ᠰᠠᠭᠠᠳᠠᠭ ᠰᠣᠮᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠵᠦᠪᠯᠡᠯ ︿︿ᠬᠤᠶᠠᠷ ᠬᠠᠤᠯᠢ﹀﹀ ᠶᠢ ᠤᠬᠠᠭᠤᠯᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/12/10
    ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠰᠠᠭᠠᠳᠠᠭ ᠰᠣᠮᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠵᠦᠪᠯᠡᠯ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠬᠠᠤᠯᠢ﹀﹀ ᠪᠠ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠤᠷᠢᠳᠴᠢᠯᠠᠨ ᠰᠡᠷᠬᠡᠶᠢᠯᠡᠬᠦ ᠬᠠᠤᠯᠢ﹀﹀ ᠶᠢ ᠤᠬᠠᠭᠤᠯᠬᠤ ᠠᠵᠢᠯᠯᠠᠭ᠎ᠠ ᠦᠷᠨᠢᠬᠦᠯᠪᠡ᠃    ᠠᠵᠢᠯᠯᠠᠭ᠎ᠠ ᠨᠢ ᠰᠤᠷᠤᠭᠴᠢᠳ ᠤᠨ ᠪᠡᠶ᠎ᠡ ᠰᠡᠳᠬᠢᠴᠡ ᠶᠢᠨ ᠬᠦᠭᠵᠢᠯᠳᠡ ᠶᠢᠨ ᠣᠨᠴᠠᠯᠢᠭ ᠲᠤ ᠲᠤᠬᠢᠷᠠᠭᠤᠯᠤᠨ᠂ ᠨᠠᠰᠤᠨ ᠳᠤ ᠦᠯᠦ ᠬᠦᠷᠦᠭᠰᠡᠳ ᠤᠨ ᠪᠡᠶ᠎ᠡ  ᠪᠠᠨ ᠬᠠᠮᠠᠭᠠᠯᠠᠬᠤ᠂ ᠨᠠᠰᠤᠨ ᠳᠤ ᠦᠯᠦ ᠬᠦᠷᠦᠭᠰᠡᠳ ᠤᠨ ᠶᠠᠯ᠎ᠠ ᠬᠢᠬᠦ ᠶᠢ ᠣᠷᠢᠳᠴᠢᠯᠠᠨ ᠰᠡᠷᠬᠡᠶᠢᠯᠡᠬᠦ ᠵᠡᠷᠭᠡ ᠬᠠᠤᠯᠢ ᠴᠠᠭᠠᠵᠠ ᠶᠢᠨ ᠶᠡᠷᠦ ᠶᠢᠨ ᠮᠡᠳᠡᠯᠬᠡ ᠶᠢ ᠭᠤᠤᠯᠳᠠᠯᠠᠭ᠎ᠠ ᠲᠠᠢ  ᠲᠠᠶᠢᠯᠪᠤᠷᠢᠯᠠᠵᠤ᠂ ᠡᠬᠦᠨ ᠤ ᠬᠠᠮᠳᠤ ᠨᠠᠰᠤᠨ ᠳᠤ ᠦᠯᠦ ᠬᠦᠷᠦᠭᠰᠡᠳ ᠤᠨ ᠡᠳᠦᠷ ᠲᠤᠳᠤᠮ ᠤᠨ ᠠᠮᠢᠳᠤᠷᠠᠯ ᠰᠣᠷᠣᠯᠴᠠᠯᠭ᠎ᠠ ᠳᠤ ᠬᠤᠯᠪᠤᠭᠳᠠᠬᠤ ᠨᠡᠶᠢᠳᠡᠯᠢᠭ ᠬᠡᠷᠡᠭ ᠤᠨ ᠵᠢᠱᠢᠶ᠎ᠠ ᠲᠠᠢ ᠤᠶᠠᠯᠳᠤᠭᠤᠯᠵᠤ᠂ ᠬᠡᠷᠡᠭ ᠢᠶᠠᠷ ᠬᠠᠤᠯᠢ ᠶᠢ ᠲᠠᠶᠢᠯᠪᠤᠷᠢᠯᠠᠵᠦ᠂ ᠬᠠᠤᠯᠢ ᠪᠠᠷ ᠤᠴᠢᠷ ᠢ ᠦᠬᠦᠯᠡᠵᠦ᠂ ᠬᠡᠷ ᠪᠦᠯᠢ ᠶᠢᠨ ᠬᠠᠮᠠᠭᠠᠯᠠᠯᠳᠠ᠂ ᠰᠣᠷᠭᠠᠭᠤᠯᠢ ᠶᠢᠨ ᠬᠠᠮᠠᠭᠠᠯᠠᠯᠳᠠ᠂ ᠨᠡᠶᠢᠬᠡᠮ ᠤᠨ ᠬᠠᠮᠠᠭᠠᠯᠠᠯᠳᠠ ᠵᠡᠷᠭᠡ ᠤᠯᠠᠨ ᠲᠠᠯ᠎ᠠ ᠪᠠᠷ ᠮᠠᠯᠴᠢᠨ ᠲᠦᠮᠡᠨ ᠳᠤ ᠲᠦᠬᠦᠮ ᠤᠶᠢᠯᠠᠭᠠᠮᠵᠢᠳᠠᠢ ᠲᠠᠶᠢᠯᠪᠤᠷᠢᠯᠠᠨ ᠦᠭᠴᠦ᠂ ᠮᠠᠯᠴᠢᠳ ᠤᠨ ᠬᠠᠤᠯᠢ ᠴᠠᠭᠠᠵᠠ ᠶᠢᠨ ᠲᠤᠬᠠᠢ ᠮᠡᠳᠡᠯᠬᠡ ᠶᠢ ᠲᠡᠬᠡᠭᠰᠢᠯᠡᠬᠦᠯᠦᠨ᠂ ᠬᠡᠷ ᠤᠨ ᠠᠬᠠᠮᠠᠳ ᠢ ᠬᠠᠪᠰᠤᠷᠠᠨ ᠬᠡᠦᠬᠡᠳ ᠪᠠᠭᠠᠴᠤᠳ ᠤᠨ ᠦᠪᠡᠷ ᠤᠨ ᠪᠡᠶ᠎ᠡ ᠪᠠᠨ ᠬᠠᠮᠠᠭᠠᠯᠠᠬᠤ ᠬᠠᠤᠯᠢ ᠴᠠᠭᠠᠵᠠ ᠶᠢᠨ ᠮᠡᠳᠡᠯᠬᠡ ᠶᠢ ᠡᠵᠡᠮᠰᠢᠬᠦᠯᠵᠦ᠂ ᠠᠮᠢᠳᠤᠷᠠᠯ ᠲᠤᠮᠳᠠ ᠬᠠᠤᠯᠢ ᠰᠠᠬᠢᠯᠭ᠎ᠠ ᠶᠢ ᠶᠠᠭᠠᠬᠢᠵᠤ ᠰᠠᠬᠢᠬᠤ᠂ ᠡᠷᠡᠭᠦᠯ ᠢᠶᠠᠷ ᠬᠡᠷᠬᠢᠨ ᠦᠰᠦᠨ ᠪᠤᠶᠢᠵᠢᠬᠤ ᠪᠠ ᠬᠠᠤᠯᠢ ᠪᠠᠷ ᠵᠦᠢ ᠶᠤᠰᠤᠨ ᠤ ᠡᠷᠬᠡ ᠠᠰᠢᠭ ᠢᠶᠠᠨ ᠶᠠᠭᠠᠬᠢᠵᠦ ᠬᠠᠮᠠᠭᠠᠯᠠᠬᠤ ᠲᠤᠬᠠᠢ ᠵᠢᠭᠠᠨ ᠵᠢᠯᠤᠭᠤᠳᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ