ᠤᠷᠠᠳ ᠪᠣᠳᠠᠰ ᠤᠨ ᠪᠤᠰᠤ ᠰᠣᠶᠣᠯ ᠤᠨ ᠥᠪ ᠤᠨ ᠭᠤᠤᠯ ᠰᠡᠳᠦᠪᠲᠦ ᠴᠡᠴᠡᠷᠯᠢᠭ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/12/14
    ᠣᠷᠠᠳ ᠤᠨ ᠡᠮᠦᠨᠡᠲᠤ ᠬᠤᠰᠢᠭᠤ ᠣᠷᠴᠢᠮ ᠤᠨ ᠬᠡᠳᠣᠨ ᠰᠠᠷ᠎ᠠ ᠶᠢᠨ ᠬᠤᠭᠤᠴᠠᠭ᠎ᠠ ᠶᠢ ᠬᠡᠷᠡᠭᠯᠡᠨ ᠤᠷᠠᠳ ᠪᠣᠳᠠᠰ ᠤᠨ ᠪᠤᠰᠤ ᠰᠣᠶᠣᠯ ᠤᠨ ᠥᠪ ᠤᠨ ᠭᠤᠣᠯ ᠰᠡᠳᠣᠪᠲᠣ ᠴᠡᠴᠡᠷᠯᠢᠭ ᠤᠨ ᠠᠩᠬᠠᠨ ᠤ ᠱᠠᠲᠣᠨ ᠤ ᠪᠠᠶᠢᠭᠤᠯᠤᠯᠲᠠ ᠪᠠᠨ ᠳᠠᠭᠤᠰᠬᠠᠭᠰᠠᠨ ᠪᠠᠶᠢᠨ᠎ᠠ᠃
公园2.jpg
    ᠤᠷᠠᠳ ᠪᠣᠳᠠᠰ ᠤᠨ ᠪᠤᠰᠤ ᠰᠣᠶᠣᠯ ᠤᠨ ᠦᠪ ᠤᠨ ᠴᠡᠴᠡᠷᠯᠢᠭ ᠨᠢ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠬᠤᠶᠢᠲᠤ ᠲᠠᠯ᠎ᠠ ᠳᠤ ᠪᠠᠶᠢᠷᠢᠯᠠᠵᠤ ᠪᠣᠢ᠃ ᠲᠣᠰ ᠴᠡᠴᠡᠷᠯᠢᠭ ᠨᠢ ᠭᠤᠤᠯᠳᠠᠭᠤ ᠴᠢᠯᠠᠭᠤᠨ ᠱᠤᠭᠤᠮᠠᠯ ᠢᠶᠠᠷ ᠤᠷᠠᠳ ᠤᠨ ᠥᠪᠡᠷᠲᠡᠭᠡᠨ ᠵᠠᠰᠠᠬᠤ ᠣᠷᠣᠨ ᠵᠢᠴᠢ ᠳᠡᠭᠡᠳᠦ ᠱᠠᠲᠣᠨ ︵ᠥᠪᠡᠷᠲᠡᠭᠡᠨ ᠵᠠᠰᠠᠬᠤ ᠣᠷᠣᠨ ᠤ ᠲᠠᠰ ᠢ ᠪᠠᠭᠲᠠᠭᠠᠨ᠎ᠠ︶ ᠤ ᠪᠣᠳᠠᠰ ᠤᠨ ᠪᠤᠰᠤ ᠰᠣᠶᠣᠯ ᠤᠨ ᠥᠪ ᠢ ᠢᠯᠡᠷᠡᠭᠦᠯᠬᠦ ᠪᠣᠯᠣᠨ᠎ᠠ᠃ ᠡᠭᠦᠨ ᠳᠤ᠂ ᠤᠯᠤᠰ ᠤᠨ ᠲᠠᠰ ᠤᠨ ᠪᠣᠳᠠᠰ ᠤᠨ ᠪᠤᠰᠤ ᠰᠣᠶᠣᠯ ᠤᠨ ᠦᠪ ᠪᠣᠯᠬᠤ ᠫᠠ ᠱᠠᠨ ᠠᠶᠠᠯᠭᠤ᠂ ᠤᠷᠠᠳ ᠠᠷᠠᠳ ᠤᠨ ᠳᠠᠭᠤᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠳᠠᠰ ᠤᠨ ᠪᠤᠰᠤ ᠰᠣᠶᠣᠯ ᠤᠨ ᠮᠣᠩᠭᠤᠯ ᠡᠮᠨᠡᠯᠭᠡ ᠶᠢᠨ ᠵᠠᠰᠠᠯ᠂ ᠬᠤᠶᠠᠷ ᠬᠦᠮᠦᠨ ᠤ ᠡᠯᠭᠦᠴᠡᠭᠡ ᠳᠠᠭᠤᠣ᠂ ᠤᠷᠠᠳ ᠬᠤᠷᠢᠮ ᠤᠨ ᠶᠣᠰᠣᠯᠠᠯ᠂ ᠤᠷᠠᠳ ᠬᠠᠳᠬᠤᠮᠠᠯ ᠵᠡᠷᠭᠡ 18 ᠲᠦᠷᠦᠯ ᠤᠨ ᠪᠣᠳᠠᠰ ᠤᠨ ᠪᠤᠰᠤ ᠰᠣᠶᠣᠯ ᠤᠨ ᠦᠪ ᠤᠨ ᠱᠤᠭᠤᠮᠠᠯ ᠢ ᠪᠠᠭᠲᠠᠭᠠᠨ᠎ᠠ᠃
公园3.jpg
    ᠴᠡᠴᠡᠷᠯᠢᠭ ᠤᠨ ᠡᠮᠦᠨ᠎ᠡ ᠲᠣᠭᠤᠷᠢᠭ ᠤᠨ ᠪᠠᠷᠠᠭᠤᠨ ᠡᠮᠦᠨᠡᠲᠦ ᠬᠡᠰᠡᠭ ᠨᠢ ᠲᠣᠰ ᠬᠤᠰᠢᠭᠤᠨ ᠤ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠫᠠ ᠱᠠᠨ ᠠᠶᠠᠯᠭᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠤᠶᠠᠷ ᠬᠦᠮᠦᠨ ᠤ ᠡᠯᠬᠦᠴᠡᠭᠡ ᠳᠠᠭᠤᠣ᠂ ᠬᠠᠩᠬ᠎ᠠ ᠠᠷᠠᠳ ᠤᠨ ᠳᠠᠭᠤᠤ ᠵᠡᠷᠭᠡ ᠭᠤᠷᠪᠠᠨ ᠱᠤᠭᠤᠮᠠᠯ ᠢᠶᠠᠷ ᠪᠦᠷᠢᠯᠳᠣᠵᠣ᠂ ᠵᠡᠭᠦᠨ ᠬᠤᠶᠢᠲᠤ ᠬᠡᠰᠡᠭ ᠨᠢ ᠲᠣᠰ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠤᠯᠤᠰᠤᠨ ᠵᠢᠷᠤᠭ᠂ ᠲᠠᠶᠢᠯ ᠪᠣᠭᠳᠠ ᠶᠢᠨ ᠲᠠᠬᠢᠯᠭ᠎ᠠ᠂ ᠬᠠᠪᠤᠲᠤ ᠬᠠᠰᠠᠷ ᠤᠨ ᠳᠣᠮᠤᠭ ᠵᠡᠷᠭᠡ ᠳᠥᠷᠪᠡᠨ ᠱᠤᠭᠤᠮᠠᠯ ᠢᠶᠠᠷ ᠪᠦᠷᠢᠯᠳᠣᠨ᠂ ᠬᠤᠶᠢᠲᠤ ᠲᠣᠭᠤᠷᠢᠭ ᠤᠨ ᠪᠠᠷᠠᠭᠤᠨ ᠡᠮᠦᠨᠡᠲᠦ ᠬᠡᠰᠡᠭ ᠨᠢ ᠨᠣᠮ ᠪᠢᠴᠢᠭ ᠤᠨ ᠬᠡᠯᠪᠡᠷᠢ ᠪᠠᠷ ᠲᠣᠰ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠮᠣᠩᠭᠤᠯ ᠡᠮᠨᠡᠯᠭᠡ ᠶᠢᠨ  ᠬᠠᠨᠠᠬᠤ ᠵᠠᠰᠠᠯ᠂ ᠰᠡᠪᠦᠰᠢᠯᠡᠭᠡ ᠵᠠᠰᠠᠯ᠂ ᠤᠲᠤᠬᠤ ᠵᠠᠰᠠᠯ ᠤᠨ ᠱᠣᠭᠤᠮᠠᠯ ᠢᠶᠠᠷ ᠪᠦᠷᠢᠯᠳᠣᠵᠣ᠂ ᠬᠤᠶᠢᠲᠤ ᠲᠣᠭᠤᠷᠢᠭ ᠤᠨ ᠠᠰ ᠬᠤᠶᠢᠲᠤ ᠲᠠᠯ᠎ᠠ ᠶᠢᠨ ᠵᠡᠭᠦᠨ ᠪᠠᠷᠠᠭᠤᠨ ᠬᠤᠶᠠᠷ ᠲᠠᠯ᠎ᠠ ᠳᠤ ᠵᠢᠷᠭᠤᠭᠠᠨ ᠬᠡᠰᠡᠭ ᠲᠣᠮᠣ ᠬᠡᠯᠪᠡᠷᠢ ᠶᠢᠨ ᠪᠣᠰᠤᠭ᠎ᠠ ᠴᠢᠯᠠᠭᠤ ᠪᠠᠷ ᠤᠷᠠᠳ ᠭᠤᠷᠪᠠᠨ ᠬᠤᠰᠢᠭᠤᠨ ᠤ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠤᠷᠠᠳ ᠠᠷᠠᠳ ᠤᠨ ᠳᠠᠭᠤᠤ᠂ ᠤᠷᠠᠳ ᠵᠡᠰ ᠮᠥᠩᠭᠦᠨ ᠡᠳ᠋ᠯᠡᠯ ᠦᠢᠯᠡᠳᠬᠦ ᠤᠷ᠎ᠠ ᠮᠡᠷᠭᠡᠵᠢᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠤᠷᠠᠳ ᠬᠤᠪᠴᠠᠰᠤ ᠵᠠᠰᠠᠯ᠂ ᠤᠷᠠᠳ ᠬᠤᠷᠢᠮ᠂ ᠤᠷᠠᠳ ᠬᠠᠳᠬᠤᠮᠠᠯ᠂ ᠤᠷᠠᠳ ᠢᠷᠥᠭᠡᠯ ᠮᠠᠭᠲᠠᠭᠠᠯ᠂ ᠤᠷᠠᠳ ᠲᠠᠮᠠᠭ᠎ᠠ ᠲᠠᠮᠠᠭᠠᠯᠬᠤ ᠶᠣᠰᠣ᠂ ᠤᠷᠠᠳ ᠬᠠᠰ ᠰᠡᠶᠢᠯᠦᠮᠡᠯ᠂ ᠤᠷᠠᠳ ᠰᠢᠪᠠᠷ ᠱᠤᠭᠤᠮᠠᠯ ᠢ ᠱᠣᠭᠤᠨ ᠪᠦᠲᠦᠭᠡᠬᠦ ᠪᠣᠯᠣᠨ᠎ᠠ᠃
公园4.jpg
    ᠣᠳᠣᠬᠠᠨ ᠪᠣᠯᠲᠠᠯ᠎ᠠ᠂ ᠲᠣᠰ ᠴᠡᠴᠡᠷᠯᠢᠭ ᠲᠤ ᠤᠷᠠᠳ ᠤᠨ ᠥᠪᠡᠷᠲᠡᠭᠡᠨ ᠵᠠᠰᠠᠬᠤ ᠣᠷᠣᠨ ᠵᠢᠴᠢ ᠳᠡᠭᠡᠳᠦ  ᠱᠠᠲᠣᠨ ︵ᠥᠪᠡᠷᠲᠡᠭᠡᠨ ᠵᠠᠰᠠᠬᠤ ᠣᠷᠣᠨ ᠤ ᠲᠠᠰ ᠢ ᠪᠠᠭᠲᠠᠭᠠᠨ᠎ᠠ︶  ᠤ ᠪᠣᠳᠠᠰ ᠤᠨ ᠪᠤᠰᠤ ᠰᠣᠶᠣᠯ ᠤᠨ 5 ᠪᠦᠯᠦᠭ 21 ᠱᠤᠭᠤᠮᠠᠯ ᠢ ᠪᠦᠬᠦᠨ ᠢ ᠱᠣᠭᠤᠵᠣ ᠣᠭᠰᠠᠷᠠᠨ ᠲᠠᠭᠤᠰᠬᠠᠭᠰᠠᠨ ᠪᠠᠶᠢᠨ᠎ᠠ᠃ ᠦᠯᠡᠳᠡᠭᠰᠡᠨ ᠬᠡᠰᠡᠭ ᠢ ᠨᠢ ᠵᠢᠱᠢᠯᠲᠡ ᠪᠠᠷ 2022 ᠣᠨ ᠳᠤ ᠳᠠᠭᠤᠰᠬᠠᠬᠤ ᠪᠤᠯᠤᠨ᠎ᠠ᠃
公园1.jpg
   ᠣᠶᠢᠷ᠎ᠠ ᠶᠢᠨ ᠵᠢᠯ ᠠᠴᠠ᠂ ᠣᠷᠠᠳ ᠤᠨ ᠡᠮᠦᠨᠡᠲᠤ ᠬᠤᠰᠢᠭᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠢ ᠶᠡᠬᠡᠪᠡᠷ ᠠᠬᠢᠭᠤᠯᠵᠤ᠂ ᠢᠯᠡᠳᠲᠡ ᠠᠮᠵᠢᠯᠲᠠ ᠤᠯᠪᠠ᠃ ᠡᠭᠦᠨ ᠳᠤ᠂  ᠫᠠ ᠱᠠᠨ ᠠᠶᠠᠯᠭᠤ᠂ ᠤᠷᠠᠳ ᠠᠷᠠᠳ ᠤᠨ ᠳᠠᠭᠤᠤ ᠶᠢ ᠤᠯᠤᠰ ᠤᠨ ᠲᠠᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠮᠣᠩᠭᠤᠯ ᠡᠮᠨᠡᠯᠭᠡ ᠶᠢᠨ ᠰᠡᠪᠦᠰᠢᠯᠡᠭᠡ ᠶᠢᠨ ᠵᠠᠰᠠᠯ᠂ ᠤᠷᠠᠳ ᠬᠤᠪᠴᠠᠰᠤ ᠵᠠᠰᠠᠯ ᠵᠡᠷᠭᠡ 11 ᠲᠦᠷᠦᠯ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠪᠣᠷᠣᠲᠣᠬᠤᠶ ᠶᠢᠨ ᠬᠠᠶᠢᠴᠢᠯᠠᠮᠠᠯ᠂ ᠪᠣᠷᠣᠲᠣᠬᠤᠶ ᠶᠢᠨ  ᠭᠤᠯᠢᠷ ᠤᠨ ᠱᠤᠭᠤᠮᠠᠯ ᠵᠡᠷᠭᠡ 33 ᠲᠦᠷᠦᠯ ᠢ ᠬᠤᠲᠠ ᠶᠢᠨ ᠲᠠᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠤᠷᠠᠳ ᠮᠣᠩᠭᠤᠯ ᠬᠡᠷ ᠪᠠᠷᠢᠬᠤ ᠤᠷ᠎ᠠ ᠮᠡᠷᠭᠡᠵᠢᠯ ᠵᠡᠷᠭᠡ 34 ᠲᠦᠷᠦᠯ ᠢ ᠬᠤᠰᠢᠭᠤᠨ ᠤ ᠲᠠᠰ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ︔ ᠣᠳᠣᠬᠠᠨ ᠳᠤ᠂ ᠲᠣᠰ ᠬᠤᠰᠢᠭᠤᠨ  ᠳᠤ 2 ᠤᠯᠤᠰ ᠤᠨ ᠲᠠᠰ ᠤᠨ ᠤᠯᠠᠮᠵᠢᠯᠠᠭᠴᠢ᠂ 22 ᠣᠷᠣᠨ ᠤ ᠲᠠᠰ ᠤᠨ ᠤᠯᠠᠮᠵᠢᠯᠠᠭᠴᠢ᠂ 85 ᠬᠤᠲᠠ ᠶᠢᠨ ᠲᠠᠰ ᠤᠨ ᠤᠯᠠᠮᠵᠢᠯᠠᠭᠴᠢ᠂ 102 ᠬᠤᠰᠢᠭᠤᠨ ᠤ ᠲᠠᠰ ᠤᠨ ᠤᠯᠠᠮᠵᠢᠯᠠᠭᠴᠢ ᠲᠠᠢ ᠪᠠᠶᠢᠵᠤ᠂ ᠪᠣᠳᠠᠰ ᠤᠨ ᠪᠤᠰᠤ ᠰᠣᠶᠣᠯ ᠤᠨ ᠥᠪ ᠤᠨ ᠶᠡᠷᠦᠩᠬᠡᠶ ᠬᠡᠮᠵᠢᠶ᠎ᠡ ᠨᠢ ᠪᠦᠬᠦ ᠬᠤᠲᠠ ᠶᠢᠨ ᠲᠡᠷᠢᠭᠦᠨ ᠳᠤ  ᠪᠠᠶᠢᠷᠢᠨ ᠳᠤ ᠪᠠᠶᠢᠷᠢᠯᠠᠵᠤ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ