮᠥ | ᠪᠦᠷᠢ ᠶᠢᠨ ᠳᠤᠮᠳᠠᠴᠢ ᠴᠡᠪᠡᠷ ᠠᠰᠢᠭ ᠬᠤᠨᠵᠢᠪᠣᠷᠢ 2000 ᠲᠥᠭᠦᠷᠢᠭ ᠠᠴᠠ ᠳᠡᠭᠡᠭᠰᠢ ᠳᠤ ᠬᠦᠷᠬᠦ ᠪᠤᠯᠤᠨ᠎ᠠ᠃ | ᠲᠠᠷᠠᠭᠠᠴᠢ ᠶᠢᠨ ᠠᠯᠬᠤᠮ ᠳᠤ᠂ ᠮᠢᠩᠭᠠᠨ ᠪᠠᠯᠭᠠᠰᠤ ᠦᠷᠭᠦᠯᠵᠢᠯᠡᠨ ᠨᠠᠮ ᠤᠨ ᠪᠠᠶᠢᠭᠤᠯᠤᠯᠲᠠ ᠪᠠᠷ ᠲᠣᠰᠬᠤᠨ ᠢᠶᠠᠨ ᠬᠦᠴᠦᠷᠬᠡᠭᠵᠢᠭᠦᠯᠬᠦ᠂ ᠠᠵᠤ ᠦᠢᠯᠡᠰ ᠢᠶᠠᠷ | ᠲᠣᠰᠬᠤᠨ ᠢᠶᠠᠨ ᠪᠠᠶᠠᠵᠢᠭᠤᠯᠬᠤ ᠬᠥᠭᠵᠢᠯᠲᠡ ᠶᠢᠨ ᠰᠡᠳᠬᠢᠴᠡ ᠶᠣᠰᠣᠭᠠᠷ᠂ ︿︿ᠨᠠᠮ ᠤᠨ ᠡᠭᠦᠷ + ᠬᠤᠷᠰᠢᠶ᠎ᠠ + ᠲᠠᠷᠢᠶᠠᠴᠢᠨ ᠡᠷᠦᠬᠡ﹀﹀ ᠶᠢᠨ ᠵᠠᠭᠪᠤᠷ ᠢ | ᠬᠦᠢᠴᠡᠳ ᠠᠰᠢᠭᠯᠠᠨ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠨᠢᠭᠡᠳᠦᠯᠲᠡᠶ ᠲᠥᠯᠥᠪᠯᠡᠬᠦ ᠪᠠ ᠬᠥᠲᠥᠯᠥᠨ ᠳᠠᠭᠠᠭᠤᠯᠵᠤ | ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠪᠠ ᠠᠵᠤ ᠦᠢᠯᠡᠰ ᠤᠨ ᠬᠥᠭᠵᠢᠯᠲᠡ ᠶᠢᠨ ᠬᠠᠷᠢᠯᠴᠠᠨ ᠠᠬᠢᠭᠤᠯᠵᠤ | ᠬᠠᠮᠲᠤ ᠪᠠᠷ ᠠᠰᠢᠭ ᠬᠦᠷᠳᠡᠬᠦ ᠶᠢ ᠪᠡᠶᠡᠯᠡᠬᠦᠯᠬᠦ ᠪᠠᠷ ᠴᠢᠷᠮᠠᠶᠢᠨ᠎ᠠ᠃ |