ᠸᠠᠨ ᠲᠠᠢ ᠬᠥᠩ ᠲᠣᠰᠬᠤᠨ ᠨᠢ ᠬᠠᠭᠤᠷᠤᠯᠭ᠎ᠠ ᠶᠢᠨ ᠦᠢᠯᠡᠳᠪᠦᠷᠢ ᠪᠠᠷ ᠨᠡᠷᠡᠨ ᠬᠤᠸᠠᠷ ᠤᠨ ᠠᠵᠤ ᠦᠢᠯᠡᠰ ᠤᠨ ᠬᠥᠭᠵᠢᠯᠲᠡ ᠶᠢ ᠲᠠᠶᠢᠴᠢᠯᠠᠵᠤ ᠪᠠᠶᠢᠨ᠎ᠠ
ᠨᠡᠶᠢᠲᠡᠯᠡᠭᠰᠡᠨ ᠴᠠᠭ᠄
2021/12/10
     ᠡᠮᠦᠨᠡᠲᠦ ᠬᠤᠰᠢᠭᠤᠨ ᠤ ᠪᠠᠷᠠᠭᠤᠨ ᠪᠠᠭ᠎ᠠ ᠵᠣᠤ ᠪᠠᠯᠭᠠᠰᠤ ᠲᠣᠰᠬᠤᠨ ᠤ ᠬᠠᠮᠲᠤ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠵᠢᠵᠢᠭ ᠬᠡᠮᠬᠡ ᠶᠢᠨ ᠦᠷ᠎ᠡ ᠶᠢ ᠲᠣᠮᠣ ᠠᠵᠤ  ᠦᠢᠯᠡᠰ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠤᠨ ᠰᠠᠭᠤᠷᠢ ᠶᠢ ᠲᠠᠯᠪᠢᠭᠰᠠᠨ ᠪᠠᠶᠢᠨ᠎ᠠ᠃     ᠸᠠᠨ ᠲᠠᠢ ᠬᠥᠩ ᠲᠣᠰᠬᠤᠨ ᠰᠢ ᠰᠢᠶᠤᠤ ᠵᠣᠣ ᠪᠠᠯᠭᠠᠰᠤᠨ ᠤ ᠵᠡᠭᠦᠨ ᠡᠮᠦᠨ᠎ᠡ ᠬᠡᠰᠡᠭ ᠲᠤ ᠪᠠᠶᠢᠷᠢᠯᠠᠵᠤ᠂ ᠭᠠᠵᠠᠷ ᠰᠢᠷᠣᠶ ᠶᠢᠨ ᠬᠤᠵᠢᠷᠰᠢᠯ ᠬᠦᠨᠳᠦ ᠨᠣᠴᠢᠲᠠᠶ ᠤᠴᠢᠷ ᠠᠴᠠ ᠲᠣᠰᠬᠤᠨ ᠤ ᠠᠷᠠᠳ ᠭᠤᠤᠯᠳᠠᠭᠤ ᠬᠤᠵᠢᠷ ᠲᠤ ᠲᠡᠰᠪᠦᠷᠢᠲᠡᠶ ᠨᠡᠷᠡᠨ ᠬᠤᠸᠠᠷ ᠳᠠᠷᠢᠬᠤ ᠪᠠᠷ ᠭᠤᠤᠯᠯᠠᠳᠠᠭ᠃ ᠤᠢᠢᠷ᠎ᠠ ᠶᠢᠨ ᠬᠤᠶᠠᠷ ᠵᠢᠯ ᠳᠤ᠂ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠲᠤᠬᠠᠶ ᠶᠢᠨ ᠭᠠᠵᠠᠷ ᠤᠨ ᠬᠢᠨ ᠤᠨᠴᠠᠯᠢᠬᠳᠤ ᠭᠤᠤᠯᠯᠠᠬᠤ ᠠᠵᠤ ᠦᠢᠯᠡᠰ ᠲᠤ ᠲᠦᠰᠢᠭᠯᠡᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠠᠯᠠ ᠮᠥᠩᠭᠦ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠤᠨ ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠲᠡᠳᠬᠦᠬᠦ ᠪᠠᠯᠠ ᠮᠥᠩᠭᠦ ᠵᠢᠴᠢ ᠲᠣᠰᠬᠤᠨ ᠤ ᠠᠷᠠᠳ ᠤᠨ ᠥᠪᠡᠷ ᠢᠶᠠᠨ ᠴᠤᠭᠯᠠᠭᠤᠯᠤᠭᠰᠠᠨ ᠪᠠᠯᠠ ᠮᠥᠩᠭᠦ ᠪᠠᠷ ᠳᠠᠮᠵᠢᠭᠤᠯᠤᠨ᠂ 2019 ᠣᠨ ᠳᠤ 887.7 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠦᠢᠯᠡᠳᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠪᠣᠷᠣᠯᠠᠭᠤᠯᠬᠤ ᠵᠡᠷᠭᠡ ᠣᠯᠠᠨ ᠵᠦᠢᠯ ᠤᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠸᠠᠨ ᠲᠠᠢ ᠬᠥᠩ ᠲᠣᠰᠬᠤᠨ ᠤ ᠰᠢᠨ ᠳ᠋ᠡ ᠮᠧᠩ ᠪᠠᠷᠠᠭ᠎ᠠ ᠠᠷᠠᠯᠵᠢᠶᠠᠯᠠᠬᠤ ᠦᠢᠯᠡᠳᠪᠦᠷᠢ ᠶᠢ ᠪᠥᠲᠥᠭᠡᠨ ᠪᠠᠶᠢᠭᠤᠯᠵᠤ᠂ ᠲᠤᠬᠠᠶ ᠶᠢᠨ ᠭᠠᠵᠠᠷ ᠤᠨ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ  ᠬᠦᠴᠦᠷᠬᠡᠭᠵᠢᠬᠦᠯᠪᠡ᠃     ᠪᠠᠷᠠᠭ᠎ᠠ ᠬᠠᠭᠤᠷᠬᠤ ᠦᠢᠯᠡᠳᠪᠦᠷᠢ ᠠᠰᠢᠭᠯᠠᠯᠲᠠ ᠳᠤ ᠤᠷᠤᠭᠰᠠᠨ ᠤ ᠳᠠᠷᠠᠭ᠎ᠠ ︽ᠺᠣᠮᠫᠠᠨᠢ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠠᠵᠢᠯᠯᠠᠵᠤ᠂ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢ ᠳᠠᠶᠢᠴᠢᠯᠠᠨ ᠨᠡᠷᠡᠨ ᠬᠤᠸᠠᠷ ᠤᠨ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠨᠡᠷᠡᠨ ᠬᠤᠸᠠᠷ ᠤᠨ ᠦᠷ᠎ᠡ ᠶᠢᠨ ᠨᠡᠮᠡᠯᠲᠡ ᠥᠷᠲᠡᠭ ᠢ ᠨᠡᠮᠡᠭᠳᠡᠭᠦᠯᠪᠡ᠃ ᠡᠭᠦᠨ ᠤ ᠵᠡᠷᠭᠡ ᠳᠤ᠂ ᠪᠠᠷᠠᠭ᠎ᠠ ᠰᠠᠷᠢᠭᠠᠯᠠᠬᠤ ᠦᠢᠯᠡᠳᠪᠦᠷᠢ ᠨᠢ ᠪᠠᠰᠠ ᠲᠣᠰᠬᠤᠨ ᠤ ᠲᠠᠷᠢᠶᠠᠴᠢᠨ ᠡᠷᠦᠬᠡ ᠳᠤ ᠤᠷᠢᠳᠠᠪᠠᠷ ᠠᠵᠢᠯ ᠣᠯᠭᠤᠵᠤ᠂ ᠲᠠᠷᠢᠶᠠᠴᠢᠨ ᠡᠷᠦᠬᠡ ᠶᠢᠨ ᠠᠰᠢᠭ ᠣᠷᠣᠯᠭ᠎ᠠ ᠶᠢ ᠨᠡᠮᠡᠭᠳᠡᠭᠦᠯᠵᠡᠶ᠃ ᠪᠠᠷᠠᠭ᠎ᠠ ᠰᠠᠷᠢᠭᠠᠯᠠᠬᠤ ᠦᠢᠯᠡᠳᠪᠦᠷᠢ ᠶᠢᠨ ᠪᠠᠶᠢᠭᠤᠯᠤᠭᠳᠠᠭᠰᠠᠨ ᠨᠢ ᠨᠡᠷᠡᠨ ᠬᠤᠸᠠᠷ ᠤᠨ ᠦᠷ᠎ᠡ ᠶᠢ ᠲᠤᠬᠠᠢ ᠶᠢᠨ ᠭᠠᠵᠠᠷ ᠲᠤᠨᠢ ᠪᠣᠷᠣᠯᠠᠭᠤᠯᠬᠤ ᠶᠢ ᠠᠬᠢᠭᠤᠯᠵᠤ᠂ ᠪᠦᠬᠦ ᠪᠠᠯᠭᠠᠰᠤᠨ ᠤ ᠨᠡᠷᠡᠨ ᠬᠤᠸᠠᠷ ᠤᠨ ᠲᠠᠷᠢᠮᠠᠯ ᠤᠨ ᠡᠷᠦᠭᠡ ᠶᠢᠨ ᠵᠥᠭᠡᠭᠡᠪᠦᠷᠢᠯᠡᠬᠦ ᠥᠪᠡᠷ ᠤᠨ ᠦᠷᠳᠡᠭ ᠢ ᠪᠦᠲᠦᠮᠵᠢᠲᠡᠢ ᠪᠠᠭᠤᠷᠠᠭᠤᠯᠵᠤ᠂ ᠲᠠᠷᠢᠮᠠᠯ ᠤᠨ ᠡᠷᠦᠭᠡ ᠶᠢᠨ ᠬᠤᠳᠠᠯᠳᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠪᠣᠳᠠᠲᠤ ᠴᠣᠭᠴᠠ ᠶᠢᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠪᠣᠯᠤᠨ ᠲᠣᠰᠬᠤᠨ ᠤ ᠬᠠᠮᠲᠤ ᠶᠢᠨ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠪᠠᠬᠢᠵᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ