ᠰᠢ ᠶᠢᠨ ᠫᠢᠩ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠨᠠᠢᠮᠠᠳᠤᠭᠠᠷ ᠬᠤᠭᠤᠴᠠᠭᠠᠨ ᠤ ᠰᠠᠶᠢᠳ ᠤᠨ ᠳᠡᠰ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠠ
ᠨᠡᠶᠢᠲᠡᠯᠡᠭᠰᠡᠨ ᠴᠠᠭ᠄
2021/12/1
    ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 29 ᠤ ᠴᠠᠭᠢᠯᠭᠠᠨ ᠮᠡᠳᠡᠭᠡ ︵ᠰᠤᠷᠪᠤᠯᠵᠢᠯᠠᠬᠴᠢ ᠵᠸᠡᠭ ᠮᠢᠩ ᠳ᠋ᠠ︶ ᠤᠯᠤᠰ ᠤᠨ ᠲᠡᠷᠢᠭᠦᠯᠡᠭᠴᠢ ᠰᠢ ᠶᠢᠨ ᠫᠢᠩ 29 ᠤ ᠤᠷᠤᠢ ᠪᠡᠭᠡᠵᠢᠩ ᠳᠤ ᠸᠢᠳᠢᠣ᠋ ᠬᠡᠯᠪᠡᠷᠢ ᠪᠠᠷ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠨᠠᠢᠮᠠᠳᠤᠭᠠᠷ ᠬᠤᠭᠤᠴᠠᠭᠠᠨ ᠤ ᠰᠠᠶᠢᠳ ᠤᠨ ᠲᠡᠰ ᠤᠨ ᠬᠤᠷᠠᠯ ᠤᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠶᠡᠭᠡ ᠲᠢᠩᠬᠢᠮ ᠳᠤ᠂ ᠳᠤᠮᠳᠠᠳᠤ ᠤᠯᠤᠰ ᠪᠣᠯᠤᠨ ᠠᠹᠷᠢᠺᠠ ᠲᠢᠪ ᠤᠨ 53 ᠤᠯᠤᠰ ᠤᠨ ᠤᠯᠤᠰ ᠤᠨ ᠲᠤᠭ ᠵᠢᠴᠢ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠲᠤᠭ ᠢᠶᠠᠷ ᠪᠦᠷᠢᠯᠳᠦᠭᠰᠡᠨ ᠲᠤᠭ ᠳᠠᠯᠪᠠᠭ᠎ᠠ ᠨᠤᠭᠤᠳ ᠦᠩᠬᠡ ᠢᠯᠭᠠᠷᠠᠨ ᠰᠦᠷ ᠵᠢᠪᠬᠤᠯᠠᠩᠳᠠᠢ ᠪᠠᠶᠢᠵᠥ᠂ ᠳᠤᠮᠳᠠᠳᠤ ᠠᠹᠷᠢᠺᠠ ᠶᠢᠨ ᠶᠠᠪᠤᠬᠤ ᠳᠤᠳᠤᠮ ᠪᠠᠳᠤᠵᠢᠬᠰᠠᠨ ᠨᠥᠬᠦᠷᠰᠡᠭ ᠬᠠᠶᠢᠷ᠎ᠠ ᠰᠡᠳᠭᠢᠯᠭᠡ ᠶᠢ ᠬᠠᠷᠠᠭᠤᠯᠤᠨ᠎ᠠ᠃     ᠰᠢ ᠶᠢᠨ ᠫᠢᠩ ︽ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠥ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠭᠠᠷ ᠬᠤᠯᠪᠣᠯᠴᠠᠨ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠶᠠᠷᠢᠶ᠎ᠠ ᠢᠯᠡᠳᠭᠡᠯ ᠬᠢᠪᠡ᠃     ᠰᠢ ᠶᠢᠨ ᠫᠢᠩ᠂ ᠡᠨᠡ ᠵᠢᠯ ᠪᠣᠯ ᠳᠤᠮᠳᠠᠳᠤ ᠠᠹᠷᠢᠺᠠ ᠶᠢᠨ ᠭᠠᠳᠠᠭᠠᠳᠤ ᠬᠠᠷᠢᠯᠴᠠᠭ᠎ᠠ ᠪᠠᠨ ᠡᠬᠢᠯᠡᠭᠦᠯᠦᠭᠰᠡᠨ 65 ᠵᠢᠯ ᠤᠨ ᠤᠢ ᠪᠣᠯᠤᠨ᠎ᠠ᠃ 65 ᠵᠢᠯ ᠤᠨ ᠲᠤᠷᠰᠢ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠡᠵᠡᠷᠬᠡᠭ ᠳᠦᠷᠢᠮᠡᠬᠡᠶᠢᠲᠡᠨ ᠢ ᠡᠰᠡᠷᠭᠦᠴᠡᠬᠦ ᠺᠣᠯᠣᠨᠢᠴᠢᠯᠠᠯ ᠢ ᠡᠰᠡᠷᠭᠦᠴᠡᠬᠦ ᠲᠡᠮᠡᠴᠡᠯ ᠳᠤᠮᠳᠠ ᠡᠪᠳᠡᠷᠡᠰᠢ ᠦᠭᠡᠢ ᠪᠠᠲᠤ ᠪᠠᠬᠢ ᠠᠬ᠎ᠠ ᠳᠡᠭᠦᠦ ᠶᠢᠨ ᠨᠥᠬᠦᠷᠯᠡᠯ ᠢ ᠪᠠᠶᠢᠭᠤᠯᠵᠤ᠂ ᠬᠥᠭᠵᠢᠨ ᠮᠠᠨᠳᠤᠬᠤ ᠠᠶᠠᠨ ᠳᠤ ᠢᠯᠡ ᠲᠣᠳᠣ ᠣᠨᠴᠠᠯᠢᠭ ᠲᠠᠢ ᠬᠠᠮᠲᠤᠷᠠᠯᠴᠠᠭᠠᠨ ᠤ ᠵᠠᠮ ᠢ ᠨᠡᠭᠡᠭᠡᠵᠦ᠂ ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠳᠤᠮᠳᠠ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ ᠭᠤᠶᠢᠳᠠ ᠰᠠᠶᠢᠬᠠᠨ ᠬᠠᠭᠤᠳᠠᠰᠤ ᠶᠢ ᠪᠢᠴᠢᠭᠯᠡᠵᠦ᠂ ᠰᠢᠨ᠎ᠡ ᠬᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠳᠤ ᠭᠡᠷᠡᠯ ᠰᠠᠴᠤᠷᠠᠩᠭᠤᠢ ᠬᠡᠪ ᠳᠠᠭᠤᠷᠢᠶᠠᠯ ᠢ ᠪᠤᠢ ᠪᠣᠯᠭᠠᠵᠠᠢ ᠬᠡᠵᠥ ᠵᠢᠭᠠᠵᠥ ᠭᠠᠷᠭᠠᠪᠠ᠃     ᠰᠢ ᠶᠢᠨ ᠫᠢᠩ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠠᠭᠠᠬᠢᠭᠠᠳ ᠰᠠᠶᠢᠨ ᠪᠠᠶᠢᠳᠠᠭ ᠪᠤᠢ︖ ᠳᠤᠮᠳᠠᠳᠤ ᠠᠹᠷᠢᠺᠠ ᠶᠢᠨ ᠨᠥᠬᠦᠷᠯᠡᠯ ᠶᠠᠭᠠᠬᠢᠭᠠᠳ ᠭᠦᠨ ᠵᠤᠵᠠᠭᠠᠨ ᠪᠠᠶᠢᠳᠠᠭ ᠪᠤᠢ︖ ᠵᠠᠩᠭᠢᠯᠠᠭ᠎ᠠ ᠨᠢ ᠬᠤᠶᠠᠷ ᠲᠠᠯ᠎ᠠ ᠪᠠᠷ ᠢᠶᠠᠨ ᠶᠠᠪᠤᠬᠤ ᠲᠤᠳᠤᠮ ᠪᠠᠬᠢᠵᠢᠭ᠍ᠰᠡᠨ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠴᠣᠭᠴᠠᠯᠠᠨ ᠪᠠᠶᠢᠭᠤᠯᠤᠬᠰᠠᠨ ᠳᠤ ᠪᠤᠢ᠂ ᠡᠨᠡ ᠨᠢ ᠳᠠᠷᠤᠢ ︽ᠦᠨᠡᠨᠴᠢ ᠨᠥᠬᠦᠷᠰᠡᠭ᠂ ᠡᠷᠬᠡ ᠲᠡᠭᠰᠢ ᠪᠠᠷ ᠬᠠᠨᠳᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ᠂ ᠦᠨᠡᠨ ᠶᠤᠰᠤ ᠶᠢ ᠪᠠᠷᠢᠮᠲᠠᠯᠠᠬᠤ᠂ ᠰᠢᠳᠤᠷᠭᠤ ᠶᠣᠰᠣ ᠶᠢ ᠬᠠᠮᠠᠭᠠᠯᠠᠬᠤ᠂ ᠴᠠᠭ ᠤᠨ ᠪᠠᠶᠢᠳᠠᠯ ᠳᠤ ᠵᠣᠬᠢᠴᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ︾ ᠶᠠᠪᠤᠳᠠᠯ ᠪᠣᠯᠤᠨ᠎ᠠ᠃ ᠡᠨᠡ ᠪᠣᠯ ᠳᠤᠮᠳᠠᠳᠤ ᠠᠹᠷᠢᠺᠠ ᠬᠤᠶᠠᠷ ᠲᠠᠯ᠎ᠠ ᠶᠢᠨ ᠬᠡᠳᠦᠨ ᠠᠷᠪᠠᠨ ᠵᠢᠯ ᠤᠨ ᠲᠤᠷᠰᠢ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠮᠥᠷᠥ ᠵᠡᠷᠭᠡᠴᠡᠨ ᠲᠡᠮᠡᠴᠡᠭᠰᠡᠨ ᠤ ᠦᠨᠡᠨ ᠪᠣᠳᠠᠲᠤ ᠵᠢᠷᠤᠭᠯᠠᠯ ᠮᠥᠨ᠂ ᠳᠤᠮᠳᠠᠳᠤ ᠠᠹᠷᠢᠺᠠ ᠶᠢᠨ ᠨᠥᠬᠦᠷᠰᠡᠭ ᠬᠠᠷᠢᠯᠴᠠᠭᠠᠨ ᠤ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠭᠰᠡᠨ ᠬᠦᠴᠦᠨ ᠴᠢᠳᠠᠯ ᠤᠨ ᠡᠬᠢ ᠪᠤᠯᠠᠭ ᠮᠥᠨ ᠬᠡᠵᠥ ᠴᠢᠬᠤᠯᠠᠴᠢᠯᠠᠪᠠ᠃     ᠰᠢ ᠶᠢᠨ ᠫᠢᠩ᠂ ᠡᠨᠡ ᠵᠢᠯ ᠪᠣᠯ ᠳᠤᠮᠳᠠᠳᠤ ᠤᠯᠤᠰ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠪᠣᠯᠤᠨ᠎ᠠ᠃ ᠪᠢ ᠲᠤᠬᠠᠢ ᠶᠢᠨ ᠵᠢᠯ ᠳᠤ ᠳᠤᠮᠳᠠᠳᠤ ᠤᠯᠤᠰ ᠢ ᠳᠡᠮᠵᠢᠭᠰᠡᠨ ᠠᠹᠷᠢᠺᠠ ᠲᠢᠪ ᠤᠨ ᠥᠷᠭᠡᠨ ᠣᠯᠠᠨ ᠨᠠᠶᠢᠵᠠ ᠨᠠᠷ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠤᠨ ᠭᠦᠨ ᠵᠤᠵᠠᠭᠠᠨ ᠨᠠᠶᠢᠷ ᠰᠡᠳᠭᠢᠯᠭᠡ ᠶᠢ ᠡᠭᠦᠷᠢᠳᠡ ᠮᠠᠷᠲᠠᠬᠤ ᠦᠭᠡᠢ᠂ ᠦᠨᠡᠨ ᠪᠣᠳᠠᠲᠠᠢ ᠳᠣᠲᠣᠨᠣ ᠦᠨᠡᠨᠴᠢ ᠪᠠᠶᠢᠬᠤ ᠣᠶᠢᠯᠠᠭᠠᠭᠳᠠᠬᠤᠨ ᠪᠠ ᠵᠥᠪ ᠤᠨᠤᠪᠴᠢᠳᠠᠢ ᠠᠰᠢᠭ ᠵᠢᠷᠤᠮ ᠤᠨ ᠦᠵᠡᠯᠲᠡ ᠶᠢ ᠦᠷᠭᠦᠯᠵᠢᠯᠡᠨ ᠪᠠᠷᠢᠮᠲᠠᠯᠠᠵᠤ᠂ ᠠᠹᠷᠢᠺᠠ ᠲᠢᠪ ᠤᠨ ᠨᠠᠶᠢᠵᠠ ᠨᠠᠷ ᠲᠠᠢ ᠬᠠᠮᠲᠤ ᠪᠠᠷ᠂ ᠳᠤᠮᠳᠠᠳᠤ ᠠᠹᠷᠢᠺᠠ ᠶᠢᠨ ᠨᠥᠬᠦᠷᠰᠡᠭ ᠬᠠᠮᠲᠤᠷᠠᠯᠴᠠᠭᠠᠨ ᠤ ᠵᠣᠷᠢᠭ ᠰᠠᠨᠠᠭ᠎ᠠ ᠶᠢ ᠦᠶ᠎ᠡ ᠶᠢᠨ ᠦᠶ᠎ᠡ ᠳᠤ ᠤᠯᠠᠮᠵᠢᠯᠠᠵᠤ᠂ ᠪᠠᠳᠠᠷᠠᠭᠤᠯᠤᠨ ᠳᠡᠯᠭᠡᠷᠡᠭᠦᠯᠦᠨ᠎ᠡ ᠬᠡᠵᠥ ᠵᠢᠭᠠᠵᠥ ᠭᠠᠷᠭᠠᠪᠠ᠃     ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ 4 ᠲᠠᠯ᠎ᠠ ᠶᠢᠨ ᠵᠣᠷᠢᠯᠲᠠ ᠳᠤᠷᠠᠳᠪᠠ᠃      ᠨᠢᠭᠡᠳᠦᠭᠡᠷ ᠲᠤ᠂ ᠪᠦᠯᠬᠦᠮᠳᠡᠨ ᠬᠢᠵᠢᠭ ᠲᠠᠢ ᠲᠡᠮᠡᠴᠡᠬᠦ ᠶᠢ ᠪᠠᠷᠢᠮᠲᠠᠯᠠᠶ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠵᠣᠷᠢᠭ ᠰᠠᠨᠠᠭ᠎ᠠ ᠶᠢ ᠪᠠᠳᠠᠷᠠᠭᠤᠯᠵᠤ᠂ ᠸᠠᠺᠼᠢᠨ ᠤ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠡᠯᠲᠦᠷᠢᠭᠦᠯᠦᠯ ᠢ ᠳᠡᠮᠵᠢᠵᠦ᠂ ᠸᠠᠺᠼᠢᠨ ᠤ ᠠᠹᠷᠢᠺᠠ ᠲᠢᠪ ᠲᠠᠬᠢ ᠪᠣᠯᠤᠮᠵᠢᠲᠤ ᠴᠢᠨᠠᠷ ᠪᠠ ᠡᠭᠦᠷᠭᠡᠯᠡᠵᠦ ᠪᠣᠯᠬᠤᠶᠢᠴᠠ ᠴᠢᠨᠠᠷ ᠢ ᠦᠨᠡᠨ ᠬᠦ ᠪᠠᠲᠤᠯᠠᠵᠤ᠂ ︽ᠡᠭᠡᠯᠢᠯᠡᠭᠡ ᠶᠢᠨ ᠵᠦᠷᠢᠶ᠎ᠡ︾ ᠶᠢ ᠨᠥᠬᠦᠪᠥᠷᠢᠯᠡᠶ᠎ᠡ᠃      ᠬᠤᠶᠠᠳᠤᠭᠠᠷ ᠲᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠶ᠎ᠡ᠃ ᠠᠷᠠᠯᠵᠢᠶ᠎ᠠ ᠪᠣᠯᠤᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠥᠷᠭᠡᠳᠭᠡᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠵᠤ ᠶᠠᠳᠠᠭᠤ ᠠᠴᠠ ᠠᠩᠭᠢᠵᠢᠷᠠᠭᠤᠯᠤᠭᠰᠠᠨ ᠲᠤᠷᠰᠢᠯᠭ᠎ᠠ ᠪᠠᠨ ᠬᠤᠪᠢᠶᠠᠯᠴᠠᠵᠤ᠂ ᠲᠣᠭᠠᠴᠢᠯᠠᠭᠰᠠᠨ ᠠᠵᠤ ᠠᠬᠤᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠹᠷᠢᠺᠠ ᠲᠢᠪ ᠤᠨ ᠵᠠᠯᠠᠭᠤᠴᠤᠳ ᠤᠨ ᠦᠢᠯᠡᠰ ᠪᠤᠰᠬᠠᠬᠤ ᠪᠠ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠶ᠎ᠠ᠃ ᠠᠹᠷᠢᠺᠠ ᠲᠢᠪ ᠤᠨ ᠤᠯᠤᠰ ᠤᠳ ᠤᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠳᠤ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      ᠭᠤᠷᠪᠠᠳᠤᠭᠠᠷ ᠲᠤ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠶ᠎ᠡ᠃ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠣᠶᠢᠯᠠᠭᠠᠭᠳᠠᠬᠤᠨ ᠢ ᠰᠠᠨᠠᠭᠠᠴᠢᠯᠠᠵᠤ᠂ ᠨᠡᠷᠡᠨ ᠤ ᠡᠨᠧᠷᠭᠢ᠂ ᠰᠠᠯᠬᠢᠨ ᠤ ᠡᠨᠧᠷᠭᠢ ᠵᠡᠷᠭᠡ ᠲᠠᠬᠢᠨ ᠡᠭᠦᠰᠴᠦ ᠪᠤᠯᠬᠤ ᠡᠨᠧᠷᠭᠢ ᠶᠢ ᠢᠳᠡᠪᠬᠢᠲᠡᠢ ᠬᠥᠭᠵᠢᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ︽ᠫᠠᠷᠢᠰ ᠤᠨ ᠬᠡᠯᠡᠯᠴᠡᠭᠡᠷ︾ ᠤᠨ ᠪᠦᠲᠦᠮᠵᠢᠲᠡᠢ ᠬᠡᠷᠡᠭᠵᠢᠭᠦᠯᠦᠭᠳᠡᠬᠦ ᠶᠢ ᠠᠬᠢᠭᠤᠯᠵᠤ᠂ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠳᠬᠠᠶ᠎ᠡ᠃      ᠳᠥᠷᠪᠡᠳᠦᠭᠡᠷ ᠲᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ᠃ ᠳᠡᠯᠡᠬᠡᠢ ᠶᠢᠷᠲᠢᠨᠴᠦ ᠵᠢᠩᠬᠢᠨᠢ ᠤᠯᠠᠨ ᠲᠠᠯᠠᠲᠤ ᠦᠵᠡᠯ ᠢ ᠴᠢᠬᠤᠯᠠᠴᠢᠯᠠᠨ᠎ᠠ᠃ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠪᠣᠯ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠮᠥᠨ᠂ ᠳᠤᠮᠳᠠᠳᠤ ᠠᠹᠷᠢᠺᠠ ᠬᠤᠶᠠᠷ ᠲᠠᠯ᠎ᠠ ᠶᠢᠨ ᠴᠥᠬᠦᠷᠡᠰᠢ ᠦᠭᠡᠢ ᠬᠥᠭᠡᠭᠡᠴᠡᠯᠳᠦᠬᠦ ᠬᠠᠮᠲᠤ ᠶᠢᠨ ᠬᠠᠷᠠᠯᠲᠠ ᠮᠥᠨ᠃ ᠪᠢᠳᠡ ᠴᠥᠮ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠵᠣᠷᠢᠵᠤ᠂ ᠴᠥᠮ ᠬᠥᠭᠵᠢᠵᠦ ᠪᠠᠶᠢᠭ᠎ᠠ ᠤᠯᠤᠰ ᠤᠳ ᠤᠨ ᠡᠷᠬᠡ ᠠᠰᠢᠭ ᠢ ᠬᠠᠮᠠᠭᠠᠯᠠᠬᠤ ᠪᠠᠷ ᠴᠢᠷᠮᠠᠶᠢᠵᠤ᠂ ᠴᠥᠮ ᠳᠣᠲᠣᠭᠠᠳᠤ ᠵᠠᠰᠠᠭ ᠲᠤ ᠭᠠᠷ ᠲᠦᠷᠦᠭᠦ᠂ ᠠᠷᠠᠰᠤᠲᠠᠨ ᠢ ᠭᠠᠳᠠᠭᠤᠷᠴᠢᠯᠠᠬᠤ᠂ ᠭᠠᠭᠴᠠ ᠲᠠᠯ᠎ᠠ ᠶᠢᠨ ᠵᠠᠯᠬᠠᠭᠠᠯ ᠶᠠᠪᠤᠭᠤᠯᠬᠤ ᠶᠢ ᠡᠰᠡᠷᠭᠦᠴᠡᠵᠦ ᠪᠠᠶᠢᠨ᠎ᠠ᠃ ᠪᠢᠳᠡ ᠣᠮᠤᠭ ᠵᠣᠷᠢᠭ ᠲᠡᠭᠦᠯᠳᠡᠷ ᠢᠶᠠᠷ ᠬᠥᠭᠵᠢᠵᠦ ᠪᠠᠶᠢᠭ᠎ᠠ ᠤᠯᠤᠰ ᠤᠳ ᠤᠨ ᠰᠢᠳᠤᠷᠭᠤ ᠶᠣᠰᠣᠨ ᠤ ᠵᠣᠷᠢᠯᠲᠠ ᠶᠢ ᠪᠠᠷᠢᠮᠲᠠᠯᠠᠵᠤ᠂ ᠮᠠᠨ ᠤ ᠬᠠᠮᠲᠤ ᠶᠢᠨ ᠬᠦᠰᠡᠯ ᠱᠠᠭᠠᠷᠳᠠᠯᠭ᠎ᠠ ᠪᠠ ᠬᠠᠮᠲᠤ ᠶᠢᠨ ᠠᠰᠢᠭ ᠲᠤᠰᠠ ᠪᠠᠨ ᠬᠠᠮᠲᠤ ᠶᠢᠨ ᠠᠵᠢᠯᠯᠠᠭ᠎ᠠ ᠪᠣᠯᠭᠠᠨ ᠬᠤᠪᠢᠷᠠᠭᠤᠯᠤᠶ᠎ᠡ᠃     ᠰᠢ ᠶᠢᠨ ᠫᠢᠩ᠂ ︽ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ 2035 ᠣᠨ ᠤ ᠠᠯᠤᠰ ᠤᠨ ᠲᠥᠰᠦᠪ︾ ᠤᠨ ᠠᠩᠬᠠᠳᠠᠭᠴᠢ ᠭᠤᠷᠪᠠᠨ ᠵᠢᠯ ᠤᠨ ᠲᠥᠯᠥᠪᠵᠢᠭᠦᠯᠭᠡ ᠪᠤᠯᠭᠠᠵᠦ᠂ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠨᠢᠭᠲᠠ ᠬᠠᠮᠵᠢᠯᠴᠠᠵᠤ᠂ ︽ᠶᠢᠰᠦᠨ ᠵᠦᠢᠯ ᠤᠨ ᠢᠨᠵᠧᠨᠧᠷᠢᠩ︾ ᠢ ᠬᠠᠮᠲᠤ ᠪᠠᠷ ᠬᠡᠷᠡᠭᠵᠢᠭᠦᠯᠦᠨ᠎ᠡ ᠭᠡᠵᠤ ᠵᠢᠭᠠᠵᠤ ᠭᠠᠷᠭᠠᠪᠠ᠃      ᠨᠢᠭᠡᠳᠦᠭᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠢᠨᠵᠧᠨᠧᠷᠢᠩ᠃ ᠳᠤᠮᠳᠠᠳᠤ ᠤᠯᠤᠰ ᠠᠹᠷᠢᠺᠠ ᠳᠤ ᠳᠠᠬᠢᠨᠲᠠ 10 ᠳ᠋ᠦᠩᠰᠢᠭᠤᠷ ᠸᠠᠺᠼᠢᠨ ᠬᠠᠩᠭᠠᠨ᠎ᠠ᠂ ᠡᠭᠦᠨ ᠳᠤ 6 ᠳ᠋ᠦᠩᠰᠢᠭᠤᠷ ᠸᠠᠺᠼᠢᠨ ᠢ ᠦᠨ᠎ᠡ ᠲᠥᠯᠥᠪᠦᠷᠢ ᠥᠬᠡᠶ ᠪᠠᠷ ᠲᠤᠰᠠᠯᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠬᠢᠭᠡᠳ ᠠᠹᠷᠢᠺᠠ ᠲᠢᠪ ᠤᠨ ᠬᠤᠯᠪᠣᠭᠳᠠᠯ ᠪᠥᠬᠦᠶ ᠤᠯᠤᠰ ᠤᠳ ᠬᠠᠮᠲᠤᠷᠠᠨ ᠦᠶ᠋ᠯᠡᠳᠪᠦᠷᠢᠯᠡᠬᠦ ᠵᠡᠷᠭᠡ ᠠᠷᠭ᠎ᠠ ᠮᠠᠶ᠋ᠢᠭ ᠢᠶᠠᠷ 4 ᠳ᠋ᠦᠩᠰᠢᠭᠤᠷ ᠸᠠᠺᠼᠢᠨ ᠬᠠᠩᠭᠠᠨ᠎ᠠ᠃ ᠳᠤᠮᠳᠠᠳᠤ ᠤᠯᠤᠰ ᠪᠠᠰᠠ ᠠᠹᠷᠢᠺᠠ ᠲᠢᠪ ᠤᠨ ᠤᠯᠤᠰ ᠤᠳ ᠲᠤ ᠡᠮ ᠡᠮᠨᠡᠯᠭᠡ ᠡᠷᠡᠭᠦᠯ ᠬᠠᠮᠠᠭᠠᠯᠠᠯ ᠤᠨ 10 ᠲᠦ᠋ᠷᠦᠯ ᠵᠦᠢᠯ ᠢ ᠲᠤᠰᠠᠯᠠᠨ ᠬᠡᠷᠡᠭᠵᠢᠭᠦᠯᠵᠦ᠂ ᠠᠹᠷᠢᠺᠠ ᠲᠢᠪ ᠲᠤ 1500 ᠡᠮᠴᠢᠯᠡᠭᠡᠨ ᠤ ᠠᠩᠭᠢ ᠶᠢᠨ ᠭᠡᠰᠢᠭᠦᠨ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠰᠬᠠᠢ ᠮᠡᠷᠭᠡᠵᠢᠯᠲᠡᠨ ᠲᠣᠮᠢᠯᠠᠨ᠎ᠠ᠃      ᠬᠤᠶᠠᠳᠤᠭᠠᠷ ᠨᠢ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠭᠡᠨ ᠲᠠᠷᠢᠶᠠᠴᠢᠳ ᠲᠤ ᠠᠰᠢᠭ ᠬᠦᠷᠲᠡᠭᠡᠬᠦ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠪᠠ ᠬᠥᠳᠡᠭᠡ ᠠᠵᠤ ᠠᠬᠤᠢ ᠶᠢᠨ 10 ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ 500 ᠬᠥᠳᠡᠭᠡ ᠠᠵᠤ ᠠᠬᠤᠢ ᠶᠢᠨ ᠲᠤᠰᠬᠠᠢ ᠮᠡᠷᠭᠡᠵᠢᠯᠲᠡᠨ ᠢ ᠲᠣᠮᠢᠯᠠᠵᠤ᠂ ᠳᠤᠮᠳᠠᠳᠤ ᠤᠯᠤᠰ ᠲᠤ ᠨᠢᠭᠡ ᠪᠦᠯᠦᠭ ᠳᠤᠮᠳᠠᠳᠤ ᠠᠹᠷᠢᠺᠠ ᠶᠢᠨ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠮᠡᠷᠭᠡᠵᠢᠯ ᠤᠨ ᠰᠣᠯᠢᠯᠴᠠᠭᠠᠨ ᠤ ᠵᠢᠱᠢᠶ᠎ᠡ ᠦᠵᠡᠭᠦᠯᠬᠦ ᠪᠠ ᠪᠣᠯᠪᠠᠰᠤᠷᠠᠯ ᠬᠦᠷᠳᠡᠭᠡᠬᠦ ᠬᠤᠯᠪᠣᠭᠠᠲᠤ ᠲᠥᠪ ᠪᠠᠶᠢᠭᠤᠯᠵᠤ᠂ ᠳᠤᠮᠳᠠᠳᠤ ᠤᠯᠤᠰ ᠤᠨ ᠪᠠᠶᠢᠭᠤᠯᠤᠮᠵᠢ ᠪᠣᠯᠤᠨ ᠠᠵᠤ ᠠᠬᠤᠶᠢᠯᠠᠯ ᠤᠨ ᠠᠹᠷᠢᠺᠠ ᠲᠢᠪ ᠲᠤ ᠳᠤᠮᠳᠠᠳᠤ ᠠᠹᠷᠢᠺᠠ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠪᠣᠯᠤᠨ ᠶᠠᠳᠠᠭᠤ ᠬᠦᠴᠢᠷᠳᠡᠯᠳᠠᠢ ᠬᠦᠮᠦᠨ ᠠᠮᠠ ᠶᠢ ᠴᠦᠭᠡᠳᠭᠡᠬᠦ ᠵᠢᠱᠢᠶ᠎ᠡ ᠦᠵᠡᠭᠦᠯᠬᠦ ᠲᠣᠰᠬᠤᠨ ᠪᠠᠶᠢᠭᠤᠯᠬᠤ ᠶᠢ ᠵᠣᠷᠢᠭᠵᠢᠭᠤᠯᠵᠤ᠂ ᠳᠤᠮᠳᠠᠳᠤ ᠤᠯᠤᠰ ᠤᠨ ᠠᠹᠷᠢᠺᠠ ᠳᠤ ᠪᠠᠶᠢᠭ᠎ᠠ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢᠨ ᠬᠤᠯᠪᠣᠭ᠎ᠠ ᠠᠴᠠ ︽ᠵᠠᠭᠤᠨ ᠠᠵᠤ ᠠᠬᠤᠶᠢᠯᠠᠯ ᠮᠢᠩᠭᠠᠨ ᠲᠣᠰᠬᠤᠨ︾ ᠤ ᠠᠵᠢᠯᠯᠠᠭ᠎ᠠ ᠥᠷᠨᠢᠭᠦᠯᠬᠦ ᠶᠢ ᠲᠡᠮᠵᠢᠨ᠎ᠠ᠃      ᠭᠤᠷᠪᠠᠳᠤᠭᠠᠷ ᠨᠢ ᠠᠷᠠᠯᠵᠢᠶ᠎ᠠ ᠶᠢ ᠠᠬᠢᠭᠤᠯᠬᠤ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠤᠨ ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠪᠤᠷᠤᠯᠠᠭᠤᠯᠬᠤ ᠳᠤ ︽ᠰᠠᠭᠠᠳ ᠦᠭᠡᠢ ᠨᠡᠪᠲᠡᠷᠡᠬᠦ ᠵᠠᠮ︾ ᠢ ᠪᠠᠶᠢᠭᠤᠯᠵᠤ᠂ ᠢᠷᠡᠭᠡᠳᠦᠢ ᠶᠢᠨ 3 ᠵᠢᠯ ᠳᠤ ᠠᠹᠷᠢᠺᠠ ᠲᠢᠪ ᠠᠴᠠ ᠤᠷᠤᠭᠤᠯᠬᠤ ᠪᠦᠬᠦ ᠵᠤᠭᠤᠰ ᠤᠨ ᠲᠤᠭ᠎ᠠ ᠶᠢ 3000 ᠳ᠋ᠦᠩᠰᠢᠭᠤᠷ ᠳ᠋ᠣᠯᠯᠠᠷ ᠲᠤ ᠬᠦᠷᠭᠡᠬᠦ ᠪᠠᠷ ᠴᠢᠷᠮᠠᠶᠢᠨ᠎ᠠ᠃ ᠳᠤᠮᠳᠠᠳᠤ ᠤᠯᠤᠰ 100 ᠳ᠋ᠦᠩᠰᠢᠭᠤᠷ ᠳ᠋ᠣᠯᠯᠠᠷ ᠤᠨ ᠠᠷᠠᠯᠵᠢᠶᠠᠨ ᠤ ᠪᠡᠯᠡ ᠨᠡᠶᠢᠯᠡᠬᠦᠯᠦᠯᠲᠡ ᠶᠢᠨ ᠲᠤᠭ᠎ᠠ ᠬᠡᠮᠵᠢᠶ᠎ᠡ ᠬᠠᠩᠭᠠᠵᠤ᠂ ᠠᠹᠷᠢᠺᠠ ᠲᠢᠪ ᠤᠨ ᠭᠠᠳᠠᠭᠠᠳᠤ ᠭᠠᠷᠭᠠᠯᠲᠠ ᠶᠢ ᠳᠡᠮᠵᠢᠵᠦ᠂ ᠳᠤᠮᠳᠠᠳᠤ ᠤᠯᠤᠰ ᠲᠤ ᠳᠤᠮᠳᠠᠳᠤ ᠠᠹᠷᠢᠺᠠ ᠶᠢᠨ ᠠᠵᠤ ᠠᠬᠤᠢ ᠠᠷᠠᠯᠵᠢᠶᠠᠨ ᠤ ᠭᠦᠨᠵᠡᠭᠡᠢ ᠬᠠᠮᠲᠤᠷᠠᠯᠴᠠᠭᠠᠨ ᠤ ᠬᠤᠰᠢᠭᠤᠴᠢ ᠣᠷᠣᠨ ᠪᠠ ︽ᠨᠢᠭᠡ ᠪᠦᠰᠡ ᠨᠢᠭᠡ ᠵᠠᠮ︾ ᠤᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠠᠵᠤ ᠦᠢᠯᠡᠰ ᠤᠨ ᠬᠦᠷᠢᠶᠡᠯᠡᠩ ᠪᠠᠶᠢᠭᠤᠯᠬᠤ ᠳᠤ ᠬᠡᠷᠡᠭᠯᠡᠨ᠎ᠡ᠃ ᠠᠹᠷᠢᠺᠠ ᠲᠢᠪ ᠲᠤ 10 ᠰᠠᠭᠤᠷᠢ ᠲᠥᠬᠦᠭᠡᠷᠦᠮᠵᠢ ᠶᠢᠨ ᠬᠤᠯᠪᠣᠯᠳᠤᠨ ᠨᠡᠪᠲᠡᠷᠡᠯᠴᠡᠬᠦ ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠵᠤ᠂ ᠠᠹᠷᠢᠺᠠ ᠲᠢᠪ ᠤᠨ ᠡᠬᠡ ᠬᠠᠭᠤᠷᠠᠢ ᠶᠢᠨ ᠴᠢᠯᠥᠭᠡᠲᠦ ᠠᠷᠠᠯᠵᠢᠶᠠᠨ ᠤ ᠣᠷᠣᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠳᠡᠮᠵᠢᠨ᠎ᠡ᠃      ᠳᠥᠷᠪᠡᠳᠦᠭᠡᠷ ᠨᠢ ᠪᠡᠯᠡ ᠣᠷᠣᠭᠤᠯᠤᠯᠲᠠ ᠶᠢᠨ ᠬᠥᠳᠡᠯᠭᠡᠭᠦᠷ ᠤᠨ ᠢᠨᠵᠧᠨᠧᠷᠢᠩ᠃ ᠳᠤᠮᠳᠠᠳᠤ ᠤᠯᠤᠰ ᠢᠷᠡᠭᠡᠳᠦᠢ ᠶᠢᠨ 3 ᠵᠢᠯ ᠳᠤ ᠠᠵᠤ ᠠᠬᠤᠶᠢᠯᠠᠯ ᠤᠨ ᠠᠹᠷᠢᠺᠠ ᠲᠢᠪ ᠲᠠᠬᠢ ᠪᠡᠯᠡ ᠣᠷᠣᠭᠤᠯᠤᠯᠳᠠ ᠶᠢᠨ ᠶᠡᠷᠦᠩᠬᠡᠢ ᠵᠤᠭᠤᠰ ᠤᠨ ᠲᠤᠭ᠎ᠠ ᠶᠢ 100 ᠳ᠋ᠦᠩᠰᠢᠭᠤᠷ ᠳ᠋ᠣᠯᠯᠠᠷ ᠠᠴᠠ ᠴᠦᠬᠡᠨ ᠪᠠᠶᠢᠯᠭᠠᠬᠤ ᠦᠭᠡᠢ ᠪᠠᠶᠢᠬᠤ ᠶᠢ ᠲᠦᠯᠬᠢᠨ ᠠᠬᠢᠭᠤᠯᠵᠤ᠂ ︽ᠳᠤᠮᠳᠠᠳᠤ ᠠᠹᠷᠢᠺᠠ ᠶᠢᠨ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠠᠪᠴᠠᠩ︾ ᠢ ᠪᠠᠶᠢᠭᠤᠯᠵᠤ᠂ ᠠᠹᠷᠢᠺᠠ ᠲᠢᠪ ᠲᠤ ᠠᠵᠤ ᠦᠢᠯᠡᠳᠪᠦᠷᠢᠵᠢᠯᠲᠡ ᠪᠠ ᠠᠵᠢᠯ ᠣᠯᠭᠤᠯᠲᠠ ᠶᠢ ᠠᠬᠢᠭᠤᠯᠬᠤ 10 ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ᠠᠹᠷᠢᠺᠠ ᠲᠢᠪ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ 100 ᠳ᠋ᠦᠩᠰᠢᠭᠤᠷ ᠳ᠋ᠣᠯᠯᠠᠷ ᠤᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠬᠠᠩᠭᠠᠵᠤ᠂ ᠳᠤᠮᠳᠠᠳᠤ ᠠᠹᠷᠢᠺᠠ ᠶᠢᠨ ᠬᠢᠯᠢ ᠠᠯᠤᠰᠯᠠᠭᠰᠠᠨ ᠠᠷᠠᠳ ᠤᠨ ᠵᠣᠭᠤᠰ ᠤᠨ ᠲᠥᠪ ᠢ ᠪᠠᠶᠢᠭᠤᠯᠤᠨ᠎ᠠ᠃ ᠳᠤᠮᠳᠠᠳᠤ ᠤᠯᠤᠰ ᠠᠹᠷᠢᠺᠠ ᠲᠢᠪ ᠤᠨ ᠬᠠᠮᠤᠭ ᠤᠨ ᠬᠥᠭᠵᠢᠭᠡᠳᠦᠶ ᠤᠯᠤᠰ ᠤᠨ 2021 ᠣᠨ ᠤ ᠡᠴᠦᠰ ᠪᠣᠯᠲᠠᠯ᠎ᠠ ᠬᠤᠭᠤᠴᠠᠭ᠎ᠠ ᠨᠢ ᠲᠤᠯᠤᠭᠠᠳ ᠪᠤᠴᠠᠭᠠᠭᠠᠳᠤᠶ ᠵᠠᠰᠠᠭ ᠤᠨ ᠣᠷᠳᠣᠨ ᠤ ᠬᠤᠭᠤᠷᠣᠨᠳᠣᠬᠢ ᠬᠦᠦ ᠮᠥᠩᠭᠦ ᠥᠬᠡᠶ ᠵᠢᠭᠡᠯᠡᠯᠭᠡ ᠶᠢᠨ ᠥᠭᠴᠡᠭᠡ ᠶᠢ ᠬᠡᠯᠲᠦᠷᠢᠭᠦᠯᠵᠦ᠂ ᠳᠤᠷᠠᠲᠠᠶ᠎ᠠ ᠣᠯᠠᠨ ᠤᠯᠤᠰ ᠤᠨ ᠵᠣᠭᠤᠰᠣᠨ ᠤ ᠰᠠᠭᠤᠷᠢ ᠮᠥᠩᠭᠦᠨ ᠤ ᠵᠣᠬᠢᠶᠠᠨ ᠪᠠᠶᠢᠭᠤᠯᠤᠯᠲᠠ ᠶᠢᠨ ᠨᠡᠮᠡᠵᠦ ᠲᠠᠷᠬᠠᠭᠠᠭᠰᠠᠨ ᠣᠨᠴᠠᠭᠠᠶ ᠵᠣᠭᠤᠰ ᠭᠠᠷᠭᠠᠨ ᠠᠪᠬᠤ ᠡᠷᠬᠡ ᠶᠢᠨ ᠳᠣᠲᠣᠷ᠎ᠠ ᠠᠴᠠ 100 ᠳ᠋ᠦᠩᠰᠢᠭᠤᠷ ᠳ᠋ᠣᠯᠯᠠᠷ ᠢ ᠠᠹᠷᠢᠺᠠ ᠲᠢᠪ ᠤᠨ ᠤᠯᠤᠰ ᠤᠳ ᠲᠤ ᠰᠢᠯᠵᠢᠭᠦᠯᠦᠨ ᠵᠢᠭᠡᠯᠡᠭᠦᠯᠵᠦ ᠥᠭᠭᠦᠨ᠎ᠡ᠃      ᠲᠠᠪᠤᠳᠤᠭᠠᠷ ᠨᠢ ᠲᠣᠭᠠᠴᠢᠯᠠᠭᠰᠠᠨ ᠰᠢᠨ᠎ᠡ ᠶᠢ ᠡᠭᠦᠳᠬᠦ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ 10 ᠲᠣᠭᠠᠴᠢᠯᠠᠭᠰᠠᠨ ᠠᠵᠤ ᠠᠬᠤᠢ ᠶᠢᠨ ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ᠳᠤᠮᠳᠠᠳᠤ ᠠᠹᠷᠢᠺᠠ ᠶᠢᠨ ᠳᠠᠭᠠᠭᠤᠯᠢ ᠤᠳᠤᠨ ᠤ ᠠᠯᠤᠰ ᠰᠡᠷᠡᠯ ᠤᠨ ᠬᠡᠷᠡᠭᠯᠡᠭᠡᠨ ᠤ ᠬᠠᠮᠲᠤᠷᠠᠯᠴᠠᠭᠠᠨ ᠤ ᠲᠥᠪ ᠢ ᠪᠠᠶᠢᠭᠤᠯᠵᠤ᠂ ᠳᠤᠮᠳᠠᠳᠤ ᠠᠹᠷᠢᠺᠠ ᠶᠢᠨ ᠬᠠᠮᠲᠤᠷᠠᠭᠰᠠᠨ ᠲᠤᠷᠰᠢᠯᠲᠠ ᠶᠢᠨ ᠲᠠᠰᠤᠭ᠂ ᠬᠠᠨᠢᠲᠠᠨ ᠤ ᠰᠤᠳᠤᠯᠭᠠᠨ ᠤ ᠭᠠᠵᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭᠠᠨ ᠤ ᠰᠠᠭᠤᠷᠢᠨ ᠢ ᠪᠠᠶᠢᠭᠤᠯᠬᠤ ᠶᠢ ᠳᠡᠮᠵᠢᠨ᠎ᠡ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠲᠠᠢ ᠭᠠᠷ ᠬᠤᠯᠪᠤᠯᠴᠠᠨ ︽ᠲᠣᠷᠭᠠᠨ ᠵᠠᠮ ᠤᠨ ᠡᠯᠧᠺᠳ᠋ᠷᠣᠨ ᠬᠤᠳᠠᠯᠳᠤᠭ᠎ᠠ︾ ᠶᠢᠨ ᠬᠠᠮᠲᠤᠷᠠᠯᠴᠠᠭ᠎ᠠ ᠶᠢ ᠥᠷᠭᠡᠳᠭᠡᠵᠦ᠂ ᠠᠹᠷᠢᠺᠠ ᠲᠢᠪ ᠤᠨ ᠰᠠᠶᠢᠨ ᠪᠠᠷᠠᠭ᠎ᠠ ᠢ ᠰᠦᠯᠵᠢᠶ᠎ᠡ ᠠᠴᠠ ᠬᠤᠳᠠᠯᠳᠤᠨ ᠠᠪᠬᠤ ᠨᠠᠶᠢᠷ ᠪᠠ ᠵᠢᠭᠤᠯᠴᠢᠯᠠᠯ ᠤᠨ ᠡᠯᠧᠺᠳ᠋ᠷᠣᠨ ᠬᠤᠳᠠᠯᠳᠤᠭ᠎ᠠ ᠶᠢ ᠳᠡᠯᠭᠡᠷᠡᠭᠦᠯᠬᠦ ᠠᠵᠢᠯᠯᠠᠭ᠎ᠠ ᠶᠢ ᠡᠷᠬᠢᠯᠡᠵᠦ᠂ ᠠᠹᠷᠢᠺᠠ ᠲᠢᠪ ᠤᠨ ︽ᠵᠠᠭᠤᠨ ᠳᠡᠯᠭᠡᠭᠦᠷ ᠮᠢᠩᠭᠠᠨ ᠦᠢᠯᠡᠳᠬᠦᠨ ᠳᠤ ᠲᠠᠪᠴᠠᠩ ᠬᠠᠩᠭᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃      ᠵᠢᠷᠭᠤᠳᠤᠭᠠᠷ ᠨᠢ ᠪᠣᠬᠢᠷᠲᠤᠯ ᠥᠬᠡᠶ ᠬᠥᠭᠵᠢᠯᠲᠡ ᠶᠢᠨ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ ᠪᠣᠬᠢᠷᠲᠤᠯ ᠦᠭᠡᠢ ᠣᠷᠴᠢᠨ ᠠᠬᠤᠢ ᠶᠢ ᠬᠠᠮᠠᠭᠠᠯᠠᠬᠤ ᠪᠠ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ 10 ᠲᠦᠷᠦᠯ ᠵᠦᠢᠯ ᠢ ᠲᠤᠰᠠᠯᠠᠨ ᠬᠡᠷᠡᠭᠵᠢᠭᠦᠯᠵᠦ᠂ ︽ᠠᠹᠷᠢᠺᠠ ᠲᠢᠪ ᠤᠨ ᠪᠣᠬᠢᠷᠲᠤᠯ ᠦᠭᠡᠢ ᠤᠷᠲᠤ ᠴᠠᠭᠠᠨ ᠬᠡᠷᠡᠮ︾ ᠤᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠠᠹᠷᠢᠺᠠ ᠲᠢᠪ ᠲᠤ ᠳᠤᠤᠷ᠎ᠠ ᠨᠡᠭᠦᠷᠡᠰᠦᠲᠥ᠋ᠷᠥᠭᠴᠢᠳᠤ ᠵᠢᠱᠢᠶ᠎ᠡ ᠦᠵᠡᠭᠦᠯᠬᠦ ᠣᠷᠣᠨ ᠪᠠ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠤᠨ᠎ᠠ᠃      ᠳᠣᠯᠣᠳᠤᠭᠠᠷ ᠨᠢ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠲᠤ 10 ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠲᠡᠰ ᠳᠡᠪᠰᠢᠭᠦᠯᠬᠦ ᠶᠢ ᠲᠤᠰᠠᠯᠠᠵᠤ᠂ ᠠᠹᠷᠢᠺᠠ ᠲᠢᠪ ᠤᠨ 1 ᠲᠦᠮᠡᠨ ᠳᠡᠭᠡᠳᠦ ᠲᠡᠰ ᠤᠨ ᠴᠢᠳᠠᠪᠤᠷᠢᠲᠠᠨ ᠢ ᠤᠷᠢᠵᠤ ᠰᠤᠳᠤᠯᠤᠨ ᠶᠠᠷᠢᠯᠴᠠᠬᠤ ᠠᠵᠢᠯᠯᠠᠭ᠎ᠠ ᠳᠤ ᠣᠷᠣᠯᠴᠠᠭᠤᠯᠤᠨ᠎ᠠ᠃ ︽ᠢᠷᠡᠭᠡᠳᠦᠢ ᠶᠢᠨ ᠠᠹᠷᠢᠺᠠ ᠲᠢᠪ — ᠳᠤᠮᠳᠠᠳᠤ ᠠᠹᠷᠢᠺᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠥᠯᠥᠪᠯᠡᠭᠡ︾ ᠶᠢ ᠬᠡᠷᠡᠭᠵᠢᠭᠦᠯᠵᠦ᠂ ︽ᠠᠹᠷᠢᠺᠠ ᠲᠢᠪ ᠤᠨ ᠭᠠᠳᠠᠭᠠᠳᠤ ᠳᠤ ᠰᠤᠷᠤᠯᠴᠠᠬᠤ ᠰᠤᠷᠤᠭᠴᠢᠳ ᠤᠨ ᠠᠵᠢᠯ ᠣᠯᠭᠤᠯᠲᠠ ᠶᠢᠨ ᠰᠢᠭᠤᠳ ᠨᠡᠪᠲᠡᠷᠡᠬᠦ ᠲᠡᠷᠭᠡ︾ ᠶᠢᠨ ᠠᠵᠢᠯᠯᠠᠭ᠎ᠠ ᠶᠢ ᠥᠷᠨᠢᠭᠦᠯᠦᠨ᠎ᠡ᠃ ᠠᠹᠷᠢᠺᠠ ᠲᠢᠪ ᠤᠨ ᠤᠯᠤᠰ ᠤᠳ ᠲᠠᠢ ᠦᠷᠭᠦᠯᠵᠢᠯᠡᠨ ᠬᠠᠮᠲᠤᠷᠠᠵᠤ ︽ᠯᠦ ᠪᠠᠨ ᠦᠢᠯᠡᠳᠭᠡᠯ ᠤᠨ ᠭᠠᠵᠠᠷ︾ ᠪᠠᠶᠢᠭᠤᠯᠵᠤ᠂ ᠠᠹᠷᠢᠺᠠ ᠲᠢᠪ ᠲᠠᠬᠢ ᠳᠤᠮᠳᠠᠳᠤ ᠤᠯᠤᠰ ᠤᠨ ᠠᠵᠤ ᠠᠬᠤᠶᠢᠯᠠᠯ ᠲᠤᠬᠠᠢ ᠶᠢᠨ ᠭᠠᠵᠠᠷ ᠲᠤ 80 ᠲᠦᠮᠡ ᠠᠴᠠ ᠳᠡᠭᠡᠭᠰᠢ ᠠᠵᠢᠯ ᠤᠨ ᠪᠠᠶᠢᠷᠢ ᠬᠠᠩᠭᠠᠬᠤ ᠶᠢ ᠵᠣᠷᠢᠭᠵᠢᠭᠤᠯᠤᠨ᠎ᠠ᠃      ᠨᠢ᠋ᠮᠠᠳᠤᠭᠠᠷ ᠨᠢ ᠰᠣᠶᠣᠯ ᠢᠷᠭᠡᠨᠰᠢᠯ ᠤᠨ ᠰᠣᠯᠢᠯᠴᠠᠭᠠᠨ ᠤ ᠢᠨᠵᠧᠨᠧᠷᠢᠩ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠪᠤᠢ ᠪᠦᠬᠦᠢ ᠤᠯᠤᠰ ᠢ ᠳᠤᠮᠳᠠᠳᠤ ᠤᠯᠤᠰ ᠤᠨ ᠢᠷᠭᠡᠳ ᠤᠨ ᠪᠦᠯᠬᠦᠮ ᠪᠠᠶᠢᠭᠤᠯᠵᠤ ᠬᠢᠯᠢ ᠠᠴᠠ ᠭᠠᠷᠴᠤ ᠵᠢᠭᠤᠯᠴᠢᠯᠠᠬᠤ ᠬᠠᠷᠠᠯᠲᠠᠲᠤ ᠤᠯᠤᠰ ᠪᠣᠯᠬᠤ ᠶᠢ ᠳᠡᠮᠵᠢᠨ᠎ᠠ᠃ ᠳᠤᠮᠳᠠᠳᠤ ᠤᠯᠤᠰ ᠲᠤ ᠠᠹᠷᠢᠺᠠ ᠶᠢᠨ ᠺᠢᠨᠣ᠋ ᠶᠢᠨ ᠪᠠᠶᠠᠷ ᠢ ᠡᠷᠭᠢᠯᠡᠵᠦ᠂ ᠠᠹᠷᠢᠺᠠ ᠳᠤ ᠳᠤᠮᠳᠠᠳᠤ ᠤᠯᠤᠰ ᠤᠨ ᠺᠢᠨᠣ᠋ ᠶᠢᠨ ᠪᠠᠶᠠᠷ ᠢ ᠡᠷᠭᠢᠯᠡᠨ᠎ᠡ᠃ ᠳᠤᠮᠳᠠᠳᠤ ᠠᠹᠷᠢᠺᠠ ᠶᠢᠨ ᠵᠠᠯᠠᠭᠤᠴᠤᠳ ᠤᠨ ᠦᠢᠯᠡᠴᠢᠯᠡᠭᠡᠨ ᠤ ᠶᠠᠷᠢᠶᠠᠨ ᠤ ᠲᠠᠪᠴᠠᠩ ᠪᠣᠯᠤᠨ ᠳᠤᠮᠳᠠᠳᠤ ᠠᠹᠷᠢᠺᠠ ᠶᠢᠨ ᠡᠮᠡᠭᠲᠡᠶᠢᠴᠦᠳ ᠤᠨ ᠶᠠᠷᠢᠶᠠᠨ ᠤ ᠲᠠᠪᠴᠠᠩ ᠢ ᠡᠷᠬᠢᠯᠡᠨ᠎ᠡ᠃      ᠶᠢᠰᠦᠳᠦᠭᠡᠷ ᠨᠢ ᠡᠩᠬᠡ ᠲᠠᠶᠢᠪᠤᠩ ᠠᠮᠤᠷ ᠲᠦᠪᠰᠢᠨ ᠤ ᠢᠨᠵᠧᠨᠧᠷᠢᠩ᠃ ᠳᠤᠮᠳᠠᠳᠤ ᠤᠯᠤᠰ ᠠᠹᠷᠢᠺᠠ ᠲᠢᠪ ᠢ ᠲᠤᠰᠠᠯᠠᠨ ᠡᠩᠬᠡ ᠲᠠᠶᠢᠪᠤᠩ ᠠᠮᠤᠷ ᠲᠦᠪᠰᠢᠨ ᠤ ᠬᠦᠷᠢᠶᠡᠨ ᠳᠠᠬᠢ 10 ᠲᠦᠷᠦᠯ ᠵᠦᠢᠯ ᠢ ᠬᠡᠷᠡᠭᠵᠢᠭᠦᠯᠵᠦ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠳᠤ ᠴᠡᠷᠢᠭ ᠤᠨ ᠶᠠᠪᠤᠳᠠᠯ ᠤᠨ ᠲᠤᠰᠠᠯᠠᠮᠵᠢ ᠦᠵᠡᠭᠦᠯᠬᠦ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠠᠹᠷᠢᠺᠠ ᠲᠢᠪ ᠤᠨ ᠤᠯᠤᠰ ᠤᠳ ᠤᠨ ᠭᠠᠵᠠᠷ ᠣᠷᠣᠨ ᠤ ᠠᠮᠤᠷ ᠲᠦᠪᠰᠢᠨ ᠢ ᠪᠡᠶ᠎ᠡ ᠪᠠᠨ ᠳᠠᠭᠠᠭᠠᠵᠤ ᠬᠠᠮᠠᠭᠠᠯᠠᠬᠤ ᠪᠠ ᠰᠦᠷᠳᠡᠭᠦᠯᠦᠯ ᠢ ᠡᠰᠡᠷᠭᠦᠴᠡᠬᠦ ᠴᠢᠷᠮᠠᠶᠢᠯᠭ᠎ᠠ ᠶᠢ ᠳᠡᠮᠵᠢᠵᠦ᠂ ᠳᠤᠮᠳᠠᠳᠤ ᠠᠹᠷᠢᠺᠠ ᠶᠢᠨ ᠡᠩᠬᠡ ᠲᠠᠶᠢᠪᠤᠩ ᠢ ᠬᠠᠮᠠᠭᠠᠯᠠᠬᠤ ᠴᠡᠷᠢᠭ ᠠᠩᠬᠢ ᠶᠢᠨ ᠬᠠᠮᠲᠤᠷᠠᠭᠰᠠᠨ ᠪᠣᠯᠪᠠᠰᠤᠷᠠᠯ᠂ ᠲᠤᠬᠠᠢ ᠶᠢᠨ ᠲᠠᠯᠠᠪᠠᠢ ᠶᠢᠨ ᠪᠣᠯᠪᠠᠰᠤᠷᠠᠯ᠂ ᠬᠦᠩᠭᠡᠨ ᠵᠡᠷ ᠵᠡᠪᠰᠡᠭ ᠢ ᠬᠠᠮᠢᠶᠠᠷᠤᠨ ᠡᠵᠡᠮᠳᠡᠬᠦ ᠬᠠᠮᠲᠤᠷᠠᠯᠴᠠᠭ᠎ᠠ ᠥᠷᠨᠢᠭᠦᠯᠦᠨ᠎ᠡ᠃     ᠰᠢ ᠶᠢᠨ ᠫᠢᠩ ᠬᠠᠮᠤᠭ ᠡᠴᠦᠰ ᠲᠤ᠂ ᠳᠤᠮᠳᠠᠳᠤ ᠠᠹᠷᠢᠺᠠ ᠶᠢᠨ ᠬᠤᠶᠠᠷ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠨᠡ ᠤᠳᠠᠭ᠎ᠠ ᠶᠢᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠬᠤᠷᠠᠯ ᠯᠠᠪᠲᠠᠢ ᠲᠡᠭᠦᠰ ᠠᠮᠵᠢᠯᠲᠠ ᠣᠯᠵᠤ᠂ ᠳᠤᠮᠳᠠᠳᠤ ᠠᠹᠷᠢᠺᠠ ᠶᠢᠨ 27 ᠳ᠋ᠦᠩᠰᠢᠭᠤᠷ ᠠᠷᠠᠳ ᠲᠦᠮᠡᠨ ᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠪᠠ᠃      ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠠᠹᠷᠢᠺᠠ ᠲᠢᠪ ᠤᠨ ᠲᠠᠯ᠎ᠠ ᠶᠢᠨ ᠬᠠᠮᠲᠤ ᠶᠢᠨ ᠲᠡᠷᠢᠭᠦᠯᠡᠭᠴᠢ ᠤᠯᠤᠰ ᠰᠧᠨᠧᠭᠠᠯ ᠤᠨ ᠶᠡᠷᠦᠩᠬᠡᠶᠢᠯᠡᠭᠴᠢ ᠰᠠᠯᠧ ᠲᠤᠬᠠᠢ ᠶᠢᠨ ᠲᠠᠯᠠᠪᠠᠢ ᠳᠤ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠤᠰᠤᠯᠠᠯ ᠢ ᠡᠷᠬᠢᠯᠡᠪᠡ᠃ ᠺᠤᠩᠭᠣ᠋ ᠶᠢᠨ ᠠᠷᠠᠳᠴᠢᠯᠠᠭᠰᠠᠨ ᠪᠦᠬᠦᠳᠡ ᠨᠠᠶᠢᠷᠠᠮᠳᠠᠬᠤ ᠤᠯᠤᠰ ᠤᠨ ᠶᠡᠷᠦᠩᠬᠡᠶᠢᠯᠡᠭᠴᠢ ᠴᠢᠰᠠᠶᠢᠺᠧᠳᠢ᠂ ᠶᠧᠵᠢᠫᠲ ᠤᠨ ᠶᠡᠷᠦᠩᠬᠡᠶᠢᠯᠡᠭᠴᠢ ᠰᠠᠶᠢᠰᠢ᠂ ᠺᠤᠮᠤᠷ ᠤᠨ ᠶᠡᠷᠦᠩᠬᠡᠶᠢᠯᠡᠭᠴᠢ ᠠᠵᠠᠯᠢ᠂ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ᠂ ᠠᠹᠷᠢᠺᠠ ᠲᠢᠪ ᠤᠨ ᠤᠯᠤᠰ ᠤᠳ ᠤᠨ ᠬᠤᠯᠪᠣᠭ᠎ᠠ ᠶᠢᠨ ᠵᠥᠪᠯᠡᠯ ᠤᠨ ᠲᠡᠷᠢᠭᠦᠯᠡᠭᠴᠢ ᠹᠠᠵᠢ ᠪᠣᠯᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠬᠦᠲ᠋ᠧᠯᠦ᠋ᠢᠰ ᠸᠢᠳᠢᠣ᠋ ᠬᠡᠯᠪᠡᠷᠢ ᠪᠠᠷ ᠬᠤᠷᠠᠯ ᠳᠤ ᠣᠷᠣᠯᠴᠠᠪᠠ᠃ ᠠᠹᠷᠢᠺᠠ ᠲᠢᠪ ᠤᠨ 53 ᠤᠯᠤᠰ ᠤᠨ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠪᠦᠭᠡᠳ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭᠠᠨ ᠤ ᠬᠡᠷᠡᠭ ᠶᠠᠪᠤᠳᠠᠯ ᠢ ᠬᠠᠷᠢᠭᠤᠴᠠᠬᠤ ᠶᠠᠮᠤᠨ ᠤ ᠰᠠᠶᠢᠳ ᠪᠤᠶᠤ ᠲᠥᠯᠥᠭᠡᠯᠡᠭᠴᠢ ᠵᠢᠴᠢ ᠬᠡᠰᠡᠭ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠵᠠᠢ᠃      ᠬᠤᠷᠠᠯ ᠳᠤ ᠣᠷᠣᠯᠴᠠᠭᠰᠠᠨ ᠠᠹᠷᠢᠺᠠ ᠶᠢᠨ ᠲᠠᠯ᠎ᠠ ᠶᠢᠨ ᠤᠳᠤᠷᠢᠳᠬᠤ ᠬᠥᠮᠦᠰ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠠᠴᠠ ᠨᠠᠭᠠᠰᠢᠬᠢ ᠳᠤᠮᠳᠠᠳᠤ ᠠᠹᠷᠢᠺᠠ ᠶᠢᠨ ᠬᠤᠯᠪᠣᠭᠳᠠᠯ ᠪᠦᠬᠦᠢ ᠬᠦᠷᠢᠶᠡᠨ ᠤ ᠬᠠᠮᠲᠤᠷᠠᠯᠴᠠᠭᠠᠨ ᠤ ᠣᠯᠤᠭᠰᠠᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠳᠤᠮᠳᠠᠳᠤ ᠤᠯᠤᠰ ᠤᠨ ᠠᠹᠷᠢᠺᠠ ᠲᠢᠪ ᠤᠨ ᠤᠯᠤᠰ ᠤᠳ ᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠸᠠᠺᠼᠢᠨ ᠬᠠᠩᠭᠠᠭᠰᠠᠠ ᠵᠡᠷᠭᠡ ᠡᠷᠬᠢᠮ ᠨᠠᠨᠳᠢᠨ ᠬᠠᠪᠰᠤᠷᠤᠯᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃ ᠲᠡᠳᠡ᠂ ᠠᠹᠷᠢᠺᠠ ᠳᠤᠮᠳᠠᠳᠤ ᠭᠠᠳᠠᠭᠠᠳᠤ ᠬᠠᠷᠢᠯᠴᠠᠭ᠎ᠠ ᠪᠠᠨ ᠡᠬᠢᠯᠡᠭᠦᠯᠦᠭᠰᠡᠨ 65 ᠵᠢᠯ ᠤᠨ ᠲᠤᠷᠰᠢ᠂ ᠬᠤᠶᠠᠷ ᠲᠠᠯ᠎ᠠ ᠪᠠᠷ ᠢᠶᠠᠨ ᠢᠮᠠᠭᠲᠠ ᠦᠨᠡᠨᠴᠢ ᠨᠥᠬᠦᠷᠰᠡᠭ ᠪᠠᠶᠢᠵᠤ᠂ ᠪᠦᠯᠬᠦᠮᠳᠡᠨ ᠬᠠᠪᠰᠤᠷᠤᠯᠴᠠᠵᠤ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠬᠦᠨᠳᠦᠳᠭᠡᠵᠦ᠂ ᠠᠹᠷᠢᠺᠠ ᠳᠤᠮᠳᠠᠳᠤ ᠶᠢᠨ ᠤᠯᠠᠮᠵᠢᠯᠠᠯᠲᠤ ᠨᠥᠬᠦᠷᠯᠡᠯ ᠡᠯ᠎ᠡ ᠵᠦᠢᠯ ᠤᠨ ᠰᠢᠯᠭᠠᠯᠲᠠ ᠶᠢ ᠳᠠᠭᠠᠭᠠᠵᠤ᠂ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠶᠡᠷᠦ ᠪᠤᠰᠤ ᠶᠢᠨ ᠲᠡᠦᠬᠡᠲᠦ ᠴᠢᠨᠠᠷᠲᠠᠢ ᠠᠮᠵᠢᠯᠲᠠ ᠣᠯᠵᠠᠢ᠂ ᠠᠹᠷᠢᠺᠠ ᠲᠢᠪ ᠤᠨ ᠬᠢᠨ ᠡᠭᠦᠨ ᠳᠤ ᠣᠮᠣᠭᠰᠢᠵᠤ ᠪᠠᠶᠢᠨ᠎ᠠ᠃ ᠲᠡᠷᠢᠭᠦᠯᠡᠭᠴᠢ ᠰᠢ ᠶᠢᠨ ᠫᠢᠩ ᠠᠹᠷᠢᠺᠠ ᠳᠤᠮᠳᠠᠳᠤ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ 4 ᠵᠣᠷᠢᠯᠲᠠ ᠪᠣᠯᠤᠨ ᠠᠹᠷᠢᠺᠠ ᠳᠤᠮᠳᠠᠳᠤ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠴᠢᠩᠭᠠᠳᠬᠠᠬᠤ ︽ᠶᠢᠰᠦᠨ ᠢᠨᠵᠧᠨᠧᠷᠢᠩ︾ ᠢ ᠳᠤᠷᠠᠳᠤᠭᠰᠠᠨ ᠨᠢ ᠳᠤᠮᠳᠠᠳᠤ ᠶᠢᠨ ᠲᠠᠯ᠎ᠠ ᠶᠢᠨ ᠠᠹᠷᠢᠺᠠ ᠲᠢᠪ ᠤᠨ ᠬᠢᠵᠢᠭ ᠲᠠᠢ ᠲᠡᠮᠡᠴᠡᠬᠦ ᠪᠠ ᠪᠣᠬᠢᠷᠲᠤᠯ ᠦᠭᠡᠢ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠴᠢᠩ ᠦᠨᠡᠨᠴᠢ ᠬᠦᠰᠡᠯ ᠡᠷᠡᠮᠡᠯᠵᠡᠯ ᠪᠣᠯᠤᠨ ᠡᠷᠡᠰ ᠪᠠᠲᠤ ᠳᠡᠮᠵᠢᠯᠭᠡ ᠶᠢ ᠳᠠᠬᠢᠨᠲᠠ ᠬᠠᠷᠠᠭᠤᠯᠵᠠᠢ᠃ ᠠᠹᠷᠢᠺᠠ ᠶᠢᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠪᠦᠯᠬᠦᠮᠳᠡᠯ ᠨᠥᠬᠦᠷᠯᠡᠯ ᠢᠶᠠᠨ ᠪᠠᠬᠢᠵᠢᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ ᠢᠳᠡᠪᠬᠢᠲᠡᠢ ᠬᠠᠮᠲᠤ ᠪᠠᠷ ᠪᠦᠳᠦᠭᠡᠨ ᠪᠠᠶᠢᠭᠤᠯᠵᠤ᠂ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠵᠦ᠂ ᠰᠢᠨ᠎ᠡ ᠴᠠᠭ ᠦᠶ᠎ᠡ ᠶᠢᠨ ᠠᠹᠷᠢᠺᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠢᠯᠡᠳᠭᠡᠪᠡ᠃ ᠠᠹᠷᠢᠺᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠠᠬᠢ ᠬᠠᠤᠯᠢ ᠶᠣᠰᠣᠨ ᠤ ᠪᠠᠶᠢᠷᠢ ᠰᠠᠭᠤᠷᠢ ᠪᠠᠨ ᠰᠡᠷᠭᠦᠭᠡᠭᠰᠡᠨ 50 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ᠂ ᠦᠷᠭᠦᠯᠵᠢᠯᠡᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠳᠤᠮᠳᠠᠳᠤ ᠤᠯᠤᠰ ᠤᠨ ᠨᠢᠭᠡᠳᠦᠯ ᠤᠨ ᠶᠡᠭᠡ ᠦᠢᠯᠡᠰ ᠢ ᠳᠡᠮᠵᠢᠨ᠎ᠠ᠃ ᠠᠹᠷᠢᠺᠠ ᠶᠢᠨ ᠲᠠᠯ᠎ᠠ ᠶᠢᠨ ᠬᠢᠨ ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠡᠮᠵᠢᠵᠦ᠂ ᠳᠤᠮᠳᠠᠳᠤ ᠶᠢᠨ ᠲᠠᠯ᠎ᠠ ᠶᠢᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠬᠢᠯᠡᠬᠦ ᠶᠢ ᠳᠡᠮᠵᠢᠨ᠎ᠠ᠃ ᠠᠹᠷᠢᠺᠠ ᠶᠢᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠭᠠᠷ ᠬᠤᠯᠪᠣᠯᠴᠠᠨ ᠤᠯᠠᠨ ᠲᠠᠯᠠᠲᠤ ᠦᠵᠡᠯ ᠢ ᠬᠠᠮᠠᠭᠠᠯᠠᠵᠤ᠂ ᠤᠯᠠᠨ ᠤᠯᠤᠰ ᠤᠨ ᠵᠣᠬᠢᠴᠠᠭᠤᠯᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃ ᠠᠹᠷᠢᠺᠠ ᠳᠤᠮᠳᠠᠳᠤ ᠶᠢᠨ ᠨᠥᠬᠦᠷᠯᠡᠯ ᠮᠠᠨᠳᠤᠲᠤᠭᠠᠢ︕ ᠠᠹᠷᠢᠺᠠ ᠳᠤᠮᠳᠠᠳᠤ ᠶᠢᠨ ᠬᠠᠮᠲᠤᠷᠠᠯᠴᠠᠭ᠎ᠠ ᠮᠠᠨᠳᠤᠲᠤᠭᠠᠢ︕ ᠭᠡᠵᠦ ᠢᠯᠡᠳᠭᠡᠵᠡᠭᠡᠪᠡ᠃      ᠳ᠋ᠢᠩ ᠰᠢᠤᠸᠠᠢ ᠰᠢᠶᠠᠩ᠂ ᠶᠠᠩ ᠵᠢᠶᠧ ᡂᠢ᠂ ᠾᠧ ᠯᠢ ᠹᠧᠩ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃     ᠸᠠᠩ ᠢ ᠰᠧᠨᠧᠭᠠᠯ ᠤᠨ ᠨᠡᠶᠢᠰᠯᠡᠯ ᠳ᠋ᠠᠺᠠᠷ ᠲᠤ ᠬᠤᠷᠠᠯ ᠳᠤ ᠣᠷᠣᠯᠴᠠᠵᠠᠢ᠃   
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ