ᠡᠵᠡᠨ᠎ᠡ ᠶᠢ ᠲᠤᠰᠠᠯᠠᠭᠰᠠᠨ ᠣᠷᠠᠳ ᠤᠨ ᠡᠮᠦᠨᠡᠲᠤ ᠬᠤᠰᠢᠭᠤᠨ ᠤ ᠠᠵᠢᠯᠲᠡᠳ ᠨᠣᠲᠤᠭ ᠪᠣᠴᠠᠪᠠ
ᠨᠡᠶᠢᠲᠡᠯᠡᠭᠰᠡᠨ ᠴᠠᠭ᠄
2021/12/3
       ᠤᠷᠠᠳ ᠤᠨ ᠡᠮᠦᠨᠡᠲᠦ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠠᠵᠢᠯᠲᠠᠨ ᠷᠧᠨ ᠵᠢᠦ ᠫᠢᠩ᠂ ᠯᠢᠦ ᠢᠩ᠂ ᠸᠠᠩ ᠵᠢᠶᠠᠨ ᠨᠠᠷ ᠡᠵᠡᠨ᠎ᠡ ᠬᠤᠰᠢᠭᠤ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ︽ᠣᠳᠤᠭ᠎ᠠ ᠦᠭᠡᠢ ᠲᠠᠶᠢᠨ︾ ᠳᠤ ᠬᠦᠴᠦᠨ ᠨᠡᠮᠡᠷᠢᠯᠡᠭᠡᠳ ᠢᠯᠠᠯᠲᠠ ᠣᠯᠵᠣ ᠨᠣᠲᠤᠭ ᠪᠣᠴᠠᠪᠠ᠃ ᠲᠡᠳᠡ ᠲᠦᠪᠯᠡᠷᠡᠭᠦᠯᠦᠨ ᠲᠣᠰᠠᠭᠠᠷᠯᠠᠬᠤ ᠪᠠ ᠭᠡᠷ ᠲᠡᠭᠡᠨ ᠲᠤᠰᠠᠭᠠᠷᠯᠠᠵᠤ ᠪᠠᠷᠠᠭᠰᠠᠨ ᠤ ᠳᠠᠷᠠᠭ᠎ᠠ᠂ 11 ᠰᠠᠷ᠎ᠠ ᠶᠢᠨ 29 ᠤ ᠦᠳᠡ ᠡᠮᠦᠨ᠎ᠡ ᠵᠢᠩᠬᠢᠨᠢ ᠪᠠᠷ ᠠᠵᠢᠯ ᠤᠨ ᠪᠠᠶᠢᠷᠢᠨ ᠳᠤ ᠪᠠᠨ ᠭᠠᠷᠣᠭᠰᠠᠨ ᠪᠠᠶᠢᠨ᠎ᠠ᠃
援额1.jpg
      ᠲᠣᠰ ᠡᠳᠦᠷ ᠲᠤ᠂ ᠣᠷᠠᠳ ᠤᠨ ᠡᠮᠦᠨᠡᠲᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠦᠪ ᠠᠴᠠ  ᠷᠧᠨ ᠵᠢᠦ ᠫᠢᠩ᠂ ᠯᠢᠦ ᠢᠩ᠂ ᠸᠠᠩ ᠵᠢᠶᠠᠨ ᠨᠠᠷ ᠲᠤ ᠲᠦᠭᠦᠮ ᠣᠭᠲᠣᠯᠭ᠎ᠠ ᠶᠢᠨ ᠶᠣᠰᠣᠯᠠᠯ ᠶᠠᠪᠣᠭᠳᠠᠭᠤᠯᠣᠨ ᠰᠣᠷᠭᠤᠭ ᠴᠡᠴᠡᠭ ᠪᠡᠯᠭᠡᠯᠡᠵᠦ ᠂ ᠲᠡᠳᠡᠨ ᠳᠤ ᠬᠦᠨ ᠲᠠᠯᠠᠷᠬᠠᠯ ᠢᠶᠠᠨ ᠲᠡᠪᠰᠢᠭᠦᠯᠵᠦ ᠪᠠᠶᠢᠬᠤ ᠪᠠᠨ ᠢᠯᠡᠳᠭᠡᠪᠡ᠃
援额2.jpg
      ᠷᠧᠨ ᠵᠢᠦ ᠫᠢᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠪᠢ ᠨᠢᠭᠡᠨ ᠠᠬᠠᠮᠠᠳ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠨᠠᠮ ᠪᠠ ᠠᠷᠠᠳ ᠲᠦᠮᠡᠨ ᠪᠢᠳᠡᠨ ᠢ ᠬᠡᠷᠡᠭᠰᠡᠬᠦ ᠦᠶ᠎ᠡ ᠳᠤ ᠲᠠᠲᠠᠭᠠᠯᠵᠠᠵᠤ ᠪᠣᠯᠬᠤ ᠥᠬᠡᠶ᠂ ᠢᠯᠠᠩᠭᠤᠶ᠎ᠠ ᠪᠢ ᠪᠣᠯ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠲᠠᠨ᠃ ᠣᠳᠣᠬᠠᠨ ᠳᠤ᠂ ᠬᠢᠵᠢᠭ ᠤᠨ ᠪᠠᠶᠢᠳᠠᠯ ᠪᠣᠯ ᠳᠠᠷᠤᠶ ᠵᠠᠷᠯᠢᠭ᠂ ᠰᠡᠷᠭᠡᠶᠢᠯᠡᠨ ᠡᠵᠡᠮᠳᠡᠬᠦ ᠪᠣᠯ ᠬᠠᠷᠢᠭᠤᠴᠠᠯᠭ᠎ᠠ ᠪᠣᠯᠬᠤᠷ ᠨᠠᠮ ᠪᠠ ᠠᠷᠠᠳ ᠲᠦᠮᠡᠨ ᠠᠴᠠ ᠪᠢᠳᠡᠨ ᠳᠤ ᠲᠤᠰᠢᠶᠠᠭᠰᠠᠨ ᠡᠭᠦᠷᠭᠡ ᠬᠠᠷᠢᠭᠤᠴᠠᠯᠭ᠎ᠠ ᠶᠢ ᠰᠠᠶᠢᠲᠣᠷ ᠪᠡᠶᠡᠯᠡᠭᠦᠯᠵᠦ᠂ ᠠᠷᠠᠳ ᠲᠦᠮᠡᠨ ᠤ ᠪᠠᠨ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ︾ ᠬᠡᠪᠡ᠃
援额6.jpg
     ᠯᠢᠦ ᠶᠢᠩ ᠰᠤᠷᠪᠤᠯᠵᠢᠯᠠᠭᠴᠢ ᠳᠤ ᠬᠡᠯᠡᠬᠦ ᠳᠡᠭᠡᠨ᠄ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠲᠠᠨ ᠪᠣᠯᠤᠭᠰᠠᠨ ᠤ ᠬᠤᠪᠢ ᠳᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠪᠠᠲᠣ ᠴᠡᠭᠡᠵᠢᠯᠡᠵᠦ᠂ ᠲᠤᠰᠬᠠᠶ ᠮᠡᠷᠭᠡᠵᠢᠯ ᠤᠨ ᠴᠢᠳᠠᠪᠤᠷᠢ ᠪᠠᠨ ᠭᠦᠢᠴᠡᠳ ᠪᠠᠳᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠥᠬᠦ ᠬᠦᠴᠦᠨ ᠢᠶᠠᠷ ᠢᠶᠠᠨ ᠴᠢᠷᠮᠠᠶᠢᠨ᠎ᠠ ︾ ᠭᠡᠪᠡ᠃      90 ᠣᠨ ᠤ ᠬᠤᠶᠢᠴᠢᠰ ᠸᠠᠩ ᠵᠢᠶᠠᠨ ᠪᠠᠶᠢᠭᠤᠯᠭ᠎ᠠ ᠶᠢᠨ ᠢᠶᠠᠨ ᠬᠢᠵᠢᠭ ᠤᠨ ᠡᠮᠦᠨ᠎ᠡ ᠹᠷᠦᠨᠲ ᠲᠤ ᠲᠣᠰᠠᠯᠠᠬᠤ ᠬᠦᠰᠦᠨᠦᠭᠲᠣ ᠶᠢ ᠬᠠᠮᠤᠭ ᠲᠦᠷᠦᠭᠦᠨ ᠳᠤ ᠲᠠᠭᠯᠠᠭᠰᠠᠨ ᠶᠤᠮ᠃ ᠲᠡᠷᠡ᠄ ︽ᠡᠵᠡᠨ᠎ᠡ ᠬᠤᠰᠢᠭᠤ ᠶᠢ ᠲᠣᠰᠠᠯᠠᠬᠤ ᠴᠢᠮᠡᠭᠡ ᠶᠢ ᠰᠣᠨᠣᠰᠣᠮᠠᠭᠴᠠ ᠪᠢ ᠡᠵᠡᠨ᠎ᠡ ᠬᠤᠰᠢᠭᠤ ᠶᠢ ᠲᠤᠰᠠᠯᠠᠬᠤ ᠪᠠᠷ ᠶᠠᠪᠤᠬᠤ ᠪᠠᠷ ᠵᠣᠷᠢᠭ ᠰᠢᠭᠤᠳᠣᠭᠰᠠᠨ᠃ ᠲᠡᠨᠳᠡ ᠬᠦᠷᠦᠭᠰᠡᠨ ᠤ ᠳᠠᠷᠠᠭ᠎ᠠ ᠪᠢ ᠣᠯᠠᠨ ᠠᠷᠪᠢᠨ ᠡᠮᠴᠢ ᠨᠠᠷ ᠤᠨ ᠰᠢᠯᠢᠳᠡᠭ ᠠᠵᠢᠯ ᠤᠨ ᠣᠪᠣᠷ ᠰᠣᠷᠲᠠᠯ᠂ ᠴᠠᠭᠠᠷᠠᠭᠰᠠᠨ ᠲᠣᠬᠠᠶᠢᠯᠠᠭᠰᠠᠨ ᠠᠵᠢᠯ ᠤᠨ ᠬᠡᠪ ᠰᠣᠷᠲᠠᠯ ᠠᠴᠠ ᠣᠯᠠᠨ ᠵᠦᠢᠯ ᠢ ᠣᠯᠵᠣ ᠬᠠᠷᠠᠭᠰᠠᠨ᠂ ᠪᠠᠰᠠ ᠣᠯᠵᠣ ᠰᠣᠷᠣᠭᠰᠠᠨ᠃  ᠶᠡᠭᠡ ᠣᠯᠣᠯᠲᠠ  ᠲᠠᠢ︾  ᠬᠡᠮᠡᠨ ᠶᠠᠷᠢᠵᠣ ᠪᠠᠶᠢᠪᠠ ᠃
援额5.jpg

援额4.jpg

援额3.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ