ᠣᠷᠠᠳ ᠤᠨ ᠡᠮᠦᠨᠡᠲᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠢᠨᠣᠨᠣᠯ ᠤᠨ ᠮᠡᠳᠡᠯᠭᠡ ᠶᠢᠨ ᠰᠢᠯᠭᠠᠯᠲᠠ ᠶᠢ ᠪᠠᠶᠢᠩᠭᠤᠵᠢᠭᠤᠯᠵᠤ᠂ | ᠰᠢᠯᠢᠳᠡᠭ ᠰᠣᠪᠢᠯᠠᠭᠴᠢ ᠶᠢᠨ ᠡᠩᠨᠡᠭᠡ ᠶᠢᠨ ᠪᠠᠶᠢᠭᠤᠯᠣᠯᠲᠠ ᠶᠢ ᠴᠢᠩᠭᠠᠳᠬᠠᠨ᠂ ᠰᠣᠪᠢᠯᠠᠯᠲᠠ ᠶᠢᠨ ᠦᠢᠯᠡᠴᠢᠯᠡᠭᠡᠨ ᠤ ᠶᠠᠰᠣ ᠴᠢᠨᠠᠷ ᠪᠠᠨ ᠲᠠᠰᠣᠷᠠᠯᠲᠠ ᠦᠭᠡᠢ | ᠳᠡᠭᠡᠭᠰᠢᠯᠡᠬᠦᠯᠵᠤ ᠪᠠᠶᠢᠨ᠎ᠠ᠃ | ᠣᠶᠢᠷ᠎ᠠ ᠶᠢᠨ ᠡᠳᠦᠷ᠂ ᠰᠣᠷᠪᠣᠯᠵᠢᠯᠠᠭᠴᠢ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠬᠡᠯᠲᠡᠰ ᠲᠤ | ᠬᠦᠷᠬᠦ ᠳᠤ᠂ ᠰᠣᠪᠢᠯᠠᠭᠴᠢᠳ ᠣᠨᠣᠯ ᠤᠨ ᠮᠡᠳᠡᠯᠭᠡ ᠶᠢᠨ ᠰᠢᠯᠭᠠᠯᠲᠠ ᠬᠢᠵᠣ ᠪᠠᠶᠢᠪᠠ᠃ | ᠰᠣᠪᠢᠯᠠᠭᠴᠢ ᠶᠢᠨ ᠣᠳᠠᠭ᠎ᠠ ᠪᠦᠷᠢ ᠶᠢᠨ ᠰᠢᠯᠭᠠᠯᠲᠠ ᠨᠢ ᠭᠤᠣᠯᠳᠠᠭᠤ ︽ᠰᠣᠪᠢᠯᠠᠭᠴᠢ ᠶᠢᠨ ᠣᠨᠣᠯ ᠤᠨ ᠮᠡᠳᠡᠯᠭᠡ︾᠂ ︽ᠬᠠᠯᠳᠠᠪᠤᠷᠢᠲᠤ ᠡᠪᠡᠳᠴᠢᠨ ᠤ ᠬᠠᠮᠢᠶ᠎ᠠ | ᠪᠥᠬᠦᠶ ᠮᠡᠳᠡᠯᠭᠡ︾᠂ ︽ᠰᠤᠪᠢᠯᠠᠭᠴᠢ ᠶᠢᠨ ᠬᠠᠤᠯᠢ ᠴᠠᠭᠠᠵᠠ ᠬᠠᠤᠯᠢ ᠲᠣᠭᠲᠠᠭᠠᠯ︾ ᠵᠡᠷᠭᠡ ᠠᠭᠤᠯᠭ᠎ᠠ ᠶᠢ ᠬᠠᠮᠣᠷᠳᠠᠭ᠃ ᠡᠮᠨᠡᠯᠭᠡ ᠶᠢᠨ ᠬᠤᠷᠢᠶᠠᠨ ᠠᠴᠠ | ᠰᠢᠯᠭᠠᠯᠲᠠ ᠶᠢᠨ ᠪᠥᠬᠦ ᠶᠠᠪᠤᠴᠠ ᠶᠢ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠵᠦ᠂ ᠰᠢᠯᠭᠠᠯᠲᠠ ᠳᠤ ᠡᠷᠬᠡ ᠲᠡᠭᠰᠢ᠂ ᠲᠥᠪ ᠭᠤᠤᠯᠴᠢ᠂ ᠢᠯᠡ ᠲᠣᠳᠣ ᠪᠠᠶᠢᠬᠤ ᠶᠢ | ᠦᠨᠡᠨ ᠬᠦ ᠪᠠᠲᠤᠯᠠᠵᠤ᠂ ᠰᠢᠯᠭᠠᠭᠤᠯᠤᠭᠴᠢ ᠨᠢᠭᠡᠪᠦᠷᠢ ᠶᠢᠨ ᠵᠢᠩᠬᠢᠨᠢ ᠲᠣᠬᠠᠶᠢᠯᠠᠭᠰᠠᠨ ᠠᠵᠢᠯ ᠤᠨ ᠮᠡᠳᠡᠯᠭᠡ ᠶᠢᠨ ᠬᠢᠷᠢ ᠲᠦᠪᠰᠢᠨ ᠢ ᠰᠢᠯᠭᠠᠳᠠᠭ ᠪᠠᠶᠢᠨ᠎ᠠ᠃ | ᠰᠣᠪᠢᠯᠠᠭᠴᠢ ᠶᠢᠨ ᠣᠨᠣᠯ ᠤᠨ ᠮᠡᠳᠡᠯᠭᠡ ᠶᠢ ᠡᠵᠡᠮᠰᠢᠬᠦ ᠪᠣᠯ ᠰᠤᠪᠢᠯᠠᠭᠴᠢ ᠨᠢᠭᠡᠪᠦᠷᠢ ᠶᠢᠨ ᠦᠨᠳᠦᠰᠦᠨ ᠱᠠᠭᠠᠷᠳᠠᠯᠭ᠎ᠠ ᠮᠦᠨ᠃ ᠣᠷᠠᠳ ᠤᠨ ᠡᠮᠦᠨᠡᠲᠤ | ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠢᠨ ᠰᠢᠯᠭᠠᠯᠲᠠ ᠪᠠᠷ ᠰᠤᠷᠤᠯᠴᠠᠯᠭ᠎ᠠ ᠶᠢ ᠠᠬᠢᠭᠤᠯᠵᠤ᠂ ᠪᠠᠶᠢᠩᠭᠤᠵᠢᠭᠤᠯᠤᠭᠰᠠᠨ ᠬᠡᠯᠪᠡᠷᠢ ᠶᠢᠨ | ᠰᠤᠷᠤᠯᠴᠠᠯᠭ᠎ᠠ ᠪᠠ ᠰᠢᠯᠭᠠᠯᠲᠠ ᠨᠢ ᠡᠮᠨᠡᠯᠭᠡ ᠶᠢᠨ ᠬᠤᠷᠢᠶᠠᠨ ᠤ ᠰᠣᠪᠢᠯᠠᠭᠴᠢᠳ ᠤᠨ ᠢᠳᠡᠪᠬᠢᠲᠡᠶ ᠰᠤᠷᠤᠯᠴᠠᠬᠤ ᠠᠭᠤᠷ ᠠᠮᠢᠰᠬᠤᠯ ᠢ ᠪᠣᠶ ᠪᠣᠯᠭᠠᠨ᠂ ᠲᠤᠰᠬᠠᠶ | ᠮᠡᠷᠭᠡᠵᠢᠯ ᠤᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠪᠡᠳᠴᠢᠲᠡᠨ ᠳᠤ ᠰᠤᠪᠢᠯᠠᠯᠲᠠ ᠶᠢᠨ ᠦᠢᠯᠡᠴᠢᠯᠡᠭᠡ ᠶᠢ ᠨᠠᠩ ᠰᠠᠶᠢᠨ ᠢᠶᠠᠷ ᠬᠠᠩᠭᠠᠬᠤ ᠶᠢ | ᠠᠬᠢᠭᠤᠯᠵᠤ ᠪᠠᠶᠢᠨ᠎ᠠ᠃ | |