ᠤᠷᠠᠳ ᠤᠨ ᠡᠮᠦᠨᠡᠳᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ ᠨᠡᠶᠢᠬᠡᠮ ᠲᠤᠭᠤᠷᠢᠭ ᠤᠨ ᠤᠯᠠᠨ ᠲᠦᠮᠡᠨ ᠳᠤ ᠬᠠᠶᠢᠷ᠎ᠠ ᠰᠡᠳᠬᠢᠯᠬᠡ  ᠪᠠᠨ ᠡᠷᠭᠦᠵᠡᠢ
ᠨᠡᠶᠢᠲᠡᠯᠡᠭᠰᠡᠨ ᠴᠠᠭ᠄
2021/12/3
      ᠤᠶᠢᠷ᠎ᠠ ᠶᠢᠨ ᠡᠳᠦᠷ᠂ ᠡᠮᠦᠨᠡᠳᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ ᠶᠢᠨ ᠨᠠᠮ ᠤᠨ  ᠶᠠᠷᠦᠩᠭᠡᠢ ᠡᠬᠦᠷ ᠤᠨ ᠱᠦᠵᠢ᠂ ᠰᠠᠬᠢᠯᠭ᠎ᠠ ᠪᠠᠳᠤ ᠪᠠᠶᠢᠴᠠᠭᠠᠬᠤ ᠱᠦᠵᠢ᠂ ᠠᠵᠢᠯᠳᠠᠨ ᠤ ᠶᠡᠷᠦᠩᠭᠡᠢ ᠡᠪᠯᠡᠯ ᠤᠨ ᠲᠠᠷᠢᠬᠦᠯᠡᠭᠴᠢ ᠵᠡᠷᠭᠡ ᠬᠦᠮᠦᠰ ᠲᠤᠬᠤᠨᠢᠭᠤᠯᠬᠤ ᠲᠤᠭᠤᠶᠢᠯᠠᠩ ᠲᠠᠭᠠᠭᠤᠯᠤᠨ ᠮᠣᠨᠠ ᠠᠭᠤᠯᠠ ᠪᠠᠯᠭᠠᠰᠤᠨ ᠤ ᠦᠨᠳᠦᠰᠦᠳᠡᠨ ᠤ ᠨᠡᠶᠢᠬᠡᠮ ᠲᠤᠭᠤᠷᠢᠭ ᠳᠤ ᠬᠦᠷᠴᠦ᠂ ᠣᠯᠠᠨ ᠲᠦᠮᠡᠨ ᠳᠤ ᠡᠮᠦᠨᠡᠳᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ  ᠤᠨ ᠠᠵᠢᠯᠳᠠᠨ ᠤ ᠶᠡᠷᠦᠩᠭᠡᠢ ᠡᠪᠯᠡᠯ ᠤᠨ ᠬᠠᠨᠳᠢᠪᠯᠠᠭᠰᠠᠨ 2650 ᠲᠦᠬᠦᠷᠢᠭ ᠢ ᠬᠦᠷᠭᠡᠭᠰᠡᠨ ᠪᠠ ᠨᠡᠶᠢᠬᠡᠮ ᠲᠤᠭᠤᠷᠢᠭ ᠤᠨ ᠵᠠᠷᠢᠮ ᠶᠠᠳᠠᠭᠤ ᠬᠦᠴᠢᠷᠳᠡᠯᠳᠡᠢ ᠰᠠᠭᠤᠭᠠᠯᠢ ᠠᠷᠠᠳ ᠢ ᠲᠤᠬᠤᠨᠢᠭᠤᠯᠵᠠᠢ᠃      ᠲᠤᠬᠤᠨᠢᠭᠤᠯᠬᠤ ᠲᠤᠭᠤᠶᠢᠯᠠᠩ ᠪᠡᠶ᠎ᠡ ᠮᠠᠭᠤᠳᠠᠢ ᠭᠠᠭᠴᠠ ᠪᠡᠶ᠎ᠡ ᠮᠤᠩᠭᠤᠯ ᠨᠠᠰᠤᠳᠠᠨ ᠠᠯᠳᠠᠨᠴᠡᠴᠡᠭ ᠤᠨ ᠬᠡᠷ ᠲᠤ ᠬᠦᠷᠴᠦ᠂ ᠨᠢᠬᠡ ᠴᠠᠬᠢᠯᠭᠠᠨ ᠬᠦᠯᠳᠡᠭᠡᠭᠦᠷ ᠬᠦᠷᠬᠡᠵᠡᠢ᠃ ᠪᠠᠰᠠ ᠭᠠᠭᠴᠠᠭᠠᠷ ᠬᠡᠦᠬᠡᠳ ᠢᠶᠠᠨ ᠦᠰᠬᠡᠵᠦ ᠪᠠᠶᠢᠭ᠎ᠠ ᠪᠦᠬᠡᠳ ᠬᠠᠷᠠᠭᠠᠨ ᠤ ᠬᠤᠶᠠᠳᠤᠭᠠᠷ ᠲᠡᠰ ᠤᠨ ᠵᠡᠮᠳᠡᠭ ᠡᠮᠡᠭᠳᠡᠢ ᠰᠤᠶᠤᠯ ᠤᠨ ᠬᠡᠷ ᠲᠤ ᠬᠦᠷᠴᠦ ᠲᠤᠭᠤᠢ ᠲᠡᠷᠭᠡ ᠬᠦᠷᠬᠡᠭᠰᠡᠨ ᠪᠠᠶᠢᠨ᠎ᠠ᠃ ᠬᠠᠮᠤᠭ ᠰᠡᠭᠦᠯ ᠳᠤ ᠺᠠᠢ ᠰᠢᠦᠸᠠᠨ ᠬᠤᠸᠠ ᠲᠢᠩ ᠨᠡᠶᠢᠬᠡᠮ ᠲᠤᠭᠤᠷᠢᠭ ᠤᠨ ᠬᠦᠳᠡᠯᠬᠡᠬᠡᠨ ᠤ ᠬᠡᠷ ᠲᠤ ᠰᠢᠷᠡᠭᠡ ᠰᠠᠨᠳᠠᠯᠢ ᠬᠦᠷᠬᠡᠵᠡᠢ᠃      ᠨᠠᠮ ᠤᠨ ᠲᠡᠦᠬᠡ ᠶᠢᠨ ᠰᠣᠷᠣᠯᠴᠠᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠬᠦᠯᠦᠭᠰᠡᠨ ᠠᠴᠠ ᠨᠠᠭᠠᠰᠢ᠂ ᠪᠦᠬᠦ ᠬᠤᠰᠢᠭᠤᠨ ᠤ ᠦᠨᠳᠦᠰᠦᠳᠡᠨ ᠤ ᠪᠦᠯᠬᠦᠯᠳᠡᠯ ᠲᠠᠪᠰᠢᠯᠳᠠ ᠶᠢᠨ ᠲᠠᠭᠤᠷᠢᠶᠠᠯ ᠨᠢᠬᠡᠴᠢ ᠪᠤᠯᠤᠭᠰᠠᠨ ᠡᠮᠦᠨᠡᠳᠦ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠤᠪᠴᠢᠶ᠎ᠠ ᠨᠢ ︿︿ᠪᠢ ᠤᠯᠠᠨ ᠲᠦᠮᠡᠨ  ᠳᠤ ᠪᠤᠳᠠᠳᠠᠢ ᠶᠠᠪᠤᠳᠠᠯ ᠬᠢᠬᠦ﹀﹀ ᠦᠢᠯᠡᠳᠦᠯᠬᠡ ᠶᠢᠨ ᠠᠵᠢᠯᠯᠠᠭ᠎ᠠ ᠶᠢᠨ ᠲᠤᠰᠤᠯᠳᠠ ᠶᠢᠨ ᠴᠡᠭ ᠪᠤᠯᠭᠠᠵᠤ᠂  ︿︿ᠠᠷᠠᠳ ᠲᠦᠮᠡᠨ ᠤ ᠴᠠᠬᠢᠯᠭᠠᠨ ᠤ ᠦᠢᠯᠡᠰ ᠠᠷᠠᠳ ᠲᠦᠮᠡᠨ ᠳᠤ ᠦᠢᠯᠡᠴᠢᠯᠡᠬᠦ﹀﹀ ᠵᠤᠷᠢᠯᠳᠠ ᠶᠢ ᠢᠮᠠᠭᠳᠠ ᠪᠠᠷᠢᠮᠳᠠᠯᠠᠨ᠂ ᠬᠠᠷᠢᠶᠠᠳᠤ ᠤᠷᠤᠨ ᠤ ᠤᠯᠠᠨ ᠲᠦᠮᠡᠨ ᠳᠤ ᠪᠤᠳᠠᠳᠤ ᠶᠠᠪᠤᠳᠠᠯ ᠬᠢᠵᠦ᠂ ᠤᠯᠠᠨ ᠲᠦᠮᠡᠨ ᠤ ᠬᠦᠢᠷᠢᠶᠡᠯᠡᠯ ᠢ ᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ