ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 30 ᠤ ᠴᠠᠬᠢᠯᠭᠠᠨ ᠮᠡᠳᠡᠭᠡ 12 ᠰᠠᠷ᠎ᠠ ᠶᠢᠨ 1 ᠤ ᠡᠳᠦᠷ ᠬᠡᠪᠯᠡᠭᠳᠡᠭᠰᠡᠨ 23 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽︿ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠤᠭᠡᠨ | ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢ﹀ ᠶᠢᠨ ᠲᠤᠬᠠᠢ ᠲᠣᠳᠣᠷᠬᠠᠶᠢᠯᠠᠯᠲᠠ︾ ᠶᠢ ᠨᠡᠶᠢᠲᠡᠯᠡᠪᠡ᠃ | | ᠰᠢ ᠶᠢᠨ ᠫᠢᠩ᠂ ᠮᠠᠨ ᠤ ᠨᠠᠮ ᠲᠡᠦᠬᠡᠨ ᠲᠤᠷᠰᠢᠯᠭ᠎ᠠ ᠶᠢ ᠳ᠋ᠦᠩᠨᠡᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠵᠠᠢ᠃ ᠨᠠᠮ ᠤᠨ ᠲᠥᠪ ᠬᠤᠷᠢᠶ᠎ᠠ ᠶᠢᠨ | ᠦᠵᠡᠬᠦ ᠪᠠᠷ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠣᠢ ᠶᠢᠨ ᠴᠢᠬᠤᠯᠠ ᠲᠡᠦᠬᠡᠨ ᠴᠠᠭ ᠮᠥᠴᠡ ᠳᠤ᠂ ᠨᠠᠮ ᠪᠣᠯᠤᠨ ᠠᠷᠠᠳ ᠲᠦᠮᠡᠨ ᠨᠢᠭᠡᠳᠦᠭᠡᠷ ᠵᠠᠭᠤᠨ | ᠵᠢᠯ ᠤᠨ ᠲᠡᠮᠡᠴᠡᠬᠦ ᠬᠠᠷᠠᠯᠲᠠ ᠶᠢ ᠢᠯᠠᠯᠳᠠ ᠲᠠᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ᠂ ᠨᠡᠶᠢᠭᠡᠮ ᠵᠢᠷᠤᠮᠳᠤ ᠣᠳᠣᠬᠢᠴᠢᠯᠠᠭᠰᠠᠨ | ᠬᠦᠴᠦᠷᠬᠡᠭ ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠵᠤ ᠪᠠᠶᠢᠭ᠎ᠠ ᠴᠢᠬᠤᠯᠠ | ᠶᠡᠭᠡ ᠲᠡᠦᠬᠡ ᠶᠢᠨ ᠵᠠᠩᠭᠢᠯᠠᠭ᠎ᠠ ᠶᠢᠨ ᠦᠶ᠎ᠡ ᠳᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢ | ᠪᠦᠬᠦ ᠲᠠᠯ᠎ᠠ ᠪᠠᠷ ᠳ᠋ᠦᠩᠨᠡᠭᠰᠡᠨ ᠨᠢ᠂ ᠪᠦᠬᠦ ᠨᠠᠮ ᠤᠨ ᠦᠵᠡᠯ ᠰᠠᠨᠠᠭ᠎ᠠ ᠪᠠᠨ ᠨᠢᠭᠡᠳᠭᠡᠬᠦ᠂ ᠵᠣᠷᠢᠭ ᠰᠠᠨᠠᠭ᠎ᠠ ᠪᠠᠨ ᠨᠢᠭᠡᠳᠭᠡᠬᠦ᠂ ᠠᠵᠢᠯᠯᠠᠭ᠎ᠠ ᠪᠠᠨ ᠨᠢᠭᠡᠳᠭᠡᠬᠦ ᠶᠢ ᠤᠯᠠᠮ | ᠨᠢᠭᠡ ᠠᠯᠬᠤᠮ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠠᠭᠤᠤ ᠶᠡᠭᠡ ᠢᠯᠠᠯᠲᠠ ᠶᠢ ᠲᠡᠮᠡᠴᠡᠨ ᠣᠯᠬᠤ ᠳᠤ ᠴᠢᠬᠤᠯᠠ ᠶᠡᠭᠡ ᠪᠣᠳᠠᠲᠤ ᠠᠴᠢ | ᠬᠤᠯᠪᠣᠭᠳᠠᠯ ᠪᠠ ᠠᠯᠤᠰ ᠬᠡᠲᠦ ᠶᠢᠨ ᠲᠡᠦᠬᠡᠲᠦ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠦᠵᠡᠬᠦ ᠪᠠᠷ᠂ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠰᠦᠷ ᠳᠠᠯᠠᠶᠢᠴᠠᠲᠠᠢ᠂ ᠴᠠᠭ | ᠬᠤᠭᠤᠴᠠᠭᠠᠨ ᠤ ᠠᠯᠭᠠᠰᠠᠯ ᠤᠷᠳᠤ᠂ ᠬᠤᠯᠪᠣᠭᠳᠠᠬᠤ ᠬᠡᠪᠴᠢᠶ᠎ᠡ ᠥᠷᠭᠡᠨ᠂ ᠰᠤᠳᠤᠯᠬᠤ ᠴᠢᠬᠤᠯᠠᠲᠠᠢ ᠠᠰᠠᠭᠤᠳᠠᠯ ᠤᠯᠠᠨ ᠪᠠᠶᠢᠨ᠎ᠠ᠃ ᠶᠡᠷᠦᠩᠬᠡᠢ ᠳᠤᠨᠢ ᠬᠡᠯᠡᠪᠡᠯ | ᠲᠡᠦᠬᠡ ᠶᠢ ᠳ᠋ᠦᠩᠨᠡᠬᠦ᠂ ᠵᠢᠮ᠎ᠡ ᠶᠣᠰᠣ ᠶᠢ ᠡᠵᠡᠮᠳᠡᠬᠦ᠂ ᠢᠲᠡᠭᠡᠯ ᠵᠣᠷᠢᠭ ᠢᠶᠠᠨ ᠪᠠᠲᠤᠳᠬᠠᠬᠤ᠂ ᠢᠷᠡᠭᠡᠳᠦᠢ ᠲᠡᠶᠢᠰᠢ ᠤᠷᠤᠭᠰᠢᠯᠠᠬᠤ ᠱᠠᠭᠠᠷᠳᠠᠯᠭ᠎ᠠ ᠶᠣᠰᠣᠭᠠᠷ᠂ | ᠨᠠᠮ ᠤᠨ ᠶᠠᠪᠤᠵᠤ ᠥᠩᠭᠡᠷᠡᠭᠰᠡᠨ ᠭᠡᠷᠡᠯ ᠰᠠᠴᠤᠷᠠᠩᠭᠤᠢ ᠲᠡᠦᠬᠡᠨ ᠥᠩᠭᠡᠷᠡᠯᠲᠡ ᠶᠢ ᠰᠠᠶᠢᠲᠤᠷ ᠳ᠋ᠦᠩᠨᠡᠵᠦ᠂ ᠨᠠᠮ ᠤᠨ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠣᠯᠤᠭᠰᠠᠨ ᠭᠡᠷᠡᠯ ᠰᠠᠴᠤᠷᠠᠩᠭᠤᠢ ᠠᠮᠵᠢᠯᠲᠠ ᠶᠢ ᠰᠠᠶᠢᠲᠤᠷ ᠳ᠋ᠦᠩᠨᠡᠵᠦ᠂ ᠨᠠᠮ ᠤᠨ ᠬᠤᠪᠢᠰᠬᠠᠯ᠂ ᠪᠦᠳᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢ | ᠠᠬᠢᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠳ᠋ᠦᠩᠨᠡᠵᠦ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠨᠠᠮ ᠪᠠ ᠤᠯᠤᠰ ᠤᠨ | ᠠᠵᠢᠯ ᠦᠢᠯᠡᠰ ᠤᠨ ᠡᠷᠡᠮᠡᠬᠡᠶᠢᠯᠡᠨ ᠤᠷᠤᠭᠰᠢᠯᠠᠭᠰᠠᠨ ᠤᠨᠤᠯ ᠪᠠ ᠦᠢᠯᠡᠳᠦᠯᠭᠡ ᠶᠢ ᠰᠠᠶᠢᠲᠤᠷ ᠳ᠋ᠦᠩᠨᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠲᠥᠪ ᠬᠤᠷᠢᠶ᠎ᠠ ᠶᠢᠨ ᠦᠵᠡᠬᠦ ᠪᠠᠷ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ | ᠲᠡᠦᠬᠡ ᠶᠢᠨ ᠲᠤᠷᠰᠢᠯᠭ᠎ᠠ ᠶᠢ ᠳ᠋ᠦᠩᠨᠡᠬᠦ ᠳᠤ᠂ ᠬᠤᠪᠢᠰᠤᠩᠭᠤᠢ ᠪᠣᠳᠠᠰᠴᠢ ᠦᠵᠡᠯ ᠪᠣᠯᠤᠨ ᠲᠡᠦᠬᠡ ᠶᠢᠨ ᠪᠣᠳᠠᠰᠴᠢ ᠦᠵᠡᠯ ᠤᠨ ᠠᠷᠭ᠎ᠠ ᠶᠢᠨ ᠤᠨᠤᠯ ᠢ ᠪᠠᠷᠢᠮᠲᠠᠯᠠᠵᠤ᠂ | ᠵᠥᠪ ᠨᠠᠮ ᠤᠨ ᠲᠡᠦᠬᠡ ᠶᠢᠨ ᠦᠵᠡᠯᠲᠡ ᠶᠢ ᠪᠠᠷᠢᠮᠲᠠᠯᠠᠵᠤ᠂ ᠶᠡᠭᠡ ᠲᠡᠦᠬᠡ ᠶᠢᠨ ᠦᠵᠡᠯᠲᠡ ᠶᠢ ᠪᠤᠢ ᠪᠣᠯᠭᠠᠵᠤ᠂ ᠲᠤᠬ ᠲᠡᠮᠳᠡᠭ ᠲᠣᠳᠣᠷᠬᠠᠢ ᠪᠠᠷ ᠲᠡᠦᠬᠡ ᠶᠢᠨ | ᠦᠭᠡᠶᠢᠰᠭᠡᠬᠦ ᠦᠵᠡᠯ ᠢ ᠡᠰᠡᠷᠭᠦᠴᠡᠬᠦ ᠬᠡᠷᠡᠭᠲᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠡᠨᠡ ᠤᠳᠠᠭ᠎ᠠ ᠶᠢᠨ ᠪᠦᠬᠦᠳᠠ ᠬᠤᠷᠠᠯ ᠤᠨ ᠰᠢᠢᠳᠪᠦᠷᠢ ᠶᠢ ᠲᠤᠭᠤᠷᠪᠢᠬᠤ ᠳᠤ᠂ ᠨᠠᠮ ᠤᠨ ᠲᠥᠪ ᠬᠤᠷᠢᠶ᠎ᠠ ᠠᠴᠠ ᠳᠣᠣᠷᠠᠬᠢ ᠬᠡᠳᠦᠨ | ᠲᠠᠯ᠎ᠠ ᠶᠢ ᠭᠤᠣᠯᠳᠠᠯᠭ᠎ᠠ ᠲᠠᠢ ᠰᠠᠶᠢᠲᠤᠷ ᠡᠵᠡᠮᠳᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃ ᠨᠢᠭᠡᠳᠦᠭᠡᠷ ᠲᠤ᠂ ᠨᠠᠮ ᠤᠨ ᠵᠠᠭᠤᠨ ᠵᠢᠯ ᠤᠨ ᠲᠡᠮᠡᠴᠡᠯ ᠤᠨ | ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠶᠢ ᠳ᠋ᠦᠩᠨᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠨᠠᠮ ᠤᠨ ᠤᠶᠤᠨ | ᠪᠢᠯᠢᠭ ᠢᠶᠠᠨ ᠬᠤᠷᠴᠠᠯᠠᠬᠤ᠂ ᠪᠦᠯᠬᠦᠮᠳᠡᠯ ᠢ ᠠᠬᠢᠭᠤᠯᠬᠤ᠂ ᠢᠲᠡᠭᠡᠯ ᠢ ᠨᠡᠮᠡᠭᠳᠡᠭᠦᠯᠬᠦ᠂ ᠲᠡᠮᠡᠴᠡᠯ ᠤᠨ ᠵᠣᠷᠢᠭ ᠢ ᠴᠢᠩᠭᠠᠳᠬᠠᠬᠤ ᠶᠢ ᠠᠬᠢᠭᠤᠯᠬᠤ ᠬᠡᠷᠡᠭᠲᠡᠢ᠃ | ᠬᠤᠶᠠᠳᠤᠭᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠭᠡᠬᠦ ᠡᠨᠡ ᠬᠦ ᠭᠤᠣᠯᠳᠠᠯᠭ᠎ᠠ ᠶᠢ ᠲᠣᠪᠤᠶᠢᠯᠭᠠᠨ᠂ ᠪᠥᠬᠦ | ᠨᠠᠮ ᠢ ᠬᠥᠳᠥᠯᠥᠨ ᠵᠢᠯᠣᠭᠤᠳᠴᠤ ᠪᠠᠶᠢᠭᠠᠳ ᠢᠲᠡᠭᠡᠯ ᠵᠣᠷᠢᠭ ᠢ ᠨᠢ ᠤᠯᠠᠮ ᠨᠢᠭᠡ ᠠᠯᠬᠤᠮ ᠪᠠᠲᠤᠳᠬᠠᠵᠤ᠂ ᠮᠠᠨ ᠤ ᠶᠠᠭ ᠬᠢᠵᠦ ᠪᠠᠶᠢᠭ᠎ᠠ ᠠᠵᠢᠯ ᠶᠠᠪᠤᠳᠠᠯ ᠳᠡᠭᠡᠷ᠎ᠡ | ᠠᠩᠬᠠᠷᠤᠯ ᠢᠶᠠᠨ ᠲᠥᠪᠯᠡᠷᠡᠭᠦᠯᠵᠦ᠂ ᠨᠡᠩ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠰᠢᠨ᠎ᠡ ᠠᠶᠠᠨ ᠳᠤ ᠲᠠᠪᠰᠢᠨ ᠣᠷᠣᠵᠤ᠂ ᠰᠢᠨ᠎ᠡ ᠴᠠᠭ ᠦᠶ᠎ᠡ ᠳᠤ ᠭᠠᠪᠢᠶ᠎ᠠ | ᠪᠠᠶᠢᠭᠤᠯᠬᠤ ᠬᠡᠷᠡᠭᠲᠡᠢ᠃ ᠭᠤᠷᠪᠠᠳᠤᠭᠠᠷ ᠲᠤ᠂ ᠴᠢᠬᠤᠯᠠ ᠶᠡᠭᠡ ᠬᠡᠷᠡᠭ ᠶᠠᠪᠤᠳᠠᠯ᠂ ᠴᠢᠬᠤᠯᠠ ᠬᠤᠷᠠᠯ᠂ ᠴᠢᠬᠤᠯᠠ ᠬᠥᠮᠦᠰ ᠢ ᠦᠨᠡᠯᠡᠬᠦ ᠳᠤ ᠨᠠᠮ ᠤᠨ ᠲᠥᠪ | ᠬᠤᠷᠢᠶ᠎ᠠ ᠶᠢᠨ ᠳ᠋ᠦᠩᠨᠡᠯᠲᠡ ᠲᠠᠢ ᠠᠪᠴᠠᠯᠳᠤᠭᠤᠯᠬᠤ ᠶᠢ ᠴᠢᠬᠤᠯᠠᠴᠢᠯᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠨ᠎ᠡ | ᠲᠠᠨᠢᠯᠲᠠ ᠶᠢ ᠢᠯᠡᠷᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠵᠠᠢ᠃ ᠰᠢ ᠶᠢᠨ ᠫᠢᠩ ᠪᠠᠰᠠ ᠰᠢᠢᠳᠪᠦᠷᠢ ᠶᠢᠨ ᠨᠤᠤᠷᠠᠭ ᠢ ᠲᠤᠭᠤᠷᠪᠢᠭᠰᠠᠨ ᠶᠠᠪᠤᠴᠠ᠂ ᠦᠨᠳᠦᠰᠦᠨ | ᠪᠣᠷᠣ ᠲᠥᠯᠥᠪ ᠪᠣᠯᠤᠨ ᠭᠤᠣᠯ ᠠᠭᠤᠯᠭ᠎ᠠ ᠳᠤ ᠲᠣᠳᠣᠷᠬᠠᠶᠢᠯᠠᠯᠲᠠ ᠬᠢᠪᠡ᠃ | |