ᠣᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠦᠶᠡᠷ ᠭᠠᠩ ᠤᠨ ᠭᠠᠮᠰᠢᠭ ᠢ ᠰᠡᠷᠬᠡᠶᠢᠯᠡᠬᠦ ᠲᠦᠪ ᠨᠢ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ | ᠶᠢᠨ ᠠᠵᠢᠯ ᠤᠨ ᠮᠡᠳᠡᠯᠬᠡ ᠶᠢ ᠰᠤᠷᠤᠯᠴᠠᠬᠤ ᠬᠤᠷᠠᠯ ᠬᠢᠵᠦ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠰᠠᠭᠤᠷᠢ ᠶᠢ ᠤᠯᠠᠮ ᠨᠢᠬᠡ | ᠠᠯᠬᠤᠮ ᠪᠠᠬᠢᠵᠢᠬᠦᠯᠵᠦ᠂ ᠨᠠᠮ ᠤᠨ ᠡᠬᠦᠷ ᠤᠨ ᠪᠠᠶᠢᠭᠤᠯᠤᠯᠳᠠ ᠶᠢᠨ ᠪᠠᠷᠢᠮᠵᠢᠶ᠎ᠠ᠂ ᠨᠠᠮ ᠤᠨ ᠵᠤᠬᠢᠶᠠᠨ ᠪᠠᠶᠢᠭᠤᠯᠤᠯᠳᠠ ᠶᠢᠨ ᠠᠮᠢᠳᠤᠷᠠᠯ ᠤᠨ ᠲᠦᠷᠢᠮᠵᠢᠯ ᠤᠨ ᠬᠢᠷᠢ | ᠬᠡᠮᠵᠢᠶ᠎ᠡ ᠶᠢ ᠲᠡᠭᠡᠭᠰᠢᠯᠡᠬᠦᠯᠵᠡᠢ᠃ | ᠰᠤᠷᠤᠯᠴᠠᠯᠭ᠎ᠠ ᠨᠢ ︿︿ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠪᠠ ᠤᠯᠤᠰ ᠤᠨ ᠪᠠᠶᠢᠭᠤᠯᠭ᠎ᠠ ᠶᠢᠨ ᠵᠤᠬᠢᠶᠠᠨ ᠪᠠᠶᠢᠭᠤᠯᠤᠯᠳᠠ ᠶᠢᠨ ᠠᠵᠢᠯ ᠤᠨ | ᠲᠦᠷᠢᠮ﹀﹀᠂ ︿︿ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠬᠡᠯ ᠦᠭᠬᠦ ᠲᠦᠷᠢᠮ ﹀﹀᠂ ︿︿ᠲᠤᠮᠳᠠᠳᠤ ᠤᠯᠤᠰ ᠤᠨ ᠡᠪ ᠬᠠᠮᠳᠤ | ᠨᠠᠮ ᠤᠨ ᠦᠨᠳᠦᠰᠦᠨ ᠱᠠᠳᠤᠨ ᠤ ᠵᠤᠬᠢᠶᠠᠨ ᠪᠠᠶᠢᠭᠤᠯᠤᠯᠳᠠ ᠶᠢᠨ ᠰᠤᠩᠭᠤᠭᠤᠯᠢ ᠶᠢᠨ ᠠᠵᠢᠯ ᠤᠨ ᠲᠦᠷᠢᠮ﹀﹀᠂ ︿︿ᠰᠢᠶᠠᠨ ᠤ ᠲᠡᠰ ᠠᠴᠠ ᠲᠡᠭᠡᠭᠰᠢᠬᠢ ᠨᠠᠮ ᠪᠠ | ᠤᠯᠤᠰ ᠤᠨ ᠪᠠᠶᠢᠭᠤᠯᠭ᠎ᠠ ᠶᠢᠨ ᠨᠠᠮ ᠤᠨ ᠬᠡᠰᠢᠬᠦᠨ ᠣᠳᠣᠷᠢᠳᠬᠤ ᠺᠠᠳ᠋ᠷᠴᠤᠳ ᠤᠨ ᠠᠷᠠᠳᠴᠢᠯᠠᠯᠳᠤ ᠠᠮᠢᠳᠤᠷᠠᠯ ᠤᠨ ᠬᠤᠷᠠᠯ ᠤᠨ ᠲᠤᠬᠠᠢ ᠲᠤᠭᠳᠠᠭᠠᠯ ᠤᠳ﹀﹀ ᠢ | ᠲᠤᠭᠤᠷᠢᠨ ᠲᠤᠰᠬᠠᠢ ᠰᠤᠷᠤᠯᠴᠠᠯᠭ᠎ᠠ ᠬᠢᠵᠦ᠂ ᠺᠠᠳ᠋ᠷᠴᠤᠳ ᠲᠤ ᠨᠠᠮ ᠤᠨ ᠪᠠᠶᠢᠭᠤᠯᠤᠯᠳᠠ ᠶᠢᠨ ᠶᠠᠪᠤᠳᠠᠯ ᠤᠨ ᠮᠡᠳᠡᠯᠬᠡ ᠶᠢ ᠪᠦᠬᠦ ᠲᠠᠯ ᠪᠠᠷ ᠤᠨᠤᠪᠴᠢᠳᠠᠢ | ᠡᠵᠡᠮᠰᠢᠬᠦᠯᠵᠦ᠂ ᠨᠠᠮ ᠤᠨ ᠪᠠᠶᠢᠭᠤᠯᠤᠯᠳᠠ ᠶᠢᠨ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠳᠠ ᠦᠬᠡᠢ ᠲᠡᠭᠡᠭᠰᠢᠯᠡᠬᠦᠯᠪᠠ᠃ |