ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠢᠯᠡᠳᠭᠡᠯ ᠤᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ
ᠨᠡᠶᠢᠲᠡᠯᠡᠭᠰᠡᠨ ᠴᠠᠭ᠄
2021/12/1
     ︵2021 ᠣᠨ ᠤ 11 ᠰᠠᠷ᠎ᠠ ᠶᠢᠨ 30 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠲᠤᠯᠠᠪᠠ︶        ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠠᠴᠠ ᠱᠢ ᠲᠠᠢ ᠹᠧᠩ ᠨᠥᠬᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠦᠯᠦᠬᠡᠯᠡᠨ ᠬᠢᠭᠰᠡᠨ ᠢᠯᠡᠳᠭᠡᠯ ᠢ ᠵᠥᠪᠰᠢᠶᠡᠷᠡᠪᠡ᠃ ᠶᠡᠭᠡ ᠬᠤᠷᠠᠯ ᠨᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠥᠩᠭᠡᠷᠡᠭᠰᠡᠨ ᠲᠠᠪᠤᠨ ᠵᠢᠯ ᠤᠨ ᠠᠵᠢᠯ ᠢᠶᠠᠨ ᠡᠷᠭᠢᠴᠡᠭᠦᠯᠦᠨ ᠳ᠋ᠦᠩᠨᠡᠬᠡᠳ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠤ᠂ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠱᠠᠭᠠᠷᠳᠠᠯᠭ᠎ᠠ ᠶᠢ ᠲᠣᠳᠣᠷᠬᠠᠢ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶ᠋ᠯ ᠤᠨ ᠠᠵᠢᠯ ᠦᠶ᠋ᠯᠡᠰ ᠤᠨ ᠬᠥᠭᠵᠢᠯᠲᠡ ᠶᠢ ᠠᠬᠢᠭᠤᠯᠬᠤ ᠲᠤᠬᠠᠢ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠶ᠃ ᠶᠡᠭᠡ ᠬᠤᠷᠠᠯ ᠠᠴᠠ ᠪᠠᠲᠤᠯᠠᠭᠰᠠᠨ ᠢᠯᠡᠳᠭᠡᠯ ᠳᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠰᠠᠶᠢᠨ ᠰᠠᠶᠢᠬᠠᠨ ᠵᠢᠷᠤᠭ ᠲᠥᠰᠦᠪ ᠢ ᠵᠢᠷᠤᠭᠯᠠᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠲᠠᠢ ᠨᠡᠶᠢᠴᠡᠵᠦ᠂ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠡᠶᠢᠴᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠨᠡᠶᠢᠴᠡᠵᠦ᠂ ᠪᠦᠬᠦ ᠣᠷᠣᠨ ᠳᠠᠶᠠᠭᠠᠷ ᠢ ᠬᠦᠳᠦᠯᠦᠨ ᠲᠠᠭᠠᠭᠤᠯᠵᠤ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠶᠢ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠠᠵᠢᠯ ᠢ ᠰᠠᠶᠢᠲᠤᠷ ᠬᠢᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠯᠭᠠᠯᠲᠠ ᠳᠤ ᠤᠷᠤᠯᠴᠠᠬᠤ ᠰᠢᠨ᠎ᠠ ᠵᠠᠮ ᠢᠶᠠᠷ ᠰᠠᠶᠢᠲᠤᠷ ᠵᠠᠮᠨᠠᠬᠤ ᠴᠢᠬᠤᠯᠠ ᠪᠢᠴᠢᠭ ᠮᠠᠲ᠋ᠧᠷᠢᠶᠠᠯ ᠪᠣᠯᠵᠠᠢ᠃      ᠶᠡᠭᠡ ᠬᠤᠷᠠᠯ ᠠᠴᠠ᠂ ᠢᠯᠡᠳᠭᠡᠯ ᠳᠤ ᠲᠣᠳᠣᠷᠬᠠᠶᠢᠯᠠᠨ ᠥᠭᠦᠯᠡᠭᠰᠡᠨ ᠶᠡᠭᠡ ᠬᠤᠷᠠᠯ ᠤᠨ ᠭᠤᠣᠯ ᠰᠡᠳᠦᠪ ᠨᠢ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠤ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠬᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠨ᠎ᠡ ᠴᠠᠭ ᠦᠶ᠎ᠡ ᠳᠤ ᠡᠷᠡᠯᠬᠡᠭᠯᠡᠨ ᠲᠡᠮᠡᠴᠡᠬᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ ᠲᠦᠢᠯ ᠤᠨ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠣᠷᠣᠨ ᠳᠠᠶᠠᠭᠠᠷ ᠢᠶᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠠᠴᠠ ᠣᠶᠤᠨ ᠤᠬᠠᠭᠠᠨ ᠪᠠ ᠬᠦᠴᠦᠨ ᠴᠢᠳᠠᠯ ᠢ ᠰᠢᠩᠬᠡᠬᠡᠨ ᠠᠪᠴᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠤ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠡᠭᠦᠷᠭᠡᠯᠡᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠥᠬᠦᠷᠡᠰᠢ ᠦᠭᠡᠢ ᠪᠠᠲᠤ ᠴᠣᠭᠴᠠᠯᠠᠨ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠠᠶᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠳᠡᠢ ᠭᠡᠵᠦ ᠦᠵᠡᠪᠡ᠃       ᠶᠡᠭᠡ ᠬᠤᠷᠠᠯ ᠠᠴᠠ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠠᠵᠢᠯ ᠢ ᠳᠡᠭᠡᠳᠦ ᠬᠡᠮᠵᠢᠶ᠎ᠡ ᠪᠠᠷ ᠦᠨᠡᠯᠡᠪᠡ᠃ ᠶᠡᠭᠡ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠯ᠎ᠡ ᠲᠠᠯ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠭᠡ ᠤᠯᠤᠰ ᠤᠨ ᠤᠮᠠᠷᠠᠲᠤ ᠶᠢᠨ ᠦᠵᠡᠰᠭᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠳᠦᠭᠡᠨ ᠪᠠᠶᠢᠭᠤᠯᠬᠤ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠭ᠎ᠠ ᠬᠡᠯᠪᠡᠷᠢ ᠪᠠᠨ ᠬᠤᠪᠢᠷᠠᠭᠤᠯᠬᠤ᠂ ᠪᠦᠲᠦᠴᠡ ᠳᠤ ᠲᠣᠬᠢᠷᠠᠭᠤᠯᠤᠯᠳᠠ ᠬᠢᠬᠦ ᠶᠢ ᠲᠦᠷᠭᠡᠳᠭᠡᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠵᠠᠰᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠥᠷᠥ ᠶᠢᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠦᠨᠳᠦᠰᠦᠲᠡᠨ ᠤ ᠠᠵᠢᠯ ᠢ ᠦᠨᠡᠨ ᠬᠦ ᠴᠢᠩᠭᠠᠳᠬᠠᠨ ᠰᠠᠶᠢᠵᠢᠷᠠᠭᠤᠯᠵᠤ᠂ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠤᠨ ᠠᠮᠢᠳᠤᠷᠠᠯ ᠢ ᠰᠡᠳᠬᠢᠯ ᠲᠠᠯᠪᠢᠨ ᠬᠠᠶᠢᠷ᠎ᠠ ᠰᠡᠳᠬᠢᠯᠬᠡ ᠲᠠᠢ ᠪᠠᠷ ᠪᠥᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠪᠠ ᠲᠠᠭᠠᠷᠢᠯᠲᠠ ᠶᠢ ᠢᠳᠡᠪᠬᠢᠲᠡᠶ ᠠᠷᠭᠠᠴᠠᠭᠠᠵᠤ᠂ ᠥᠪᠥᠷ ᠮᠣᠩᠭᠤᠯ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠲᠠᠰᠤᠷᠠᠯᠲᠠ ᠥᠬᠡᠶ ᠬᠦᠴᠢᠷ ᠠᠰᠠᠭᠤᠳᠠᠯ ᠢ ᠰᠢᠶ᠋ᠳᠪᠦᠷᠢᠯᠡᠨ ᠪᠣᠳᠠᠲᠠᠶ ᠦᠷ᠎ᠡ ᠪᠦᠲᠦᠮᠵᠢ ᠤᠯᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠠᠬᠦᠯᠦᠨ ᠠᠬᠢᠭᠤᠯᠵᠤ᠂ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠢᠯᠵᠢᠷᠡᠯ ᠢ ᠡᠰᠡᠷᠭᠦᠴᠡᠬᠦ ᠲᠡᠮᠡᠴᠡᠯ ᠢ ᠠᠬᠢᠭᠤᠯᠵᠤ᠂ ᠵᠤᠷᠰᠢᠯ ᠠᠴᠠ ᠳᠠᠪᠠᠭᠰᠠᠨ ᠠᠷᠭ᠎ᠠ ᠬᠡᠮᠵᠢᠶ᠎ᠡ ᠪᠠ ᠵᠣᠷᠢᠭᠲᠠᠢ ᠪᠠᠶᠢᠯᠳᠤᠵᠤ ᠢᠯᠠᠯᠲᠠ ᠤᠯᠬᠤ ᠲᠡᠮᠡᠴᠡᠯ ᠤᠨ ᠵᠣᠷᠢᠭ ᠰᠠᠨᠠᠭ᠎ᠠ ᠪᠠᠷ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠶᠢ ᠠᠬᠢᠭᠤᠯᠵᠤ᠂ ᠥᠴᠦᠬᠡᠨ ᠴᠦ ᠲᠠᠲᠠᠭᠠᠯᠵᠠᠯ ᠦᠭᠡᠢ ᠪᠠᠷ ᠠᠷᠬᠠᠭ ᠭᠡᠮ ᠢ ᠵᠤᠷᠢᠬᠳᠠᠢ ᠪᠠᠷ ᠴᠡᠭᠴᠡᠯᠡᠨ ᠵᠠᠰᠠᠵᠤ᠂ ᠥᠴᠦᠬᠡᠨ ᠴᠦ ᠢᠯᠳᠠᠷ ᠬᠠᠶᠠᠬᠤ ᠦᠭᠡᠢ ᠪᠠᠷ ᠬᠤᠣᠷᠲᠤ ᠬᠠᠪᠤᠳᠠᠷ ᠲᠤ ᠮᠡᠰᠡ ᠵᠠᠰᠠᠯ ᠬᠢᠵᠦ᠂ ᠥᠪᠥᠷ ᠮᠣᠩᠭᠤᠯ ᠤᠨ ᠤᠷᠳᠤ ᠬᠤᠭᠤᠴᠠᠭ᠎ᠠ ᠪᠠᠷ ᠪᠣᠬᠢᠷᠲᠤᠭᠰᠠᠨ ᠪᠠ ᠡᠪᠳᠡᠭᠳᠡᠭᠰᠡᠨ ᠤᠯᠤᠰ ᠲᠦᠷᠦ ᠶᠢᠨ ᠠᠮᠢ ᠠᠬᠤᠢ ᠶᠢ ᠬᠦᠴᠦᠲᠡᠢ ᠰᠡᠷᠭᠦᠭᠡᠵᠦ᠂ ᠤᠳᠤ ᠶᠠᠭ ᠲᠦᠷᠭᠡᠨ ᠴᠡᠪᠡᠷᠰᠢᠨ ᠰᠢᠯᠢᠳᠡᠭᠵᠢᠭᠦᠯᠵᠦ ᠪᠠᠶᠢᠨ᠎ᠠ᠃ ᠲᠠᠪᠤᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠪᠦᠬᠦ ᠲᠠᠯ᠎ᠠ ᠶᠢᠨ ᠬᠥᠭᠵᠢᠯᠲᠡ ᠶᠢ ᠪᠡᠶᠡᠯᠡᠭᠦᠯᠵᠦ ᠴᠢᠳᠠᠭᠰᠠᠨ ᠤ ᠬᠠᠮᠤᠭ ᠤᠨ ᠦᠨᠳᠦᠰᠦᠨ ᠰᠢᠯᠳᠠᠭᠠᠨ ᠪᠤᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠨ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠳᠤ ᠪᠠᠶᠢᠨ᠎ᠠ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠥᠪᠥᠷ ᠮᠣᠩᠭᠤᠯ ᠤᠨ ᠪᠠᠶᠢᠳᠠᠯ ᠳᠤ ᠵᠠᠳᠠᠯᠤᠯᠳᠠ ᠬᠢᠵᠤ ᠴᠢᠭᠯᠡᠯ ᠢ ᠲᠣᠭᠲᠠᠭᠠᠵᠤ᠂ ᠵᠠᠮ ᠢ ᠵᠢᠭᠠᠵᠤ ᠠᠶᠠᠯᠠᠯ ᠢ ᠵᠢᠯᠣᠭᠤᠳᠤᠭᠰᠠᠨ ᠳᠤ ᠪᠠᠶᠢᠨ᠎ᠠ ᠬᠡᠵᠤ ᠦᠵᠡᠪᠡ᠃       ᠶᠡᠭᠡ ᠬᠤᠷᠠᠯ ᠠᠴᠠ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠠᠪᠤᠴᠠ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠣᠯ ᠳᠠᠷᠤᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠰᠠᠶᠢᠳᠤᠷ ᠬᠠᠮᠠᠭᠠᠯᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠵᠤ᠂ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶᠠᠨ ᠤ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠣᠰᠣᠭᠠᠷ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠦᠳᠦᠭᠡᠨ ᠪᠠᠶᠢᠭᠤᠯᠬᠤ ᠶᠠᠪᠤᠳᠠᠯ ᠪᠣᠯᠤᠨ᠎ᠠ᠃ ᠶᠡᠭᠡ ᠬᠤᠷᠠᠯ ᠠᠴᠠ᠂ ᠥᠪᠥᠷ ᠮᠣᠩᠭᠤᠯ ᠶᠡᠭᠡ ᠲᠠᠯ᠎ᠠ ᠶᠢ ᠡᠷᠬᠢᠮᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠳᠤ᠂ ᠡᠷᠬᠡᠪᠰᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠲᠤᠷ ᠭᠦᠢᠴᠡᠳᠭᠡᠬᠦ ᠬᠡᠷᠡᠭᠲᠡᠢ᠂ ᠡᠷᠬᠡᠪᠰᠢ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠲᠤᠷ ᠭᠦᠢᠴᠡᠳᠭᠡᠬᠦ ᠬᠡᠷᠡᠭᠲᠡᠢ᠂ ᠡᠷᠬᠡᠪᠰᠢ ᠤᠯᠤᠰ ᠤᠨ ᠡᠷᠬᠢᠨ ᠲᠣᠭᠤᠷᠢᠨ ᠢ ᠲᠦᠰᠦᠪᠯᠡᠨ ᠰᠢᠢᠳᠪᠦᠷᠢᠯᠡᠬᠦ ᠪᠠ ᠭᠠᠳᠠᠭᠠᠳᠤ ᠨᠡᠭᠡᠭᠡᠯᠳᠠ ᠶᠢᠨ ᠪᠠᠶᠢᠯᠳᠤᠬᠤ ᠪᠤᠳᠤᠯᠭ᠎ᠠ ᠳᠤ ᠦᠢᠯᠡᠴᠢᠯᠡᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠳᠤᠷ ᠬᠦᠢᠴᠡᠳᠬᠡᠬᠦ ᠬᠡᠷᠡᠭᠳᠡᠢ᠂ ᠤᠯᠤᠰ ᠤᠨ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠬᠦᠷᠬᠡᠯᠡᠵᠤ᠂ ᠰᠠᠶᠢᠲᠤᠷ ᠭᠦᠢᠴᠡᠳᠭᠡᠬᠦ ᠬᠡᠷᠡᠭᠲᠡᠢ᠂ ᠡᠷᠬᠡᠪᠰᠢ ᠡᠭᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠢ ᠰᠠᠬᠢᠨ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠲᠤᠷ ᠭᠦᠢᠴᠡᠳᠭᠡᠬᠦ ᠬᠡᠷᠡᠭᠲᠡᠢ ᠬᠡᠵᠤ ᠵᠢᠭᠠᠵᠤ ᠭᠠᠷᠭᠠᠪᠠ᠃      ᠶᠡᠭᠡ ᠬᠤᠷᠠᠯ ᠠᠴᠠ ᠢᠯᠡᠳᠭᠡᠯ ᠳᠤ ᠳᠤᠷᠠᠳᠤᠭᠰᠠᠨ ᠬᠤᠶᠢᠰᠢᠳᠠ ᠶᠢᠨ ᠲᠠᠪᠤᠨ ᠵᠢᠯ ᠤᠨ ᠠᠵᠢᠯ ᠤᠨ ᠬᠠᠷᠠᠯᠲᠠ ᠱᠠᠭᠠᠷᠳᠠᠯᠭ᠎ᠠ ᠶᠢ ᠵᠥᠪᠰᠢᠶᠡᠷᠡᠪᠡ᠃ ᠶᠡᠭᠡ ᠬᠤᠷᠠᠯ ᠠᠴᠠ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠪᠤᠯ᠂ ᠬᠥᠭᠵᠢᠯᠲᠡ ᠶᠢᠨ ᠣᠶᠢᠯᠠᠭᠠᠭᠳᠠᠬᠤᠨ᠂ ᠬᠥᠭᠵᠢᠯᠲᠡ ᠶᠢᠨ ᠵᠠᠮ᠂ ᠬᠥᠭᠵᠢᠯᠲᠡ ᠶᠢᠨ ᠬᠡᠯᠪᠡᠷᠢ᠂ ᠬᠥᠭᠵᠢᠯᠲᠡ ᠶᠢᠨ ᠬᠠᠷᠠᠯᠲᠠ ᠶᠢᠨ ᠪᠦᠬᠦ ᠲᠠᠯ᠎ᠠ ᠶᠢᠨ ᠬᠤᠪᠢᠷᠠᠯᠲᠠ ᠮᠦᠨ᠂ ᠪᠦᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ᠂ ᠤᠷᠲᠤ ᠬᠤᠭᠤᠴᠠᠭᠠᠨ ᠤ ᠱᠠᠭᠠᠷᠳᠠᠯᠭ᠎ᠠ ᠮᠦᠨ᠂ ᠪᠤᠢ ᠪᠦᠬᠦᠢ ᠬᠦᠷᠢᠶ᠎ᠡ ᠴᠠᠷᠠᠭ᠎ᠠ᠂ ᠪᠤᠢ ᠪᠦᠬᠦᠢ ᠣᠷᠣᠨ ᠪᠦᠰᠡ᠂ ᠪᠤᠢ ᠪᠦᠬᠦᠢ ᠠᠵᠤ ᠦᠢᠯᠡᠰ᠂ ᠪᠤᠢ ᠪᠦᠬᠦᠢ ᠠᠵᠢᠯ ᠲᠥᠷᠥᠯ ᠴᠥᠮ ᠡᠭᠦᠨ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠬᠡᠷᠡᠭᠲᠡᠶ᠂ ᠡᠯ᠎ᠡ ᠵᠦᠶ᠋ᠯ ᠤᠨ ᠴᠢᠬᠤᠯᠠ ᠶᠡᠭᠡ ᠬᠠᠷᠠᠯᠲᠠ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠴᠢᠬᠤᠯᠠ ᠶᠡᠭᠡ ᠢᠨᠵᠧᠨᠧᠷᠢᠩ ᠲᠦ᠋ᠷᠦᠯ ᠵᠦᠢᠯ ᠴᠥᠮ ᠡᠭᠦᠨ ᠳᠤ ᠦᠨᠳᠦᠰᠦᠯᠡᠵᠤ ᠪᠠᠶᠢᠷᠢᠯᠠᠭᠤᠯᠤᠨ ᠥᠷᠨᠢᠭᠦᠯᠬᠦ ᠬᠡᠷᠡᠭᠲᠡᠢ᠂ ᠡᠷᠬᠡᠪᠰᠢ ᠰᠢᠨ᠎ᠡ ᠵᠠᠮ ᠢᠶᠠᠷ ᠵᠠᠮᠨᠠᠬᠤ ᠤᠯᠤᠰ ᠲᠥᠷᠥ ᠶᠢᠨ ᠤᠬᠠᠮᠰᠠᠷᠲᠤ ᠴᠢᠨᠠᠷ ᠪᠠ ᠪᠣᠳᠠᠲᠤ ᠲᠤᠯᠭᠠᠮ ᠰᠡᠳᠭᠢᠯᠭᠡ ᠪᠠᠨ ᠴᠢᠩᠭᠠᠳᠬᠠᠬᠤ ᠬᠡᠷᠡᠭᠲᠡᠢ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠱᠠᠭᠠᠷᠳᠠᠯᠭ᠎ᠠ ᠲᠠᠢ ᠲᠤᠬᠢᠷᠠᠯᠴᠠᠬᠤ ᠦᠭᠡᠢ᠂ ᠨᠡᠶᠢᠴᠡᠬᠦ ᠦᠭᠡᠢ᠂ ᠴᠢᠨᠠᠭᠰᠢᠯᠠᠨ ᠡᠰᠡᠷᠭᠦᠴᠡᠯᠳᠦᠬᠦ ᠦᠵᠡᠯ ᠰᠠᠨᠠᠭ᠎ᠠ ᠦᠵᠡᠯᠲᠡ᠂ ᠠᠵᠢᠯᠯᠠᠭᠠᠨ ᠤ ᠬᠡᠯᠪᠡᠷᠢ᠂ ᠬᠦᠭᠵᠢᠯᠲᠡ ᠶᠢᠨ ᠵᠠᠭᠪᠤᠷ ᠢ ᠡᠷᠡᠰ ᠲᠤᠬᠢᠷᠠᠭᠤᠯᠵᠤ᠂ ᠵᠠᠯᠠᠷᠠᠭᠤᠯᠬᠤ ᠪᠠ ᠲᠠᠶᠠᠭᠳᠠᠵᠤ᠂ ᠰᠢᠨ᠎ᠡ ᠵᠠᠮ ᠢᠶᠠᠷ ᠨᠢᠬᠡ ᠨᠢᠬᠡ ᠠᠯᠬᠤᠮ ᠢᠶᠠᠷ ᠯᠠᠪᠳᠠᠭᠤᠨ ᠪᠠᠲᠤᠲᠠᠢ ᠰᠠᠶᠢᠳᠤᠷ ᠵᠠᠮᠨᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠶᠡᠭᠡ ᠬᠤᠷᠠᠯ ᠠᠴᠠ᠂ ᠪᠦᠬᠦ ᠣᠷᠣᠨ ᠢᠶᠠᠷ ᠢᠶᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠤᠬᠰᠠᠨ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠤ ᠳᠤᠮᠳᠠ ᠠᠬᠢᠯᠳᠠ ᠲᠠᠢ ᠪᠠᠶᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠦᠪ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦᠯᠡᠨ ᠦᠢᠯᠡᠴᠢᠯᠡᠬᠦ ᠪᠠ ᠠᠭᠤᠰᠤᠯᠴᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠳᠤᠷ ᠵᠠᠮᠨᠠᠵᠤ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠲᠦᠷᠭᠡᠳᠭᠡᠨ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠡᠷᠡᠰ ᠭᠤᠶᠢᠪᠢᠰᠢ ᠦᠭᠡᠢ ᠪᠠᠷ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠢ᠃ ᠣᠷᠣᠨ ᠳᠠᠶᠠᠭᠠᠷ ᠤᠨ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠨᠠᠩ ᠶᠡᠭᠡ ᠦᠷ᠎ᠡ ᠪᠦᠲᠦᠭᠡᠯ ᠢ ᠣᠯᠵᠤ᠂ ᠠᠮᠢ ᠠᠬᠤᠶ ᠣᠷᠴᠢᠨ ᠲᠣᠭᠤᠷᠢᠨ ᠤ ᠥᠨᠳᠥᠷ ᠲᠦᠪᠰᠢᠨ ᠪᠥᠬᠦᠶ ᠬᠠᠮᠠᠭᠠᠯᠠᠯᠲᠠ ᠨᠠᠩ ᠶᠡᠭᠡ ᠦᠷ᠎ᠡ ᠪᠦᠲᠦᠮᠵᠢ ᠣᠯᠵᠤ᠂ ᠠᠷᠠᠳ ᠣᠯᠠᠨ ᠤ ᠴᠢᠨᠠᠷ ᠰᠠᠶᠢᠲᠠᠶ ᠠᠮᠢᠳᠤᠷᠠᠯ ᠢ ᠴᠣᠭᠴᠠᠯᠠᠬᠤ ᠠᠵᠢᠯ ᠨᠠᠩ ᠶᠡᠭᠡ ᠠᠬᠢᠴᠠ ᠲᠠᠢ ᠪᠣᠯᠵᠣ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠥᠨᠳᠥᠷ ᠪᠦᠲᠦᠮᠵᠢᠲᠡᠶ ᠵᠠᠰᠠᠯᠲᠠ ᠨᠠᠩ ᠶᠡᠭᠡ ᠰᠢᠪᠲᠤᠯᠤᠯᠲᠠ ᠲᠠᠢ ᠪᠣᠯᠵᠣ᠂ ︽ᠬᠤᠶᠠᠷ ᠬᠠᠯᠬᠠᠪᠴᠢ︾ ᠨᠠᠩ ᠪᠠᠲᠤ ᠪᠠᠬᠢ ᠪᠣᠯᠵᠣ᠂ ︽ᠬᠤᠶᠠᠷ ᠰᠠᠭᠤᠷᠢᠨ︾ ᠤ ᠲᠤᠭ᠎ᠠ ᠪᠠ ᠶᠠᠰᠤ ᠴᠢᠨᠠᠷ ᠵᠡᠷᠭᠡ ᠪᠠᠷ ᠳᠡᠭᠡᠭᠰᠢᠯᠡᠵᠦ᠂ ︽ᠨᠢᠭᠡ ᠪᠠᠬᠢᠯᠡᠯᠲᠡ︾ ᠶᠢᠨ ᠦᠢᠯᠡᠳᠦᠯ ᠢᠯᠡᠷᠬᠡᠶ ᠪᠣᠯᠵᠣ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠴᠢᠬᠤᠯᠠ ᠶᠡᠭᠡ ᠠᠯᠬᠤᠮ ᠢ ᠠᠯᠬᠤᠬᠤ ᠬᠡᠷᠡᠭᠳᠡᠢ ᠭᠡᠵᠦ ᠴᠢᠬᠤᠯᠠᠴᠢᠯᠠᠪᠠ᠃       ᠶᠡᠭᠡ ᠬᠤᠷᠠᠯ ᠠᠴᠠ᠂ ︽ᠬᠤᠶᠠᠷ ᠢ ᠬᠠᠮᠠᠭᠠᠯᠠᠬᠤ︾ ᠪᠣᠯ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠠᠰᠤᠷᠠᠯᠲᠠ ᠥᠬᠡᠶ ᠬᠥᠭᠵᠢᠨ ᠤᠷᠤᠭᠰᠢᠯᠠᠬᠤ ᠶᠢ ᠠᠬᠢᠭᠤᠯᠬᠤ ᠦᠨᠳᠦᠰᠦᠨ ᠤᠯᠤᠰ ᠲᠥᠷᠥ ᠶᠢᠨ ᠪᠠᠲᠤᠯᠠᠭ᠎ᠠ ᠮᠥᠨ᠂ ᠥᠪᠥᠷ ᠮᠣᠩᠭᠤᠯ ᠤᠨ ᠡᠯ᠎ᠡ ᠵᠦᠶ᠋ᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠯᠤᠰ ᠲᠥᠷᠥ ᠶᠢᠨ ᠤᠷᠢᠲᠠᠯ ᠮᠥᠨ᠂ ᠡᠷᠬᠡᠪᠰᠢ ︽ᠬᠤᠶᠠᠷ ᠢ ᠬᠠᠮᠠᠭᠠᠯᠠᠬᠤ︾ ᠶᠢ ᠡᠷᠡᠰ ᠦᠶ᠋ᠯᠡᠳᠦᠯᠭᠡᠵᠢᠭᠦᠯᠵᠦ᠂ ᠭᠤᠤᠯᠯᠠᠭᠴᠢ ᠳᠠᠭᠠᠨ ᠦᠨᠡᠨᠴᠢ ᠰᠢᠳᠤᠷᠭᠤ ᠪᠠᠶᠢᠬᠤ᠂ ᠭᠤᠤᠯᠯᠠᠭᠴᠢ ᠪᠠᠨ ᠬᠦᠷᠢᠶᠡᠯᠡᠬᠦ᠂ ᠭᠤᠤᠯᠯᠠᠭᠴᠢ ᠲᠠᠢ ᠪᠠᠨ ᠨᠢᠭᠡᠲᠦᠯᠲᠡᠢ ᠪᠠᠶᠢᠬᠤ᠂ ᠭᠤᠤᠯᠯᠠᠭᠴᠢ ᠪᠠᠨ ᠬᠠᠮᠠᠭᠠᠯᠠᠬᠤ ᠤᠯᠤᠰ ᠲᠥᠷᠥ ᠶᠢᠨ ᠤᠬᠠᠮᠰᠠᠷ ᠦᠵᠡᠯ ᠰᠠᠨᠠᠭ᠎ᠠ ᠶᠢᠨ ᠤᠬᠠᠮᠰᠠᠷ ᠠᠵᠢᠯᠯᠠᠭᠠᠨ ᠤ ᠤᠬᠠᠮᠰᠠᠷ ᠢᠶᠠᠨ ᠦᠨᠡᠨ ᠬᠦ ᠴᠢᠩᠭᠠᠳᠬᠠᠬᠤ ᠬᠡᠷᠡᠭᠲᠡᠶ᠃ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠪᠦᠯᠬᠦᠮᠳᠡᠯ ᠨᠢᠭᠡᠳᠦᠯ ᠢ ᠤᠬᠠᠮᠰᠠᠷ ᠠᠴᠠ ᠪᠠᠨ ᠡᠷᠡᠰ ᠬᠠᠮᠠᠭᠠᠯᠠᠵᠤ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠦ᠂ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶ᠋ᠯ ᠤᠨ ᠠᠵᠢᠯ ᠦᠶ᠋ᠯᠡᠰ ᠤᠨ ᠢᠮᠠᠭᠲᠠ ᠵᠥᠪ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠶᠡᠭᠡ ᠬᠤᠷᠠᠯ ᠠᠴᠠ᠂ ᠥᠪᠥᠷ ᠮᠣᠩᠭᠤᠯ ᠤᠨ ᠠᠮᠢ ᠠᠬᠤᠢ ᠶᠢᠨ ᠪᠠᠶᠢᠳᠠᠯ ᠬᠢᠷᠢ ᠵᠡᠷᠭᠡ ᠪᠠᠶᠢᠬᠤ ᠨᠢ ᠪᠦᠬᠦ ᠣᠷᠣᠨ ᠤ ᠦᠨᠳᠦᠰᠦᠲᠡᠨ ᠨᠦᠭᠦᠳ ᠤᠨ ᠤᠯᠠᠨ ᠲᠦᠮᠡᠨ ᠤ ᠣᠷᠣᠰᠢᠨ ᠲᠣᠭᠲᠠᠨᠢᠯ ᠪᠠ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ᠂ ᠪᠠᠷᠠᠭᠤᠨ ᠬᠤᠶᠢᠲᠤ ᠣᠷᠣᠨ ᠴᠢᠨᠠᠭᠰᠢᠯᠠᠪᠠᠯ ᠪᠦᠬᠦ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠲᠠᠢ ᠬᠤᠯᠪᠣᠭᠳᠠᠨ᠎ᠠ᠂ ᠡᠷᠬᠡᠪᠰᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠤᠯᠤᠰ ᠲᠦᠷᠦ ᠶᠢᠨ ᠤᠳᠤᠷᠢᠳᠤᠮᠵᠢ ᠪᠠ ᠦᠷᠳᠡᠭ ᠤᠨ ᠬᠥᠭᠡᠭᠡᠴᠡᠯᠳᠦᠯ ᠢᠶᠠᠨ ᠪᠠᠲᠤᠳᠬᠠᠵᠤ᠂ ᠠᠮᠢ ᠠᠬᠤᠢ ᠪᠠᠷ ᠠᠷᠠᠳ ᠲᠤ ᠠᠰᠢᠭ ᠬᠦᠷᠲᠡᠭᠡᠬᠦ᠂ ᠠᠮᠢ ᠠᠬᠤᠢ ᠪᠠᠷ ᠠᠷᠠᠳ ᠲᠤ ᠲᠤᠰᠠ ᠬᠢᠬᠦ᠂ ᠠᠮᠢ ᠠᠬᠤᠢ ᠪᠠᠷ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠵᠥᠪ ᠠᠮᠢ ᠠᠬᠤᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠣᠷᠣᠨ ᠪᠦᠰᠡ᠂ ᠪᠦᠬᠦ ᠲᠠᠯ᠎ᠠ ᠪᠠᠷ ᠴᠢᠩᠭᠠᠳᠬᠠᠵᠤ᠂ ᠬᠥᠭᠵᠢᠯᠲᠡ ᠶᠢᠨ ᠪᠣᠬᠢᠷᠲᠤᠯ ᠦᠭᠡᠢ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠦᠬᠦ ᠬᠦᠷᠢᠶ᠎ᠡ ᠪᠦᠬᠦ ᠶᠠᠪᠤᠴᠠ ᠳᠤ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠠᠬᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃       ᠶᠡᠭᠡ ᠬᠤᠷᠠᠯ ᠠᠴᠠ᠂ ᠥᠪᠥᠷ ᠮᠣᠩᠭᠤᠯ ᠤᠨ ᠠᠵᠤ ᠠᠬᠤᠢ ᠶᠠᠭ ᠲᠦᠢᠯ ᠤᠨ ᠬᠦᠴᠢᠷ ᠪᠡᠷᠬᠡᠰᠢᠶᠡᠯ ᠲᠠᠢ ᠪᠥᠭᠡᠳ ᠬᠡᠯᠪᠡᠷᠢ ᠪᠠᠨ ᠬᠤᠪᠢᠷᠠᠭᠤᠯᠬᠤ ᠲᠦᠢᠯ ᠤᠨ ᠴᠢᠬᠤᠯᠠ ᠬᠤᠭᠤᠴᠠᠭᠠᠨ ᠳᠤ ᠣᠷᠣᠰᠢᠵᠤ ᠪᠠᠶᠢᠨ᠎ᠠ᠂ ᠡᠷᠬᠡᠪᠰᠢ ᠪᠣᠬᠢᠷᠲᠤᠯ ᠦᠭᠡᠢ ᠬᠥᠭᠵᠢᠯᠲᠡ᠂ ᠴᠢᠨᠠᠷ ᠰᠠᠶᠢᠲᠠᠢ ᠬᠥᠭᠵᠢᠯᠲᠡ ᠶᠢ ᠭᠤᠶᠢᠪᠢᠰᠢ ᠦᠭᠡᠢ ᠪᠠᠷᠢᠮᠲᠠᠯᠠᠵᠤ ᠂ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠶᠢᠰᠢ ᠬᠤᠪᠢᠷᠠᠭᠤᠯᠬᠤ᠂ ᠪᠦᠳᠦᠭᠦᠯᠢᠭ ᠦᠨᠳᠦᠷ ᠨᠡᠭᠦᠷᠡᠰᠦᠲᠥ᠋ᠷᠥᠭᠴᠢᠲᠦ ᠬᠡᠯᠪᠡᠷᠢ ᠠᠴᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠬᠡᠯᠪᠡᠷᠢ ᠲᠡᠶᠢᠰᠢ ᠬᠤᠪᠢᠷᠠᠭᠤᠯᠬᠤ᠂ ᠲᠠᠷᠠᠬᠠᠢ ᠪᠤᠲᠠᠷᠬᠠᠢ ᠦᠷ᠎ᠡ ᠠᠰᠢᠭ ᠳᠣᠣᠷ᠎ᠠ ᠬᠡᠯᠪᠡᠷᠢ ᠠᠴᠠ ᠡᠷᠴᠢᠮᠯᠢᠭ ᠥᠨᠳᠥᠷ ᠪᠦᠲᠦᠮᠵᠢᠲᠡᠢ ᠬᠡᠯᠪᠡᠷᠢ ᠲᠡᠶᠢᠰᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠪᠦᠲᠦᠴᠡ ᠶᠢ ᠲᠣᠬᠢᠷᠠᠭᠤᠯᠬᠤ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠰᠢᠨ᠎ᠡ ᠶᠢ ᠡᠭᠦᠳᠬᠦ ᠬᠡᠯᠪᠡᠷᠢ ᠶᠢᠨ ᠥᠪᠥᠷ ᠮᠣᠩᠭᠤᠯ ᠢ ᠲᠦᠷᠭᠡᠳᠭᠡᠨ ᠪᠠᠶᠢᠭᠤᠯᠵᠤ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠤ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠤ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠶ᠋ᠯᠡᠳᠪᠦᠷᠢᠯᠡᠯ ᠤᠨ ᠰᠠᠭᠤᠷᠢᠨ ᠤ ᠴᠢᠨᠠᠷ ᠰᠠᠶᠢᠲᠠᠶ ᠥᠨᠳᠥᠷ ᠪᠦᠲᠦᠮᠵᠢᠲᠡᠶ ᠲᠠᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠶ᠋ᠯᠡᠰ᠂ ᠲᠡᠷᠢᠭᠦᠨ ᠤ ᠦᠶ᠋ᠯᠡᠳᠬᠦ ᠦᠶ᠋ᠯᠡᠰ ᠪᠠ ᠣᠲᠣ ᠦᠶ᠎ᠡ ᠶᠢᠨ ᠦᠶ᠋ᠯᠡᠴᠢᠯᠡᠭᠡᠨ ᠤ ᠦᠶ᠋ᠯᠡᠰ ᠢ ᠶᠡᠭᠡ ᠪᠠᠷ ᠬᠥᠭᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠭᠡᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠣᠷᠣᠨ ᠪᠦᠰᠡ ᠬᠤᠲᠠ ᠬᠥᠳᠡᠭᠡ ᠶᠢᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠤᠮᠠᠷᠠᠰᠢ ᠨᠡᠭᠡᠭᠡᠯᠳᠠ ᠬᠢᠬᠦ ᠴᠢᠬᠤᠯᠠ ᠪᠠᠬᠢᠯᠡᠯᠲᠡ ᠶᠢᠨ ᠪᠥᠲᠥᠭᠡᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃       ᠶᠡᠭᠡ ᠬᠤᠷᠠᠯ ᠠᠴᠠ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠭᠲᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠳᠠ ᠦᠭᠡᠢ ᠪᠤᠶᠠᠨ ᠦᠢᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠬᠤ ᠣᠨᠣᠪᠴᠢᠲᠤ ᠴᠢᠨᠠᠷ᠂ ᠤᠯᠠᠨ ᠨᠡᠶᠢᠲᠡ ᠶᠢᠨ ᠦᠢᠯᠡᠴᠢᠯᠡᠭᠡ ᠶᠢᠨ ᠲᠡᠩᠴᠡᠭᠦᠷᠢᠳᠦ ᠴᠢᠨᠠᠷ᠂ ᠨᠡᠶᠢᠭᠡᠮ ᠤᠨ ᠵᠠᠰᠠᠯᠲᠠ ᠶᠢᠨ ᠤᠳᠤᠬᠢᠴᠢᠯᠠᠯᠳᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠨᠡᠮᠡᠭᠳᠡᠭᠦᠯᠵᠦ᠂ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠠᠵᠢᠯ ᠣᠯᠭᠤᠯᠲᠠ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠵᠤ᠂ ᠣᠯᠠᠨ ᠲᠠᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠬᠦᠯᠤᠨ᠂ ᠡᠷᠡᠭᠦᠯ ᠡᠩᠬᠡ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠤ ᠴᠢᠬᠤᠯᠠᠴᠢᠯᠠᠵᠠᠢ᠃      ᠶᠡᠭᠡ ᠬᠤᠷᠠᠯ ᠠᠴᠠ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢᠨ ᠪᠠᠶᠢᠭᠤᠯᠤᠯᠲᠠ ᠶᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠲᠠ ᠦᠭᠡᠢ ᠬᠥᠭᠵᠢᠭᠦᠯᠵᠦ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠳᠡᠭᠡᠷ᠎ᠡ ᠦᠨᠡᠨ ᠪᠣᠳᠠᠲᠠᠢ ᠪᠠᠷ ᠢᠯᠡᠷᠡᠭᠦᠯᠵᠦ᠂ ᠨᠠᠮ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠲᠠᠯ᠎ᠠ ᠡᠯ᠎ᠡ ᠱᠠᠲᠤ ᠳᠠᠪᠬᠤᠷᠭ᠎ᠠ ᠶᠢᠨ ᠠᠵᠢᠯ ᠳᠡᠭᠡᠷ᠎ᠡ ᠢᠯᠡᠷᠡᠭᠦᠯᠵᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠬᠦ ᠠᠵᠢᠯ ᠳᠡᠭᠡᠷ᠎ᠡ ᠢᠯᠡᠷᠡᠭᠦᠯᠬᠦ ᠬᠡᠷᠡᠭᠲᠡᠢ᠃ ᠠᠷᠠᠳ ᠤᠨ ᠠᠷᠠᠳᠴᠢᠯᠠᠯ ᠢ ᠤᠯᠠᠮ ᠴᠢᠨᠠᠭᠰᠢᠳᠠ ᠥᠷᠭᠡᠳᠭᠡᠵᠦ᠂ ᠬᠠᠤᠯᠢᠵᠢᠯ ᠤᠨ ᠥᠪᠥᠷ ᠮᠣᠩᠭᠤᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠶ ᠭᠡᠵᠤ ᠴᠢᠬᠤᠯᠠᠴᠢᠯᠠᠪᠠ᠃      ᠶᠡᠭᠡ ᠬᠤᠷᠠᠯ ᠠᠴᠠ᠂ ᠲᠤᠭ ᠢ ᠮᠠᠨᠳᠤᠭᠤᠯᠬᠤ᠂ ᠠᠷᠠᠳ ᠤᠨ ᠰᠡᠳᠭᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠪᠠᠳᠠᠷᠠᠭᠤᠯᠬᠤ᠂ ᠲᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠶᠢᠨ ᠳᠤᠭᠤᠷᠢᠨ ᠳᠤ᠂ ᠨᠡᠶᠢᠭᠡᠮ ᠵᠢᠷᠤᠮ ᠤᠨ ᠰᠣᠶᠣᠯ ᠤᠨ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠬᠤ ᠬᠡᠷᠡᠭᠲᠡᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠤ᠂ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠵᠦ᠂ ᠰᠣᠶᠣᠯ ᠤᠨ ᠦᠶ᠋ᠯᠡᠰ ᠤᠨ ᠴᠡᠴᠡᠭᠯᠡᠯ ᠬᠥᠭᠵᠢᠯ ᠢ ᠠᠬᠢᠭᠤᠯᠵᠤ᠂ ᠰᠣᠶᠣᠯ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ ᠬᠥᠭᠵᠢᠯᠲᠡ ᠳᠤ ᠦᠵᠡᠯ ᠰᠠᠨᠠᠭᠠᠨ ᠤ ᠪᠠᠲᠤᠯᠠᠭ᠎ᠠ᠂ ᠶᠠᠷᠢᠶ᠎ᠠ ᠬᠡᠯᠡᠯᠴᠡᠭᠡᠨ ᠤ ᠳᠡᠮᠵᠢᠯᠭᠡ᠂ ᠣᠶᠤᠨ ᠰᠠᠨᠠᠭᠠᠨ ᠤ ᠬᠥᠳᠡᠯᠭᠡᠬᠦ ᠬᠦᠴᠦᠨ᠂ ᠰᠣᠶᠣᠯ ᠤᠨ ᠨᠥᠬᠦᠴᠡᠯ ᠬᠠᠩᠭᠠᠬᠤ ᠬᠡᠷᠡᠭᠲᠡᠶ ᠭᠡᠵᠤ ᠴᠢᠬᠤᠯᠠᠴᠢᠯᠠᠵᠠᠢ᠃       ᠶᠡᠭᠡ ᠬᠤᠷᠠᠯ ᠠᠴᠠ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠨᠢ ᠡᠬᠡ ᠤᠯᠤᠰ ᠤᠨ ᠨᠢᠭᠡᠳᠦᠯ ᠪᠣᠯᠤᠨ ᠬᠢᠯᠢ ᠬᠢᠵᠠᠭᠠᠷ ᠢ ᠪᠠᠬᠢᠵᠢᠭᠦᠯᠬᠦ ᠲᠠᠢ ᠬᠤᠯᠪᠣᠭᠳᠠᠵᠤ᠂ ᠦᠨᠳᠦᠰᠦᠲᠡᠨ ᠤ ᠪᠦᠯᠬᠦᠮᠳᠡᠯ ᠪᠣᠯᠤᠨ ᠨᠡᠶᠢᠭᠡᠮ ᠤᠨ ᠲᠣᠭᠲᠠᠭᠤᠨ ᠲᠠᠢ ᠬᠤᠯᠪᠣᠭᠳᠠᠵᠤ᠂ ᠤᠯᠤᠰ ᠤᠨ ᠥᠨᠢ ᠤᠳᠠᠭᠠᠨ ᠤ ᠠᠮᠤᠷ ᠲᠣᠭᠲᠠᠭᠤᠨ ᠪᠣᠯᠤᠨ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠨ᠎ᠠ᠂ ᠡᠷᠬᠡᠪᠰᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠲᠡᠦᠬᠡᠨ ᠣᠷᠣᠨ ᠪᠠᠶᠢᠷᠢ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠨᠠᠮ ᠤᠨ ᠦᠨᠳᠦᠰᠦᠲᠡᠨ ᠤ ᠤᠨᠤᠯ ᠪᠣᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠢ ᠶᠡᠭᠡ ᠪᠠᠷ ᠪᠠᠳᠠᠷᠠᠭᠤᠯᠤᠨ᠂ ᠪᠦᠬᠦ ᠣᠷᠣᠨ ᠤ ᠦᠨᠳᠦᠰᠦᠲᠡᠨ ᠤ ᠠᠵᠢᠯ ᠤᠨ ᠵᠢᠯᠣᠭᠤᠳᠬᠤ ᠦᠵᠡᠯ ᠰᠠᠨᠠᠭᠠᠨ ᠤ ᠬᠡᠯᠪᠡᠷᠢᠯ ᠢ ᠲᠦᠢᠯᠪᠤᠷᠢᠲᠠᠢ ᠵᠠᠯᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮᠳᠤ ᠣᠳᠣᠬᠢᠴᠢᠯᠠᠯᠲᠠ ᠲᠡᠶᠢᠰᠢ ᠬᠠᠮᠲᠤ ᠪᠠᠷ ᠵᠠᠮᠨᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠡᠮᠦᠨ᠎ᠠ ᠨᠢ ᠬᠤᠰᠢᠭᠤᠷᠡᠨ ᠳᠠᠭᠤᠷᠢᠶᠠᠯ ᠪᠣᠯᠬᠤ ᠪᠠᠷ ᠴᠢᠷᠮᠠᠶᠢᠬᠤ ᠬᠡᠷᠡᠭᠲᠡᠢ ᠭᠡᠵᠤ ᠴᠢᠬᠤᠯᠠᠴᠢᠯᠠᠪᠠ᠃      ᠶᠡᠭᠡ ᠬᠤᠷᠠᠯ ᠠᠴᠠ᠂ ᠨᠠᠩ ᠥᠨᠳᠥᠷ ᠲᠦᠪᠰᠢᠨ ᠪᠥᠬᠦᠶ ᠠᠮᠤᠭᠤᠯᠠᠩᠳᠤ ᠥᠪᠥᠷ ᠮᠣᠩᠭᠤᠯ ᠢ ᠪᠥᠲᠥᠭᠡᠨ ᠪᠠᠶᠢᠭᠤᠯᠵᠤ᠂ ᠶᠡᠭᠡ ᠠᠮᠤᠷ ᠲᠦᠪᠰᠢᠨ ᠤ ᠪᠠᠶᠢᠷᠢᠰᠢᠯ ᠢ ᠲᠦᠷᠭᠡᠳᠭᠡᠨ ᠪᠠᠶᠢᠭᠤᠯᠵᠤ᠂ ᠶᠡᠭᠡ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠦᠨ᠂ ᠴᠢᠨᠠᠷ ᠰᠠᠶᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠦᠶ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠯ ᠢ ᠠᠬᠢᠭᠤᠯᠵᠤ᠂ ᠨᠡᠶᠢᠭᠡᠮ ᠤᠨ ᠨᠠᠩ ᠠᠮᠤᠷ ᠲᠣᠭᠲᠠᠭᠤᠨ᠂ ᠠᠷᠠᠳ ᠲᠦᠮᠡᠨ ᠤ ᠨᠠᠩ ᠠᠮᠤᠷ ᠠᠮᠤᠭᠤᠯᠠᠩ ᠪᠠᠶᠢᠬᠤ ᠶᠢ ᠪᠠᠲᠤᠯᠠᠬᠤ ᠬᠡᠷᠡᠭᠲᠡᠶ᠃ ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ ᠶᠢ ᠭᠦᠨᠵᠡᠭᠡᠶ ᠲᠤᠭᠤᠰᠢᠯᠠᠭᠤᠯᠵᠤ᠂ ᠤᠯᠤᠰ ᠤᠨ ᠠᠮᠤᠷ ᠲᠦᠪᠰᠢᠨ ᠢ ᠪᠠᠳᠤᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠡᠶᠢᠭᠡᠮ ᠤᠨ ᠲᠣᠭᠲᠠᠭᠤᠨ ᠪᠠ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠶ ᠭᠡᠵᠤ ᠴᠢᠬᠤᠯᠠᠴᠢᠯᠠᠵᠠᠢ᠃      ᠶᠡᠭᠡ ᠬᠤᠷᠠᠯ ᠠᠴᠠ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠵᠤ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠨᠢ ᠬᠥᠮᠦᠰ ᠤᠨ ᠰᠡᠳᠭᠢᠯ ᠤᠨ ᠬᠠᠨᠳᠤᠰᠢ ᠲᠠᠢ ᠬᠤᠯᠪᠣᠭᠳᠠᠵᠤ᠂ ᠨᠠᠮ ᠤᠨ ᠲᠦᠷᠦ ᠪᠠᠷᠢᠬᠤ ᠪᠠᠶᠢᠷᠢ ᠰᠠᠭᠤᠷᠢ ᠲᠠᠢ ᠬᠤᠯᠪᠣᠭᠳᠠᠨ᠎ᠠ᠂ ᠡᠷᠬᠡᠪᠰᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠴᠢᠩᠭ᠎ᠠ ᠪᠠᠶᠢᠬᠤ ᠱᠠᠭᠠᠷᠳᠠᠯᠭ᠎ᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠤᠯᠤᠰ ᠲᠦ᠋ᠷᠦ ᠶᠢᠨ ᠠᠮᠢ ᠠᠬᠤᠢ ᠶᠢ ᠪᠦᠬᠦ ᠲᠠᠯ᠎ᠠ ᠪᠠᠷ ᠲᠠᠬᠢᠨ ᠴᠣᠭᠴᠠᠯᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠭᠤᠰᠢᠯᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠪᠣᠯᠤᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠲᠠᠪᠰᠢᠵᠤ ᠪᠦᠬᠦ ᠲᠠᠯ᠎ᠠ ᠪᠠᠷ ᠪᠠᠳᠤ ᠴᠢᠩᠭ᠎ᠠ ᠪᠤᠯᠬᠤ ᠶᠢ ᠠᠬᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠡᠯ ᠢ ᠡᠰᠡᠷᠭᠦᠴᠡᠬᠦ ᠶᠢ ᠬᠦᠴᠦᠲᠡᠢ ᠠᠬᠢᠭᠤᠯᠵᠤ᠂ ᠥᠪᠥᠷ ᠮᠣᠩᠭᠤᠯ ᠤᠨ ᠤᠯᠤᠰ ᠲᠦᠷᠦ ᠶᠢᠨ ᠠᠮᠢ ᠠᠬᠤᠢ ᠶᠢ ᠨᠡᠩ ᠴᠡᠪᠡᠷ ᠰᠠᠶᠢᠬᠠᠨ ᠪᠣᠯᠭᠠᠬᠤ ᠬᠡᠷᠡᠭᠲᠡᠢ ᠭᠡᠵᠤ ᠴᠢᠬᠤᠯᠠᠴᠢᠯᠠᠪᠠ᠃      ᠶᠡᠭᠡ ᠬᠤᠷᠠᠯ ᠠᠴᠠ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠡᠷᠬᠡᠪᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠦᠰᠡᠯ ᠨᠠᠶᠢᠳᠠᠯᠭ᠎ᠠ ᠶᠢ ᠨᠢ ᠪᠠᠲᠤ ᠴᠡᠭᠡᠵᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠵᠠᠮ ᠨᠡᠭᠡᠭᠡᠨ ᠤᠷᠤᠭᠰᠢᠯᠠᠵᠤ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠡᠷᠡᠰ ᠭᠤᠶᠢᠪᠢᠰᠢ ᠦᠭᠡᠢ ᠲᠡᠮᠡᠴᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠠᠮ ᠪᠣᠯᠤᠨ ᠠᠷᠠᠳ ᠲᠦᠮᠡᠨ ᠳᠤ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠰᠤᠭᠠᠢ ᠭᠡᠵᠦ ᠤᠷᠢᠶᠠᠯᠠᠪᠠ︕   
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ