12 ᠰᠠᠷ᠎ᠠ ᠶᠢᠨ 1 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠴᠢᠦ ᠶᠦᠩ ᠬᠤᠩ | ᠤᠷᠠᠳ ᠤᠨ ᠡᠮᠦᠨᠡᠲᠦ ᠬᠤᠰᠢᠭᠤᠨ ᠤ ᠥᠪᠥᠷ ᠮᠣᠩᠭᠤᠯ ᠤᠨ ᠲᠢᠶᠠᠨ ᠢᠦᠶ ᠶᠤᠸᠠᠨ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯᠤᠨ | ᠳ᠋ᠦᠩ ᠯᠢ ᠬᠡᠷᠡᠯ ᠴᠡᠨᠡᠭ ᠤᠨ ᠡᠯᠧᠺᠲᠷᠣᠨ ᠤ ᠬᠢᠵᠠᠭᠠᠷᠲᠤ ᠺᠣᠮᠫᠠᠨᠢ ᠳᠤ ᠬᠦᠷᠴᠦ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠢ ᠪᠠᠶᠢᠴᠠᠭᠠᠨ | ᠰᠤᠳᠤᠯᠵᠤ ᠵᠢᠯᠣᠭᠤᠳᠬᠤ ᠶᠢᠨ ᠬᠠᠮᠲᠤ ᠵᠠᠬ᠎ᠠ ᠳᠡᠯᠭᠡᠭᠦᠷ ᠲᠤ ᠭᠠᠷᠭᠠᠬᠤ ᠠᠵᠢᠯ ᠢ ᠳᠥᠯᠭᠢᠨ ᠠᠬᠢᠭᠤᠯᠬᠤ ᠬᠤᠷᠠᠯ ᠬᠢᠪᠠ᠃ ᠬᠤᠲᠠ ᠶᠢᠨ ᠮᠥᠩᠭᠦᠨ ᠭᠦᠢᠯᠭᠡᠭᠡᠨ ᠤ | ᠠᠯᠪᠠᠨ ᠬᠡᠷ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ᠂ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠬᠤᠷᠠᠯ ᠳᠤ | ᠣᠷᠣᠯᠴᠠᠪᠠ᠃ | | | | | ᠠᠬᠢᠭᠤᠯᠬᠤ ᠬᠤᠷᠠᠯ ᠳᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠪᠣᠯᠤᠨ ᠵᠠᠬ᠎ᠠ | ᠳᠡᠯᠭᠡᠭᠦᠷ ᠲᠤ ᠭᠠᠷᠬᠤ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠡᠢ︔ ᠬᠤᠷᠠᠯ ᠳᠤ ᠣᠷᠣᠯᠴᠠᠭᠰᠠᠳ ᠠᠴᠠ ᠬᠥᠷᠥᠩᠭᠡ ᠶᠢᠨ ᠵᠠᠬ᠎ᠠ | ᠳᠡᠯᠭᠡᠭᠦᠷ ᠤᠨ ᠬᠤᠪᠢᠷᠠᠯᠲᠠ ᠶᠢᠨ ᠬᠠᠨᠳᠤᠰᠢ ᠪᠠ ᠠᠵᠤ ᠠᠬᠤᠶᠢᠯᠠᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠣᠬᠢᠴᠠᠭᠤᠯᠤᠨ ᠦᠢᠯᠡᠴᠢᠯᠡᠬᠦ ᠠᠵᠢᠯ ᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡᠳᠦᠯᠲᠡᠶ | ᠲᠥᠯᠥᠪᠯᠡᠨ ᠰᠠᠶᠢᠲᠤᠷ ᠰᠢᠢᠳᠪᠦᠷᠢᠯᠡᠬᠦ ᠲᠤᠬᠠᠶ ᠪᠣᠳᠠᠲᠠᠶ ᠵᠠᠳᠠᠯᠤᠯᠲᠠ ᠪᠠ ᠲᠤᠰᠬᠠᠶ ᠮᠡᠷᠭᠡᠵᠢᠯ ᠤᠨ ᠬᠠᠪᠰᠤᠷᠤᠨ ᠵᠢᠯᠣᠭᠤᠳᠣᠯᠭ᠎ᠠ ᠬᠢᠪᠡ᠃ | ᠴᠢᠦ ᠶᠦᠩ ᠬᠤᠩ ᠠᠴᠠ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠠᠵᠢᠯ ᠤᠨ ᠠᠬᠢᠴᠠ ᠳᠤ ᠬᠦᠢᠴᠡᠳ ᠨᠣᠲᠠᠯᠠᠯᠲᠠ ᠦᠭᠴᠦ᠂ ᠠᠵᠤ | ᠠᠬᠤᠶᠢᠯᠠᠯ ᠤᠨ ᠬᠢᠨ ᠢ ︽ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠬᠤ︾ ᠬᠠᠨᠳᠤᠰᠢ ᠶᠢᠨ ᠬᠥᠭᠵᠢᠯᠲᠡ ᠶᠢᠨ ᠰᠢᠨ᠎ᠡ | ᠠᠵᠠ ᠲᠣᠬᠢᠶᠠᠯ ᠢ ᠠᠮᠵᠢᠵᠤ᠂ ᠤᠮᠠᠷᠠᠲᠤ ᠶᠢᠨ ᠠᠷᠠᠯᠵᠢᠶᠠᠨ ᠤ ᠭᠠᠵᠠᠷ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠠ ᠲᠣᠬᠢᠶᠠᠯ ᠢ ᠴᠢᠩᠭ᠎ᠠ ᠠᠳᠬᠤᠨ᠂ | ᠦᠵᠡᠯ ᠰᠠᠨᠠᠭ᠎ᠠ ᠪᠠᠨ ᠨᠢᠭᠡᠳᠬᠡᠵᠦ᠂ ᠠᠳᠠᠯᠢ ᠲᠦᠷᠦᠯ ᠤᠨ ᠠᠵᠤ ᠠᠬᠤᠶᠢᠯᠠᠯ ᠤᠨ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠮᠵᠢᠯᠲᠠ ᠪᠠᠷ ᠲᠤᠷᠰᠢᠯᠭ᠎ᠠ | ᠶᠢᠨ ᠲᠤᠯᠢ ᠪᠣᠯᠭᠠᠵᠤ᠂ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠵᠢᠴᠢ ᠬᠤᠯᠪᠣᠭᠳᠠᠯ | ᠪᠦᠬᠦᠢ ᠰᠠᠨᠠᠭᠤᠯᠭ᠎ᠠ ᠲᠠᠢ ᠬᠠᠷᠢᠴᠠᠭᠤᠯᠤᠨ᠂ ᠪᠥᠬᠦ ᠲᠠᠯ᠎ᠠ ᠪᠠᠷ ᠬᠥᠭᠵᠢᠭᠦᠯᠵᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠡᠯ᠎ᠡ ᠵᠦᠢᠯ ᠤᠨ ᠠᠵᠢᠯ ᠢ | ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠡᠭᠦᠷᠭᠡᠯᠡᠨ ᠠᠵᠢᠯ ᠢᠶᠠᠨ | ᠴᠢᠩᠭᠠᠳᠬᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠬᠦᠯᠦᠨ᠂ ᠠᠵᠤ ᠠᠬᠤᠶᠢᠯᠠᠯ ᠳᠤ ᠰᠢᠯᠢᠳᠡᠭ ᠣᠨᠣᠪᠴᠢᠲᠠᠢ ᠦᠢᠯᠡᠴᠢᠯᠡᠭᠡ ᠬᠠᠩᠭᠠᠵᠤ᠂ ᠰᠠᠶᠢᠨ | ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠲᠢᠶᠠᠨ ᠢᠦᠶ ᠶᠤᠸᠠᠨ ᠰᠢᠨ᠎ᠡ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠣᠯ | ᠰᠢᠩᠭᠡᠨᠵᠢᠭᠰᠡᠨ ᠪᠠᠶᠢᠭᠠᠯᠢ ᠶᠢᠨ ᠰᠢᠲᠠᠮᠠᠬᠠᠶ ᠬᠡᠶ᠂ ᠠᠪᠴᠢᠮᠠᠯ ᠪᠠᠶᠢᠭᠠᠯᠢ ᠶᠢᠨ ᠰᠢᠲᠠᠮᠠᠬᠠᠶ ᠬᠡᠶ᠂ ᠰᠢᠩᠭᠡᠨᠵᠢᠭᠰᠡᠨ ᠴᠢᠯᠠᠭᠤᠨ ᠲᠣᠰᠣᠨ ᠤ ᠬᠡᠶ ᠦᠢᠯᠡᠳᠪᠦᠷᠢᠯᠡᠬᠦ᠂ | ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠶᠢ ᠨᠢᠭᠡ ᠴᠣᠭᠴᠠᠵᠢᠭᠤᠯᠤᠭᠰᠠᠨ ᠲᠤᠰᠬᠠᠶᠢᠵᠢᠭᠰᠠᠨ ᠰᠢᠲᠠᠮᠠᠬᠠᠢ ᠬᠡᠶ ᠬᠠᠩᠭᠠᠬᠤ ᠠᠵᠤ ᠠᠬᠤᠶᠢᠯᠠᠯ ᠪᠣᠯᠤᠨ᠎ᠠ᠃ | ᠲᠣᠰ ᠠᠵᠤ ᠠᠬᠤᠶᠢᠯᠠᠯ ᠨᠢ2016 ᠣᠨ ᠤ 1 ᠰᠠᠷ᠎ᠠ ᠶᠢᠨ 25 ᠤ ᠡᠳᠦᠷ ᠰᠲ᠋ᠣᠺ ᠤᠨ ᠥᠭᠡᠷᠡᠴᠢᠯᠡᠯᠲᠡ ᠪᠠᠨ ᠳᠠᠭᠤᠰᠬᠠᠵᠤ᠂ 2016 ᠣᠨ ᠤ 9 ᠰᠠᠷ᠎ᠠ ᠶᠢᠨ | 13 ᠤ ᠡᠳᠦᠷ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠬᠤᠪᠢ ᠣᠷᠣᠭᠤᠯᠤᠯᠲᠠ ᠶᠢ ᠰᠢᠯᠵᠢᠭᠦᠯᠦᠨ ᠥᠭᠬᠦ ᠰᠢᠰᠲ᠋ᠧᠮ ᠳᠤ ᠵᠢᠩᠬᠢᠨᠢ ᠪᠠᠷ ᠫᠠᠶᠢᠰᠠ | ᠡᠯᠭᠦᠨ᠂ 2023 ᠣᠨ ᠳᠤ ᠤᠮᠠᠷᠠᠲᠤ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠭᠠᠷᠬᠤ ᠪᠠᠷ ᠲᠥᠯᠥᠪᠯᠡᠵᠦ ᠪᠠᠶᠢᠨ᠎ᠠ︔ | ᠳ᠋ᠦᠩ ᠯᠢ ᠬᠡᠷᠡᠯ ᠴᠡᠨᠡᠭ ᠤᠨ ᠡᠯᠧᠺᠲᠷᠣᠨ ᠤ ᠬᠢᠵᠠᠭᠠᠷᠲᠤ ᠺᠣᠮᠫᠠᠨᠢ ᠨᠢ ᠣᠯᠠᠨ ᠲᠠᠯᠠᠰᠲᠤ ᠴᠠᠬᠢᠭᠤᠷ ᠢ ᠰᠤᠳᠤᠯᠤᠨ ᠨᠡᠭᠡᠭᠡᠬᠦ᠂ ᠦᠢᠯᠡᠳᠬᠦ ᠪᠠ ᠪᠣᠷᠣᠯᠠᠭᠤᠯᠬᠤ | ᠠᠵᠢᠯ ᠢ ᠡᠷᠭᠢᠯᠡᠵᠦ ᠪᠣᠢ᠂ ᠲᠡᠭᠦᠨ ᠤ ᠣᠯᠠᠨ ᠲᠠᠯᠠᠰᠲᠤ ᠴᠠᠬᠢᠭᠤᠷ ᠤᠨ ᠦᠢᠯᠡᠳᠭᠦᠨ ᠨᠢ ᠭᠤᠤᠯᠳᠠᠭᠤ ᠬᠡᠷᠡᠯ ᠴᠡᠨᠡᠭ ᠤᠨ ᠲᠣᠨᠣᠭᠯᠠᠭᠠᠰᠤ᠂ ᠨᠡᠷᠡᠨ ᠤ ᠡᠨᠧᠷᠭᠢ ᠶᠢᠨ | ᠴᠠᠬᠢᠯᠭᠠᠨ ᠥᠷᠲᠡᠭᠡ ᠵᠢᠴᠢ ᠬᠤᠯᠪᠣᠭᠳᠠᠯ ᠪᠥᠬᠦᠶ ᠡᠯᠧᠺᠲᠷᠣᠨ ᠦᠢᠯᠡᠳᠭᠦᠨ ᠳᠤ ᠬᠡᠷᠡᠭᠯᠡᠳᠡᠭ᠃ ᠵᠢᠯ ᠤᠨ ᠦᠢᠯᠡᠳᠪᠦᠷᠢᠯᠡᠬᠦ ᠴᠢᠳᠠᠪᠤᠷᠢ ᠨᠢ 1.2 ᠲᠦᠮᠡᠨ ᠲᠣᠨ | ᠪᠠᠶᠢᠵᠤ᠂ ᠦᠢᠯᠡᠳᠪᠦᠷᠢᠯᠡᠬᠦ ᠴᠢᠳᠠᠪᠤᠷᠢ ᠶᠢᠨ ᠬᠡᠪᠴᠢᠶ᠎ᠡ ᠨᠢ ᠪᠥᠬᠦ ᠳᠡᠯᠡᠬᠡᠶ ᠶᠢᠨ ᠡᠮᠦᠨ᠎ᠡ ᠠᠷᠪᠠ ᠳᠤ ᠵᠢᠭᠰᠡᠭᠠᠭᠳᠠᠵᠤ ᠪᠠᠶᠢᠨ᠎ᠠ᠃ ᠲᠣᠰ ᠠᠵᠤ ᠠᠬᠤᠶᠢᠯᠠᠯ ᠨᠢ | 2021 ᠣᠨ ᠤ 10 ᠰᠠᠷ᠎ᠠ ᠳᠤ ᠵᠠᠬ᠎ᠠ ᠳᠡᠯᠭᠡᠭᠦᠷ ᠲᠤ ᠭᠠᠷᠭᠠᠬᠤ ᠡᠯ᠎ᠡ ᠵᠦᠢᠯ ᠤᠨ ᠠᠵᠢᠯ ᠢᠶᠠᠨ ᠡᠬᠢᠯᠡᠭᠦᠯᠵᠦ᠂ ᠣᠲᠣ ᠨᠢᠭᠡᠨᠲᠡ ᠠᠩᠬᠠᠨ ᠤ ᠡᠭᠡᠯᠵᠢ ᠶᠢᠨ | ᠲᠣᠬᠢᠷᠠᠭᠤᠯᠤᠯᠲᠠ ᠪᠠᠨ ᠳᠠᠭᠤᠰᠬᠠᠨ᠂ ᠵᠢᠱᠢᠯᠲᠡ ᠪᠠᠷ 2022 ᠣᠨ ᠤ 10 ᠰᠠᠷ᠎ᠠ ᠳᠤ ᠠᠩᠬ᠎ᠠ ᠤᠳᠠᠭ᠎ᠠ ᠭᠤᠶᠤᠴᠢᠯᠠᠨ ᠮᠡᠳᠡᠭᠦᠯᠵᠦ᠂ 2023 ᠣᠨ ᠳᠤ ᠫᠠᠶᠢᠰᠠ | ᠡᠯᠭᠦᠨ ᠵᠠᠬ᠎ᠠ ᠳᠡᠯᠭᠡᠭᠦᠷ ᠲᠤ ᠭᠠᠷᠬᠤ ᠪᠠᠷ ᠪᠠᠶᠢᠨ᠎ᠠ᠃ |