ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ      2021 ᠣᠨ ᠤ ᠨᠢᠭᠡᠳᠦᠭᠡᠷ ᠬᠤᠭᠤᠴᠠᠭᠠᠨ ᠤ ᠠᠯᠪᠠᠨ ᠮᠡᠳᠡᠭᠡ
ᠨᠡᠶᠢᠲᠡᠯᠡᠭᠰᠡᠨ ᠴᠠᠭ᠄
2021/12/3
        ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ                      2021 ᠣᠨ ᠤ ᠨᠢᠭᠡᠳᠦᠭᠡᠷ ᠬᠤᠭᠤᠴᠠᠭᠠᠨ ᠤ ᠠᠯᠪᠠᠨ ᠮᠡᠳᠡᠭᠡ         ᠤᠷᠠᠳ ᠰᠢᠨ᠎ᠠ ᠠᠭᠤᠰᠬᠢᠨ ᠦᠷᠪᠢᠰᠦᠯ ᠢ ᠰᠡᠷᠭᠡᠶᠢᠯᠡᠬᠦ ᠵᠢᠯᠤᠭᠤᠳᠬᠤ [ ︵2021 ] 6 ᠳ᠋ᠤᠭᠠᠷ ᠨᠣᠮᠧᠷ ︽ᠤᠷᠠᠳ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ         ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ    ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠬᠤᠰᠢᠭᠤᠨ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠯ᠎ᠡ ᠪᠦᠷᠢᠯᠳᠦᠬᠦᠨ ᠨᠢᠭᠡᠴᠡ ᠳᠤ᠄    ︽ᠤᠷᠠᠳ ᠤᠨ ᠡᠮᠦᠨᠡᠲᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠲᠤᠭᠠᠶ᠃                             ᠤᠷᠠᠳ ᠤᠨ ᠡᠮᠦᠨᠡᠲᠦ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ                                             ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                                                         2021 ᠣᠨ ᠤ 1 ᠰᠠᠷ᠎ᠠ ᠶᠢᠨ 13                                     ᠤᠷᠠᠳ ᠤᠨ ᠡᠮᠦᠨᠡᠲᠦ  ᠬᠤᠰᠢᠭᠤᠨ ᠤ  ᠮᠠᠯᠵᠢᠬᠤ ᠲᠠᠷᠢᠶᠠᠯᠠᠬᠤ ᠣᠷᠣᠨ ᠤ ᠰᠢᠨ᠎ᠡ  ᠲᠢᠳᠢᠮᠯᠢᠭ             ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ    ᠡᠪᠦᠯ ᠬᠠᠪᠤᠷ ᠤᠨ ᠤᠯᠠᠷᠢᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠠᠩᠭᠢᠯᠠᠭ᠎ᠠ ᠶᠢᠨ ᠱᠠᠲᠤᠨ ᠳᠤ ᠣᠷᠣᠵᠤ᠂ ᠪᠦᠬᠦ ᠪᠥᠮᠪᠥᠷᠴᠡᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠦᠷᠭᠦᠯᠵᠢᠯᠡᠨ ᠳᠡᠯᠭᠡᠷᠡᠵᠦ᠂ ᠤᠯᠤᠰ ᠤᠨ ᠳᠣᠲᠣᠭᠠᠳᠤ ᠶᠢᠨ ᠲᠤᠰ ᠭᠠᠵᠠᠷ ᠤᠨ ᠬᠢᠵᠢᠭ ᠤᠨ ᠪᠠᠶᠢᠳᠠᠯ ᠬᠡᠰᠡᠭ ᠪᠤᠰᠠᠭ ᠢᠶᠠᠷ ᠲᠠᠷᠬᠠᠭᠰᠠᠨ ᠪᠠ ᠬᠡᠰᠡᠭ ᠭᠠᠵᠠᠷ ᠲᠤ ᠲᠥᠪᠯᠡᠷᠡᠭᠰᠡᠨ ᠴᠢᠨᠠᠷᠲᠠᠢ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠭᠰᠠᠨ ᠪᠠᠶᠢᠳᠠᠯ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠵᠤ᠂ ᠬᠠᠯᠳᠠᠪᠤᠷᠢᠯᠠᠬᠤ ᠲᠦᠭᠰᠢᠭᠦᠷᠢ ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠶ ᠪᠠᠷ ᠰᠠᠶᠢᠲᠤᠷ ᠬᠢᠬᠦ ᠶᠢᠨ ᠲᠤᠰᠠᠳᠠ᠂ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠶᠡᠷᠦᠩᠬᠡᠶ ᠱᠠᠭᠠᠷᠳᠠᠯᠭ᠎ᠠ    ᠲᠥᠷᠥ ᠶᠢᠨ ᠶᠠᠪᠤᠳᠠᠯ ᠤᠨ ᠬᠤᠷᠢᠶᠠᠨ ᠤ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ  ᠤᠨ ︿︿ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ﹀﹀ ︵ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ ᠲᠣᠭᠲᠠᠴᠠ ᠶᠡᠷᠦᠩᠬᠡᠶᠢᠯᠡᠨ ᠲᠠᠷᠬᠠᠭᠠᠭᠰᠠᠨ ﹇2020﹈ 275 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ︵ᠥᠪᠥᠷ  ᠡᠷᠡᠬᠦᠯ  ᠲᠠᠷᠬᠠᠭᠠᠭᠰᠠᠨ ︹ 2021 ︺2 ᠳ᠋ᠤᠭᠠᠷ ᠲᠣᠭᠠᠲᠤ︶᠂ ︽ᠪᠠᠶᠠᠨᠨᠠᠭᠤᠷ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠰᠢᠨ᠎ᠡ  ᠲᠢᠳᠢᠮᠯᠢᠭ  ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠦᠯ︾ ︵ᠪᠠᠶᠠᠨᠨᠠᠭᠤᠷ ᠰᠡᠷᠭᠡᠶᠢᠯᠡᠨ ᠵᠢᠯᠤᠭᠤᠳᠬᠤ ᠲᠠᠷᠬᠠᠭᠠᠭᠰᠠᠨ︹ 2021 ︺5 ᠳ᠋ᠤᠭᠠᠷ ᠲᠣᠭᠠᠲᠤ︶ ᠪᠣᠯᠤᠨ ᠪᠥᠬᠦ ᠤᠯᠤᠰ ᠤᠨ 2021 ᠣᠨ ᠤ ᠰᠢᠨ᠎ᠡ ᠵᠢᠯ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠥᠳᠡᠭᠡ ᠲᠣᠰᠬᠤᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠳᠣᠲᠣᠭᠠᠳᠤ ᠠᠴᠠ ᠳᠠᠬᠢᠨ ᠰᠡᠷᠭᠦᠬᠦ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢᠨ ᠶᠣᠰᠣᠭᠠᠷ᠂ ᠬᠤᠰᠢᠭᠤ ᠪᠠᠯᠭᠠᠰᠤ ᠲᠣᠰᠬᠤᠨ ᠤ ᠭᠤᠷᠪᠠᠨ ᠱᠠᠲᠤᠨ ᠤ ᠬᠢᠵᠢᠭ ᠢ ᠰᠡᠷᠭᠡᠶᠢᠯᠡᠬᠦ ᠵᠢᠯᠣᠭᠤᠳᠬᠤ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠪᠦᠯ ᠬᠠᠪᠤᠷ ᠤᠨ ᠤᠯᠠᠷᠢᠯ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠪᠠᠷ ᠭᠤᠤᠯᠳᠠᠯᠭ᠎ᠠ ᠪᠣᠯᠭᠠᠵᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠢ ᠦᠨᠡᠨᠬᠦ ᠰᠠᠶᠢᠲᠤᠷ ᠬᠢᠵᠦ᠂ ᠭᠡᠨᠡᠳᠲᠡ ᠶᠢᠨ ᠬᠢᠵᠢᠭ ᠤᠨ ᠪᠠᠶᠢᠳᠠᠯ ᠢ ᠴᠠᠭ ᠲᠤᠬᠠᠶ ᠳᠤᠨᠢ ᠪᠦᠲᠦᠮᠵᠢᠲᠡᠶ ᠠᠷᠭᠠᠴᠠᠵᠤ᠂ ᠲᠠᠷᠬᠠᠵᠤ ᠪᠠᠶᠢᠭ᠎ᠠ ᠡᠪᠡᠳᠴᠢᠨ ᠤ ᠵᠢᠱᠢᠶ᠎ᠡ ᠶᠢᠨ ᠬᠠᠯᠳᠠᠪᠤᠷᠢᠯᠠᠨ ᠲᠠᠷᠬᠠᠬᠤ ᠶᠢ ᠴᠢᠩᠭ᠎ᠠ ᠰᠡᠷᠭᠡᠶᠢᠯᠡᠨ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃    ᠬᠤᠶᠠᠷ᠂ ᠭᠤᠣᠯ ᠠᠷᠭ᠎ᠠ ᠬᠡᠮᠵᠢᠶ᠎ᠡ    ︵ᠨᠢᠭᠡ︶ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ    1. ᠬᠥᠮᠦᠨ ᠤ ᠰᠢᠯᠵᠢᠯᠲᠡ ᠶᠢ ᠪᠠᠭᠠᠰᠬᠠᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠵᠢᠴᠢ ᠥᠷᠭᠡᠨ ᠣᠯᠠᠨ ᠺᠠᠳ᠋ᠷ ᠣᠯᠠᠨ ᠲᠦᠮᠡᠨ ᠰᠠᠨᠠᠭᠠᠴᠢᠯᠠᠭ᠎ᠠ ᠠᠴᠠ ᠪᠠᠨ ᠭᠠᠳᠠᠷ ᠣᠷᠣᠨ ᠳᠤ ᠠᠵᠢᠯᠯᠠᠵᠤ ᠠᠮᠢᠳᠤᠷᠠᠵᠤ ᠪᠠᠶᠢᠭ᠎ᠠ ᠮᠠᠨ ᠤ ᠬᠤᠰᠢᠭᠤᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠰ ᠢ ᠴᠢᠳᠠᠬᠤ ᠶᠢᠨ ᠬᠢᠷᠢ ᠪᠠᠷ ᠲᠤᠬᠠᠶ ᠶᠢᠨ ᠭᠠᠵᠠᠷ ᠲᠤ ᠦᠯᠡᠳᠡᠭᠡᠵᠦ ᠪᠠᠶᠠᠷ ᠤᠨ ᠡᠳᠦᠷ ᠢ ᠥᠩᠭᠡᠷᠡᠭᠦᠯᠬᠦ ᠬᠡᠷᠡᠭᠲᠡᠶ᠂ ᠵᠠᠪᠠᠯ ᠨᠤᠲᠤᠭ ᠲᠠᠭᠠᠨ ᠪᠤᠴᠠᠬᠤ ᠴᠢᠬᠤᠯᠠ ᠥᠬᠡᠶ ᠪᠤᠯ ᠪᠤᠴᠠᠬᠤ ᠬᠡᠷᠡᠭ ᠦᠬᠡᠢ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠠᠢ ᠢᠳᠡᠪᠬᠢᠲᠡᠶ ᠬᠠᠮᠵᠢᠯᠴᠠᠬᠤ ᠬᠡᠷᠡᠭᠲᠡᠶ᠃ ᠠᠵᠤ ᠠᠬᠤᠶᠢᠯᠠᠯ ᠤᠨ ᠠᠵᠢᠯᠴᠢᠳ ᠢᠶᠠᠨ ᠮᠠᠨ ᠤ ᠬᠤᠰᠢᠭᠤᠨ ᠳᠤ ᠦᠯᠡᠳᠡᠭᠡᠵᠦ ᠴᠠᠭᠠᠨ ᠰᠠᠷ᠎ᠠ ᠪᠠᠨ ᠥᠩᠭᠡᠷᠡᠭᠦᠯᠬᠦ ᠶᠢ ᠵᠣᠷᠢᠭᠵᠢᠭᠤᠯᠵᠤ᠂ ᠡᠯ᠎ᠡ ᠲᠥᠷᠥᠯ ᠤᠨ ᠰᠤᠷᠭᠠᠭᠤᠯᠢ ᠪᠠ ᠠᠵᠤ ᠠᠬᠤᠶᠢᠯᠠᠯ ᠤᠨ ᠣᠷᠭᠢᠯ ᠦᠶ᠎ᠡ ᠶᠢ ᠵᠥᠷᠢᠭᠦᠯᠦᠨ ᠠᠮᠠᠷᠠᠯᠲᠠ ᠲᠠᠯᠪᠢᠬᠤ ᠪᠠ ᠰᠤᠷᠤᠯᠭ᠎ᠠ ᠡᠬᠢᠯᠡᠭᠦᠯᠦᠨ ᠠᠵᠢᠯ ᠡᠬᠢᠯᠡᠭᠦᠯᠵᠦ᠂ ᠠᠵᠢᠯᠲᠠᠨ ᠤ ᠮᠤᠵᠢ ᠬᠤᠲᠠ᠂ ᠠᠶᠢᠮᠠᠭ ᠬᠤᠲᠠ ᠪᠠ ᠬᠤᠰᠢᠭᠤ ᠰᠢᠶᠠᠨ ᠲᠣᠭᠤᠷᠢᠭ ᠠᠯᠤᠰᠯᠠᠨ ᠰᠢᠯᠵᠢᠬᠦ ᠶᠢ ᠠᠯᠢ ᠴᠢᠳᠠᠬᠤ ᠪᠠᠷ ᠪᠠᠭᠠᠰᠬᠠᠨ᠎ᠠ᠃ ᠭᠠᠳᠠᠭᠠᠳᠤ ᠳᠤ ᠰᠤᠷᠤᠯᠴᠠᠵᠤ ᠨᠤᠲᠤᠭ ᠲᠠᠭᠠᠨ ᠪᠤᠴᠠᠭᠰᠠᠨ ᠰᠤᠷᠤᠭᠴᠢᠳ ᠤᠨ ᠠᠮᠠᠷᠠᠯᠲᠠ ᠶᠢᠨ ᠬᠤᠭᠤᠴᠠᠭᠠᠨ ᠤ ᠤᠯᠠ ᠮᠥᠷ ᠪᠠ ᠡᠷᠡᠭᠦᠯ ᠮᠡᠨᠳᠦ ᠶᠢᠨ ᠪᠠᠶᠢᠳᠠᠯ ᠢ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠣᠨᠣᠪᠴᠢᠲᠠᠶ ᠡᠵᠡᠮᠰᠢᠵᠦ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠠᠵᠢᠯᠴᠢᠨ ᠲᠦᠷᠦᠭᠦᠯᠡᠨ ᠮᠠᠨ ᠤ ᠬᠤᠰᠢᠭᠤᠨ ᠳᠤ ᠪᠠᠶᠠᠷ ᠤᠨ ᠡᠳᠦᠷ ᠢᠶᠠᠨ ᠥᠩᠭᠡᠷᠡᠭᠦᠯᠬᠦ ᠬᠡᠷᠡᠭᠲᠡᠶ᠂ ᠵᠠᠷᠴᠢᠮ ᠳᠡᠭᠡᠷ᠎ᠡ ᠪᠠᠨ ᠭᠠᠳᠠᠭᠰᠢ ᠭᠠᠷᠴᠤ ᠪᠣᠯᠬᠤ ᠥᠬᠡᠶ᠂ ᠦᠨᠡᠬᠡᠷ ᠮᠠᠨ ᠤ ᠬᠤᠰᠢᠭᠤ ᠠᠴᠠ ᠰᠠᠯᠬᠤ ᠴᠢᠬᠤᠯᠠ ᠲᠠᠢ ᠪᠣᠯ ᠬᠢᠨᠠᠨ ᠵᠥᠪᠰᠢᠶᠡᠷᠡᠭᠦᠯᠬᠦ ᠭᠠᠷ ᠬᠦᠢᠴᠡᠳᠬᠡᠯ ᠢ ᠴᠢᠩᠭ᠎ᠠ ᠬᠦᠢᠴᠡᠳᠬᠡᠵᠦ᠂ ᠡᠷᠬᠡᠪᠰᠢ ᠪᠠᠶᠢᠭ᠎ᠠ ᠨᠢᠭᠡᠴᠡ ᠳᠡᠭᠡᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠢᠴᠢ ᠪᠤᠰᠤᠳ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ ᠃    2. ᠠᠶᠠᠨ ᠵᠠᠮ ᠤᠨ ᠲᠦᠭᠰᠢᠭᠦᠷᠢ ᠶᠢ ᠪᠠᠭᠠᠰᠬᠠᠨ᠎ᠠ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠭᠠᠯᠲᠤ ᠲᠡᠷᠭᠡᠨ ᠤ ᠥᠷᠲᠡᠭᠡ᠂ ᠬᠤᠯᠠ ᠵᠠᠮ ᠤᠨ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠵᠡᠷᠭᠡ ᠵᠠᠮ ᠲᠡᠭᠡᠭᠡᠪᠦᠷᠢ ᠶᠢᠨ ᠲᠠᠯᠠᠪᠤᠷ ᠥᠷᠲᠡᠭᠡ ᠨᠦᠭᠦᠳ ᠬᠡᠷ ᠳᠣᠲᠣᠷᠠᠬᠢ ᠰᠠᠯᠬᠢ ᠨᠡᠪᠲᠡᠷᠡᠬᠦ᠂ ᠠᠷᠢᠭᠤᠳᠬᠠᠬᠤ ᠤᠳᠠᠭ᠎ᠠ ᠪᠠᠨ ᠨᠡᠮᠡᠭᠳᠡᠭᠦᠯᠵᠦ᠂ ᠬᠥᠮᠦᠨ ᠤ ᠰᠢᠯᠵᠢᠬᠦ ᠤᠳᠠᠭ᠎ᠠ ᠶᠢ ᠪᠠᠭᠠᠰᠬᠠᠨ᠂ ᠠᠮᠠᠪᠴᠢ ᠵᠡᠭᠦᠬᠦ᠂ ᠳᠤᠯᠠᠭᠠᠨ ᠤ ᠬᠡᠮᠵᠢᠶ᠎ᠡ ᠶᠢ ᠰᠢᠯᠭᠠᠨ ᠪᠠᠶᠢᠴᠠᠭᠠᠬᠤ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠶᠠᠨᠴᠢᠳ ᠤᠨ ᠴᠤᠪᠤᠷᠠᠯ ᠢ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠬᠥᠮᠦᠨ ᠬᠠᠷ᠎ᠠ ᠴᠤᠭᠯᠠᠷᠠᠬᠤ ᠶᠢ ᠰᠡᠷᠭᠡᠶᠢᠯᠡᠬᠦ ᠬᠡᠷᠡᠭᠲᠡᠶ︔ ᠪᠡᠶ᠎ᠡ ᠶᠢᠨ ᠳᠤᠯᠠᠭᠠᠨ ᠤ ᠪᠠᠶᠢᠴᠠᠭᠠᠯᠲᠠ ᠬᠡᠪ ᠤᠨ ᠪᠤᠰᠤ᠂ ᠡᠷᠡᠭᠦᠯ ᠮᠡᠨᠳᠦ ᠶᠢᠨ ᠠᠶᠠᠯᠠᠯ ᠤᠨ ᠨᠣᠮᠧᠷ ᠲᠤ ︽ᠪᠣᠬᠢᠷᠲᠤᠯ ᠥᠬᠡᠶ︾ ᠪᠤᠰᠤ ᠬᠥᠮᠦᠰ ᠲᠤ ᠲᠡᠷᠡ ᠳᠠᠷᠤᠶ ᠳᠤᠨᠢ ᠲᠦᠷ ᠴᠠᠭ ᠤᠨ ᠲᠤᠰᠠᠭᠠᠷᠯᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠬᠤᠰᠢᠭᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ︔ ᠬᠤᠭᠤᠴᠠᠭ᠎ᠠ ᠠᠴᠠ ᠪᠠᠨ ᠬᠡᠲᠦᠷᠡᠭᠰᠡᠨ ᠡᠷᠡᠭᠦᠯ ᠮᠡᠨᠳᠦ ᠶᠢᠨ ᠨᠣᠭᠤᠭᠠᠨ ᠨᠣᠮᠧᠷ ᠤᠨ ᠭᠠᠷ ᠤᠲᠠᠰᠤᠨ ᠤ ᠵᠢᠷᠤᠭ ᠢ ᠬᠡᠷᠡᠭᠯᠡᠨ ᠠᠶᠠᠨ ᠵᠠᠮ ᠢᠶᠠᠨ ᠨᠢᠭᠤᠨ ᠳᠠᠯᠳᠠᠯᠠᠵᠤ᠂ ᠪᠣᠭᠤᠮᠲᠠ ᠶᠢ ᠮᠡᠬᠡᠯᠡᠨ ᠥᠩᠭᠡᠷᠡᠭᠦᠯᠬᠦ ᠪᠠᠷ ᠭᠤᠷᠢᠳᠠᠭᠰᠠᠨ ᠬᠥᠮᠦᠰ ᠠᠴᠠ ᠬᠤᠯᠪᠣᠭᠳᠠᠯ ᠪᠥᠬᠦᠶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠠᠮᠠᠪᠴᠢ ᠵᠡᠭᠦᠭᠰᠡᠨ ᠥᠬᠡᠶ ᠠᠶᠠᠨᠴᠢᠳ ᠢ ᠥᠷᠲᠡᠭᠡᠨ ᠳᠤ ᠣᠷᠣᠬᠤ ᠪᠤᠶᠤ ᠥᠷᠲᠡᠭᠡᠨ ᠳᠤ ᠵᠣᠭᠰᠣᠭᠠᠬᠤ ᠶᠢ ᠡᠷᠡᠰ ᠴᠠᠭᠠᠵᠠᠯᠠᠨ᠎ᠠ︔ ᠠᠶᠢᠮᠠᠭ ᠬᠤᠲᠠ ᠠᠯᠤᠰᠯᠠᠭᠰᠠᠨ ᠠᠶᠠᠨᠴᠢᠳ ᠤᠨ ᠲᠡᠭᠡᠭᠡᠪᠦᠷᠢ ᠶᠢᠨ ᠡᠭᠡᠯᠵᠢ ᠶᠢᠨ ᠱᠤᠭᠤᠮ ᠤᠨ ᠡᠵᠡᠩᠨᠡᠭᠴᠢ ᠵᠥᠪᠰᠢᠶᠡᠷᠡᠯ ᠶᠣᠰᠣᠭᠠᠷ ᠥᠷᠲᠡᠭᠡ ᠴᠡᠭ ᠲᠤ ᠵᠣᠭᠰᠣᠵᠤ ᠠᠵᠢᠯᠯᠠᠬᠤ ᠶᠢ ᠴᠢᠩᠭ᠎ᠠ ᠪᠠᠷᠢᠮᠲᠠᠯᠠᠨ᠂ ᠥᠷᠲᠡᠭᠡᠨ ᠠᠴᠠ ᠭᠠᠳᠠᠨ᠎ᠠ ᠵᠣᠴᠢᠨ ᠲᠠᠲᠠᠬᠤ᠂ ᠮᠠᠨ ᠤ ᠬᠤᠰᠢᠭᠤᠨ ᠳᠤ ᠣᠷᠣᠵᠤ ᠢᠷᠡᠭᠰᠡᠨ ᠤ ᠳᠠᠷᠠᠭ᠎ᠠ ᠮᠠᠰᠢᠨ ᠲᠡᠷᠭᠡᠨ ᠤ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠳᠤ ᠨᠢᠭᠡᠳᠦᠯᠲᠡᠶ ᠬᠦᠷᠴᠦ ᠵᠣᠴᠢᠨ ᠢᠶᠠᠨ ᠪᠠᠭᠤᠯᠭᠠᠵᠤ᠂  ᠪᠠᠭᠤᠬᠤ ᠠᠶᠠᠨᠴᠢᠳ ᠤᠨ ᠳᠤᠯᠠᠭᠠᠨ ᠢ ᠬᠡᠮᠵᠢᠬᠦ᠂ ᠠᠶᠠᠯᠠᠯ ᠤᠨ ᠨᠣᠮᠧᠷ ᠢ ᠪᠠᠶᠢᠴᠠᠭᠠᠨ ᠰᠢᠯᠭᠠᠬᠤ ᠠᠵᠢᠯ ᠢ ᠰᠠᠶᠢᠲᠤᠷ ᠬᠢᠨ᠎ᠠ︔ ᠲᠠᠯᠠᠪᠤᠷ ᠥᠷᠲᠡᠭᠡᠨ ᠤ ᠠᠵᠢᠯᠲᠠᠨ ᠤ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠲᠡᠭᠡᠭᠡᠪᠦᠷᠢ ᠶᠢᠨ ᠪᠠᠭᠠᠵᠢ ᠬᠡᠷᠡᠭᠰᠡᠯ ᠢ ᠠᠷᠢᠭᠤᠳᠬᠠᠬᠤ ᠵᠡᠷᠭᠡ ᠠᠵᠢᠯ ᠢ ᠴᠢᠩᠭᠠᠳᠬᠠᠬᠤ ᠬᠡᠷᠡᠭᠲᠡᠶ᠃ ᠨᠡᠶᠢᠲᠡ ᠶᠢᠨ ᠮᠠᠰᠢᠨ ᠲᠡᠷᠭᠡ᠂ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠠᠪᠴᠢ ᠵᠡᠭᠦᠭᠰᠡᠨ ᠥᠬᠡᠶ ᠠᠶᠠᠨᠴᠢᠳ ᠤᠨ ᠲᠡᠷᠭᠡᠨ ᠳᠤ ᠰᠠᠭᠤᠬᠤ ᠶᠢ ᠴᠠᠭᠠᠵᠠᠯᠠᠵᠤ᠂ ᠲᠡᠷᠭᠡᠨ ᠳᠤ ᠭᠠᠷᠤᠭᠰᠠᠨ ᠠᠶᠠᠨᠴᠢᠳ ᠢᠶᠠᠷ ᠡᠷᠡᠭᠦᠯ ᠮᠡᠨᠳᠦ ᠶᠢᠨ ᠨᠣᠮᠧᠷ ᠤᠨ ᠺᠤᠳ᠋ ᠶᠢ ᠰᠢᠷᠪᠢᠬᠦᠯᠵᠦ᠂ ᠠᠶᠠᠨᠴᠢᠳ ᠲᠤ ᠠᠯᠢ ᠴᠢᠳᠠᠬᠤ ᠪᠠᠷ ᠨᠡᠶᠢᠲᠡ ᠶᠢᠨ ᠮᠠᠰᠢᠨ ᠲᠡᠷᠭᠡᠨ ᠤ ᠺᠠᠷᠲ᠂ ᠨᠠᠰᠤᠲᠠᠶᠢᠴᠤᠳ ᠤᠨ ᠺᠠᠷᠲ᠂ ᠡᠯᠧᠺᠲᠷᠣᠨ ᠲᠣᠭᠠᠴᠠᠭ᠎ᠠ ᠵᠡᠷᠭᠡ ︽ᠬᠦᠷᠦᠯᠴᠡᠬᠦ ᠥᠬᠡᠶ︾ ᠠᠷᠭ᠎ᠠ ᠮᠠᠶ᠋ᠢᠭ ᠢᠶᠠᠷ ᠲᠡᠷᠭᠡᠨ ᠪᠢᠯᠧᠲ ᠬᠤᠳᠠᠯᠳᠤᠨ ᠠᠪᠬᠤ ᠶᠢ ᠰᠠᠨᠠᠭᠤᠯᠬᠤ ᠬᠡᠷᠡᠭᠲᠡᠶ᠃ ᠲᠡᠷᠭᠡ ᠬᠥᠰᠬᠡ ᠶᠢᠨ ᠠᠷᠢᠭᠤᠨ ᠴᠡᠪᠡᠷ ᠠᠷᠢᠭᠤᠳᠬᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠬᠦ ᠬᠡᠷᠡᠭᠲᠡᠶ᠃ ᠲᠦᠷᠭᠡᠨ ᠤ ᠵᠠᠮ ᠤᠨ ᠭᠠᠷᠬᠤ ᠡᠭᠦᠳᠡᠨ ᠳᠤ᠂ ᠬᠤᠪᠢ ᠶᠢᠨ ᠮᠠᠰᠢᠨ ᠲᠡᠷᠭᠡ ᠪᠠᠷ ᠨᠤᠲᠤᠭ ᠲᠠᠭᠠᠨ ᠪᠤᠴᠠᠬᠤ ᠵᠡᠷᠭᠡ ᠬᠥᠮᠦᠰ ᠢ ᠠᠮᠠᠪᠴᠢ ᠵᠡᠭᠦᠬᠦ᠂ ᠳᠤᠯᠠᠭᠠᠨ ᠢ ᠬᠡᠮᠵᠢᠵᠦ ᠺᠤᠳ᠋ ᠰᠢᠷᠪᠢᠬᠦ ᠪᠠ ᠠᠷᠢᠭᠤᠳᠬᠠᠵᠤ ᠠᠷᠢᠯᠭᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ︽  ᠲᠤᠳᠤᠨᠤᠰᠤᠭ ᠰᠠᠨᠠᠭᠤᠯᠤᠮᠵᠢ︾ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃ ᠬᠢᠵᠢᠭ ᠤᠨ ᠪᠠᠶᠢᠳᠠᠯ ᠭᠠᠷᠤᠭᠰᠠᠨ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ ᠤᠨ ᠣᠷᠣᠵᠤ ᠭᠠᠷᠬᠤ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ︵ᠵᠠᠮ ᠬᠠᠷᠢᠯᠴᠠᠭᠠᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠭᠠᠯᠲᠤ ᠲᠡᠷᠭᠡᠨ ᠤ ᠥᠷᠲᠡᠭᠡ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ᠂ ᠪᠠᠶᠠᠨᠨᠠᠭᠤᠷ ᠤᠨ ᠲᠡᠭᠡᠭᠡᠪᠦᠷᠢ ᠶᠢᠨ ᠺᠣᠮᠫᠠᠨᠢ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    3. ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠨ᠎ᠠ᠃ ᠴᠠᠭᠠᠨ ᠰᠠᠷ᠎ᠠ ᠶᠢᠨ ᠵᠥᠭᠡᠭᠡᠪᠦᠷᠢ᠂ ᠴᠠᠭᠠᠨ ᠰᠠᠷ᠎ᠠ ᠪᠣᠯᠤᠨ ᠥᠯᠵᠡᠶᠢᠲᠦ ᠡᠳᠦᠷ ᠤᠨ ᠪᠠᠶᠠᠷ ᠤᠨ ᠬᠤᠭᠤᠴᠠᠭᠠᠨ ᠳᠤ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠠᠯᠢ ᠴᠢᠳᠠᠬᠤ ᠪᠠᠷ ᠪᠠᠭᠠᠰᠬᠠᠨ᠎ᠠ᠃ 2021 ᠣᠨ ᠤ 1 ᠰᠠᠷ᠎ᠠ ᠶᠢᠨ 13 ᠤ ᠡᠳᠦᠷ ᠠᠴᠠ ᠡᠬᠢᠯᠡᠨ᠂ ᠡᠯ᠎ᠡ ᠢᠳᠡᠭᠡᠨ ᠤᠮᠳᠠᠭᠠᠨ ᠤ ᠦᠢᠯᠡᠴᠢᠯᠡᠬᠡᠨ ᠤ ᠨᠢᠭᠡᠴᠡ 100 ᠬᠥᠮᠦᠨ ᠠᠴᠠ ᠳᠡᠭᠡᠭᠰᠢ ᠬᠡᠪᠴᠢᠶ᠎ᠡ ᠲᠠᠢ ᠬᠤᠷᠢᠮ ᠤᠨ ᠶᠣᠰᠣᠯᠠᠯ᠂ ᠪᠡᠯᠪᠡᠰᠦᠷᠡᠯ ᠤᠨ ᠶᠠᠪᠤᠳᠠᠯ᠂ ᠨᠠᠰᠤᠨ ᠪᠠᠶᠠᠷ᠂ ᠲᠥᠷᠥᠭᠰᠡᠨ ᠡᠳᠦᠷ ᠤᠨ ᠨᠠᠶᠢᠷ᠂ ᠣᠨ ᠤ ᠬᠤᠷᠠᠯ ᠵᠡᠷᠭᠡ ᠡᠯ᠎ᠡ ᠲᠥᠷᠥᠯ ᠤᠨ ᠨᠡᠶᠢᠲᠡ ᠶᠢᠨ ᠬᠤᠭᠤᠯᠠ ᠶᠢ ᠭᠥᠯᠢᠶᠡᠨ ᠠᠪᠴᠤ ᠪᠣᠯᠬᠤ ᠥᠬᠡᠶ᠂ ᠬᠤᠲᠠ ᠶᠢᠨ ᠭᠠᠳᠠᠨᠠᠬᠢ ᠢᠯᠠᠩᠭᠤᠶ᠎ᠠ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ ᠢ ᠤᠷᠢᠵᠤ ᠬᠠᠮᠲᠤ ᠶᠢᠨ ᠬᠤᠭᠤᠯᠠᠨ ᠤ ᠠᠵᠢᠯᠯᠠᠭ᠎ᠠ ᠳᠤ ᠣᠷᠣᠯᠴᠠᠭᠤᠯᠵᠤ ᠪᠣᠯᠬᠤ ᠥᠬᠡᠶ᠂ ᠬᠠᠮᠲᠤ ᠶᠢᠨ ᠬᠤᠭᠤᠯᠠᠨ ᠳᠤ ᠣᠷᠣᠯᠴᠠᠭᠰᠠᠨ ᠪᠣᠶ ᠪᠥᠬᠦᠶ ᠬᠥᠮᠦᠰ ᠡᠷᠬᠡᠪᠰᠢ ᠡᠮᠦᠨ᠎ᠡ 7 ᠡᠳᠦᠷ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠ ᠡᠷᠡᠭᠦᠯ ᠮᠡᠨᠳᠦ ᠶᠢᠨ ᠨᠡᠪᠲᠡᠷᠡᠬᠦ ᠨᠣᠭᠤᠭᠠᠨ ᠨᠣᠮᠧᠷ ᠲᠠᠢ ᠪᠠᠶᠢᠬᠤ ᠬᠡᠷᠡᠭᠲᠡᠶ︔ 100 ᠬᠥᠮᠦᠨ ᠠᠴᠠ ᠳᠣᠷᠣᠭᠰᠢ ᠬᠡᠪᠴᠢᠶ᠎ᠡ ᠲᠠᠢ ᠨᠡᠶᠢᠲᠡ ᠶᠢᠨ ᠬᠤᠭᠤᠯᠠ ᠶᠢ 3 ᠡᠳᠦᠷ ᠤᠨ ᠡᠮᠦᠨ᠎ᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠵᠥᠪᠰᠢᠶᠡᠷᠡᠯ ᠣᠯᠤᠭᠰᠠᠨ ᠤ ᠳᠠᠷᠠᠭ᠎ᠠ ᠰᠠᠶ᠋ᠢ ᠡᠷᠭᠢᠯᠡᠵᠦ ᠪᠣᠯᠤᠨ᠎ᠠ︔ ᠡᠯ᠎ᠡ ᠲᠥᠷᠥᠯ ᠤᠨ ᠨᠡᠭᠦᠳᠡᠯ ᠬᠤᠭᠤᠯᠠᠨ ᠲᠢᠩᠬᠢᠮ ︵ᠬᠤᠭᠤᠯᠠᠨ ᠲᠡᠷᠭᠡ︶ ᠤᠨ ᠶᠠᠮᠠᠷᠪᠠ ᠬᠡᠯᠪᠡᠷᠢ ᠪᠠᠷ ᠢᠳᠡᠭᠡᠨ ᠤᠮᠳᠠᠭᠠᠨ ᠤ ᠦᠢᠯᠡᠴᠢᠯᠡᠭᠡ ᠶᠢ ᠳᠠᠭᠠᠭᠠᠨ ᠠᠪᠬᠤ ᠶᠢ ᠴᠢᠩᠭ᠎ᠠ ᠴᠠᠭᠠᠵᠠᠯᠠᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠭᠠᠴᠠᠭ᠎ᠠ ᠲᠣᠰᠬᠤᠨ ᠵᠡᠷᠭᠡ ᠨᠢ ᠬᠤᠷᠠᠯ ᠴᠤᠭᠯᠠᠭᠠᠨ ᠵᠡᠷᠭᠡ ᠠᠵᠢᠯᠯᠠᠭ᠎ᠠ ᠡᠷᠭᠢᠯᠡᠬᠦ ᠳᠤ ᠬᠥᠮᠦᠨ ᠤ ᠲᠤᠭ᠎ᠠ ᠶᠢ ᠬᠢᠵᠠᠭᠠᠷᠯᠠᠵᠤ᠂ 50 ᠬᠥᠮᠦᠨ ᠠᠴᠠ ᠳᠡᠭᠡᠭᠰᠢᠬᠢ ᠠᠵᠢᠯᠯᠠᠭ᠎ᠠ ᠳᠤ ᠰᠡᠷᠭᠡᠶᠢᠯᠡᠨ ᠡᠵᠡᠮᠳᠡᠬᠦ ᠲᠥᠰᠦᠯ ᠲᠣᠭᠲᠠᠭᠠᠵᠤ᠂ ᠬᠤᠯᠪᠣᠭᠳᠠᠯ ᠪᠥᠬᠦᠶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ︔ ᠺᠠᠳ᠋ᠷ ᠠᠵᠢᠯᠲᠠᠨ ᠠᠵᠢᠯᠴᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠬᠤᠭᠤᠯᠠ ᠢᠳᠡᠬᠦ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠠᠯᠢ ᠴᠢᠳᠠᠬᠤ ᠪᠠᠷ ᠬᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠪᠠ ᠬᠠᠮᠲᠤ ᠶᠢᠨ ᠬᠤᠭᠤᠯᠠ ᠶᠢ ᠡᠷᠭᠢᠯᠡᠬᠦ ᠥᠬᠡᠶ ᠪᠤᠶᠤ ᠲᠡᠭᠦᠨ ᠳᠤ ᠣᠷᠣᠯᠴᠠᠬᠤ ᠥᠬᠡᠶ ᠪᠠᠶᠢᠵᠤ᠂ ᠬᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠪᠠ ᠬᠠᠮᠲᠤ ᠶᠢᠨ ᠬᠤᠭᠤᠯᠠ ᠶᠢ 10 ᠬᠥᠮᠦᠨ ᠤ ᠳᠣᠲᠣᠷ᠎ᠠ ᠬᠢᠵᠠᠭᠠᠷᠯᠠᠬᠤ ᠶᠢᠨ ᠬᠠᠮᠲᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ ᠰᠦᠯᠵᠢᠶᠡᠨ ᠳᠡᠭᠡᠷ᠎ᠡ ᠰᠢᠨ᠎ᠡ ᠶᠢᠨ ᠮᠡᠨᠳᠦᠴᠢᠯᠡᠯ ᠬᠦᠷᠭᠡᠬᠦ ᠶᠢ ᠰᠠᠨᠠᠭᠠᠴᠢᠯᠠᠵᠤ᠂ ᠲᠦᠷᠦᠯ ᠰᠠᠳᠤᠨ ᠨᠠᠶᠢᠵᠠ ᠨᠥᠬᠦᠳ ᠢᠶᠠᠨ ᠰᠤᠷᠪᠤᠯᠵᠢᠯᠠᠬᠤ ᠶᠢ ᠪᠠᠭᠠᠰᠬᠠᠵᠤ᠂ ᠭᠡᠷ ᠪᠦᠯᠢ ᠶᠢᠨ ᠬᠢᠨ ᠡᠳᠦᠷ ᠪᠦᠷᠢ ᠢᠯᠡᠭᠦᠦ ᠴᠣᠩᠬᠤ ᠨᠡᠭᠡᠭᠡᠵᠦ ᠰᠠᠯᠬᠢ ᠨᠡᠪᠲᠡᠷᠡᠭᠦᠯᠬᠦ ᠶᠢ ᠰᠠᠨᠠᠭᠠᠴᠢᠯᠠᠨ᠎ᠠ᠃ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠢᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠲᠥᠷᠥᠯ ᠬᠤᠪᠢᠶᠠᠨ ᠲᠡᠭᠦᠯᠳᠡᠷᠵᠢᠭᠦᠯᠵᠦ᠂ ᠠᠷᠢᠭᠤᠨ ᠴᠡᠪᠡᠷ ᠢᠶᠠᠷ ᠠᠷᠢᠭᠤᠳᠬᠠᠬᠤ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠢ ᠰᠠᠶᠢᠲᠤᠷ ᠬᠢᠵᠦ᠂ ︽ᠪᠣᠯᠵᠣᠵᠤ ᠳᠡᠶᠢᠯᠬᠦ ᠶᠢ ᠨᠢ ᠴᠥᠮ ᠪᠣᠯᠵᠣᠨ ᠲᠣᠭᠲᠠᠬᠤ︾ ᠵᠠᠷᠴᠢᠮ ᠶᠣᠰᠣᠭᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠴᠠᠭ ᠬᠤᠪᠢᠶᠠᠨ ᠪᠣᠯᠵᠣᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠵᠢᠭᠤᠯᠴᠢᠯᠠᠭᠴᠢᠳ ᠤᠨ ᠴᠠᠭ ᠪᠠ ᠣᠷᠭᠢᠯ ᠦᠶ᠎ᠡ ᠶᠢ ᠵᠥᠷᠢᠴᠡᠭᠦᠯᠦᠨ ᠵᠢᠭᠤᠯᠴᠢᠯᠠᠬᠤ ᠶᠢ ᠬᠥᠲᠥᠯᠦᠨ ᠵᠢᠯᠣᠭᠤᠳᠤᠨ᠎ᠠ᠃ ᠵᠣᠴᠢᠳ ᠤᠨ ᠪᠠᠭᠤᠳᠠᠯ ᠤᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠠᠷᠢᠭᠤᠨ ᠴᠡᠪᠡᠷ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ ᠵᠢᠭᠤᠯᠴᠢᠯᠠᠯ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠵᠡᠷᠭᠡ ᠠᠵᠢᠯ ᠲᠥᠷᠥᠯ ᠤᠨ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠬᠥᠮᠦᠰ ᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠵᠢᠭᠤᠯᠴᠢᠯᠠᠯ ᠤᠨ ᠦᠵᠡᠮᠵᠢ ᠶᠢᠨ ᠣᠷᠣᠨ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠤᠤᠭᠤᠬᠤ ᠤᠰᠤ᠂ ᠢᠳᠡᠭᠡᠨ ᠤ ᠠᠮᠤᠷ ᠲᠦᠪᠰᠢᠨ ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠢᠩᠭᠠᠷᠠᠭᠤᠯᠤᠨ᠎ᠠ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠵᠠᠮ ᠬᠠᠷᠢᠯᠴᠠᠭᠠᠨ ᠤ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠷᠠᠳᠢᠣ᠋ ᠲᠧᠯᠸᠢᠰ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠭᠠᠯᠲᠤ ᠲᠡᠷᠭᠡᠨ ᠤ ᠥᠷᠲᠡᠭᠡ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠵᠢᠴᠢ ᠪᠤᠰᠤᠳ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    4. ᠭᠤᠤᠯᠳᠠᠯᠭ᠎ᠠ ᠲᠠᠢ ᠬᠥᠮᠦᠰ ᠢ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠶᠢᠨ ᠬᠢᠨ ᠲᠤᠰ ᠡᠳᠦᠷ ᠠᠴᠠ ᠡᠬᠢᠯᠡᠨ ᠬᠥᠮᠦᠰ ᠢᠶᠠᠨ ᠵᠣᠬᠢᠶᠠᠨ ᠪᠠᠶᠢᠭᠤᠯᠤᠨ ᠪᠦᠬᠦ ᠲᠠᠯ᠎ᠠ ᠪᠠᠷ ᠪᠠᠶᠢᠴᠠᠭᠠᠨ ᠰᠡᠢᠳᠪᠦᠷᠢᠯᠡᠬᠦ ᠠᠵᠢᠯ ᠢ ᠥᠷᠨᠢᠭᠦᠯᠵᠦ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠠᠵᠢᠯᠲᠠᠨ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠰᠤᠪᠢᠯᠠᠭᠴᠢ ᠪᠠ ᠲᠣᠰᠬᠤᠨ ᠤ ᠡᠮᠴᠢ᠂ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠳ᠂ ᠢᠯᠠᠩᠭᠤᠶ᠎ᠠ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠢᠳᠡᠭᠡᠨ ᠤ ᠬᠠᠮᠢᠶ᠎ᠠ ᠪᠥᠬᠦᠶ ᠠᠵᠢᠯ ᠪᠠ ᠬᠢᠯᠢ ᠬᠢᠵᠠᠭᠠᠷ ᠣᠷᠣᠨ ᠤ ᠨᠤᠲᠤᠭ ᠲᠠᠭᠠᠨ ᠪᠤᠴᠠᠭᠰᠠᠳ᠂ ᠭᠠᠳᠠᠨ᠎ᠠ ᠠᠴᠠ ᠢᠷᠡᠭᠰᠡᠳ᠂ ᠬᠢᠵᠢᠭ ᠤᠨ ᠪᠠᠶᠢᠳᠠᠯ ᠤᠨ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ᠬᠥᠮᠦᠰ᠂ ᠬᠢᠯᠢ ᠪᠠᠷ ᠣᠷᠣᠵᠤ ᠢᠷᠡᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠮᠡᠳᠡᠭᠡ ᠵᠠᠩᠭᠢ ᠶᠢ ᠳᠠᠩᠰᠠᠯᠠᠬᠤ ᠪᠠ ᠡᠳᠦᠷ ᠲᠤᠲᠤᠮ ᠤᠨ ᠡᠷᠡᠭᠦᠯ ᠮᠡᠨᠳᠦ ᠶᠢ ᠬᠢᠨᠠᠨ ᠬᠡᠮᠵᠢᠬᠦ ᠠᠵᠢᠯ ᠢ ᠰᠠᠶᠢᠲᠤᠷ ᠬᠢᠨ᠎ᠠ᠃ ᠭᠤᠤᠯᠳᠠᠯᠭ᠎ᠠ ᠲᠠᠢ ᠬᠥᠮᠦᠰ ᠲᠤ ᠠᠮᠠᠪᠴᠢ ᠵᠡᠭᠦᠬᠦ᠂ ᠰᠠᠯᠬᠢ ᠢᠯᠡᠭᠦᠬᠡᠨ ᠨᠡᠪᠲᠡᠷᠡᠭᠦᠯᠬᠦ᠂ ᠭᠠᠷ ᠢᠶᠠᠨ ᠦᠷᠭᠦᠯᠵᠢ ᠤᠬᠢᠶᠠᠬᠤ᠂ ᠨᠢᠭᠡ ᠮᠧᠲᠷ ᠤᠨ ᠱᠤᠭᠤᠮ ᠵᠡᠷᠭᠡ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠭᠠᠷᠤᠭᠰᠠᠨ ᠤ ᠳᠠᠷᠠᠭ᠎ᠠ ᠴᠠᠭ ᠲᠤᠬᠠᠶ ᠳᠤᠨᠢ ᠥᠪᠡᠷ ᠢ ᠪᠠᠨ ᠲᠤᠰᠠᠭᠠᠷᠯᠠᠬᠤ ᠪᠠ ᠮᠡᠳᠡᠭᠦᠯᠬᠦ ᠬᠡᠷᠡᠭᠲᠡᠶ᠃ 2021 ᠣᠨ ᠤ 1 ᠳ᠋ᠦᠭᠡᠷ ᠰᠠᠷ᠎ᠠ ᠶᠢᠨ 1 ᠤ ᠡᠳᠦᠷ ᠠᠴᠠ ᠨᠠᠰᠢ᠂ ᠭᠠᠳᠠᠷ ᠣᠷᠣᠨ ᠠᠴᠠ ᠬᠤᠰᠢᠭᠤᠨ ᠳᠠᠭᠠᠨ ᠪᠤᠴᠠᠭᠰᠠᠳ ᠢ ᠴᠠᠭ ᠲᠤᠬᠠᠶ ᠳᠤᠨᠢ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶ ᠳᠠᠭᠠᠨ ᠪᠦᠷᠢᠳᠬᠡᠨ ᠳᠠᠩᠰᠠᠯᠠᠭᠤᠯᠵᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠳᠤ ᠬᠠᠮᠵᠢᠯᠴᠠᠨ᠂ ᠴᠢᠳᠠᠬᠤ ᠶᠢᠨ ᠳᠣᠲᠣᠷ᠎ᠠ ᠲᠥᠷᠥᠯ ᠰᠠᠳᠤᠨ ᠨᠠᠶᠢᠵᠠ ᠨᠥᠬᠦᠳ ᠢᠶᠠᠨ ᠡᠷᠭᠢᠵᠦ ᠦᠵᠡᠬᠦ ᠥᠬᠡᠶ ᠪᠠᠶᠢᠬᠤ ᠬᠡᠷᠡᠭᠲᠡᠶ᠃ 1 ᠰᠠᠷ᠎ᠠ ᠶᠢᠨ 10 ᠤ ᠡᠳᠦᠷ ᠠᠴᠠ ᠰᠡᠭᠦᠯᠡᠷ ᠮᠠᠨ ᠤ ᠬᠤᠰᠢᠭᠤᠨ ᠳᠤ ᠣᠷᠣᠵᠤ ᠢᠷᠡᠭᠰᠡᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠲᠡᠤᠬᠡ ᠶᠢᠨ ᠬᠥᠮᠦᠰ ᠲᠤ ᠴᠥᠮ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢ 7 ᠡᠳᠦᠷ + 3 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠨ᠎ᠠ᠃ ᠳᠤᠮᠳᠠ ᠲᠦᠭᠰᠢᠭᠦᠷᠢ ᠲᠠᠢ ᠭᠠᠵᠠᠷ ᠣᠷᠣᠨ ᠤ ᠵᠤᠭᠠᠴᠠᠨ ᠰᠠᠭᠤᠭᠰᠠᠨ ᠲᠡᠤᠬᠡ ᠲᠠᠢ ᠬᠥᠮᠦᠰ ᠲᠤ ᠴᠥᠮ ᠨᠢᠭᠡ ᠬᠥᠮᠦᠨ ᠨᠢᠭᠡ ᠡᠷᠦᠬᠡ ᠳᠤ 7 ᠡᠳᠦᠷ ᠤᠨ ᠬᠡᠷ ᠪᠦᠯᠢ ᠶᠢᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ + 3 ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠬᠡᠷᠡᠭᠵᠢᠭᠦᠯᠵᠦ᠂ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠢ ᠪᠠᠶᠢᠭ᠎ᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠤᠷ︶ ᠠᠴᠠ ᠬᠠᠷᠢᠭᠤᠴᠠᠨ ᠬᠠᠩᠭᠠᠵᠤ᠂ ᠨᠢᠭᠡ ᠳᠤ ᠨᠢᠭᠡ ᠶᠢᠨ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢᠨ ᠵᠡᠷᠭᠡ ᠠᠵᠢᠯ ᠢ ᠨᠢᠭᠲᠠ ᠰᠠᠶᠢᠲᠤᠷ ᠬᠢᠨ᠎ᠠ᠃ 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠦᠷ ᠪᠢᠯᠢᠭ ᠴᠢᠨᠠᠷᠲᠠᠶ ᠪᠥᠭᠡᠳ 7 ᠡᠳᠦᠷ ᠤᠨ ᠲᠤᠰᠠᠭᠠᠷᠯᠠᠯ ᠤᠨ ᠬᠤᠭᠤᠴᠠᠭ᠎ᠠ ᠨᠢ ᠳᠦᠭᠦᠷᠪᠡᠯ᠂ ᠲᠥᠪᠯᠡᠷᠡᠬᠦ ᠪᠤᠶᠤ ᠬᠡᠷ ᠲᠡᠭᠡᠨ ᠰᠠᠭᠤᠵᠤ ᠲᠤᠰᠠᠭᠠᠷᠯᠠᠬᠤ ᠪᠠᠨ ᠪᠤᠯᠢᠵᠤ᠂ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠨ ᠬᠢᠭᠰᠡᠨ ᠤᠷᠢᠲᠠᠯ ᠳᠣᠤᠷ᠎ᠠ᠂ ᠴᠢᠯᠥᠭᠡᠲᠡᠶ ᠪᠥᠭᠡᠳ ᠡᠮᠬᠢ ᠵᠢᠷᠤᠮ ᠲᠠᠢ ᠪᠠᠷ ᠰᠢᠯᠵᠢᠵᠦ ᠪᠣᠯᠤᠨ᠎ᠠ᠃ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠨᠢ ᠠᠷᠭ᠎ᠠ ᠴᠢᠨᠠᠷ ᠲᠠᠢ ᠪᠠᠶᠢᠪᠠᠯ᠂ ᠳᠠᠷᠦ᠋ᠢᠬᠠᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠰᠢᠯᠵᠢᠭᠦᠯᠦᠨ ᠬᠦᠷᠭᠡᠵᠦ ᠡᠮᠨᠡᠨ ᠠᠪᠤᠷᠠᠬᠤ ᠶᠢ ᠶᠠᠪᠤᠭᠳᠠᠭᠤᠯᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠵᠡᠷᠭᠡᠪᠡᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠲᠣᠭᠲᠠᠴᠠ ᠶᠢ ᠳᠠᠷᠦ᠋ᠢᠬᠠᠨ ᠡᠬᠢᠯᠡᠭᠦᠯᠬᠦ ᠬᠡᠷᠡᠭᠲᠡᠶ︔ ᠡᠭᠦᠨ ᠤ ᠬᠠᠮᠲᠤ᠂ ᠲᠡᠳᠡᠨ ᠤ ᠨᠢᠭᠲᠠ ᠣᠶᠢᠷᠠᠲᠤᠭᠰᠠᠳ ᠪᠠ ᠳᠡᠳ᠋ ᠨᠢᠭᠲᠠ ᠣᠶᠢᠷᠠᠲᠤᠭᠰᠠᠳ ᠢ ᠮᠥᠷᠳᠡᠨ ᠵᠢᠭᠰᠠᠭᠠᠨ ᠪᠠᠶᠢᠴᠠᠭᠠᠬᠤ ᠶᠢᠨ ᠬᠠᠮᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠭᠰᠠᠨ ᠠᠨᠠᠭᠠᠬᠤ ᠤᠬᠠᠭᠠᠨ ᠤ ᠠᠵᠢᠭᠯᠠᠯᠲᠠ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠶᠢᠨ ᠬᠠᠮᠲᠤ᠂ ᠪᠠᠶᠢᠳᠠᠯ ᠢ ᠨᠢ ᠦᠵᠡᠵᠦ ᠪᠠᠶᠢᠭᠠᠳ ᠲᠡᠳᠡᠨ ᠤ ᠣᠷᠣᠰᠢᠨ ᠰᠠᠭᠤᠵᠤ ᠪᠠᠶᠢᠭ᠎ᠠ ᠨᠢᠭᠡᠴᠡ᠂ ᠠᠰᠠᠷ ᠲᠠᠭᠲᠤ᠂ ᠵᠢᠵᠢᠭ ᠲᠣᠭᠤᠷᠢᠭ᠂ ᠲᠣᠰᠬᠤᠨ ᠤ ᠳᠤᠭᠤᠶᠢᠯᠠᠩ ᠪᠤᠶᠤ ᠠᠵᠤ ᠠᠬᠤᠶᠢᠯᠠᠯ ᠢ ᠪᠢᠲᠡᠭᠦᠮᠵᠢᠯᠡᠨ ᠬᠠᠮᠢᠶᠠᠷᠤᠨ᠎ᠠ᠃ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠦᠷᠭᠡᠭᠰᠡᠨ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠪᠠᠶᠢᠳᠠᠯ ᠥᠬᠡᠶ ᠪᠠᠷ ᠬᠠᠯᠳᠠᠪᠤᠷᠢᠯᠠᠭᠰᠠᠳ ᠤᠨ ᠨᠢᠭᠲᠠ ᠵᠠᠯᠭᠠᠭᠰᠠᠳ ᠪᠠ ᠳᠡᠳ᠋ ᠨᠢᠭᠲᠠ ᠵᠠᠯᠭᠠᠭᠰᠠᠳ ᠢ ᠴᠠᠭ ᠲᠤᠬᠠᠶ ᠳᠤᠨᠢ ᠮᠥᠷᠳᠡᠨ ᠵᠢᠭᠰᠠᠭᠠᠨ ᠪᠠᠶᠢᠴᠠᠭᠠᠬᠤ ᠶᠢᠨ ᠬᠠᠮᠲᠤ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 7 ᠡᠳᠦᠷ ᠤᠨ ᠬᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠢᠯᠢ ᠶᠢᠨ ᠭᠠᠳᠠᠨᠠᠬᠢ ᠪᠣᠶ ᠪᠥᠬᠦᠶ ᠬᠥᠮᠦᠰ ᠲᠤ ᠨᠢᠭᠡᠳᠦᠭᠡᠷ ᠬᠢᠯᠢ ᠪᠠᠷ ᠣᠷᠣᠵᠤ ᠢᠷᠡᠭᠰᠡᠨ ᠭᠠᠵᠠᠷ ᠤᠨ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + ᠬᠠᠷᠢᠶᠠᠲᠤ ᠭᠠᠵᠠᠷ ᠤᠨ 14 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 7 ᠡᠳᠦᠷ ᠤᠨ ᠬᠡᠷ ᠲᠡᠭᠡᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ + 3 ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠨᠤᠭᠤᠳ ᠲᠣᠭᠤᠷᠢᠨ ᠪᠠᠶᠢᠴᠠᠭᠠᠬᠤ ᠪᠠᠨ ᠴᠢᠩᠭᠠᠳᠬᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠬᠢᠨᠠᠨ ᠬᠠᠷᠭᠤᠭᠤᠯᠬᠤ ᠪᠠ ᠮᠡᠳᠡᠭᠦᠯᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    5. ᠭᠤᠤᠯᠳᠠᠯᠭ᠎ᠠ ᠲᠠᠢ ᠠᠵᠢᠯ ᠲᠥᠷᠥᠯ ᠤᠨ ᠬᠠᠮᠢᠶᠠᠷᠤᠨ ᠡᠵᠡᠮᠳᠡᠬᠦ ᠶᠢ ᠰᠠᠶᠢᠲᠤᠷ ᠬᠢᠨ᠎ᠠ᠃ ᠵᠠᠮ ᠬᠠᠷᠢᠯᠴᠠᠭ᠎ᠠ᠂ ᠬᠤᠳᠠᠯᠳᠤᠭᠠᠨ ᠤ ᠶᠠᠪᠤᠳᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠠᠵᠢᠯ ᠲᠥᠷᠥᠯ ᠤᠨ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠬᠦᠢᠴᠡᠳᠬᠡᠵᠦ᠂ ᠲᠡᠭᠡᠭᠡᠪᠦᠷᠢ ᠶᠢᠨ ᠲᠡᠷᠭᠡ ᠬᠥᠰᠬᠡ᠂ ᠬᠥᠮᠥᠷᠭᠡᠯᠡᠨ ᠬᠠᠳᠠᠭᠠᠯᠠᠬᠤ ᠲᠥᠬᠦᠭᠡᠷᠦᠮᠵᠢ ᠵᠢᠴᠢ ᠡᠯ᠎ᠡ ᠲᠥᠷᠥᠯ ᠤᠨ ᠡᠵᠡᠩᠨᠡᠯᠲᠡ ᠶᠢᠨ ᠲᠠᠯᠠᠪᠤᠷ ᠭᠠᠵᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠬᠢᠯᠢ ᠶᠢᠨ ᠭᠠᠳᠠᠨ᠎ᠠ ᠠᠴᠠ ᠣᠷᠣᠭᠤᠯᠤᠭᠰᠠᠨ ᠬᠦᠢᠳᠡᠨ ᠬᠡᠯᠬᠢᠶᠡᠲᠦ ᠢᠳᠡᠭᠡᠨ ᠢ ᠵᠠᠷᠴᠢᠮ ᠳᠡᠭᠡᠷ᠎ᠡ ᠪᠠᠨ ᠮᠠᠨ ᠤ ᠬᠤᠰᠢᠭᠤᠨ ᠳᠤ ᠣᠷᠣᠭᠤᠯᠵᠤ ᠪᠣᠯᠬᠤ ᠥᠬᠡᠶ᠃ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠰᠢᠤᠳᠠᠨ ᠤ ᠶᠠᠪᠤᠳᠠᠯ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠯ᠎ᠡ ᠲᠥᠷᠥᠯ ᠤᠨ ᠲᠦᠷᠭᠡᠨ ᠬᠦᠷᠭᠡᠬᠦ ᠠᠵᠤ ᠠᠬᠤᠶᠢᠯᠠᠯ ᠵᠢᠴᠢ ᠠᠵᠢᠯ ᠡᠷᠭᠢᠯᠡᠭᠰᠡᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢ ᠬᠢᠨᠠᠨ ᠵᠢᠯᠣᠭᠤᠳᠴᠤ᠂ ᠠᠵᠢᠯ ᠡᠷᠭᠢᠯᠡᠭᠰᠡᠳ ᠢ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠪᠡᠶ᠎ᠡ ᠶᠢᠨ ᠳᠤᠯᠠᠭᠠᠨ ᠢ ᠬᠡᠮᠵᠢᠬᠦ ᠵᠡᠷᠭᠡ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠱᠠᠭᠠᠷᠳᠠᠬᠤ ᠬᠡᠷᠡᠭᠲᠡᠶ᠃ ᠭᠠᠳᠠᠭᠠᠳᠤ ᠠᠴᠠ ᠣᠷᠣᠭᠤᠯᠬᠤ ᠪᠤᠰᠤᠳ ᠡᠳ᠋ ᠪᠣᠳᠠᠰ ᠵᠢᠴᠢ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠤ ᠡᠳ᠋ ᠪᠣᠳᠠᠰ ᠪᠠ ᠲᠦᠷᠭᠡᠨ ᠬᠦᠷᠭᠡᠯᠲᠡ ᠶᠢ ᠲᠡᠭᠡᠭᠡᠪᠦᠷᠢ ᠶᠢᠨ ᠶᠠᠪᠤᠴᠠ ᠳᠤ ᠳᠤᠷ᠎ᠠ ᠪᠠᠷ ᠢᠶᠠᠨ ᠬᠠᠶᠢᠷᠴᠠᠭ ᠢ ᠨᠡᠭᠡᠭᠡᠵᠦ ᠪᠣᠯᠬᠤ ᠦᠭᠡᠢ᠂ ᠪᠠᠷᠠᠭᠠᠨ ᠤ ᠪᠣᠭᠤᠳᠠᠯ ᠢ ᠳᠤᠷ᠎ᠠ ᠪᠠᠷ ᠢᠶᠠᠨ ᠨᠡᠭᠡᠭᠡᠵᠦ ᠦᠢᠯᠡᠳᠬᠦᠨ ᠲᠠᠢ ᠰᠢᠭᠤᠳ ᠬᠦᠷᠦᠯᠴᠡᠵᠦ ᠪᠣᠯᠬᠤ ᠦᠭᠡᠢ︔ ᠲᠡᠭᠡᠭᠡᠪᠦᠷᠢ ᠶᠢᠨ ᠠᠵᠤ ᠠᠬᠤᠶᠢᠯᠠᠯ ᠪᠠ ᠳᠠᠭᠠᠭᠠᠴᠢᠯᠠᠨ ᠲᠡᠭᠡᠭᠡᠪᠦᠷᠢᠯᠡᠭᠴᠢ ᠭᠠᠳᠠᠭᠠᠳᠤ ᠠᠴᠠ ᠣᠷᠣᠭᠤᠯᠬᠤ ᠪᠠᠷᠠᠭ᠎ᠠ ᠪᠠ ᠲᠦᠷᠭᠡᠨ ᠬᠦᠷᠭᠡᠬᠦ ᠲᠡᠷᠭᠡ ᠬᠥᠰᠬᠡ ᠶᠢ ᠲᠦᠢᠯᠪᠤᠷᠢᠲᠠᠶ ᠠᠷᠢᠭᠤᠳᠬᠠᠬᠤ ᠶᠢᠨ ᠬᠠᠮᠲᠤ ᠳᠠᠭᠠᠭᠠᠨ ᠲᠡᠭᠡᠭᠡᠪᠦᠷᠢᠯᠡᠬᠦ ᠪᠠᠷᠠᠭᠠᠨ ᠤ ᠬᠦᠢᠯᠬᠡᠬᠡᠨ ᠤ ᠴᠢᠭᠯᠡᠯ ᠤᠨ ᠪᠥᠬᠦ ᠶᠠᠪᠤᠴᠠ ᠶᠢᠨ ᠨᠠᠷᠢᠨ ᠲᠡᠮᠳᠡᠭᠯᠡᠯ ᠢ ᠰᠠᠶᠢᠲᠤᠷ ᠬᠢᠵᠦ᠂ ᠳᠠᠭᠠᠭᠠᠨ ᠲᠡᠭᠡᠭᠡᠪᠦᠷᠢᠯᠡᠬᠦ ᠪᠠᠷᠠᠭᠠᠨ ᠤ ᠢᠷᠡᠯᠲᠡ᠂ ᠪᠠᠷᠠᠭ᠎ᠠ ᠠᠴᠢᠶᠠᠯᠠᠵᠤ ᠪᠠᠭᠤᠯᠭᠠᠬᠤ ᠴᠠᠭ ᠬᠤᠭᠤᠴᠠᠭ᠎ᠠ᠂ ᠳᠠᠭᠠᠭᠠᠨ ᠲᠡᠭᠡᠭᠡᠪᠦᠷᠢᠯᠡᠬᠦ ᠲᠡᠷᠭᠡ ᠬᠥᠰᠬᠡ ᠶᠢᠨ ᠫᠠᠶᠢᠰᠠ ᠦᠨᠡᠮᠯᠡᠯ ᠬᠡᠯᠪᠡᠷᠢ ᠮᠠᠶ᠋ᠢᠭ ᠵᠢᠴᠢ ᠵᠢᠯᠣᠭᠤᠴᠢ᠂ ᠪᠠᠷᠠᠭ᠎ᠠ ᠶᠠᠪᠤᠭᠤᠯᠬᠤ ᠬᠥᠮᠦᠨ᠂ ᠪᠠᠷᠠᠭ᠎ᠠ ᠭᠥᠯᠢᠶᠡᠨ ᠠᠪᠬᠤ ᠬᠥᠮᠦᠨ ᠵᠡᠷᠭᠡ ᠶᠢᠨ ᠮᠡᠳᠡᠭᠡ ᠵᠠᠩᠭᠢ ᠶᠢ ᠰᠠᠶᠢᠲᠤᠷ ᠲᠡᠮᠳᠡᠭᠯᠡᠬᠦ ᠬᠡᠷᠡᠭᠲᠡᠶ᠂ ᠪᠠᠷᠠᠭ᠎ᠠ ᠣᠷᠣᠭᠤᠯᠬᠤ ᠢᠷᠡᠯᠲᠡ ᠶᠢ ᠬᠠᠩᠭᠠᠵᠤ ᠳᠡᠶᠢᠯᠬᠦ ᠥᠬᠡᠶ ᠪᠠᠷᠠᠭ᠎ᠠ ᠶᠢ ᠳᠠᠭᠠᠭᠠᠨ ᠲᠡᠭᠡᠭᠡᠪᠦᠷᠢᠯᠡᠵᠦ ᠪᠣᠯᠬᠤ ᠥᠬᠡᠶ︔ ᠪᠣᠶ ᠪᠥᠬᠦᠶ ᠪᠠᠷᠠᠭ᠎ᠠ ᠪᠣᠯᠤᠨ ᠲᠦᠷᠭᠡᠨ ᠬᠦᠷᠭᠡᠯᠲᠡ ᠶᠢ ᠬᠤᠰᠢᠭᠤᠨ ᠳᠤ ᠣᠷᠣᠬᠤ ᠨᠢᠭᠡᠳᠦᠭᠡᠷ ᠥᠷᠲᠡᠭᠡ ᠴᠢᠬ ᠲᠤ ᠭᠠᠳᠠᠷ ᠪᠣᠭᠤᠳᠠᠯ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠲᠥᠪᠯᠡᠷᠡᠭᠦᠯᠦᠨ ᠠᠷᠢᠭᠤᠳᠬᠠᠬᠤ ᠪᠠ ᠮᠡᠳᠡᠭᠡ ᠵᠠᠩᠭᠢ ᠶᠢ ᠲᠡᠮᠳᠡᠭᠯᠡᠵᠦ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠠᠶᠢᠪᠠᠯ᠂ ᠬᠡᠪ ᠤᠨ ᠪᠠᠶᠢᠳᠠᠯ ᠢᠶᠠᠷ ᠬᠦᠢᠯᠬᠡᠬᠡᠨ ᠳᠤ ᠣᠷᠣᠭᠤᠯᠬᠤ ᠶᠢ ᠵᠥᠪᠰᠢᠶᠡᠷᠡᠨ᠎ᠡ᠃ ︵ᠵᠠᠮ ᠬᠠᠷᠢᠯᠴᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠰᠢᠤᠳᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     6. ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠎ᠠ᠃ ᠨᠤᠲᠤᠭ ᠲᠠᠭᠠᠨ ᠪᠤᠴᠠᠬᠤ ᠠᠴᠠ ᠡᠮᠦᠨ᠎ᠡ᠂ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠴᠠᠭᠠᠨ ᠰᠠᠷ᠎ᠠ ᠶᠢᠨ ᠬᠤᠭᠤᠴᠠᠭᠠᠨ ᠳᠤ ᠠᠯᠢ ᠴᠢᠳᠠᠬᠤ ᠪᠠᠷ ᠠᠵᠢᠯᠯᠠᠬᠤ ᠭᠠᠵᠠᠷ ᠲᠤᠨᠢ ᠪᠠᠶᠢᠯᠭᠠᠵᠤ᠂ ᠬᠢᠵᠢᠭ ᠤᠨ ᠪᠠᠶᠢᠳᠠᠯ ᠢ ᠮᠠᠯᠵᠢᠬᠤ ᠲᠠᠷᠢᠶᠠᠯᠠᠬᠤ ᠣᠷᠣᠨ ᠳᠤ ᠠᠪᠠᠴᠢᠨ ᠠᠪᠴᠢᠷᠠᠬᠤ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ ᠨᠤᠲᠤᠭ ᠲᠠᠭᠠᠨ ᠪᠤᠴᠠᠬᠤ ᠵᠠᠮ ᠳᠠᠭᠠᠨ ᠵᠠᠮ ᠲᠡᠭᠡᠭᠡᠪᠦᠷᠢ᠂ ᠲᠡᠮᠦᠷ ᠵᠠᠮ ᠵᠡᠷᠭᠡ ᠰᠠᠯᠠᠭ᠎ᠠ ᠮᠥᠴᠢᠷ ᠤᠳ ᠬᠥᠯᠥᠰᠥᠨ ᠠᠵᠢᠯᠴᠢᠨ ᠢ ᠬᠥᠲᠥᠯᠥᠨ ᠵᠢᠯᠣᠭᠤᠳᠴᠤ ᠵᠣᠬᠢᠶᠠᠨ ᠪᠠᠶᠢᠭᠤᠯᠵᠤ ᠪᠠᠶᠢᠭᠠᠳ ᠡᠮᠬᠢ ᠵᠢᠷᠤᠮ ᠲᠠᠢ ᠪᠠᠷ ᠨᠤᠲᠤᠭ ᠲᠠᠭᠠᠨ ᠪᠤᠴᠠᠬᠤ ᠪᠠ ᠠᠵᠢᠯᠯᠠᠭᠤᠯᠬᠤ ᠬᠡᠷᠡᠭᠲᠡᠶ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠵᠡᠷᠭᠡ ᠪᠢᠲᠡᠭᠦᠮᠵᠢᠯᠡᠭᠰᠡᠨ ᠲᠠᠯᠠᠪᠤᠷ ᠲᠤ ᠠᠮᠠᠪᠴᠢ ᠵᠡᠭᠦᠬᠦ ᠶᠢ ᠪᠥᠬᠦ ᠶᠠᠪᠤᠴᠠ ᠳᠤ ᠱᠠᠭᠠᠷᠳᠠᠨ᠎ᠠ︔ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠵᠠᠮ ᠵᠠᠭᠤᠷ᠎ᠠ ᠪᠠᠨ ᠭᠠᠷ ᠢᠶᠠᠨ ᠦᠷᠭᠦᠯᠵᠢ ᠤᠬᠢᠶᠠᠬᠤ᠂ ᠵᠠᠮ ᠲᠡᠭᠡᠭᠡᠪᠦᠷᠢ ᠶᠢᠨ ᠪᠠᠭᠠᠵᠢ ᠳᠤ ᠠᠷᠢᠭᠤᠳᠬᠠᠬᠤ ᠰᠢᠩᠭᠡᠨ ᠵᠡᠷᠭᠡ ᠲᠥᠬᠦᠮ ᠦᠢᠯᠡᠴᠢᠯᠡᠭᠡ ᠬᠠᠩᠭᠠᠬᠤ ᠶᠢ ᠪᠠᠷᠢᠮᠲᠠᠯᠠᠵᠤ᠂ ᠠᠶᠠᠨ ᠵᠠᠮ ᠤᠨ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠨ᠎ᠠ᠃ ᠨᠤᠲᠤᠭ ᠲᠠᠭᠠᠨ ᠪᠤᠴᠠᠭᠰᠠᠨ ᠤ ᠳᠠᠷᠠᠭ᠎ᠠ᠂ ᠤᠬᠠᠭᠤᠯᠭ᠎ᠠ ᠶᠢᠨ ᠵᠠᠷᠯᠠᠯ᠂ ᠤᠬᠠᠭᠤᠯᠭ᠎ᠠ ᠶᠢᠨ ᠳᠡᠪᠲᠡᠷ ᠢ ᠭᠠᠴᠠᠭ᠎ᠠ ᠲᠣᠰᠬᠤᠨ ᠳᠤ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠬᠥᠮᠦᠰ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠷᠠᠭᠤᠯᠵᠤ᠂ ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠪᠡᠭᠡᠯᠡᠶ ᠵᠡᠭᠦᠬᠦ ᠵᠡᠷᠭᠡ ᠬᠤᠪᠢ ᠬᠥᠮᠦᠨ ᠤ ᠬᠠᠮᠠᠭᠠᠯᠠᠬᠤ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠠᠶᠢᠯ ᠴᠥᠭᠡᠨ ᠰᠤᠷᠪᠤᠯᠵᠢᠯᠠᠬᠤ ᠶᠢ ᠰᠠᠨᠠᠭᠠᠴᠢᠯᠠᠨ᠂ ᠭᠡᠷ ᠪᠦᠯᠢ ᠶᠢᠨ ᠬᠤᠪᠢ ᠬᠥᠮᠦᠨ ᠤ ᠴᠤᠭᠯᠠᠵᠤ ᠴᠤᠭᠯᠠᠷᠠᠬᠤ ᠬᠥᠮᠦᠨ ᠤ ᠲᠤᠭ᠎ᠠ ᠶᠢ ᠬᠢᠵᠠᠭᠠᠷᠯᠠᠵᠤ᠂ ᠬᠠᠯᠳᠠᠪᠤᠷᠢᠲᠤ ᠲᠠᠭᠰᠢᠭᠤᠷ ᠵᠡᠷᠭᠡ ᠡᠪᠡᠳᠴᠢᠨ ᠤ ᠢᠯᠡᠷᠡᠯ ᠲᠠᠢ ᠪᠣᠯ ᠠᠯᠢ ᠪᠣᠯᠬᠤ ᠪᠠᠷ ᠣᠷᠣᠯᠴᠠᠬᠤ ᠥᠭᠡᠢ ᠪᠠᠶᠢᠵᠤ᠂ ᠬᠠᠯᠠᠭᠤᠷᠠᠬᠤ ᠵᠡᠷᠭᠡ ᠡᠪᠡᠳᠴᠢᠨ ᠤ ᠢᠯᠡᠷᠡᠯ ᠲᠠᠢ ᠪᠣᠯ ᠥᠪᠡᠷ ᠢ ᠪᠠᠨ ᠲᠤᠰᠠᠭᠠᠷᠯᠠᠨ ᠮᠡᠳᠡᠭᠦᠯᠵᠦ᠂ ᠲᠠᠷᠢᠶᠠᠯᠠᠬᠤ ᠮᠠᠯᠵᠢᠬᠤ ᠣᠷᠣᠨ ᠲᠤ ᠬᠢᠵᠢᠭ  ᠤᠨ ᠪᠠᠶᠢᠳᠠᠯ ᠤᠨ ᠲᠠᠷᠬᠠᠬᠤ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠤᠬᠠᠭᠤᠯᠬᠤ ᠬᠡᠯᠲᠡᠰ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠣᠶᠣᠯ ᠷᠠᠳᠢᠣ᠋ ᠲᠧᠯᠸᠢᠰ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠭᠠᠯᠲᠤ ᠲᠡᠷᠭᠡᠨ ᠥᠷᠲᠡᠭᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠡᠭᠡᠭᠡᠪᠦᠷᠢ ᠶᠢᠨ ᠬᠠᠮᠢᠶᠠᠷᠤᠯᠲᠠ ᠶᠢᠨ ᠭᠠᠵᠠᠷ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠬᠤᠶᠠᠷ︶ ᠨᠠᠷᠢᠯᠢᠬᠵᠢᠭᠤᠯᠤᠨ ᠪᠠᠶᠢᠩᠭᠤᠵᠢᠭᠤᠯᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ    1 ᠬᠢᠵᠢᠭ ᠤᠨ ᠪᠠᠶᠢᠳᠠᠯ ᠢ ᠬᠢᠨᠠᠨ ᠬᠡᠮᠵᠢᠬᠦ᠃ ᠡᠯ᠎ᠡ ᠲᠥᠷᠥᠯ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠩᠬ᠎ᠠ ᠡᠮᠴᠢᠯᠡᠭᠡᠨ ᠤ ᠡᠮᠴᠢ ᠶᠢᠨ ᠬᠠᠷᠢᠭᠤᠴᠠᠯᠭ᠎ᠠ ᠶᠢᠨ ᠳᠦᠷᠢᠮ ᠢ ᠴᠢᠩᠭᠠᠳᠬᠠᠵᠤ᠂ ᠢᠯᠠᠩᠭᠤᠶ᠎ᠠ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠵᠢᠴᠢ ᠬᠤᠪᠢ ᠶᠢᠨ ᠡᠮᠴᠢᠯᠡᠭᠡᠨ ᠤ ᠭᠠᠵᠠᠷ ᠨᠢ ︽ᠡᠷᠲᠡ ᠢᠯᠡᠷᠡᠭᠦᠯᠵᠦ᠂ ᠡᠷᠲᠡ ᠮᠡᠳᠡᠭᠦᠯᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠬᠤᠯ ᠡᠪᠡᠳᠴᠢᠨ ᠤ ᠰᠤᠳᠤᠯᠤᠯ ᠤᠨ ᠲᠡᠤᠬᠡ ᠶᠢ ᠠᠰᠠᠭᠤᠨ ᠣᠨᠣᠰᠢᠯᠠᠬᠤ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠡᠷᠲᠡ ᠢᠯᠭᠠᠨ ᠲᠠᠨᠢᠬᠤ ᠶᠢ ᠴᠢᠩᠭᠠᠳᠬᠠᠨ᠂ ᠬᠠᠯᠠᠭᠤᠷᠠᠬᠤ᠂ ᠬᠠᠭᠤᠷᠠᠶ ᠬᠠᠨᠢᠶᠠᠬᠤ᠂ ᠬᠤᠭᠤᠯᠠᠶ ᠡᠪᠡᠳᠬᠦ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠤᠨ ᠡᠪᠡᠳᠴᠢᠨ ᠤ ᠵᠢᠱᠢᠶ᠎ᠡ ᠶᠢ ᠬᠢᠨᠠᠨ ᠬᠡᠮᠵᠢᠬᠦ ᠪᠠ ᠮᠡᠳᠡᠭᠦᠯᠬᠦ ᠶᠢ ᠴᠢᠩᠭᠠᠳᠬᠠᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠶᠢ ᠢᠯᠡᠷᠡᠭᠦᠯᠬᠦ᠂ ᠮᠡᠳᠡᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ︽ᠬᠠᠷᠠᠭᠤᠯ ᠤᠨ ᠴᠡᠭ︾ ᠤᠨ ᠴᠢᠳᠠᠮᠵᠢ ᠶᠢ ᠪᠠᠳᠠᠷᠠᠭᠤᠯᠬᠤ ᠬᠡᠷᠡᠭᠲᠡᠶ︔ ᠬᠠᠯᠠᠭᠤᠷᠠᠭᠰᠠᠨ ᠡᠪᠡᠳᠴᠢᠲᠡᠨ ᠢ ᠬᠦᠯᠢᠶᠡᠨ ᠠᠪᠴᠤ ᠡᠮᠴᠢᠯᠡᠬᠦ ᠨᠦᠬᠦᠴᠡᠯ ᠦᠭᠡᠢ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠬᠠᠯᠠᠭᠤᠷᠠᠭᠰᠠᠨ ᠡᠪᠡᠳᠴᠢᠲᠡᠨ ᠢ ᠣᠯᠵᠤ ᠮᠡᠳᠡᠭᠰᠡᠨ ᠤ ᠳᠠᠷᠠᠭ᠎ᠠ ᠰᠠᠶᠢᠲᠤᠷ ᠳᠠᠩᠰᠠᠯᠠᠵᠤ᠂ ᠬᠤᠯᠪᠣᠭᠳᠠᠯ ᠪᠦᠬᠦᠢ ᠪᠠᠶᠢᠳᠠᠯ ᠢ ᠴᠠᠭ ᠲᠤᠬᠠᠶ ᠳᠤᠨᠢ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠬᠠᠯᠠᠭᠤᠷᠠᠭᠰᠠᠨ ᠡᠪᠡᠳᠴᠢᠲᠡᠨ ᠢ ᠲᠦᠷ ᠴᠠᠭ ᠤᠨ ᠦᠯᠡᠳᠡᠭᠡᠨ ᠦᠵᠡᠭᠦᠯᠬᠦ ᠲᠠᠰᠤᠭ ᠲᠤ ᠲᠤᠰᠠᠭᠠᠷᠯᠠᠨ ᠠᠵᠢᠭᠯᠠᠭᠤᠯᠬᠤ ᠪᠠᠷ ᠲᠣᠬᠢᠷᠠᠭᠤᠯᠬᠤ ᠬᠡᠷᠡᠭᠲᠡᠶ᠃ ᠡᠯ᠎ᠡ ᠲᠥᠷᠥᠯ ᠤᠨ ᠡᠮ ᠤᠨ ᠳᠡᠯᠭᠡᠭᠦᠷ ᠤᠳ ᠳᠡᠯᠭᠡᠭᠦᠷ ᠲᠤ ᠣᠷᠣᠭᠰᠠᠳ ᠤᠨ ᠪᠡᠶ᠎ᠡ ᠶᠢᠨ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠠᠭᠤᠨ ᠢ ᠪᠠᠭᠤᠷᠠᠭᠤᠯᠬᠤ᠂ ᠬᠠᠨᠢᠶᠠᠳᠤ ᠶᠢ ᠵᠣᠭᠰᠣᠭᠠᠬᠤ ᠲᠥᠷᠥᠯ ᠤᠨ ᠡᠮ ᠬᠤᠳᠠᠯᠳᠤᠨ ᠠᠪᠤᠭᠰᠠᠳ ᠲᠤ ᠦᠨᠡᠨ ᠨᠡᠷ᠎ᠡ ᠪᠠᠷ ᠢᠶᠠᠨ ᠳᠡᠩᠰᠡᠯᠡᠨ ᠲᠡᠮᠳᠡᠭᠯᠡᠵᠦ᠂ ᠬᠠᠷᠢᠶ᠎ᠠ ᠣᠷᠣᠨ ᠤ ᠪᠠᠨ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠳᠤ ᠮᠡᠳᠡᠭᠦᠯᠵᠦ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠠᠴᠠ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠲᠣᠰ ᠲᠣᠰ ᠣᠨᠣᠰᠢᠯᠠᠭᠤᠯᠬᠤ ᠬᠡᠷᠡᠭᠲᠡᠶ᠃ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠠᠯᠠᠭᠤᠷᠠᠵᠤ ᠪᠠᠶᠢᠭ᠎ᠠ ᠡᠪᠡᠳᠴᠢᠲᠡᠨ ᠤ ᠪᠥᠭᠡᠮ ᠬᠦᠴᠢᠯ ᠤᠨ ᠥᠯᠢᠭᠡᠷ ᠠᠪᠬᠤ ᠠᠵᠢᠯ ᠢ ᠰᠠᠶᠢᠲᠤᠷ ᠬᠢᠬᠦ ᠶᠢᠨ ᠬᠠᠮᠲᠤ ᠥᠯᠢᠭᠡᠷ ᠬᠡᠪ ᠢ ᠳᠠᠷᠦ᠋ᠢᠬᠠᠨ ᠲᠣᠭᠲᠠᠭᠰᠠᠨ ᠴᠡᠭ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠬᠦᠷᠭᠡᠵᠦ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠬᠡᠷᠡᠭᠲᠡᠶ᠃ ᠪᠠᠶᠢᠴᠠᠭᠠᠨ ᠰᠢᠯᠭᠠᠬᠤ ᠪᠠᠶᠢᠭᠤᠯᠤᠮᠵᠢ ᠨᠢ 6 ᠴᠠᠭ ᠤᠨ ᠳᠣᠲᠣᠷ᠎ᠠ ᠦᠷ᠎ᠡ ᠳ᠋ᠦᠩ ᠢ ᠬᠠᠷᠢᠭᠤ ᠲᠤᠰᠬᠠᠵᠤ᠂ ᠠᠷᠭ᠎ᠠ ᠶᠢᠨ ᠴᠢᠨᠠᠷᠲᠠᠶ ᠦᠷ᠎ᠡ ᠳ᠋ᠦᠩ ᠢ ᠬᠠᠮᠤᠭ ᠤᠨ ᠲᠡᠷᠢᠭᠦᠨ ᠳᠤ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠬᠦᠷᠭᠡᠬᠦ ᠬᠡᠷᠡᠭᠲᠡᠶ᠃ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠨᠢ ᠡᠪᠡᠳᠴᠢᠨ ᠤ ᠵᠢᠱᠢᠶ᠎ᠡ ᠪᠤᠶᠤ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠢ ᠣᠨᠣᠰᠢᠯᠠᠭᠰᠠᠨ ᠤ ᠳᠠᠷᠠᠭ᠎ᠠ 2 ᠴᠠᠭ ᠤᠨ ᠳᠣᠲᠣᠷ᠎ᠠ ᠰᠦᠯᠵᠢᠶ᠎ᠡ ᠪᠠᠷ ᠰᠢᠭᠤᠳ ᠮᠡᠳᠡᠭᠦᠯᠬᠦ ᠬᠡᠷᠡᠭᠲᠡᠶ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    2. ᠭᠤᠤᠯᠳᠠᠯᠭ᠎ᠠ ᠲᠠᠢ ᠬᠥᠮᠦᠰ ᠢ ᠰᠡᠷᠭᠡᠶᠢᠯᠡᠨ ᠡᠵᠡᠮᠳᠡᠨ᠎ᠡ᠃ ᠬᠠᠮᠢᠶ᠎ᠠ ᠪᠥᠬᠦᠶ ᠰᠡᠷᠭᠡᠶᠢᠯᠡᠨ ᠬᠠᠮᠠᠭᠠᠯᠠᠬᠤ ᠵᠦᠭᠯᠡᠭᠦᠷ ᠶᠣᠰᠣᠭᠠᠷ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠨᠤᠭᠤᠳ ᠨᠠᠰᠤᠲᠠᠶᠢᠴᠤᠳ᠂ ᠬᠡᠤᠬᠡᠳ᠂ ᠵᠢᠷᠮᠦᠰᠦᠨ ᠡᠮᠡᠭᠲᠡᠶ᠂ ᠵᠡᠮᠳᠡᠭᠴᠦᠳ᠂ ᠬᠦᠨᠳᠦ ᠨᠣᠴᠢᠲᠠᠶ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠥᠮᠦᠰ ᠢ ᠵᠢᠯᠣᠭᠤᠳᠤᠨ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ᠂ ᠰᠡᠳᠬᠢᠴᠡ ᠶᠢᠨ ᠲᠠᠯ᠎ᠠ ᠪᠠᠷ ᠬᠥᠲᠥᠯᠦᠨ ᠵᠢᠯᠣᠭᠤᠳᠬᠤ ᠪᠠ ᠬᠠᠯᠠᠮᠵᠢᠯᠠᠨ ᠬᠠᠶᠢᠷᠠᠯᠠᠵᠤ ᠬᠠᠪᠰᠤᠷᠤᠨ ᠲᠡᠳᠬᠦᠬᠦ ᠵᠡᠷᠭᠡ ᠠᠵᠢᠯ ᠢ ᠥᠷᠨᠢᠭᠦᠯᠬᠦ ᠬᠡᠷᠡᠭᠲᠡᠶ᠃ ᠲᠠᠷᠢᠶᠠᠯᠠᠩ ᠤᠨ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠠᠵᠢᠯᠲᠠᠨ᠂ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠰᠤᠪᠢᠯᠠᠭᠴᠢ ᠪᠠ ᠲᠣᠰᠬᠤᠨ ᠤ ᠡᠮᠴᠢ᠂ ᠴᠠᠭᠠᠨ ᠰᠠᠷ᠎ᠠ ᠶᠢᠨ ᠬᠤᠭᠤᠴᠠᠭᠠᠨ ᠳᠤ ᠨᠤᠲᠤᠭ ᠲᠠᠭᠠᠨ ᠪᠤᠴᠠᠭᠰᠠᠳ᠂ ᠢᠯᠠᠩᠭᠤᠶ᠎ᠠ ᠭᠠᠳᠠᠭᠠᠳᠤ ᠠᠴᠠ ᠣᠷᠣᠭᠤᠯᠬᠤ ᠬᠦᠢᠳᠡᠨ ᠬᠡᠯᠬᠢᠶᠡᠲᠦ ᠢᠳᠡᠭᠡᠨ ᠤ ᠬᠠᠮᠢᠶ᠎ᠠ ᠪᠥᠬᠦᠶ ᠠᠵᠢᠯ ᠪᠠ ᠬᠢᠯᠢ ᠬᠢᠵᠠᠭᠠᠷ ᠣᠷᠣᠨ ᠤ ᠨᠤᠲᠤᠭ ᠲᠠᠭᠠᠨ ᠪᠤᠴᠠᠭᠰᠠᠳ᠂ ᠭᠠᠳᠠᠨ᠎ᠠ ᠠᠴᠠ ᠢᠷᠡᠭᠰᠡᠳ᠂ ᠬᠢᠵᠢᠭ ᠤᠨ ᠪᠠᠶᠢᠳᠠᠯ ᠤᠨ ᠳᠤᠮᠳᠠᠬᠢ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠭᠰᠡᠨ ᠬᠥᠮᠦᠰ᠂ ᠬᠢᠯᠢ ᠪᠠᠷ ᠣᠷᠣᠵᠤ ᠢᠷᠡᠭᠰᠡᠳ ᠵᠡᠷᠭᠡ ᠭᠤᠤᠯᠳᠠᠯᠭ᠎ᠠ ᠲᠠᠢ ᠬᠥᠮᠦᠰ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠ ᠬᠠᠮᠢᠶᠠᠷᠤᠯᠲᠠ ᠶᠢ ᠰᠠᠶᠢᠲᠤᠷ ᠬᠢᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶     3. ᠭᠤᠤᠯᠳᠠᠯᠭ᠎ᠠ ᠲᠠᠢ ᠲᠠᠯᠠᠪᠤᠷ ᠭᠠᠵᠠᠷ ᠢ ᠰᠡᠷᠭᠡᠶᠢᠯᠡᠨ ᠡᠵᠡᠮᠳᠡᠨ᠎ᠡ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠪᠣᠯᠤᠨ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠷᠢᠶ᠎ᠠ ᠣᠷᠣᠨ ᠤ ᠪᠠᠨ ᠠᠵᠤ ᠠᠬᠤᠶᠢᠯᠠᠯ ᠪᠣᠯᠤᠨ ᠰᠤᠷᠭᠠᠭᠤᠯᠢ ᠵᠡᠷᠭᠡ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠱᠠᠭᠠᠷᠳᠠᠵᠤ᠂ ᠭᠠᠴᠠᠭ᠎ᠠ ᠲᠣᠰᠬᠤᠨ ᠤ ᠳᠣᠲᠣᠷᠠᠬᠢ ᠠᠵᠤ ᠠᠬᠤᠶᠢᠯᠠᠯ᠂ ᠦᠵᠡᠮᠵᠢ ᠶᠢᠨ ᠣᠷᠣᠨ᠂ ᠠᠷᠠᠳ ᠤᠨ ᠣᠷᠣᠨ ᠰᠠᠭᠤᠴᠠ᠂ ᠬᠤᠭᠤᠯᠠᠨ ᠬᠡᠷ᠂ ᠰᠣᠶᠣᠯ ᠤᠨ ᠥᠷᠥᠭᠡ᠂ ᠨᠠᠰᠤᠲᠠᠨ ᠢ ᠠᠰᠠᠷᠠᠬᠤ ᠬᠦᠷᠢᠶᠡᠯᠡᠩ᠂ ᠰᠤᠷᠭᠠᠭᠤᠯᠢ᠂ ᠬᠡᠤᠬᠡᠳ ᠤᠨ ᠴᠡᠴᠡᠷᠯᠢᠭ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠭᠤᠤᠯᠳᠠᠯᠭ᠎ᠠ ᠲᠠᠢ ᠭᠠᠵᠠᠷ ᠲᠠᠯᠠᠪᠤᠷ ᠪᠠ ᠨᠢᠭᠡᠴᠡ ᠨᠦᠭᠦᠳ ︽ᠲᠠᠪᠤ ᠶᠢ ᠲᠣᠭᠲᠠᠭᠠᠵᠤ ᠭᠤᠷᠪᠠ ᠶᠢ ᠴᠢᠩᠳᠠᠯᠠᠬᠤ︾ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠬᠦᠢᠴᠡᠳᠬᠡᠵᠦ ᠥᠬᠡᠶ ᠭᠠᠵᠠᠷ ᠲᠠᠯᠠᠪᠤᠷ ᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠴᠢᠨᠠᠭᠰᠢᠯᠠᠪᠠᠯ ᠠᠵᠢᠯ ᠢ ᠨᠢ ᠵᠣᠭᠰᠣᠭᠠᠵᠤ ᠴᠡᠭᠴᠡᠯᠡᠬᠦ ᠬᠡᠷᠡᠭᠲᠡᠶ᠃ ᠰᠤᠷᠭᠠᠭᠤᠯᠢ ᠨᠤᠭᠤᠳ ᠬᠢᠴᠢᠶᠡᠯ ᠤᠨ ᠬᠡᠷ᠂ ᠬᠤᠭᠤᠯᠠᠨ ᠬᠡᠷ᠂ ᠪᠠᠶᠢᠷᠢ ᠶᠢᠨ ᠬᠡᠷ᠂ ᠲᠤᠷᠰᠢᠯᠲᠠ ᠶᠢᠨ ᠲᠠᠰᠤᠭ᠂ ᠡᠮᠨᠡᠯᠭᠡ ᠶᠢᠨ ᠲᠠᠰᠤᠭ᠂ ᠪᠡᠶ᠎ᠡ ᠶᠢᠨ ᠲᠠᠮᠢᠷ ᠤᠨ ᠣᠷᠳᠣᠨ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠠᠯᠬᠢ ᠨᠡᠪᠲᠡᠷᠡᠭᠦᠯᠬᠦ᠂ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠡᠳᠦᠷ ᠤᠨ ᠮᠡᠳᠡᠭᠦᠯᠦᠯᠲᠡ ︾ ︽ᠥᠴᠦᠬᠡᠨ ᠴᠦ ᠮᠡᠳᠡᠭᠦᠯᠬᠦ ᠥᠬᠡᠶ︾ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠤᠭᠤᠯᠠᠨ ᠬᠡᠷ ᠤᠨ ᠣᠷᠴᠢᠨ ᠲᠣᠭᠤᠷᠢᠨ ᠤ ᠬᠢᠨᠠᠨ ᠬᠡᠮᠵᠢᠯᠲᠡ ᠪᠠ ᠠᠵᠢᠯᠲᠠᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠬᠡᠷᠡᠭᠲᠡᠶ᠃ ᠠᠷᠠᠳ ᠤᠨ ᠶᠠᠪᠤᠳᠠᠯ ᠤᠨ ᠦᠢᠯᠡᠴᠢᠯᠡᠬᠡᠨ ᠤ ᠪᠠᠶᠢᠭᠤᠯᠤᠮᠵᠢ ᠨᠢ ᠡᠷᠡᠭᠦᠯ ᠮᠡᠨᠳᠦ ᠶᠢᠨ ᠠᠵᠢᠭᠯᠠᠯᠲᠠ᠂ ᠣᠷᠣᠵᠤ ᠭᠠᠷᠬᠤ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠲᠡᠶ᠃ ᠬᠢᠨᠠᠨ ᠬᠠᠮᠢᠶᠠᠷᠬᠤ ᠭᠠᠵᠠᠷ ᠲᠠᠯᠠᠪᠤᠷ ᠨᠢ ᠭᠠᠵᠠᠷ ᠲᠠᠯᠠᠪᠤᠷ ᠢ ᠪᠢᠲᠡᠭᠦᠮᠵᠢᠯᠡᠨ ᠬᠠᠮᠢᠶᠠᠷᠬᠤ᠂ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ᠂ ᠬᠤᠷᠢᠶᠠᠮᠵᠢᠯᠠᠨ ᠬᠤᠷᠢᠬᠤ ᠰᠢᠯᠵᠢᠯᠲᠡ ᠶᠢᠨ ᠲᠤᠰᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠶ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠨᠡᠭᠡᠭᠡᠭᠴᠢᠳ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠲᠣᠭᠲᠠᠮᠠᠯ ᠬᠤᠭᠤᠴᠠᠭ᠎ᠠ ᠲᠠᠢ ᠪᠠᠷ ᠠᠷᠢᠭᠤᠳᠬᠠᠬᠤ᠂ ᠬᠥᠮᠦᠨ ᠤ ᠤᠷᠤᠰᠬᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠰᠠᠶᠢᠲᠤᠷ ᠬᠢᠵᠦ᠂ ᠨᠡᠶᠢᠲᠡ ᠶᠢᠨ ᠵᠣᠷᠯᠣᠩ ᠪᠣᠯᠤᠨ ᠬᠤᠭ ᠨᠣᠪᠰᠢ ᠴᠤᠭᠯᠠᠭᠤᠯᠬᠤ᠂ ᠭᠠᠷ ᠤᠬᠢᠶᠠᠬᠤ ᠵᠡᠷᠭᠡ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠯᠠᠨ ᠨᠡᠶᠢᠲᠡ ᠶᠢᠨ ᠣᠷᠣᠨ ᠪᠦᠰᠡ ᠶᠢᠨ ᠰᠠᠯᠬᠢ ᠨᠡᠪᠲᠡᠷᠡᠭᠦᠯᠦᠨ ᠠᠭᠠᠷ ᠰᠣᠯᠢᠬᠤ ᠪᠠ ᠠᠷᠢᠭᠤᠨ ᠴᠡᠪᠡᠷ ᠢᠶᠠᠷ ᠠᠷᠢᠭᠤᠳᠬᠠᠬᠤ ᠶᠢ ᠴᠢᠩᠭᠠᠳᠬᠠᠬᠤ ᠶᠢᠨ ᠬᠠᠮᠲᠤ ᠡᠵᠡᠩᠨᠡᠭᠴᠢᠳ ᠤᠨ ᠳᠡᠯᠭᠡᠭᠦᠷ ᠤᠨ ᠡᠳᠦᠷ ᠲᠤᠳᠤᠮ ᠤᠨ ᠠᠷᠢᠭᠤᠨ ᠴᠡᠪᠡᠷ ᠪᠠᠶᠢᠯᠭᠠᠬᠤ ᠲᠥᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠠᠵᠢᠯ ᠡᠷᠬᠢᠯᠡᠵᠤ ᠪᠠᠶᠢᠭ᠎ᠠ ᠬᠥᠮᠦᠰ ᠢ ᠬᠥᠲᠥᠯᠥᠨ ᠵᠢᠯᠣᠭᠤᠳᠴᠤ ᠪᠠᠶᠢᠭᠠᠳ ᠠᠮᠠᠪᠴᠢ ᠵᠡᠭᠦᠬᠦ᠂ ᠭᠠᠷ ᠢᠶᠠᠷ ᠠᠷᠢᠭᠤᠳᠬᠠᠬᠤ ᠵᠡᠷᠭᠡ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠯᠭᠡᠬᠦ ᠬᠡᠷᠡᠭᠲᠡᠶ᠃ ᠱᠠᠰᠢᠨ ᠰᠤᠷᠲᠠᠬᠤᠨ ︵ᠠᠷᠠᠳ ᠤᠨ ᠳᠤᠮᠳᠠᠬᠢ ᠱᠠᠰᠢᠨ ᠰᠢᠲᠦᠯᠭᠡ︶ ᠤ ᠠᠵᠢᠯᠯᠠᠭ᠎ᠠ ᠶᠢᠨ ᠲᠠᠯᠠᠪᠤᠷ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠵᠢᠯ ᠠᠯᠤᠰᠯᠠᠬᠤ ᠲᠠᠭᠠᠳᠬᠠᠯ ᠬᠢᠬᠦ᠂ ᠴᠠᠭᠠᠨ ᠰᠠᠷ᠎ᠠ ᠶᠢ ᠤᠭᠲᠤᠬᠤ ᠵᠡᠷᠭᠡ ᠲᠣᠮᠣ ᠬᠡᠯᠪᠡᠷᠢ ᠶᠢᠨ ᠱᠠᠰᠢᠨ ᠰᠤᠷᠲᠠᠬᠤᠨ ᠤ ᠠᠵᠢᠯᠯᠠᠭ᠎ᠠ ᠡᠷᠭᠢᠯᠡᠬᠦ ᠶᠢ ᠴᠢᠩᠭ᠎ᠠ ᠴᠠᠭᠠᠵᠠᠯᠠᠵᠤ᠂ ᠲᠠᠯᠠᠪᠤᠷ ᠲᠠᠬᠢ ᠬᠠᠮᠲᠤ ᠶᠢᠨ ᠴᠢᠨᠠᠷᠲᠠᠶ ᠬᠠᠮᠲᠤ ᠶᠢᠨ ᠬᠤᠭᠤᠯᠠ ᠢᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠨᠢᠭᠡᠳᠦᠮᠡᠯ ᠹᠷᠣᠨᠲ ᠤᠨ ᠬᠡᠯᠲᠡᠰ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠷᠠᠳᠢᠣ᠋ ᠲᠧᠯᠸᠢᠰ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    4. ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ᠃ ᠮᠠᠯᠵᠢᠬᠤ ᠲᠠᠷᠢᠶᠠᠯᠠᠬᠤ ᠣᠷᠣᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠡᠯᠡᠳᠬᠡᠮᠵᠢ ᠶᠢ ᠲᠡᠭᠦᠯᠳᠡᠷᠵᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠣᠯᠠᠨ ᠲᠦᠮᠡᠨ ᠢ ᠳᠠᠶᠢᠴᠢᠯᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠣᠷᠴᠢᠨ ᠲᠣᠭᠤᠷᠢᠨ ᠪᠠ ᠬᠡᠷ ᠪᠦᠯᠢ ᠶᠢᠨ ᠠᠷᠢᠭᠤᠨ ᠴᠡᠪᠡᠷ ᠢ ᠪᠠᠲᠤᠯᠠᠨ᠎ᠠ᠃ ᠮᠠᠯᠴᠢᠨ ᠲᠠᠷᠢᠶᠠᠴᠢᠳ ᠤᠨ ᠭᠠᠷ ᠢᠶᠠᠨ ᠰᠠᠶᠢᠲᠤᠷ ᠤᠬᠢᠶᠠᠬᠤ ᠶᠢ ᠰᠠᠨᠠᠭᠠᠴᠢᠯᠠᠵᠤ᠂ ᠠᠮᠠᠪᠴᠢ ᠪᠡᠶ᠎ᠡ ᠳᠡᠭᠡᠨ ᠠᠪᠴᠤ ᠶᠠᠪᠤᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠰᠣᠯᠢᠵᠤ᠂ ᠬᠡᠷ ᠳᠣᠲᠣᠷᠠᠬᠢ ᠴᠣᠩᠬᠤ ᠪᠠᠨ ᠲᠣᠭᠲᠠᠮᠠᠯ ᠬᠤᠭᠤᠴᠠᠭ᠎ᠠ ᠲᠠᠢ ᠪᠠᠷ ᠨᠡᠭᠡᠭᠡᠵᠦ ᠰᠠᠯᠬᠢ ᠨᠡᠪᠲᠡᠷᠡᠭᠦᠯᠬᠦ ᠶᠢ ᠪᠠᠲᠤᠯᠠᠵᠤ᠂ ᠬᠥᠮᠦᠨ ᠬᠠᠷ᠎ᠠ ᠨᠢᠭᠲᠠᠷᠠᠭᠰᠠᠨ᠂ ᠰᠠᠯᠬᠢ ᠨᠡᠪᠲᠡᠷᠡᠬᠦ ᠪᠠᠷ ᠮᠠᠭᠤ ᠪᠢᠲᠡᠭᠦᠮᠵᠢᠯᠡᠭᠰᠡᠨ ᠲᠠᠯᠠᠪᠤᠷ ᠲᠤ ᠪᠤᠰᠤᠳ ᠬᠥᠮᠦᠨ ᠠᠴᠠ 1 ᠮᠧᠲᠷ ᠠᠴᠠ ᠪᠠᠭ᠎ᠠ ᠵᠠᠶ ᠲᠠᠢ ᠪᠠᠶᠢᠪᠠᠯ ᠠᠮᠠᠪᠴᠢ ᠵᠡᠭᠦᠬᠦ ᠬᠡᠷᠡᠭᠲᠡᠶ᠃ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠡᠪᠡᠳᠴᠢᠨ ᠤ ᠵᠠᠭᠤᠴᠢ ᠠᠮᠢᠳᠤ ᠪᠣᠳᠠᠰ ᠤᠨ ᠦᠷᠡᠵᠢᠨ ᠠᠮᠢᠳᠤᠷᠠᠬᠤ ᠣᠷᠴᠢᠨ ᠨᠥᠬᠦᠴᠡᠯ ᠢ ᠠᠷᠢᠯᠭᠠᠵᠤ᠂ ᠬᠠᠯᠳᠠᠪᠤᠷᠢᠲᠤ ᠡᠪᠡᠳᠴᠢᠨ ᠤ ᠵᠠᠭᠤᠴᠢ ᠪᠠᠷ ᠳᠠᠮᠵᠢᠨ ᠲᠠᠷᠬᠠᠬᠤ ᠠᠶᠤᠯ ᠲᠦᠭᠰᠢᠭᠦᠷᠢ ᠶᠢ ᠪᠠᠭᠤᠷᠠᠭᠤᠯᠤᠨ᠎ᠠ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    5. ᠤᠬᠠᠭᠤᠯᠭ᠎ᠠ ᠬᠥᠮᠦᠵᠢᠯ ᠪᠠ ᠡᠷᠡᠭᠦᠯ ᠮᠡᠨᠳᠦ ᠶᠢ ᠠᠬᠢᠭᠤᠯᠤᠨ᠎ᠠ᠃ ᠷᠠᠳᠢᠣ᠋ ᠨᠡᠪᠲᠡᠷᠡᠭᠦᠯᠭᠡ ᠲᠧᠯᠸᠢᠰ᠂ ᠨᠡᠭᠦᠳᠡᠯ ᠤᠬᠠᠭᠤᠯᠭ᠎ᠠ ᠶᠢᠨ ᠲᠡᠷᠭᠡ᠂ ᠲᠣᠰᠬᠤᠨ ᠤ ᠷᠠᠳᠢᠣ᠋ ᠨᠡᠪᠲᠡᠷᠡᠭᠦᠯᠭᠡ ᠶᠢᠨ ᠥᠷᠲᠡᠭᠡ ᠶᠢᠨ ᠲᠣᠭᠲᠠᠭᠰᠠᠨ ᠴᠠᠭ ᠲᠤ ᠨᠡᠪᠲᠡᠷᠡᠭᠦᠯᠬᠦ᠂ ᠸᠢᠴᠠᠲ ᠤᠨ ᠴᠤᠭᠯᠠᠷᠠᠯ᠂ ᠤᠬᠠᠭᠤᠯᠭ᠎ᠠ ᠶᠢᠨ ᠵᠢᠷᠤᠭ ᠪᠠ ᠬᠡᠷ ᠡᠷᠦᠬᠡ ᠳᠤ ᠬᠦᠷᠴᠦ ᠤᠬᠠᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠮᠠᠯᠴᠢᠨ ᠲᠠᠷᠢᠶᠠᠴᠢᠨ ᠢ ᠰᠡᠷᠭᠡᠶᠢᠯᠡᠨ ᠬᠠᠮᠠᠭᠠᠯᠠᠬᠤ ᠦᠵᠡᠯ ᠤᠬᠠᠮᠰᠠᠷ ᠪᠠ ᠬᠠᠯᠠᠭᠤᠷᠠᠭᠰᠠᠨ ᠤ ᠳᠠᠷᠠᠭᠠᠬᠢ ᠬᠠᠮᠤᠭ ᠤᠨ ᠲᠡᠷᠢᠭᠦᠨ ᠳᠤ ᠮᠡᠳᠡᠭᠦᠯᠬᠦ᠂ ᠡᠮᠨᠡᠭᠦᠯᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠶ᠃ ᠬᠠᠯᠳᠠᠪᠤᠷᠢᠲᠤ ᠲᠠᠭᠰᠢᠭᠤᠷ ᠵᠡᠷᠭᠡ ᠣᠯᠠᠨ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠭᠠᠷ ᠢᠶᠠᠨ ᠤᠬᠢᠶᠠᠬᠤ᠂ ᠬᠠᠨᠢᠶᠠᠵᠤ ᠨᠠᠶᠢᠲᠠᠭᠠᠬᠤ ᠦᠶ᠎ᠡ ᠳᠤ ᠬᠠᠯᠬᠠᠯᠠᠬᠤ ᠶᠢ ᠠᠩᠬᠠᠷᠬᠤ᠂ ᠨᠡᠶᠢᠲᠡ ᠶᠢᠨ ᠰᠠᠪᠬ᠎ᠠ ᠬᠠᠮᠲᠤ ᠬᠤᠭᠤᠯᠠᠯᠠᠬᠤ ᠳᠤ ᠬᠡᠷᠡᠭᠯᠡᠬᠦ᠂ ᠢᠳᠡᠭᠡᠨ ᠤᠮᠳᠠᠭᠠᠨ ᠢᠶᠠᠨ ᠵᠣᠬᠢᠰᠲᠠᠶ ᠪᠠᠶᠢᠯᠭᠠᠬᠤ᠂ ᠵᠣᠬᠢᠰᠲᠠᠶ ᠬᠥᠳᠡᠯᠭᠡᠭᠡᠨ ᠬᠢᠬᠦ ᠵᠡᠷᠭᠡ ᠡᠷᠡᠭᠦᠯ ᠬᠠᠮᠠᠭᠠᠯᠠᠯ ᠤᠨ ᠳᠠᠳᠬᠠᠯ ᠪᠠ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠬᠤ ᠶᠢ ᠰᠠᠨᠠᠭᠠᠴᠢᠯᠠᠨ᠎ᠠ᠃ ᠪᠠᠶᠠᠷ ᠳᠤᠷᠠᠰᠬᠠᠯ ᠤᠨ ᠡᠳᠦᠷ ᠤᠨ ᠪᠣᠯᠪᠠᠰᠤᠨ ᠰᠢᠨ᠎ᠡ ᠰᠤᠷᠲᠠᠯ ᠢ ᠰᠠᠨᠠᠭᠠᠴᠢᠯᠠᠵᠤ᠂ ᠬᠤᠷᠢᠮ ᠪᠡᠯᠪᠡᠰᠦᠷᠡᠯ ᠤᠨ ᠶᠠᠪᠤᠳᠠᠯ ᠢ ᠳᠡᠮᠡᠶ ᠬᠢᠬᠦ ᠦᠭᠡᠢ᠃ ᠠᠯᠢ ᠴᠢᠳᠠᠬᠤ ᠪᠠᠷ ᠪᠠᠭ᠎ᠠ ᠰᠢᠷᠡᠭᠡ ᠵᠠᠰᠠᠵᠤ᠂ ᠴᠥᠭᠡᠨ ᠠᠶᠢᠯ ᠲᠣᠭᠤᠷᠢᠵᠤ᠂ ᠴᠥᠭᠡᠨ ᠶᠠᠪᠤᠵᠤ᠂ ᠣᠯᠠᠨ ᠬᠥᠮᠦᠨ ᠴᠤᠭᠯᠠᠷᠠᠬᠤ ᠠᠴᠠ ᠵᠠᠶᠢᠯᠠᠰᠬᠢᠵᠦ᠂ ᠬᠢᠵᠢᠭ ᠤᠨ ᠪᠠᠶᠢᠳᠠᠯ ᠤᠨ ᠳᠡᠯᠭᠡᠷᠡᠬᠦ ᠠᠶᠤᠯ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠤᠬᠠᠭᠤᠯᠬᠤ ᠬᠡᠯᠲᠡᠰ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶       ︵ᠭᠤᠷᠪᠠ︶ ᠬᠢᠵᠢᠭ ᠤᠨ ᠪᠠᠶᠢᠳᠠᠯ ᠢ ᠠᠷᠭᠠᠴᠠᠬᠤ ᠪᠡᠯᠡᠳᠬᠡᠯ ᠢ ᠭᠦᠢᠴᠡᠳ ᠰᠠᠶᠢᠲᠤᠷ ᠬᠢᠬᠦ ᠬᠡᠷᠡᠭᠲᠡᠢ      1᠂  ᠬᠥᠮᠦᠰ ᠤᠨ ᠡᠩᠨᠡᠭᠡ ᠶᠢᠨ ᠪᠡᠯᠡᠳᠬᠡᠯ᠃ ᠬᠢᠵᠢᠭ ᠤᠨ ᠪᠠᠶᠢᠳᠠᠯ ᠢ ᠰᠤᠳᠤᠯᠤᠨ ᠮᠠᠭᠠᠳᠯᠠᠬᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠲᠤᠷᠰᠢᠯᠲᠠ ᠶᠢᠨ ᠲᠠᠰᠤᠭ ᠤᠨ ᠪᠠᠶᠢᠴᠠᠭᠠᠨ ᠬᠡᠮᠵᠢᠯᠲᠡ᠂ ᠡᠮᠴᠢᠯᠡᠭᠡᠨ ᠤ ᠠᠪᠤᠷᠠᠨ ᠵᠠᠰᠠᠯᠲᠠ᠂ ᠭᠠᠴᠠᠭ᠎ᠠ ᠲᠣᠰᠬᠤᠨ ᠤ ᠰᠡᠷᠭᠡᠶᠢᠯᠡᠨ ᠡᠵᠡᠮᠳᠡᠬᠦ᠂ ᠰᠡᠳᠬᠢᠴᠡ ᠶᠢᠨ ᠵᠢᠯᠣᠭᠤᠳᠣᠯᠭ᠎ᠠ ᠵᠡᠷᠭᠡ ᠡᠩᠨᠡᠭᠡ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠳᠣᠲᠣᠭᠠᠳᠤ ᠶᠢ ᠬᠠᠮᠠᠭᠠᠯᠠᠬᠤ᠂ ᠴᠢᠮᠡᠭᠡ ᠬᠤᠯᠪᠣᠭ᠎ᠠ᠂ ᠵᠠᠮ ᠬᠠᠷᠢᠯᠴᠠᠭ᠎ᠠ᠂ ᠭᠠᠴᠠᠭ᠎ᠠ ᠲᠣᠰᠬᠤᠨ ᠵᠡᠷᠭᠡ ᠬᠥᠮᠦᠰ ᠢ ᠵᠣᠬᠢᠶᠠᠨ ᠪᠠᠶᠢᠭᠤᠯᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠳᠤᠭᠤᠶᠢᠯᠠᠩ ᠪᠠᠶᠢᠭᠤᠯᠵᠤ᠂ ᠰᠤᠮᠤ ᠪᠠᠯᠭᠠᠰᠤ ᠨᠢᠭᠡᠪᠦᠷᠢ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠢ ᠨᠢᠭᠡᠪᠦᠷᠢ ᠲᠤ ᠠᠳᠠᠭ ᠲᠠᠭᠠᠨ 1 ᠳᠤᠭᠤᠶᠢᠯᠠᠩ᠂ ᠳᠤᠭᠤᠶᠢᠯᠠᠩ ᠨᠢᠭᠡᠪᠦᠷᠢ ᠲᠤ 3 ᠬᠥᠮᠦᠨ ᠠᠴᠠ ᠳᠤᠲᠠᠭᠤ ᠥᠭᠡᠢ ᠪᠠᠷᠢᠮᠵᠢᠶ᠎ᠠ ᠪᠠᠷ ᠪᠡᠯᠡᠳᠬᠡᠬᠦ ᠬᠡᠷᠡᠭᠲᠡᠶ᠃ ᠭᠠᠴᠠᠭ᠎ᠠ ᠲᠣᠰᠬᠤᠨ ᠨᠢᠭᠡᠪᠦᠷᠢ ᠶᠢᠨ 3 — 5 ᠬᠥᠮᠦᠨ ᠤ ᠬᠡᠪᠴᠢᠶ᠎ᠡ ᠪᠠᠷ ᠨᠡᠭᠦᠳᠡᠯ ᠡᠶᠡᠳᠡᠭᠦᠯᠭᠡ ᠶᠢᠨ ᠨᠡᠶᠢᠭᠡᠮᠯᠢᠭ ᠤᠨ ᠪᠠᠶᠢᠴᠠᠭᠠᠭᠴᠢ ᠶᠢ ᠨᠥᠭᠡᠴᠡᠯᠡᠵᠦ᠂ ᠨᠡᠭᠦᠳᠡᠯ ᠡᠶᠡᠳᠡᠭᠦᠯᠭᠡ ᠶᠢᠨ ᠨᠡᠶᠢᠭᠡᠮᠯᠢᠭ ᠤᠨ ᠪᠠᠶᠢᠴᠠᠭᠠᠭᠴᠢ ᠶᠢ ᠣᠷᠣᠯᠴᠠᠭᠤᠯᠬᠤ ᠴᠢᠬᠤᠯᠠ ᠲᠠᠢ ᠪᠣᠯ᠂ ᠴᠠᠭ ᠲᠤᠬᠠᠶ ᠳᠤᠨᠢ ᠣᠷᠣᠯᠴᠠᠬᠤ ᠶᠢ ᠪᠠᠲᠤᠯᠠᠬᠤ ᠬᠡᠷᠡᠭᠲᠡᠶ᠃ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ 5 ᠬᠥᠮᠦᠨ ᠠᠴᠠ ᠳᠤᠲᠠᠭᠤ ᠥᠬᠡᠶ ᠪᠠᠶᠢᠬᠤ ᠪᠠᠷᠢᠮᠵᠢᠶ᠎ᠠ ᠪᠠᠷ᠂ ᠲᠤᠰᠬᠠᠶ ᠮᠡᠷᠭᠡᠵᠢᠯ ᠤᠨ ᠤᠰᠠᠳᠬᠠᠬᠤ ᠡᠩᠨᠡᠭᠡ ᠶᠢ ᠪᠡᠯᠡᠳᠬᠡᠵᠦ᠂ ᠬᠢᠵᠢᠭ ᠤᠨ ᠴᠡᠭ ᠢ ᠠᠷᠢᠭᠤᠳᠬᠠᠨ ᠰᠡᠢᠳᠪᠦᠷᠢᠯᠡᠬᠦ ᠶᠢ ᠬᠠᠷᠢᠭᠤᠴᠠᠭᠤᠯᠤᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠨᠤᠭᠤᠳ ᠭᠠᠴᠠᠭ᠎ᠠ ᠲᠣᠰᠬᠤᠨ ᠨᠢᠭᠡᠪᠦᠷᠢ ᠳᠤ 3 — 5 ᠬᠥᠮᠦᠨ ᠤ ᠪᠠᠷᠢᠮᠵᠢᠶ᠎ᠠ ᠪᠠᠷ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠤᠶᠤ ᠠᠷᠢᠭᠤᠨ ᠴᠡᠪᠡᠷ ᠤᠨ ᠠᠵᠢᠯᠲᠠᠨ ᠢ ᠵᠣᠬᠢᠶᠠᠨ ᠪᠠᠶᠢᠭᠤᠯᠵᠤ ᠨᠡᠶᠢᠭᠡᠮ ᠤᠨ ᠭᠠᠳᠠᠷ ᠲᠠᠯ᠎ᠠ ᠶᠢᠨ ᠣᠷᠴᠢᠨ ᠲᠣᠭᠤᠷᠢᠨ ᠢ ᠠᠷᠢᠭᠤᠳᠬᠠᠵᠤ ᠬᠤᠷᠣᠬᠠᠶ ᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠠᠵᠢᠯᠲᠠᠳ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠬᠢᠵᠦ᠂ ᠠᠵᠢᠯ ᠤᠨ ᠱᠠᠭᠠᠷᠳᠠᠯᠭ᠎ᠠ ᠪᠠ ᠠᠵᠢᠯ ᠤᠨ ᠶᠠᠪᠤᠴᠠ ᠶᠢ ᠰᠠᠶᠢᠲᠤᠷ ᠡᠵᠡᠮᠰᠢᠵᠦ᠂ ᠠᠵᠢᠯ ᠤᠨ ᠶᠠᠰᠤ ᠴᠢᠨᠠᠷ ᠢ ᠪᠠᠲᠤᠯᠠᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠰᠢᠯᠵᠢᠮᠡᠯ ᠬᠤᠯᠪᠣᠭᠠᠨ ᠤ ᠺᠣᠮᠫᠠᠨᠢ᠂ ᠬᠤᠯᠪᠣᠭᠠᠯᠠᠨ ᠨᠡᠪᠲᠡᠷᠡᠯᠴᠡᠬᠦ ᠺᠣᠮᠫᠠᠨᠢ᠂ ᠴᠠᠬᠢᠯᠭᠠᠨ ᠬᠤᠯᠪᠣᠭᠠᠨ ᠤ ᠺᠣᠮᠫᠠᠨᠢ ᠵᠡᠷᠭᠡ ᠰᠠᠯᠠᠭ᠎ᠠ ᠮᠥᠴᠢᠷ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶      2᠂ ᠪᠠᠶᠢᠴᠠᠭᠠᠨ ᠰᠢᠯᠭᠠᠬᠤ ᠴᠢᠳᠠᠪᠤᠷᠢ ᠶᠢᠨ ᠪᠡᠯᠡᠳᠬᠡᠯ᠃    ⑴ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠡᠯᠡᠳᠬᠡᠯ ᠢ ᠰᠠᠶᠢᠲᠤᠷ ᠬᠢᠨ᠎ᠡ᠃ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠷᠰᠢᠯᠲᠠ ᠶᠢᠨ ᠲᠠᠰᠤᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠪᠠᠷ ᠪᠦᠷᠢᠯᠳᠦᠭᠰᠡᠨ ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠲᠣᠤᠷ ᠰᠦᠯᠵᠢᠶ᠎ᠡ ᠶᠢ ᠪᠠᠶᠢᠭᠤᠯᠤᠨ ᠪᠦᠷᠢᠨᠰᠢᠭᠦᠯᠦᠨ᠎ᠡ᠃ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠂ ᠬᠤᠶᠠᠳᠤᠭᠠᠷ ᠳᠡᠰ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠨᠤᠭᠤᠳ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢ ᠪᠦᠷᠢᠳᠦᠭᠦᠯᠦᠭᠰᠡᠨ ᠪᠠᠶᠢᠬᠤ ᠬᠡᠷᠡᠭᠲᠡᠶ᠂ ᠬᠠᠯᠠᠭᠤᠷᠠᠯ ᠤᠨ ᠡᠭᠦᠳᠡᠨ ᠡᠮᠨᠡᠯᠭᠡ ᠭᠠᠷᠭᠠᠭᠰᠠᠨ ᠡᠮᠨᠡᠯᠭᠡ ᠶᠢᠨ ᠬᠤᠷᠢᠶ᠎ᠠ ᠪᠣᠯᠤᠨ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠴᠤ ᠴᠥᠮ᠎ᠡ ᠶᠢᠨ ᠬᠦᠴᠢᠯ ᠤᠨ ᠪᠠᠶᠢᠴᠠᠭᠠᠨ ᠰᠢᠯᠭᠠᠬᠤ ᠦᠢᠯᠡᠴᠢᠯᠡᠭᠡ ᠶᠢ ᠬᠠᠩᠭᠠᠵᠤ᠂ ᠡᠳᠦᠷ ᠤᠨ ᠥᠯᠢᠭᠡᠷ ᠠᠪᠴᠤ ᠪᠠᠶᠢᠴᠠᠭᠠᠨ ᠰᠢᠯᠭᠠᠬᠤ ᠴᠢᠳᠠᠪᠤᠷᠢ ᠶᠢ 600 — 1000 ᠬᠥᠮᠦᠨ ᠤ ᠬᠤᠪᠢ ᠠᠴᠠ ᠳᠤᠲᠠᠭᠤ ᠪᠠᠶᠢᠯᠭᠠᠵᠤ ᠪᠣᠯᠬᠤ ᠥᠬᠡᠶ᠃ ᠡᠭᠦᠨ ᠤ ᠵᠡᠷᠭᠡᠴᠡᠪᠡᠷ᠂ ᠬᠥᠷᠰᠢ ᠵᠡᠷᠭᠡᠯᠡᠳᠡᠭᠡ ᠭᠠᠵᠠᠷ ᠣᠷᠣᠨ ᠪᠣᠯᠤᠨ ᠬᠢᠷᠢ ᠬᠡᠮ ᠲᠠᠢ ᠨᠡᠶᠢᠭᠡᠮ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠯᠤᠭ᠎ᠠ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ᠪᠠᠴᠢᠮ ᠪᠠᠶᠢᠴᠠᠭᠠᠨ ᠰᠢᠯᠭᠠᠬᠤ ᠲᠣᠭᠲᠠᠴᠠ ᠶᠢ ᠢᠳᠡᠪᠬᠢᠲᠡᠶ ᠪᠠᠷ ᠪᠠᠶᠢᠭᠤᠯᠤᠨ ᠪᠥᠷᠢᠨᠰᠢᠬᠦᠯᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠣᠳᠠᠲᠤ ᠬᠡᠷᠡᠭᠴᠡᠭᠡ ᠶᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵2︶ ᠥᠯᠢᠭᠡᠷ ᠠᠪᠬᠤ ᠲᠠᠯᠠᠪᠤᠷ ᠭᠠᠵᠠᠷ ᠪᠠ ᠠᠵᠢᠯᠲᠠᠨ ᠤ ᠪᠡᠯᠡᠳᠬᠡᠯ ᠢ ᠰᠠᠶᠢᠲᠤᠷ ᠬᠢᠨ᠎ᠠ᠃ ᠡᠯ᠎ᠡ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠴᠥᠮ ᠬᠥᠮᠦᠨ ᠪᠣᠯᠤᠨ ᠭᠠᠳᠠᠷ ᠣᠷᠴᠢᠨ ᠲᠣᠭᠤᠷᠢᠨ ᠤ ᠪᠥᠭᠡᠮ ᠬᠦᠴᠢᠯ ᠤᠨ ᠥᠯᠢᠭᠡᠷ ᠠᠪᠬᠤ ᠴᠢᠳᠠᠪᠤᠷᠢ ᠶᠢ ᠪᠦᠷᠢᠯᠳᠦᠭᠦᠯᠬᠦ ᠬᠡᠷᠡᠭᠲᠡᠶ᠃ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠰᠢᠨ᠎ᠡ ᠲᠢᠳᠢᠮᠯᠢᠭ ᠤᠨ ᠸᠢᠷᠦ᠋ᠰ ᠤᠨ ᠥᠯᠢᠭᠡᠷ ᠠᠪᠬᠤ ᠴᠢᠬ ᠢ ᠳᠣᠭᠢᠷᠠᠭᠤᠯᠬᠤ ᠳᠤ ᠠᠮᠤᠷ ᠲᠦᠪᠰᠢᠨ᠂ ᠰᠢᠨᠵᠢᠯᠡᠬᠦ ᠤᠬᠠᠭᠠᠨᠴᠢ᠂ ᠠᠷᠠᠳ ᠲᠤ ᠲᠥᠬᠦᠮ ᠦᠵᠡᠭᠦᠯᠬᠦ ᠵᠠᠷᠴᠢᠮ ᠢ ᠵᠢᠷᠤᠮᠯᠠᠵᠤ᠂ ᠠᠳᠠᠯᠢ ᠪᠤᠰᠤ ᠴᠤᠭᠯᠠᠭᠤᠯᠬᠤ ᠡᠲᠡᠭᠡᠳ ᠢ ᠦᠨᠳᠦᠰᠦᠯᠡᠨ ᠠᠳᠠᠯᠢ ᠪᠤᠰᠤ ᠥᠯᠢᠭᠡᠷ ᠠᠪᠬᠤ ᠣᠷᠣᠨ ᠲᠣᠭᠤᠷᠢᠭ ᠢ ᠳᠣᠭᠢᠷᠠᠭᠤᠯᠵᠤ᠂ ᠬᠠᠯᠠᠭᠤᠷᠠᠭᠰᠠᠨ ᠡᠪᠡᠳᠴᠢᠲᠡᠨ ᠪᠣᠯᠤᠨ ᠪᠤᠰᠤᠳ ᠡᠪᠡᠳᠴᠢᠲᠡᠨ᠂ ︽ᠪᠠᠶᠢᠴᠠᠭᠠᠬᠤ ᠳᠤᠷᠠᠲᠠᠶ ᠪᠦᠬᠦᠨ ᠢ ᠪᠠᠶᠢᠴᠠᠭᠠᠬᠤ︾ ᠬᠥᠮᠦᠰ ᠢ ᠣᠷᠣᠨ ᠬᠤᠪᠢᠶᠠᠨ ᠥᠯᠢᠭᠡᠷ ᠠᠪᠴᠤ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠦ ᠬᠡᠷᠡᠭᠲᠡᠶ᠃ ᠦᠯᠢᠭᠡᠷ ᠠᠪᠬᠤ ᠴᠡᠭ ᠨᠢ ᠲᠤᠰᠠᠭᠠᠷ ᠣᠷᠣᠨ ᠵᠠᠶ ᠪᠠᠶᠢᠵᠤ᠂ ᠰᠠᠯᠬᠢ ᠨᠡᠪᠲᠡᠷᠡᠬᠦ ᠨᠥᠬᠦᠴᠡᠯ ᠢ ᠪᠦᠷᠢᠳᠦᠭᠦᠯᠵᠦ᠂ ᠳᠣᠲᠣᠭᠠᠳᠤ ᠳᠠᠭᠠᠨ ᠵᠣᠬᠢᠴᠠᠩᠭᠤᠶ ᠠᠷᠢᠭᠤᠨ ᠴᠡᠪᠡᠷ ᠤᠨ ᠣᠷᠣᠨ ᠪᠠ ᠪᠣᠬᠢᠷᠲᠤᠯ ᠤᠨ ᠣᠷᠣᠨ ᠬᠤᠪᠢᠶᠠᠵᠤ᠂ ᠭᠠᠷ ᠤᠬᠢᠶᠠᠬᠤ ᠠᠷᠢᠭᠤᠨ ᠴᠡᠪᠡᠷ ᠤᠨ ᠲᠥᠬᠦᠭᠡᠷᠦᠮᠵᠢ ᠶᠢ ᠲᠣᠬᠢᠷᠠᠭᠤᠯᠤᠨ᠎ᠠ᠃ ᠦᠯᠢᠭᠡᠷ ᠠᠪᠬᠤ ᠴᠡᠭ ᠲᠤ ᠲᠣᠳᠣᠷᠬᠠᠶ ᠵᠢᠭᠠᠯᠲᠠ ᠶᠢᠨ ᠲᠡᠮᠳᠡᠭ ᠲᠠᠯᠪᠢᠬᠤ ᠶᠢᠨ ᠬᠠᠮᠲᠤ ᠦᠯᠢᠭᠡᠷ ᠠᠪᠬᠤ ᠶᠠᠪᠤᠴᠠ ᠪᠠ ᠠᠩᠬᠠᠷᠬᠤ ᠵᠦᠢᠯᠡᠰ ᠢ ᠲᠣᠳᠣᠷᠬᠠᠶᠢᠯᠠᠬᠤ ᠬᠡᠷᠡᠭᠲᠡᠶ︔ ᠪᠡᠶ᠎ᠡ ᠪᠠᠨ ᠳᠠᠭᠠᠭᠠᠭᠰᠠᠨ ᠬᠦᠯᠢᠶᠡᠬᠦ ᠣᠷᠣᠨ ᠪᠦᠰᠡ ᠪᠠᠶᠢᠭᠤᠯᠵᠤ᠂ ᠠᠵᠢᠯᠲᠠᠨ ᠤ ᠭᠠᠭᠴᠠ ᠵᠦᠢᠯ ᠤᠨ ᠰᠢᠯᠵᠢᠯᠲᠡ ᠶᠢ ᠠᠯᠢ ᠴᠢᠳᠠᠬᠤ ᠪᠠᠷ ᠪᠠᠲᠤᠯᠠᠵᠤ᠂ 1 ᠮᠧᠲᠷ ᠤᠨ ᠱᠤᠭᠤᠮ ᠤᠨ ᠬᠤᠭᠤᠷᠣᠨᠳᠣᠬᠢ ᠵᠠᠶ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯᠲᠠᠨ ᠤ ᠨᠢᠭᠲᠠᠴᠠ ᠶᠢ ᠴᠢᠩᠭ᠎ᠠ ᠬᠢᠵᠠᠭᠠᠷᠯᠠᠨ᠎ᠠ᠃ ᠥᠯᠢᠭᠡᠷ ᠠᠪᠬᠤ ᠭᠠᠵᠠᠷ ᠪᠣᠯᠭᠠᠨ ᠳᠤ 1 — 2 ᠥᠯᠢᠭᠡᠷ ᠠᠪᠬᠤ ᠠᠵᠢᠯᠲᠠᠨ ᠳᠣᠭᠢᠷᠠᠭᠤᠯᠵᠤ᠂ ᠥᠯᠢᠭᠡᠷ ᠠᠪᠬᠤ ᠬᠥᠮᠦᠰ ᠤᠨ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ ᠶᠣᠰᠣᠭᠠᠷ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠪᠠ ᠥᠯᠢᠭᠡᠷ ᠠᠪᠬᠤ ᠬᠥᠮᠦᠰ ᠤᠨ ᠡᠭᠡᠯᠵᠢᠯᠡᠬᠦ ᠶᠢ ᠵᠢᠷᠤᠮᠵᠢᠭᠤᠯᠤᠨ ᠰᠠᠶᠢᠲᠤᠷ ᠬᠢᠬᠦ ᠬᠡᠷᠡᠭᠲᠡᠶ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    3. ᠡᠮᠴᠢᠯᠡᠭᠡᠨ ᠤ ᠪᠠᠶᠢᠭᠤᠯᠤᠮᠵᠢ ᠶᠢᠨ ᠪᠡᠯᠡᠳᠬᠡᠯ᠃    ︵1︶ ᠬᠠᠯᠠᠭᠤᠷᠠᠵᠤ ᠪᠠᠶᠢᠭ᠎ᠠ ᠡᠭᠦᠳᠡᠨ ᠡᠮᠨᠡᠯᠭᠡ ᠶᠢᠨ ᠪᠠᠶᠢᠷᠢᠯᠠᠭᠤᠯᠤᠯᠲᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ ᠱᠠᠭᠠᠷᠳᠠᠯᠭ᠎ᠠ ᠶᠣᠰᠣᠭᠠᠷ ᠬᠠᠷᠢᠴᠠᠩᠭᠤᠶ ᠪᠡᠶ᠎ᠡ ᠪᠠᠨ ᠳᠠᠭᠠᠭᠠᠭᠰᠠᠨ ᠣᠷᠣᠨ ᠪᠦᠰᠡ ᠳᠤ ᠬᠠᠯᠠᠭᠤᠷᠠᠯ ᠤᠨ ᠡᠭᠦᠳᠡᠨ ᠡᠮᠨᠡᠯᠭᠡ ᠪᠠ ᠦᠯᠡᠳᠡᠭᠡᠨ ᠦᠵᠡᠭᠦᠯᠬᠦ ᠲᠠᠰᠤᠭ ᠢ ᠵᠢᠷᠤᠮᠵᠢᠭᠤᠯᠤᠨ ᠪᠠᠶᠢᠷᠢᠯᠠᠭᠤᠯᠵᠤ᠂ ᠡᠭᠦᠳᠡᠨ ᠡᠮᠨᠡᠯᠭᠡ ᠶᠢᠨ ᠲᠦᠷᠭᠡᠨ ᠡᠮᠨᠡᠯᠭᠡ ᠳᠤ ᠤᠷᠢᠳᠴᠢᠯᠠᠨ ᠪᠠᠶᠢᠴᠠᠭᠠᠬᠤ ᠬᠤᠪᠢᠶᠠᠷᠢ ᠡᠮᠴᠢᠯᠡᠭᠡᠨ ᠤ ᠴᠢᠬ ᠭᠠᠷᠭᠠᠬᠤ ᠬᠡᠷᠡᠭᠲᠡᠶ᠃ ᠨᠥᠬᠦᠴᠡᠯ ᠲᠠᠢ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠠᠯᠠᠭᠤᠷᠠᠯ ᠤᠨ ᠡᠭᠦᠳᠡᠨ ᠡᠮᠨᠡᠯᠭᠡ ᠪᠤᠶᠤ ᠬᠠᠯᠠᠭᠤᠷᠠᠯ ᠤᠨ ᠡᠮᠴᠢᠯᠡᠭᠡᠨ ᠤ ᠲᠠᠰᠤᠭ ᠵᠢᠴᠢ ᠦᠯᠡᠳᠡᠭᠡᠨ ᠦᠵᠡᠭᠦᠯᠬᠦ ᠲᠠᠰᠤᠭ ᠭᠠᠷᠭᠠᠵᠤ ᠪᠣᠯᠤᠨ᠎ᠠ᠃ ᠬᠠᠯᠠᠭᠤᠷᠠᠯ ᠤᠨ ᠡᠭᠦᠳᠡᠨ ᠡᠮᠨᠡᠯᠭᠡ ᠳᠤ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠪᠠ ᠬᠠᠷᠢᠴᠠᠩᠭᠤᠶ ᠠᠭᠤᠵᠢᠮ ᠣᠷᠣᠨ ᠵᠠᠶ ᠭᠠᠷᠭᠠᠵᠤ᠂ ᠵᠠᠷᠴᠢᠮ ᠳᠡᠭᠡᠷ᠎ᠡ ᠪᠠᠨ ᠡᠪᠡᠳᠴᠢᠲᠡᠨ ᠤ ᠪᠣᠶ ᠪᠥᠬᠦᠶ ᠪᠠᠶᠢᠴᠠᠭᠠᠯᠲᠠ ᠶᠢ ᠬᠠᠩᠭᠠᠵᠤ᠂ ᠪᠠᠶᠢᠴᠠᠭᠠᠯᠲᠠ ᠶᠢ ᠲᠣᠰ ᠣᠷᠣᠨ ᠳᠤ ᠲᠤᠰᠠᠭᠠᠷ ᠪᠡᠶᠡᠯᠡᠭᠦᠯᠦᠨ᠎ᠡ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶    ︵2︶ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠶᠢ ᠵᠣᠬᠢᠰᠲᠠᠶ ᠪᠠᠶᠢᠷᠢᠯᠠᠭᠤᠯᠤᠨ᠎ᠠ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢ ᠲᠣᠭᠲᠠᠮᠠᠯ ᠴᠡᠭ ᠤᠨ ᠠᠪᠤᠷᠠᠨ ᠵᠠᠰᠠᠬᠤ ᠡᠮᠨᠡᠯᠭᠡ ᠶᠢᠨ ᠬᠤᠷᠢᠶ᠎ᠠ ᠪᠤᠯᠭᠠᠨ᠎ᠠ᠃ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ ᠶᠢᠨ ᠲᠤᠭ᠎ᠠ ᠶᠢ ᠬᠤᠶᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶ ᠡᠪᠡᠳᠴᠢᠲᠡᠨ ᠤ ᠣᠷᠣ ᠶᠢᠨ ᠲᠤᠭ᠎ᠠ ᠶᠢᠨ 10% ᠳᠤ ᠬᠦᠷᠦᠭᠦᠯᠵᠦ᠂ ᠬᠦᠨᠳᠦ ᠡᠪᠡᠳᠴᠢᠲᠡᠨ ᠢ ᠬᠠᠷᠠᠭᠠᠯᠵᠠᠨ ᠬᠠᠮᠠᠭᠠᠯᠠᠬᠤ ᠡᠪᠡᠳᠴᠢᠲᠡᠨ ᠤ ᠣᠷᠣᠨ ︵ᠡᠪᠡᠳᠴᠢᠲᠡᠨ ᠤ ᠥᠷᠥᠭᠡ︶ ᠤ ᠡᠪᠡᠳᠴᠢᠲᠡᠨ ᠤ ᠣᠷᠣ ᠶᠢᠨ ᠲᠤᠭ᠎ᠠ ᠶᠢ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ᠡᠪᠡᠳᠴᠢᠲᠡᠨ ᠤ ᠣᠷᠣ ᠶᠢᠨ ᠶᠡᠷᠦᠩᠬᠡᠶ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶    ︵3︶ ᠴᠢᠬ ᠲᠣᠭᠲᠠᠭᠠᠭᠰᠠᠨ ᠡᠮᠨᠡᠯᠭᠡ ᠶᠢᠨ ᠬᠤᠷᠢᠶ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠲᠣᠭᠲᠠᠮᠠᠯ ᠴᠡᠭ ᠤᠨ ᠡᠮᠨᠡᠯᠭᠡ ᠶᠢᠨ ᠬᠤᠷᠢᠶ᠎ᠠ ᠶᠢᠨ ︽ᠭᠤᠷᠪᠠᠨ ᠲᠣᠭᠤᠷᠢᠭ ᠬᠤᠶᠠᠷ ᠨᠡᠪᠲᠡᠷᠡᠬᠦ ᠵᠠᠮ︾ ᠢ ᠴᠢᠩᠭᠠᠳᠬᠠᠵᠤ᠂ ᠬᠦᠴᠢᠯᠲᠥ᠋ᠷᠥᠭᠴᠢ ᠬᠠᠩᠭᠠᠬᠤ᠂ ᠰᠠᠯᠬᠢ ᠨᠡᠪᠲᠡᠷᠡᠭᠦᠯᠬᠦ᠂ ᠳᠤᠯᠠᠭᠠᠯᠠᠭ᠎ᠠ ᠬᠠᠩᠭᠠᠬᠤ᠂ ᠪᠣᠬᠢᠷ ᠤᠰᠤ ᠪᠣᠬᠢᠷ ᠪᠣᠳᠠᠰ ᠢ ᠰᠡᠢᠳᠪᠦᠷᠢᠯᠡᠬᠦ ᠵᠡᠷᠭᠡ ᠪᠡᠯᠡᠳᠬᠡᠮᠵᠢ ᠶᠢᠨ ᠥᠭᠡᠷᠡᠴᠢᠯᠡᠯᠲᠡ ᠶᠢ ᠴᠢᠩᠭᠠᠳᠬᠠᠨ᠂ ᠲᠡᠭᠦᠨ ᠢ ᠬᠠᠯᠳᠠᠪᠤᠷᠢᠲᠤ ᠡᠪᠡᠳᠴᠢᠨ ᠢ ᠣᠨᠣᠰᠢᠯᠠᠨ ᠡᠮᠨᠡᠬᠦ ᠱᠠᠭᠠᠷᠳᠠᠯᠭ᠎ᠠ ᠳᠤ ᠨᠠᠩ ᠢᠯᠡᠭᠦᠤ ᠨᠡᠶᠢᠴᠡᠭᠦᠯᠵᠦ᠂ 24 ᠴᠠᠭ ᠤᠨ ᠳᠣᠲᠣᠷ᠎ᠠ ᠪᠦᠬᠦᠯᠢ ᠴᠣᠭᠴᠠ ᠪᠠᠷ ᠨᠢ ᠬᠤᠭᠤᠰᠣᠯᠠᠵᠤ᠂ 48 ᠴᠠᠭ ᠤᠨ ᠳᠣᠲᠣᠷ᠎ᠠ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠨ᠎ᠠ᠃ ᠡᠳ᠋ ᠪᠠᠷᠠᠭ᠎ᠠ ᠪᠠ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠴᠢᠩᠭᠠᠳᠬᠠᠵᠤ᠂ ᠡᠪᠡᠳᠴᠢᠲᠡᠨ ᠢ ᠬᠦᠢᠴᠡᠳ ᠭᠥᠯᠢᠶᠡᠨ ᠠᠪᠴᠤ ᠡᠮᠨᠡᠨ ᠵᠠᠰᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠩᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠦᠨᠳᠦ ᠡᠪᠡᠳᠴᠢᠲᠡᠨ ᠤ ᠣᠷᠣ ᠲᠠᠢ ᠵᠣᠬᠢᠴᠠᠯᠳᠤᠭᠰᠠᠨ ᠬᠠᠮᠢᠶ᠎ᠠ ᠪᠥᠬᠦᠶ ᠡᠮᠴᠢᠯᠡᠭᠡᠨ ᠤ ᠠᠪᠤᠷᠠᠨ ᠵᠠᠰᠠᠬᠤ ᠲᠥᠬᠦᠭᠡᠷᠦᠮᠵᠢ ᠶᠢ ᠳᠣᠭᠢᠷᠠᠭᠤᠯᠵᠤ᠂ ᠲᠣᠭᠲᠠᠭᠰᠠᠨ ᠴᠡᠭ ᠤᠨ ᠡᠮᠨᠡᠯᠭᠡ ᠶᠢᠨ ᠬᠤᠷᠢᠶ᠎ᠠ ᠳᠤ ᠡᠮᠴᠢᠯᠡᠵᠦ ᠰᠤᠪᠢᠯᠠᠬᠤ ᠬᠠᠷᠢᠴᠠᠯ ᠢ 1:2᠂ ᠡᠪᠡᠳᠴᠢᠲᠡᠨ ᠤ ᠣᠷᠣ ᠶᠢᠨ ᠰᠤᠪᠢᠯᠠᠯᠲᠠ ᠶᠢᠨ ᠬᠠᠷᠢᠴᠠᠯ ᠢ 1:0.6 ᠶᠣᠰᠣᠭᠠᠷ ᠡᠮᠴᠢ ᠰᠤᠪᠢᠯᠠᠭᠴᠢ ᠶᠢ ᠳᠣᠭᠢᠷᠠᠭᠤᠯᠤᠨ᠎ᠠ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶       4. ᠲᠥᠪᠯᠡᠷᠡᠭᠦᠯᠦᠨ ᠲᠤᠰᠠᠭᠠᠷᠯᠠᠬᠤ ᠭᠠᠵᠠᠷ ᠢ ᠪᠡᠯᠡᠳᠬᠡᠬᠦ᠃ ᠵᠠᠷᠴᠢᠮ ᠳᠡᠭᠡᠷ᠎ᠡ ᠪᠠᠨ 20 ᠲᠠᠰᠤᠯᠭ᠎ᠠ / ᠲᠦᠮᠡᠨ ᠬᠥᠮᠦᠨ ᠠᠮᠠ ᠪᠠᠷ ᠲᠤᠰᠠᠭᠠᠷᠯᠠᠬᠤ ᠥᠷᠥᠭᠡ ᠨᠥᠭᠡᠴᠡᠯᠡᠵᠦ᠂ ᠬᠠᠳᠠᠭᠠᠯᠠᠬᠤ ᠥᠷᠥᠭᠡ ᠶᠢᠨ ᠲᠤᠭ᠎ᠠ ᠶᠢ 200 ᠠᠴᠠ ᠳᠤᠲᠠᠭᠤ ᠥᠬᠡᠶ ᠪᠠᠶᠢᠯᠭᠠᠵᠤ᠂ ᠡᠪᠡᠳᠴᠢᠨ ᠤ ᠢᠯᠡᠷᠡᠯ ᠥᠬᠡᠶ ᠪᠠᠷ ᠬᠠᠯᠳᠠᠪᠤᠷᠢᠯᠠᠭᠰᠠᠳ ᠤᠨ ᠲᠤᠰᠠᠭᠠᠷᠯᠠᠬᠤ ᠥᠷᠥᠭᠡ ᠶᠢ 50 ᠠᠴᠠ ᠳᠤᠲᠠᠭᠤ ᠥᠬᠡᠶ ᠪᠠᠶᠢᠯᠭᠠᠨ᠎ᠠ᠃ ᠲᠤᠰᠠᠭᠠᠷᠯᠠᠬᠤ ᠨᠥᠬᠦᠴᠡᠯ ᠲᠠᠢ ᠵᠣᠴᠢᠳ ᠤᠨ ᠪᠠᠭᠤᠳᠠᠯ ᠳᠤ ᠤᠷᠢᠳᠴᠢᠯᠠᠨ ᠭᠡᠷ᠎ᠡ ᠲᠣᠭᠲᠠᠵᠤ᠂ ᠡᠮᠨᠡᠯᠭᠡ ᠶᠢᠨ ᠠᠵᠢᠯᠲᠠᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠵᠡᠷᠭᠡ ᠠᠵᠢᠯᠲᠠᠨ ᠢ ᠬᠦᠢᠴᠡᠳ ᠲᠤᠭ᠎ᠠ ᠪᠠᠷ ᠳᠣᠭᠢᠷᠠᠭᠤᠯᠬᠤ ᠬᠡᠷᠡᠭᠲᠡᠶ᠃ ᠡᠭᠦᠨ ᠤ ᠬᠠᠮᠲᠤ ᠨᠠᠭᠠᠳᠤ ᠵᠠᠬ᠎ᠠ ᠳᠠᠭᠠᠨ ᠪᠠᠷᠢᠮᠵᠢᠶ᠎ᠠ ᠳᠤ ᠨᠡᠶᠢᠴᠡᠭᠰᠡᠨ᠂ ᠴᠠᠭ ᠲᠤᠬᠠᠶ ᠳᠤᠨᠢ ᠡᠬᠢᠯᠡᠨ ᠬᠡᠷᠡᠭᠯᠡᠵᠦ ᠪᠣᠯᠬᠤ ᠲᠥᠪᠯᠡᠷᠡᠭᠦᠯᠦᠨ ᠲᠤᠰᠠᠭᠠᠷᠯᠠᠬᠤ ᠪᠡᠯᠡᠳᠬᠡᠯ ᠲᠠᠯᠠᠪᠤᠷ ᠢ 1 ᠪᠡᠯᠡᠳᠬᠡᠬᠦ ᠬᠡᠷᠡᠭᠲᠡᠶ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠪᠣᠯᠤᠨ ᠲᠤᠰᠠᠭᠠᠷᠯᠠᠬᠤ ᠥᠷᠥᠭᠡ ᠶᠢᠨ 1:100 ᠶᠢᠨ ᠬᠠᠷᠢᠴᠠᠯ ᠢᠶᠠᠷ ᠡᠬᠢᠯᠡᠵᠦ ᠬᠡᠷᠡᠭᠯᠡᠨ᠎ᠡ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    5. ᠡᠳ᠋ ᠪᠠᠷᠠᠭ᠎ᠠ ᠶᠢᠨ ᠨᠥᠭᠡᠴᠡᠯᠡᠬᠦ ᠶᠢ ᠰᠡᠷᠭᠡᠶᠢᠯᠡᠨ ᠡᠵᠡᠮᠳᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠠᠶᠢᠳᠠᠯ ᠳᠣᠣᠷᠠᠬᠢ ᠴᠢᠬᠤᠯᠠ ᠡᠮᠴᠢᠯᠡᠭᠡᠨ ᠤ ᠡᠳ᠋ ᠪᠣᠳᠠᠰ ᠤᠨ ᠬᠠᠩᠭᠠᠯᠭ᠎ᠠ ᠶᠢ ᠪᠠᠲᠤᠯᠠᠬᠤ ᠬᠤᠯᠪᠣᠭᠳᠠᠯ ᠪᠦᠬᠦᠢ ᠠᠵᠢᠯ ᠤᠨ ᠲᠥᠰᠦᠯ ᠪᠣᠯᠤᠨ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠨᠥᠭᠡᠴᠡ ᠶᠢᠨ ᠭᠠᠷᠴᠠᠭ ᠤᠨ ᠱᠠᠭᠠᠷᠳᠠᠯᠭ᠎ᠠ ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠲᠠᠳ ᠧᠦ᠋ᠷᠣᠫᠠ ᠡᠮ ᠤᠨ ᠵᠦᠢᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ᠂ ᠡᠷᠡᠭᠦᠯᠵᠢᠭᠦᠯᠦᠭᠴᠢ ᠶᠢᠨ ᠰᠡᠷᠭᠦᠭᠡᠯᠲᠡ ᠶᠢᠨ ᠬᠤᠭᠤᠴᠠᠭᠠᠨ ᠤ ᠴᠢᠰᠤᠨ ᠡᠭᠡᠳᠡᠩ᠂ ᠰᠡᠷᠭᠡᠶᠢᠯᠡᠨ ᠬᠠᠮᠠᠭᠠᠯᠠᠬᠤ ᠬᠡᠷᠡᠭᠰᠡᠯ᠂ ᠪᠠᠶᠢᠴᠠᠭᠠᠨ ᠰᠢᠯᠭᠠᠬᠤ ᠤᠷᠪᠠᠯᠵᠢ᠂  ᠣᠰᠠᠳᠬᠠᠵᠤ ᠠᠷᠢᠯᠭᠠᠬᠤ ᠬᠡᠷᠡᠭᠰᠡᠯ᠂ ᠡᠮᠴᠢᠯᠡᠭᠡᠨ ᠤ ᠲᠥᠬᠦᠭᠡᠷᠦᠮᠵᠢ᠂ ᠲᠤᠰᠬᠠᠶ ᠬᠡᠷᠡᠭᠯᠡᠬᠦ ᠬᠡᠮᠵᠢᠭᠦᠷᠯᠢᠭ ᠪᠠ ᠲᠥᠬᠦᠭᠡᠷᠦᠮᠵᠢ ᠵᠡᠷᠭᠡ ᠪᠠᠴᠢᠮ ᠪᠠᠶᠢᠳᠠᠯ ᠢ ᠠᠷᠭᠠᠴᠠᠬᠤ ᠡᠳ᠋ ᠪᠠᠷᠠᠭ᠎ᠠ ᠶᠢ ᠨᠥᠭᠡᠴᠡᠯᠡᠬᠦ ᠠᠵᠢᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠡᠳ᠋ ᠪᠠᠷᠠᠭ᠎ᠠ ᠶᠢᠨ ᠲᠥᠬᠦᠭᠡᠷᠦᠮᠵᠢ ᠶᠢ ᠬᠥᠳᠡᠯᠦᠩᠭᠦᠶ ᠪᠠᠷ ᠨᠥᠭᠡᠴᠡᠯᠡᠬᠦ ᠶᠢ ᠬᠡᠷᠡᠭᠵᠢᠭᠦᠯᠦᠨ᠂ ᠨᠥᠭᠡᠴᠡᠯᠡᠬᠦ ᠡᠳ᠋ ᠪᠠᠷᠠᠭ᠎ᠠ ᠶᠢ ᠰᠢᠯᠵᠢᠭᠦᠯᠦᠨ ᠬᠡᠷᠡᠭᠯᠡᠬᠦ ᠲᠣᠭᠲᠠᠴᠠ ᠪᠠ ᠬᠥᠷᠰᠢ ᠵᠡᠷᠭᠡᠯᠡᠳᠡᠭᠡ ᠭᠠᠵᠠᠷ ᠣᠷᠣᠨ ᠤ ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮᠴᠢᠯᠡᠭᠡᠨ ᠤ ᠪᠠᠶᠢᠭᠤᠯᠤᠮᠵᠢ ᠶᠢᠨ ᠡᠳ᠋ ᠪᠣᠳᠠᠰ ᠡᠮ ᠤᠨ ᠵᠦᠢᠯ ᠤᠨ ᠨᠥᠭᠡᠴᠡ ᠶᠢᠨ ᠬᠡᠮᠵᠢᠶ᠎ᠡ ᠨᠢ ᠵᠠᠷᠴᠢᠮ ᠳᠡᠭᠡᠷ᠎ᠡ ᠪᠠᠨ 2020 ᠣᠨ ᠤ 1 — 2 ᠳ᠋ᠤᠭᠠᠷ ᠰᠠᠷ᠎ᠠ ᠶᠢᠨ ᠭᠠᠭᠴᠠ ᠡᠳᠦᠷ ᠤᠨ ᠬᠠᠮᠤᠭ ᠤᠨ ᠶᠡᠭᠡ ᠡᠪᠡᠳᠴᠢᠯᠡᠬᠦ ᠨᠣᠷᠮ᠎ᠠ ᠪᠠᠷ ᠮᠦᠷᠳᠡᠬᠡᠨ 20 ᠡᠳᠦᠷ ᠦᠷᠭᠦᠯᠵᠢᠯᠡᠭᠰᠡᠨ ᠨᠡᠶᠢᠲᠡ ᠡᠪᠡᠳᠴᠢᠲᠡᠨ ᠤ ᠲᠤᠭ᠎ᠠ ᠶᠢᠨ 30 ᠡᠳᠦᠷ ᠤᠨ ᠳᠦᠭᠦᠷᠡᠩ ᠠᠴᠢᠶ᠎ᠠ ᠲᠠᠢ ᠠᠵᠢᠯᠯᠠᠭᠠᠨ ᠤ ᠬᠡᠷᠡᠭᠴᠡᠭᠡ ᠶᠢ ᠬᠠᠩᠭᠠᠬᠤ ᠬᠡᠷᠡᠭᠲᠡᠶ︔ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠢ ᠤᠷᠢᠳᠴᠢᠯᠠᠨ ᠨᠥᠭᠡᠴᠡᠯᠡᠵᠦ᠂ ᠬᠢᠵᠢᠭ ᠤᠨ ᠪᠠᠶᠢᠳᠠᠯ ᠭᠠᠷᠬᠤ ᠦᠶ᠎ᠡ ᠶᠢᠨ ᠡᠳ᠋ ᠪᠣᠳᠠᠰ ᠤᠨ ᠨᠥᠭᠡᠴᠡ ᠭᠦᠢᠴᠡᠳ ᠪᠠᠶᠢᠵᠤ᠂ ᠬᠠᠩᠭᠠᠯᠭ᠎ᠠ ᠶᠢᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ︵ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠲᠥᠷᠪᠡ︶ ᠭᠡᠨᠡᠳᠲᠡ ᠡᠭᠦᠰᠬᠦ ᠬᠢᠵᠢᠭ ᠤᠨ ᠪᠠᠶᠢᠳᠠᠯ ᠢ ᠴᠠᠭ ᠲᠤᠬᠠᠶ ᠲᠤᠨᠢ ᠪᠦᠲᠦᠮᠵᠢᠲᠡᠶ ᠠᠷᠭᠠᠴᠠᠨ᠎ᠠ    1. ᠲᠦᠷᠭᠡᠨ ᠳᠠᠭᠠᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠳᠤ ᠬᠢᠵᠢᠭ ᠤᠨ ᠪᠠᠶᠢᠳᠠᠯ ᠢ ᠢᠯᠡᠷᠡᠭᠦᠯᠦᠭᠰᠡᠨ ᠤ ᠳᠠᠷᠠᠭ᠎ᠠ ᠳᠠᠷᠦ᠋ᠢᠬᠠᠨ ᠬᠤᠰᠢᠭᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠶᠢᠨ ᠬᠠᠮᠲᠤ ᠠᠷᠭᠠᠴᠠᠬᠤ ᠠᠵᠢᠯ ᠢ ᠰᠠᠶᠢᠲᠤᠷ ᠬᠢᠬᠦ ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠂ ᠬᠢᠵᠢᠭ ᠤᠨ ᠪᠠᠶᠢᠳᠠᠯ ᠤᠨ ᠵᠠᠳᠠᠯᠤᠯᠲᠠ᠂ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ᠂ ᠡᠮᠴᠢᠯᠡᠭᠡᠨ ᠤ ᠠᠪᠤᠷᠠᠨ ᠵᠠᠰᠠᠯᠲᠠ᠂ ᠣᠷᠴᠢᠨ ᠲᠣᠭᠤᠷᠢᠨ ᠤ ᠤᠰᠠᠳᠬᠠᠯᠲᠠ᠂ ᠭᠠᠴᠠᠭ᠎ᠠ ᠲᠣᠰᠬᠤᠨ ᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠤᠨ ᠡᠩᠨᠡᠭᠡ ᠶᠢ ᠦᠳᠲᠡᠷ ᠲᠦᠷᠭᠡᠨ ᠵᠣᠬᠢᠶᠠᠨ ᠪᠠᠶᠢᠭᠤᠯᠤᠨ ᠰᠢᠯᠵᠢᠭᠦᠯᠦᠨ ᠲᠣᠮᠢᠯᠠᠵᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠵᠦ᠂ ᠲᠥᠪᠯᠡᠷᠡᠭᠦᠯᠦᠨ ᠲᠤᠰᠠᠭᠠᠷᠯᠠᠬᠤ᠂ ᠴᠢᠬ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠠᠪᠤᠷᠠᠨ ᠵᠠᠰᠠᠬᠤ ᠵᠡᠷᠭᠡ ᠠᠷᠭᠠᠴᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    2. ᠬᠢᠵᠢᠭ ᠤᠨ ᠴᠢᠬ ᠢ ᠬᠠᠮᠢᠶᠠᠷᠤᠨ ᠡᠵᠡᠮᠳᠡᠨ᠎ᠡ᠃ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠠᠶᠤᠯ ᠲᠦᠭᠰᠢᠭᠦᠷᠢ ᠶᠢᠨ ᠳᠡᠰ ᠤᠨ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠠᠮᠢᠶᠠᠷᠤᠨ ᠡᠵᠡᠮᠳᠡᠬᠦ ᠣᠷᠣᠨ ᠪᠦᠰᠡ ᠶᠢᠨ ᠬᠡᠪᠴᠢᠶ᠎ᠡ ᠶᠢ ᠬᠠᠮᠤᠭ ᠤᠨ ᠪᠠᠭ᠎ᠠ ᠨᠢᠭᠡᠴᠡ ︵ᠵᠢᠱᠢᠶᠡᠯᠡᠪᠡᠯ ᠰᠠᠭᠤᠭᠠᠯᠢ ᠠᠷᠠᠳ ᠤᠨ ᠵᠢᠵᠢᠭ ᠲᠣᠭᠤᠷᠢᠭ᠂ ᠠᠰᠠᠷ ᠲᠠᠭᠲᠤ᠂ ᠠᠶᠢᠯ ᠲᠣᠰᠬᠤᠨ ᠳᠤᠭᠤᠶᠢᠯᠠᠩ ᠵᠡᠷᠭᠡ︶ ᠬᠦᠷᠲᠡᠯ᠎ᠡ ᠨᠠᠷᠢᠯᠢᠭ ᠣᠨᠣᠴᠠᠲᠠᠶ ᠪᠠᠷ ᠬᠡᠷᠡᠭᠵᠢᠭᠦᠯᠵᠦ᠂ ᠬᠠᠤᠯᠢ ᠲᠣᠭᠲᠠᠭᠠᠯ ᠶᠣᠰᠣᠭᠠᠷ ᠲᠠᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠵᠠᠮ ᠬᠠᠷᠢᠯᠴᠠᠭ᠎ᠠ ᠶᠢ ᠵᠠᠬᠢᠷᠤᠨ ᠬᠠᠮᠢᠶᠠᠷᠬᠤ᠂ ᠠᠵᠢᠯ ᠢ ᠵᠣᠭᠰᠣᠭᠠᠵᠤ ᠰᠤᠷᠤᠯᠭ᠎ᠠ ᠶᠢ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠳᠤᠮᠳᠠ ᠲᠦᠭᠰᠢᠭᠦᠷᠢ ᠶᠡᠬᠡᠲᠡᠶ ᠣᠷᠣᠨ ᠪᠦᠰᠡ ᠶᠢᠨ ᠬᠥᠮᠦᠰ ᠭᠠᠳᠠᠭᠰᠢ ᠭᠠᠷᠬᠤ ᠥᠬᠡᠶ᠂ ᠲᠦᠭᠰᠢᠭᠦᠷᠢ ᠪᠠᠭᠠᠲᠠᠶ ᠣᠷᠣᠨ ᠪᠦᠰᠡ ᠶᠢᠨ ᠬᠥᠮᠦᠰ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠷ ᠭᠠᠳᠠᠭᠰᠢ ᠭᠠᠷᠴᠤ᠂ ᠬᠥᠮᠦᠨ ᠴᠤᠭᠯᠠᠷᠠᠬᠤ ᠶᠢ ᠬᠢᠵᠠᠭᠠᠷᠯᠠᠵᠤ᠂ ᠭᠠᠳᠠᠭᠰᠢ ᠭᠠᠷᠭᠠᠬᠤ ᠶᠢ ᠰᠡᠷᠬᠡᠶᠢᠯᠡᠬᠦ ᠠᠵᠢᠯ ᠢ ᠡᠷᠡᠰ ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠭᠠᠷᠤᠭᠰᠠᠨ ᠭᠠᠴᠠᠭ᠎ᠠ ᠲᠣᠰᠬᠤᠨ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠢᠯᠡᠷᠡᠭᠰᠡᠨ ᠠᠰᠠᠷ ᠪᠠᠶᠢᠰᠢᠩ᠂ ᠬᠦᠷᠢᠶ᠎ᠡ ᠬᠠᠰᠢᠶ᠎ᠠ ᠳᠤ ᠪᠦᠬᠦᠨ ᠢ ᠪᠢᠲᠡᠭᠦᠮᠵᠢᠯᠡᠨ ᠬᠠᠮᠢᠶᠠᠷᠬᠤ ᠶᠢ ᠬᠡᠷᠡᠭᠵᠢᠭᠦᠯᠵᠦ᠂ ᠲᠥᠪᠯᠡᠷᠡᠭᠦᠯᠦᠨ ᠠᠷᠢᠯᠭᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠦᠨ᠂ ᠣᠷᠣᠯᠠᠨ ᠬᠤᠳᠠᠯᠳᠤᠨ ᠠᠪᠬᠤ᠂ ᠬᠤᠭᠤᠯᠠ ᠬᠦᠷᠭᠡᠬᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠦᠢᠯᠡᠴᠢᠯᠡᠬᠡᠨ ᠢ ᠬᠠᠩᠭᠠᠵᠤ᠂ ᠲᠤᠰᠠᠭᠠᠷᠯᠠᠬᠤ ᠬᠤᠭᠤᠴᠠᠭᠠᠨ ᠳᠠᠬᠢ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠪᠠ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ︽ᠳᠥᠷᠪᠡᠨ ᠲᠠᠯ᠎ᠠ ︾ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠳᠣᠷᠣᠭᠰᠢ ᠰᠠᠭᠤᠭᠰᠠᠨ ᠺᠠᠳ᠋ᠷ᠂ ᠰᠤᠮᠤ ᠪᠠᠯᠭᠠᠰᠤ ᠪᠠ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠶᠢᠨ ᠠᠵᠢᠯᠲᠠᠨ᠂ ᠦᠨᠳᠦᠰᠦᠨ ᠱᠠᠲᠤᠨ ᠤ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ᠂ ᠴᠡᠷᠢᠭ ᠠᠴᠠ ᠬᠠᠯᠠᠭᠳᠠᠭᠰᠠᠳ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ᠂ ᠪᠣᠶ ᠪᠥᠬᠦᠶ ᠭᠠᠴᠠᠭ᠎ᠠ ᠲᠣᠰᠬᠤᠨ ᠤ ᠴᠠᠭᠠᠵᠠ ᠳᠤ ᠪᠦᠬᠦᠯᠢ ᠡᠳᠦᠷ ᠢᠶᠠᠷ 24 ᠴᠠᠭ ᠢᠶᠠᠷ ᠵᠢᠵᠢᠭᠦᠷᠯᠡᠨ ᠰᠠᠬᠢᠬᠤ ᠶᠢ ᠬᠡᠷᠡᠭᠵᠢᠭᠦᠯᠵᠦ᠂ ᠣᠷᠣᠵᠤ ᠭᠠᠷᠤᠭᠰᠠᠳ ᠤᠨ ᠳᠤᠯᠠᠭᠠᠨ ᠢ ᠬᠡᠮᠵᠢᠬᠦ᠂ ᠠᠰᠠᠭᠤᠨ ᠯᠠᠪᠯᠠᠬᠤ᠂ ᠳᠡᠩᠰᠡᠯᠡᠨ ᠲᠡᠮᠳᠡᠭᠯᠡᠵᠦ ᠺᠣᠳ᠋ ᠰᠢᠷᠪᠢᠬᠦ᠂ ᠠᠷᠢᠭᠤᠳᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠨᠤᠭᠤᠳ ᠬᠠᠮᠵᠢᠯᠴᠠᠨ ᠰᠢᠨ᠎ᠡ ᠪᠠᠷ ᠢᠯᠡᠷᠡᠭᠦᠯᠦᠭᠰᠡᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠷᠭ᠎ᠠ ᠴᠢᠨᠠᠷᠲᠠᠶ ᠡᠪᠡᠳᠴᠢᠲᠡᠨ ᠢ ᠲᠤᠬᠠᠶ ᠶᠢᠨ ᠭᠠᠵᠠᠷ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠵᠢᠷᠤᠮᠵᠢᠭᠤᠯᠤᠨ ᠡᠮᠨᠡᠭᠦᠯᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠵᠣᠬᠢᠶᠠᠨ ᠪᠠᠶᠢᠭᠤᠯᠬᠤ ᠬᠡᠯᠲᠡᠰ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠡᠪᠯᠡᠯ ᠤᠨ ᠬᠤᠷᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    3. ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ᠃ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠩᠨᠡᠭᠡ ᠶᠢ ᠵᠣᠬᠢᠶᠠᠨ ᠪᠠᠶᠢᠭᠤᠯᠵᠤ᠂ ᠬᠤᠳᠠ ᠶᠢᠨ ᠲᠡᠰ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠡᠩᠨᠡᠭᠡ ᠶᠢᠨ ᠵᠢᠯᠤᠭᠤᠳᠤᠯᠭ᠎ᠠ ᠳᠣᠣᠷ᠎ᠠ ᠠᠵᠢᠯ ᠢᠶᠠᠨ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠵᠢᠴᠢ ᠳᠣᠲᠣᠭᠠᠳᠤ ᠶᠢ ᠬᠠᠮᠠᠭᠠᠯᠠᠬᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠤᠳ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠲᠠᠢ ᠢᠳᠡᠪᠬᠢᠲᠡᠶ ᠬᠠᠮᠵᠢᠯᠴᠠᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠥᠷᠨᠢᠭᠦᠯᠵᠦ᠂ ᠲᠣᠮᠣ ᠳ᠋ᠠᠶᠢᠲ᠋ᠠ ᠶᠢ ᠠᠰᠢᠭᠯᠠᠨ ᠠᠶᠤᠯ ᠲᠦᠭᠰᠢᠭᠦᠷᠢ ᠶᠡᠬᠡᠲᠡᠶ ᠬᠥᠮᠦᠰ ᠢ ᠨᠠᠷᠢᠯᠢᠭ ᠣᠨᠣᠴᠠᠲᠠᠶ ᠪᠠᠷ ᠵᠢᠭᠰᠠᠭᠠᠨ ᠪᠠᠶᠢᠴᠠᠭᠠᠵᠤ᠂ ᠬᠠᠯᠳᠠᠪᠤᠷᠢᠯᠠᠯ ᠤᠨ ᠢᠷᠡᠯᠲᠡ ᠶᠢ ᠬᠠᠮᠤᠭ ᠤᠨ ᠣᠬᠤᠷ ᠬᠤᠭᠤᠴᠠᠭᠠᠨ ᠳᠤ ᠴᠢᠷᠮᠠᠶᠢᠨ ᠣᠶᠢᠯᠠᠭᠠᠵᠤ᠂ ᠨᠢᠭᠲᠠ ᠣᠶᠢᠷᠠᠲᠤᠭᠰᠠᠳ᠂ ᠳᠡᠳ᠋ ᠣᠶᠢᠷᠠᠲᠤᠭᠰᠠᠳ ᠢ ᠮᠠᠭᠠᠳᠯᠠᠨ ᠲᠣᠭᠲᠠᠭᠠᠵᠤ ᠮᠥᠷᠳᠡᠨ ᠬᠠᠮᠢᠶᠠᠷᠬᠤ ᠬᠡᠷᠡᠭᠲᠡᠶ᠃ ︽ᠬᠥᠮᠦᠨ︾ ︽ᠪᠣᠳᠠᠰ︾ ᠢ ᠬᠠᠮᠲᠤ ᠳᠤᠨᠢ ᠪᠠᠶᠢᠴᠠᠭᠠᠬᠤ ᠶᠢ ᠪᠠᠷᠢᠮᠲᠠᠯᠠᠵᠤ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠡᠪᠡᠳᠴᠢᠨ ᠤ ᠵᠢᠱᠢᠶ᠎ᠡ᠂ ᠰᠡᠵᠢᠭᠯᠡᠯᠲᠡᠶ ᠡᠪᠡᠳᠴᠢᠨ ᠤ ᠵᠢᠱᠢᠶ᠎ᠡ᠂ ᠨᠢᠭᠲᠠ ᠣᠶᠢᠷᠠᠲᠤᠭᠰᠠᠳ ᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠬᠦ ᠶᠢᠨ ᠬᠠᠮᠲᠤ ᠪᠠᠰᠠ ᠲᠡᠭᠦᠨ ᠤ ᠠᠵᠢᠯ᠂ ᠠᠮᠢᠳᠤᠷᠠᠯ ᠤᠨ ᠣᠷᠴᠢᠨ ᠲᠣᠭᠤᠷᠢᠨ ᠵᠡᠷᠭᠡ ᠳᠤ ᠪᠥᠭᠡᠮ ᠬᠦᠴᠢᠯ ᠤᠨ ᠥᠯᠢᠭᠡᠷ ᠠᠪᠴᠤ ᠪᠠᠶᠢᠴᠠᠭᠠᠨ ᠰᠢᠯᠭᠠᠬᠤ ᠬᠡᠷᠡᠭᠲᠡᠶ᠃ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ 24 ᠴᠠᠭ ᠤᠨ ᠳᠣᠲᠣᠷ᠎ᠠ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠳᠠᠭᠤᠰᠬᠠᠵᠤ᠂ ᠣᠨᠴᠠᠭᠠᠶ ᠬᠡᠷᠡᠭ ᠤᠨ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠬᠦᠰᠦᠨᠦᠭᠲᠦ ᠵᠢᠴᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠮᠡᠳᠡᠭᠦᠯᠦᠯᠲᠡ ᠶᠢ ᠴᠠᠭ ᠲᠤᠬᠠᠢ ᠳᠤᠨᠢ ᠲᠡᠭᠡᠭᠰᠢ ᠮᠡᠳᠡᠬᠦᠯᠬᠦ ᠬᠡᠷᠡᠭᠳᠡᠢ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    4. ᠪᠥᠭᠡᠮ ᠬᠦᠴᠢᠯ ᠤᠨ ᠰᠢᠭᠰᠢᠨ ᠪᠠᠶᠢᠴᠠᠭᠠᠯᠲᠠ᠃ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠵᠡᠷᠭᠡ ᠪᠠᠶᠢᠴᠠᠭᠠᠨ ᠰᠢᠯᠭᠠᠬᠤ ᠪᠠᠶᠢᠭᠤᠯᠤᠮᠵᠢ ᠨᠤᠭᠤᠳ ᠪᠦᠬᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠲᠦᠷᠭᠡᠨ ᠵᠣᠬᠢᠶᠠᠨ ᠪᠠᠶᠢᠭᠤᠯᠤᠨ ᠥᠷᠨᠢᠭᠦᠯᠵᠦ᠂ ᠡᠭᠡᠯᠵᠢ ᠤᠳᠠᠭ᠎ᠠ ᠨᠡᠮᠡᠬᠦ᠂ ᠪᠤᠰᠤᠳ ᠠᠵᠢᠯ ᠤᠨ ᠪᠠᠶᠢᠷᠢ ᠶᠢᠨ ᠡᠮᠨᠡᠯᠭᠡ ᠶᠢᠨ ᠠᠵᠢᠯᠲᠠᠨ ᠢ ᠰᠢᠯᠵᠢᠭᠦᠯᠦᠨ ᠴᠤᠭᠯᠠᠭᠤᠯᠵᠤ ᠲᠤᠰᠠᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠳᠦᠷ ᠤᠨ ᠥᠯᠢᠭᠡᠷ ᠠᠪᠬᠤ ᠪᠠ ᠪᠠᠶᠢᠴᠠᠭᠠᠨ ᠰᠢᠯᠭᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠪᠠᠶᠢᠴᠠᠭᠠᠨ ᠰᠢᠯᠭᠠᠬᠤ ᠴᠢᠳᠠᠪᠤᠷᠢ ᠶᠢᠨ ᠳᠤᠲᠠᠭᠤᠳᠠᠯ ᠢ ᠦᠨᠳᠦᠰᠦᠯᠡᠨ᠂ ᠰᠢᠯᠵᠢᠭᠦᠯᠦᠨ ᠴᠤᠭᠯᠠᠭᠤᠯᠬᠤ ᠴᠢᠬᠤᠯᠠᠲᠠᠶ ᠬᠥᠳᠡᠯᠦᠩᠭᠦᠶ ᠪᠠᠶᠢᠴᠠᠭᠠᠨ ᠰᠢᠯᠭᠠᠬᠤ ᠡᠩᠨᠡᠭᠡ ᠶᠢᠨ ᠲᠤᠭ᠎ᠠ ᠬᠡᠮᠵᠢᠶ᠎ᠡ ᠶᠢ ᠲᠦᠷᠭᠡᠨ ᠲᠥᠰᠦᠭᠡᠯᠡᠨ ᠪᠤᠳᠤᠵᠤ᠂ ᠲᠤᠰᠠᠯᠠᠮᠵᠢ ᠭᠤᠶᠤᠴᠢᠯᠠᠬᠤ ᠪᠤᠶᠤ ᠭᠤᠷᠪᠠᠳᠠᠬᠢ ᠡᠲᠡᠭᠡᠳ ᠤᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠨᠥᠬᠦᠪᠥᠷᠢᠯᠡᠨ᠎ᠡ᠃ ᠪᠠᠶᠢᠴᠠᠭᠠᠨ ᠰᠢᠯᠭᠠᠬᠤ ᠬᠦᠴᠦᠨ ᠤ ᠪᠣᠳᠠᠲᠠᠶᠢᠵᠢᠭᠰᠠᠨ ᠪᠠᠶᠢᠳᠠᠯ ᠵᠢᠴᠢ ᠬᠥᠮᠦᠰ ᠤᠨ ᠬᠠᠯᠳᠠᠪᠤᠷᠢᠯᠠᠵᠤ ᠮᠡᠳᠡᠬᠦ ᠲᠦᠭᠰᠢᠭᠦᠷᠢ ᠶᠢᠨ ᠥᠨᠳᠥᠷ ᠪᠣᠭᠤᠨᠢ ᠶᠢ ᠦᠨᠳᠦᠰᠦᠯᠡᠨ᠂ ᠨᠢᠭᠲᠠ ᠣᠶᠢᠷᠠᠲᠤᠭᠰᠠᠳ᠂ ᠭᠤᠤᠯᠳᠠᠯᠭ᠎ᠠ ᠲᠠᠢ ᠬᠥᠮᠦᠰ᠂ ᠪᠥᠬᠦ ᠲᠣᠰᠬᠤᠨ ᠤ ᠠᠷᠠᠳ ᠵᠡᠷᠭᠡ ᠶᠢᠨ ᠲᠠᠰ ᠳᠠᠷᠠᠭᠠᠯᠠᠯ ᠢᠶᠠᠷ ᠪᠥᠭᠡᠮ ᠬᠦᠴᠢᠯ ᠤᠨ ᠪᠠᠶᠢᠴᠠᠭᠠᠨ ᠰᠢᠯᠭᠠᠵᠤ ᠰᠢᠭᠰᠢᠨ ᠪᠠᠶᠢᠴᠠᠭᠠᠬᠤ ᠶᠢ ᠥᠷᠨᠢᠭᠦᠯᠵᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠬᠦᠷᠢᠶ᠎ᠡ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠲᠤᠬᠠᠶ ᠶᠢᠨ ᠭᠠᠵᠠᠷ ᠤᠨ ᠬᠥᠮᠦᠨ ᠠᠮᠠ ᠶᠢ ᠪᠦᠬᠦᠨ ᠢ ᠬᠠᠮᠤᠷᠬᠤ ᠶᠢ ᠪᠡᠶᠡᠯᠡᠭᠦᠯᠦᠨ᠎ᠡ᠃ ᠬᠠᠯᠳᠠᠪᠤᠷᠢᠯᠠᠭᠰᠠᠨ ᠬᠥᠮᠦᠰ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠢᠵᠢᠭ ᠤᠨ ᠲᠠᠷᠬᠠᠯᠲᠠ ᠶᠢ ᠰᠡᠷᠭᠡᠶᠢᠯᠡᠨ ᠬᠤᠷᠢᠭᠯᠠᠨ᠎ᠠ᠃ ᠲᠤᠰᠠᠭᠠᠷᠯᠠᠭᠰᠠᠨ ᠬᠥᠮᠦᠰ ᠪᠠ ᠭᠤᠤᠯᠳᠠᠯᠭ᠎ᠠ ᠲᠠᠢ ᠭᠠᠵᠠᠷ ᠣᠷᠣᠨ᠂ ᠭᠤᠤᠯᠳᠠᠯᠭ᠎ᠠ ᠲᠠᠢ ᠬᠥᠮᠦᠰ ᠲᠤ ᠴᠢᠬᠤᠯᠠ ᠲᠠᠢ ᠦᠶ᠎ᠡ ᠳᠤ ᠣᠯᠠᠨ ᠤᠳᠠᠭᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠬᠢᠭᠳᠠᠭᠤᠯᠬᠤ ᠠᠴᠠ ᠬᠠᠮᠤᠭ ᠤᠨ ᠶᠡᠭᠡ ᠬᠡᠮᠵᠢᠶ᠎ᠡ ᠪᠠᠷ ᠵᠠᠶᠢᠯᠠᠰᠬᠢᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    5. ᠠᠨᠠᠭᠠᠬᠤ ᠤᠬᠠᠭᠠᠨ ᠤ ᠲᠤᠰᠠᠭᠠᠷᠯᠠᠯ ᠤᠨ ᠠᠵᠢᠭᠯᠠᠯᠲᠠ᠃ ᠵᠠᠷᠴᠢᠮ ᠳᠡᠭᠡᠷ᠎ᠡ ᠪᠠᠨ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠶᠢᠨ ᠨᠢᠭᠡᠳᠦᠭᠡᠷ ᠳᠡᠰ ᠤᠨ ᠬᠥᠮᠦᠰ ᠬᠤᠰᠢᠭᠤᠨ ᠤ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠲᠤ ᠠᠨᠠᠭᠠᠬᠤ ᠤᠬᠠᠭᠠᠨ ᠤ ᠠᠵᠢᠭᠯᠠᠯᠲᠠ ᠶᠢ ᠲᠤᠰᠠᠭᠠᠷᠯᠠᠵᠤ ᠂ ᠭᠠᠴᠠᠭ᠎ᠠ ᠲᠣᠰᠬᠤᠨ ᠤ ᠨᠢᠭᠡᠳᠦᠭᠡᠷ ᠳᠡᠰ ᠤᠨ ᠬᠥᠮᠦᠰ ᠲᠤ ᠬᠡᠷ ᠲᠡᠭᠡᠨ ᠰᠠᠭᠤᠵᠤ ᠪᠠᠶᠢᠭ᠎ᠠ ᠭᠠᠭᠴᠠ ᠬᠥᠮᠦᠨ ᠢ ᠲᠤᠰᠠᠭᠠᠷ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢ ᠬᠡᠷᠡᠭᠵᠢᠭᠦᠯᠵᠦ᠂ ᠬᠡᠷ ᠲᠡᠭᠡᠨ ᠰᠠᠭᠤᠵᠤ ᠪᠠᠶᠢᠭ᠎ᠠ ᠲᠤᠰᠠᠭᠠᠷᠯᠠᠬᠤ ᠨᠥᠬᠦᠴᠡᠯ ᠢ ᠬᠠᠩᠭᠠᠵᠤ ᠳᠡᠶᠢᠯᠬᠦ ᠥᠬᠡᠶ ᠭᠤᠤᠯᠳᠠᠯᠭ᠎ᠠ ᠲᠠᠢ ᠬᠥᠮᠦᠰ ᠲᠤ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠶᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠰᠤᠯᠠ ᠪᠠᠶᠢᠭ᠎ᠠ ᠬᠡᠷ ᠪᠠᠶᠢᠰᠢᠩ ᠵᠡᠷᠭᠡ ᠡᠬᠢ ᠪᠠᠶᠠᠯᠢᠭ ᠢ ᠠᠰᠢᠭᠯᠠᠨ ᠠᠨᠠᠭᠠᠬᠤ ᠤᠬᠠᠭᠠᠨ ᠤ ᠠᠵᠢᠭᠯᠠᠯᠲᠠ ᠪᠠᠷ ᠨᠢᠭᠲᠠ ᠣᠶᠢᠷᠠᠲᠤᠭᠰᠠᠳ᠂ ᠳᠡᠳ᠋ ᠣᠶᠢᠷᠠᠲᠤᠭᠰᠠᠳ ᠵᠡᠷᠭᠡ ᠶᠢ ᠲᠥᠪᠯᠡᠷᠡᠭᠦᠯᠦᠨ ᠲᠤᠰᠠᠭᠠᠷᠯᠠᠬᠤ ᠬᠡᠷᠡᠭᠲᠡᠶ᠃ ᠬᠡᠷ ᠲᠤᠨᠢ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠭᠴᠢ ᠶᠢ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠪᠠ ᠭᠠᠴᠠᠭ᠎ᠠ ᠲᠣᠰᠬᠤᠨ ᠤ ᠺᠠᠳ᠋ᠷ ᠪᠠ ᠲᠣᠰᠬᠤᠨ ᠤ ᠡᠮᠴᠢ ᠨᠡᠷ ᠳᠠᠭᠠᠭᠠᠴᠢᠯᠠᠨ ᠬᠤᠯᠪᠣᠭᠠᠯᠠᠬᠤ ᠪᠠ ᠮᠥᠷᠳᠡᠨ ᠬᠠᠮᠢᠶᠠᠷᠬᠤ ᠶᠢ ᠰᠠᠶᠢᠲᠤᠷ ᠬᠢᠵᠦ᠂ ᠮᠡᠳᠡᠭᠳᠡᠯ ᠤᠨ ᠪᠢᠴᠢᠭ ᠲᠠᠷᠬᠠᠭᠠᠬᠤ᠂ ᠵᠠᠷᠯᠠᠨ ᠨᠡᠶᠢᠲᠡᠯᠡᠬᠦ ᠫᠠᠶᠢᠰᠠ ᠡᠯᠭᠦᠬᠦ᠂ ᠡᠳᠦᠷ ᠪᠦᠷᠢ ᠬᠡᠷ ᠲᠤᠨᠢ ᠬᠦᠷᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ᠂ ᠭᠠᠭᠴᠠ ᠬᠥᠮᠦᠨ ᠤ ᠲᠤᠰᠠᠭᠠᠷ ᠲᠤᠰᠠᠭᠠᠷᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠬᠠᠪᠰᠤᠷᠤᠨ ᠲᠡᠳᠬᠦᠬᠦ ᠲᠦᠷᠢᠮ ᠢ ᠪᠠᠶᠢᠭᠤᠯᠵᠤ᠂ ᠭᠠᠴᠠᠭ᠎ᠠ ᠲᠣᠰᠬᠤᠨ ᠠᠴᠠ ᠬᠠᠶᠢᠷ᠎ᠠ ᠬᠠᠯᠠᠮᠵᠢ ᠶᠢᠨ ᠦᠢᠯᠡᠴᠢᠯᠡᠬᠡᠨ ᠤ ᠠᠩᠭᠢ ᠶᠢ ᠵᠣᠬᠢᠶᠠᠨ ᠪᠠᠶᠢᠭᠤᠯᠵᠤ᠂ ᠰᠠᠨᠠᠭᠠᠴᠢᠯᠠᠭ᠎ᠠ ᠠᠴᠠ ᠪᠠᠨ ᠠᠰᠠᠭᠤᠨ ᠯᠠᠪᠯᠠᠵᠤ᠂ ᠲᠤᠰᠠᠭᠠᠷᠯᠠᠭᠰᠠᠨ ᠬᠥᠮᠦᠰ ᠤᠨ ᠬᠦᠴᠢᠷᠳᠡᠯ ᠢ ᠴᠠᠭ ᠲᠤᠬᠠᠶ ᠳᠤᠨᠢ ᠵᠣᠬᠢᠴᠠᠭᠤᠯᠤᠨ ᠰᠡᠢᠳᠪᠦᠷᠢᠯᠡᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    6. ᠡᠮᠨᠡᠨ ᠠᠪᠤᠷᠬᠠᠤ᠃ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠶᠢ ᠴᠠᠭ ᠲᠤᠬᠠᠶ ᠳᠤᠨᠢ ᠣᠯᠵᠤ ᠮᠡᠳᠡᠬᠦ ᠶᠢᠨ ᠬᠠᠮᠲᠤ ᠰᠢᠯᠵᠢᠭᠦᠯᠦᠨ ᠣᠨᠣᠰᠢᠯᠠᠬᠤ ᠬᠡᠷᠡᠭᠲᠡᠶ᠃ ᠨᠥᠬᠦᠴᠡᠯ ᠲᠠᠢ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠬᠠᠷᠢᠴᠠᠩᠭᠤᠶ ᠲᠤᠰᠠᠭᠠᠷ ᠣᠷᠣᠨ ᠳᠤ ᠬᠠᠯᠠᠭᠤᠷᠠᠯ ᠤᠨ ᠡᠭᠦᠳᠡᠨ ᠡᠮᠨᠡᠯᠭᠡ ᠪᠠ ᠦᠯᠡᠳᠡᠭᠡᠨ ᠠᠵᠢᠭᠯᠠᠬᠤ ᠲᠠᠰᠤᠭ ᠭᠠᠷᠭᠠᠵᠤ᠂ ᠪᠤᠰᠤᠳ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠤᠶᠤ ᠭᠤᠷᠪᠠᠳᠠᠬᠢ ᠡᠲᠡᠭᠡᠳ ᠤᠨ ᠪᠠᠶᠢᠴᠠᠭᠠᠨ ᠰᠢᠯᠭᠠᠬᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠵᠡᠷᠭᠡ ᠠᠷᠭ᠎ᠠ ᠬᠡᠯᠪᠡᠷᠢ ᠪᠠᠷ ᠳᠡᠮᠵᠢᠵᠦ᠂ ᠡᠪᠡᠳᠴᠢᠨ ᠦᠵᠡᠭᠦᠯᠬᠦ ᠪᠠᠷ ᠢᠷᠡᠭᠰᠡᠨ ᠬᠠᠯᠠᠭᠤᠷᠠᠵᠤ ᠪᠠᠶᠢᠭ᠎ᠠ ᠡᠪᠡᠳᠴᠢᠲᠡᠨ ᠳᠤ ᠪᠦᠬᠡᠮ ᠬᠦᠴᠢᠯ ᠤᠨ ᠪᠠᠶᠢᠴᠠᠭᠠᠯᠲᠠ ᠪᠠ ᠴᠢᠰᠤᠨ ᠤ ᠵᠤᠷᠰᠢᠯ ᠤᠨ ᠪᠠᠶᠢᠴᠠᠭᠠᠯᠲᠠ ᠶᠢᠨ ᠦᠢᠯᠡᠴᠢᠯᠡᠭᠡ ᠬᠠᠩᠭᠠᠵᠤ᠂ ᠰᠡᠵᠢᠭᠯᠡᠯᠲᠡᠶ ᠡᠪᠡᠳᠴᠢᠨ ᠤ ᠵᠢᠱᠢᠶ᠎ᠡ ᠪᠠ ᠪᠦᠬᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠴᠢᠨᠠᠷ ᠲᠠᠢ ᠬᠥᠮᠦᠰ ᠲᠤ ᠲᠦᠷᠭᠡᠨ ᠠᠪᠤᠷᠠᠯᠳᠠ ᠶᠢᠨ ᠲᠡᠷᠭᠡ ᠳᠣᠭᠢᠷᠠᠭᠤᠯᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠲᠤᠰᠠᠭᠠᠷᠯᠠᠭᠤᠯᠬᠤ ᠪᠠ ᠡᠮᠨᠡᠨ ᠵᠠᠰᠠᠭᠤᠯᠵᠤ᠂ ᠬᠦᠨᠳᠦ ᠡᠪᠡᠳᠴᠢᠨ ᠤ ᠵᠢᠱᠢᠶ᠎ᠡ ᠶᠢ ᠴᠢᠳᠠᠬᠤ ᠶᠢᠨ ᠬᠢᠷᠢ ᠪᠠᠷ ᠬᠤᠲᠠ ᠶᠢᠨ ᠲᠠᠰ ᠤᠨ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠡᠮᠨᠡᠨ ᠠᠪᠤᠷᠠᠨ᠎ᠠ᠃ 10 ᠬᠥᠮᠦᠨ ᠠᠴᠠ ᠳᠡᠭᠡᠭᠰᠢ ᠣᠨᠣᠰᠢᠯᠠᠭᠰᠠᠨ ᠡᠪᠡᠳᠴᠢᠲᠡᠨ ᠢᠯᠡᠷᠡᠪᠡᠯ᠂ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠲᠦᠷᠭᠡᠨ ᠰᠤᠯᠠᠯᠠᠵᠤ ᠡᠪᠡᠳᠴᠢᠲᠡᠨ ᠢ ᠲᠥᠪᠯᠡᠷᠡᠭᠦᠯᠦᠨ ᠬᠦᠯᠢᠶᠡᠨ ᠠᠪᠴᠤ ᠡᠮᠨᠡᠨ ᠵᠠᠰᠠᠵᠤ᠂ ᠥᠨᠳᠥᠷ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠳᠤ ᠡᠮ ᠡᠮᠨᠡᠯᠭᠡ ᠶᠢᠨ ᠪᠦᠯᠬᠦᠮ ᠢ ᠵᠣᠬᠢᠶᠠᠨ ᠪᠠᠶᠢᠭᠤᠯᠵᠤ ᠪᠦᠬᠦᠯᠢ ᠪᠠᠶᠢᠭᠤᠯᠤᠮᠵᠢ ᠪᠠᠷ ᠨᠢ ᠡᠪᠡᠳᠴᠢᠲᠡᠨ ᠤ ᠲᠣᠭᠤᠷᠢᠭ ᠢ ᠬᠦᠯᠢᠶᠡᠨ ᠠᠪᠴᠤ ᠬᠠᠮᠢᠶᠠᠷᠤᠨ᠂ ᠬᠦᠨᠳᠦ ᠡᠪᠡᠳᠴᠢᠲᠡᠨ᠂ ᠬᠦᠨᠳᠦ ᠲᠦᠭᠰᠢᠭᠦᠷᠢᠲᠡᠢ ᠡᠪᠡᠳᠴᠢᠲᠡᠨ ᠳᠤ ︽ᠨᠢᠭᠡ ᠬᠥᠮᠦᠨ ᠳᠤ ᠨᠢᠭᠡ ᠵᠦᠢᠯ ᠤᠨ ᠠᠷᠭ᠎ᠠ ᠪᠤᠳᠤᠯᠭ᠎ᠠ︾ ᠪᠠ ᠰᠢᠨᠵᠢᠯᠡᠬᠦ ᠤᠬᠠᠭᠠᠨᠴᠢ ᠪᠠᠷ ᠠᠪᠤᠷᠠᠨ ᠵᠠᠰᠠᠬᠤ ᠶᠢ ᠬᠡᠷᠡᠭᠵᠢᠭᠦᠯᠦᠨ᠎ᠡ᠃ ᠡᠳ᠋ ᠪᠣᠳᠠᠰ᠂ ᠡᠮ ᠤᠨ ᠵᠦᠢᠯ ᠤᠨ ᠨᠥᠭᠡᠴᠡ ᠶᠢᠨ ᠬᠡᠮᠵᠢᠶ᠎ᠡ ᠨᠢ ᠡᠮ ᠡᠮᠨᠡᠯᠭᠡ ᠶᠢᠨ ᠪᠠᠶᠢᠭᠤᠯᠤᠮᠵᠢ ᠶᠢᠨ 30 ᠡᠳᠦᠷ ᠤᠨ ᠳᠦᠭᠦᠷᠡᠩ ᠳᠠᠭᠠᠭᠠᠴᠠ ᠲᠠᠢ ᠠᠵᠢᠯᠯᠠᠭᠠᠨ ᠤ ᠬᠡᠷᠡᠭᠴᠡᠭᠡ ᠶᠢ ᠬᠠᠩᠭᠠᠬᠤ ᠬᠡᠷᠡᠭᠲᠡᠶ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    7. ᠠᠵᠢᠯ ᠲᠥᠷᠥᠯ ᠤᠨ ᠰᠢᠰᠲ᠋ᠧᠮ ᠢᠶᠠᠷ ᠢᠶᠠᠨ ᠬᠠᠪᠰᠤᠷᠤᠨ ᠲᠡᠳᠬᠦᠬᠦ᠃ ᠴᠢᠬ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠳᠠᠬᠢ ᠵᠢᠯᠤᠭᠤᠳᠤᠯᠭ᠎ᠠ ᠪᠠᠨ ᠴᠢᠩᠭᠠᠳᠬᠠᠵᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠬᠢᠷᠢ ᠬᠡᠮᠵᠢᠶ᠎ᠡ ᠪᠠᠨ ᠲᠠᠰᠤᠷᠠᠯᠳᠠ ᠥᠭᠡᠢ ᠳᠡᠭᠡᠭᠰᠢᠯᠡᠭᠦᠯᠬᠦ ᠬᠡᠷᠡᠭᠲᠡᠶ᠃ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠷᠢᠭᠤᠴᠠᠨ᠎ᠠ︶    8. ᠣᠷᠴᠢᠨ ᠠᠬᠤᠶ ᠶᠢ ᠠᠷᠢᠭᠤᠳᠬᠠᠨ ᠤᠰᠠᠳᠬᠠᠬᠤ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠨᠤᠭᠤᠳ ᠨᠡᠶᠢᠲᠡ ᠶᠢᠨ ᠵᠣᠷᠯᠣᠩ ᠵᠡᠷᠭᠡ ᠬᠢᠵᠢᠭ ᠤᠨ ᠪᠠᠶᠢᠳᠠᠯ ᠠᠮᠠᠷᠬᠠᠨ ᠳᠡᠯᠭᠡᠷᠡᠬᠦ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ ᠲᠤᠰᠬᠠᠶ ᠠᠷᠢᠭᠤᠳᠬᠠᠬᠤ ᠠᠵᠢᠯ ᠤᠨ ᠲᠥᠰᠦᠯ ᠲᠣᠭᠲᠠᠭᠠᠵᠤ᠂ ᠲᠤᠰᠬᠠᠶ ᠵᠢᠵᠢᠭᠦᠷᠯᠡᠭᠴᠢ ᠳᠣᠭᠢᠷᠠᠭᠤᠯᠤᠨ᠂ ᠠᠷᠢᠭᠤᠳᠬᠠᠬᠤ ᠪᠠ ᠡᠮᠬᠢ ᠳᠢᠭᠯᠢᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠶ᠃ ᠣᠨᠣᠰᠢᠯᠠᠭᠰᠠᠨ ᠡᠪᠡᠳᠴᠢᠨ ᠤ ᠵᠢᠱᠢᠶ᠎ᠡ ᠪᠠ ᠰᠡᠵᠢᠭ ᠲᠠᠢ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠠᠵᠢᠯᠯᠠᠭᠠᠨ ᠤ ᠵᠠᠮ ᠢ ᠪᠦᠷᠢᠨ ᠬᠡᠯᠬᠢᠶ᠎ᠡ ᠪᠠᠷ ᠪᠦᠷᠢᠮᠦᠰᠦᠨ ᠤᠰᠠᠳᠬᠠᠨ᠎ᠠ᠃ ᠠᠮᠢᠳᠤᠷᠠᠯ ᠤᠨ ᠬᠤᠭ ᠨᠣᠪᠰᠢ ᠶᠢ ᠠᠷᠢᠭᠤᠳᠬᠠᠬᠤ ᠶᠢᠨ ᠬᠠᠮᠲᠤ ᠭᠠᠳᠠᠭᠰᠢ ᠲᠡᠭᠡᠭᠡᠪᠦᠷᠢᠯᠡᠵᠦ ᠲᠥᠪᠯᠡᠷᠡᠭᠦᠯᠦᠨ ᠰᠡᠶᠢᠳᠪᠦᠷᠢᠯᠡᠵᠦ᠂ ᠲᠤᠰᠠᠭᠠᠷᠯᠠᠭᠰᠠᠨ ᠬᠥᠮᠦᠰ ᠤᠨ ᠬᠤᠭ ᠨᠣᠪᠰᠢ ᠶᠢ ᠲᠥᠪᠯᠡᠷᠡᠭᠦᠯᠦᠨ ᠠᠷᠢᠭᠤᠳᠬᠠᠵᠤ᠂ ᠪᠢᠲᠡᠭᠦᠮᠵᠢᠯᠡᠨ ᠬᠠᠳᠠᠭᠠᠯᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ ᠰᠡᠢᠳᠪᠦᠷᠢᠯᠡᠨ᠎ᠡ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    9. ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠢᠯᠡ ᠨᠡᠶᠢᠲᠡᠯᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠵᠡᠷᠭᠡ ᠴᠢᠬᠤᠯᠠ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠴᠠᠭ ᠲᠤᠬᠠᠶ ᠳᠤᠨᠢ ᠣᠨᠣᠪᠴᠢᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠠᠵᠢᠯ ᠤᠨ ᠲᠥᠪ ᠴᠢᠩᠭ᠎ᠠ᠂ ᠡᠷᠬᠡ ᠰᠦᠷ ᠲᠠᠢ᠂ ᠨᠢᠭᠡᠳᠦᠯᠲᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠤᠨ ᠪᠠᠶᠢᠳᠠᠯ ᠪᠠ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠣᠨᠢᠨ ᠮᠡᠳᠡᠭᠡ ᠨᠡᠶᠢᠲᠡᠯᠡᠬᠦ ᠬᠤᠷᠠᠯ ᠢ ᠴᠠᠭ ᠲᠤᠨᠢ ᠲᠣᠬᠢᠷᠠᠭᠤᠯᠤᠨ ᠬᠤᠷᠠᠯᠳᠤᠭᠤᠯᠤᠨ᠎ᠠ᠃ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ 2 ᠴᠠᠭ ᠤᠨ ᠳᠣᠲᠣᠷ᠎ᠠ ᠰᠦᠯᠵᠢᠶ᠎ᠡ ᠪᠠᠷ ᠰᠢᠭᠤᠳ ᠮᠡᠳᠡᠭᠦᠯᠵᠦ᠂ ᠬᠠᠮᠤᠭ ᠣᠷᠣᠶ ᠳᠠᠭᠠᠨ 5 ᠴᠠᠭ ᠤᠨ ᠳᠣᠲᠣᠷ᠎ᠠ ᠡᠷᠬᠡ ᠰᠦᠷᠲᠦ ᠮᠡᠳᠡᠭᠡ ᠵᠠᠩᠭᠢ ᠨᠡᠶᠢᠲᠡᠯᠡᠵᠦ᠂ 24 ᠴᠠᠭ ᠤᠨ ᠳᠣᠲᠣᠷ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠬᠦ ᠶᠢᠨ ᠬᠠᠮᠲᠤ ᠡᠳᠦᠷ ᠪᠦᠷᠢ ᠶᠢᠨ ᠲᠣᠭᠲᠠᠭᠰᠠᠨ ᠴᠠᠭ ᠲᠣᠭᠲᠠᠭᠰᠠᠨ ᠴᠡᠭ ᠤᠨ ᠲᠣᠭᠲᠠᠮᠠᠯ ᠬᠤᠭᠤᠴᠠᠭᠠᠲᠤ ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠣᠭᠲᠠᠴᠠ ᠶᠢ ᠪᠠᠶᠢᠭᠤᠯᠤᠨ᠎ᠠ᠃ ᠡᠭᠦᠨ ᠤ ᠬᠠᠮᠲᠤ᠂ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠰᠡᠵᠢᠭ ᠢ ᠨᠢ ᠲᠠᠶᠢᠯᠤᠨ ᠲᠥᠭᠡᠷᠢᠭᠳᠡᠯ ᠢ ᠨᠢ ᠲᠠᠶᠢᠯᠤᠭᠤᠯᠵᠤ᠂ ᠰᠡᠷᠭᠡᠶᠢᠯᠡᠨ ᠡᠵᠡᠮᠳᠡᠬᠦ ᠮᠡᠳᠡᠯᠭᠡ ᠶᠢ ᠲᠦᠭᠡᠮᠡᠯᠵᠢᠭᠦᠯᠦᠨ᠂ ᠬᠢᠵᠢᠭ ᠲᠤ ᠬᠤᠯᠪᠣᠭᠳᠠᠭᠰᠠᠨ ᠬᠠᠯᠠᠮᠰᠢᠯ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤᠯᠲᠠ ᠥᠭᠴᠦ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠦᠨ ᠵᠢᠯᠣᠭᠤᠳᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠤᠬᠠᠭᠤᠯᠬᠤ ᠬᠡᠯᠲᠡᠰ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠰᠢᠭᠤᠨ ᠤ ᠤᠳᠤᠷᠢᠳᠤᠯᠭ᠎ᠠ ᠰᠤᠮᠤ ᠪᠠᠯᠭᠠᠰᠤ ︵ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ︶ ᠲᠠᠭᠠᠭᠠᠴᠢᠯᠠᠨ ᠬᠠᠷᠢᠴᠠᠬᠤ᠂ ᠰᠤᠮᠤ ᠪᠠᠯᠭᠠᠰᠤ ︵ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ︶ ᠶᠢᠨ ᠺᠠᠳ᠋ᠷ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶ ᠶᠢ ᠲᠠᠭᠠᠭᠠᠴᠢᠯᠠᠨ ᠬᠠᠷᠢᠴᠠᠬᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶ ᠤ ᠺᠠᠳ᠋ᠷ ᠡᠷᠦᠬᠡ ᠶᠢ ᠳᠠᠭᠠᠭᠠᠴᠢᠯᠠᠬᠤ  ᠵᠡᠷᠭᠡ ᠭᠤᠷᠪᠠᠨ ᠳᠡᠰ ᠢᠶᠠᠷ ᠲᠤᠤᠷᠵᠢᠭᠤᠯᠤᠨ ᠲᠠᠭᠠᠭᠠᠴᠢᠯᠠᠬᠤ ᠲᠤᠭᠳᠠᠯᠴᠠᠭ᠎ᠠ ᠶᠢ ᠪᠠᠶᠢᠭᠤᠯᠤᠨ᠎ᠠ᠃ ᠪᠠᠶᠠᠷ ᠳᠤᠷᠠᠰᠬᠠᠯ ᠤᠨ ᠡᠳᠦᠷ ᠠᠮᠠᠷᠠᠯᠲᠠ ᠶᠢᠨ ᠡᠳᠦᠷ ᠵᠡᠷᠭᠡ ᠭᠤᠤᠯᠳᠠᠯᠭ᠎ᠠ ᠲᠠᠢ ᠴᠠᠭ ᠬᠤᠭᠤᠴᠠᠭᠠᠨ ᠤ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠵᠢᠯᠲᠠᠨ ᠤ ᠡᠩᠨᠡᠭᠡ᠂ ᠰᠡᠷᠭᠡᠶᠢᠯᠡᠨ ᠡᠵᠡᠮᠳᠡᠬᠦ ᠡᠳ᠋ ᠪᠣᠳᠠᠰ᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠪᠠ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠵᠡᠷᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠳᠥᠷᠪᠡᠨ ᠲᠠᠯ᠎ᠠ︾ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠤᠮᠤ ᠪᠠᠯᠭᠠᠰᠤ ᠪᠠ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠤᠤᠯᠴᠢᠯᠠᠨ ᠬᠠᠮᠢᠶᠠᠷᠬᠤ ᠬᠠᠷᠢᠭᠤᠴᠠᠯᠭ᠎ᠠ᠂ ᠨᠢᠭᠡᠴᠡ ᠭᠤᠤᠯ ᠴᠣᠭᠴᠠ ᠶᠢᠨ ᠬᠠᠷᠢᠭᠤᠴᠠᠯᠭ᠎ᠠ᠂ ᠬᠤᠪᠢ ᠬᠥᠮᠦᠨ ᠪᠠ ᠬᠡᠷ ᠪᠦᠯᠢ ᠶᠢᠨ ᠥᠪᠡᠷ ᠢ ᠪᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠲᠣᠰᠬᠤᠨ ᠤ ᠺᠠᠳ᠋ᠷ᠂ ᠰᠦᠯᠵᠢᠶᠡᠨ ᠤ ᠠᠵᠢᠯᠲᠠᠨ᠂ ᠨᠠᠮ ᠤᠨ ᠭᠡᠰᠢᠭᠦᠨ ᠪᠠ ᠰᠠᠶᠢᠨ ᠳᠤᠷ᠎ᠠ ᠶᠢᠨ ᠠᠵᠢᠯᠯᠠᠭᠴᠢ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠵᠥᠪᠯᠡᠯ ᠢ ᠪᠦᠷᠢᠨᠰᠢᠬᠦᠯᠦᠨ᠂ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠯᠲᠠ ᠶᠢ ᠴᠢᠩᠭᠠᠳᠬᠠᠵᠤ᠂ ᠮᠠᠯᠴᠢᠨ ᠲᠠᠷᠢᠶᠠᠴᠢᠨ ᠢ ᠵᠣᠬᠢᠶᠠᠨ ᠪᠠᠶᠢᠭᠤᠯᠤᠨ ᠡᠷᠡᠭᠦᠯ ᠢ ᠬᠠᠮᠠᠭᠠᠯᠠᠵᠤ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠬᠦ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠬᠤᠶᠠᠷ︶ ᠡᠳ᠋ ᠪᠠᠷᠠᠭᠠᠨ ᠤ ᠠᠵᠢᠯᠲᠠᠨ ᠤ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ ᠤᠳ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠡᠢᠳᠪᠦᠷᠢᠯᠡᠬᠦ ᠠᠵᠢᠯ ᠤᠨ ᠵᠠᠷᠤᠳᠠᠯ ᠤᠨ ᠳᠡᠮᠵᠢᠯᠭᠡ ᠪᠠ ᠡᠳ᠋ ᠪᠣᠳᠠᠰ ᠤᠨ ᠪᠠᠲᠤᠯᠠᠭ᠎ᠠ ᠶᠢ ᠰᠠᠶᠢᠲᠤᠷ ᠬᠢᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ ᠰᠤᠮᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠭᠠᠴᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠨᠡᠯᠭᠡ ᠶᠢᠨ ᠠᠵᠢᠯᠲᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠷᠭᠡᠵᠢᠯ ᠬᠢᠭᠡᠳ ᠡᠮᠨᠡᠯᠭᠡ ᠶᠢᠨ ᠬᠤᠷᠢᠶ᠎ᠠ ᠶᠢᠨ ᠰᠡᠷᠡᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠭᠤᠯᠤᠯ ᠢ ᠴᠢᠩᠭᠠᠳᠬᠠᠵᠤ᠂ ᠡᠯ᠎ᠡ ᠲᠥᠷᠥᠯ ᠤᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠡᠯᠡᠳᠬᠡᠯ ᠲᠥᠰᠦᠯ ᠢᠶᠠᠨ ᠴᠠᠭ ᠲᠤᠬᠠᠶ ᠳᠤᠨᠢ ᠲᠡᠭᠦᠯᠳᠡᠷᠵᠢᠭᠦᠯᠬᠦ ᠶᠢᠨ ᠬᠠᠮᠲᠤ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠪᠣᠯᠤᠨ ᠡᠳᠦᠷ ᠲᠤᠲᠤᠮ ᠤᠨ ᠠᠵᠢᠯ ᠤᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠂ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠶ᠃ ︵ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠭᠤᠷᠪᠠ︶ ᠢᠯᠡᠴᠢᠯᠡᠨ ᠮᠡᠳᠡᠭᠦᠯᠬᠦ ᠶᠢ ᠱᠠᠩᠨᠠᠬᠤ ᠲᠦᠷᠢᠮ ᠢ ᠪᠠᠶᠢᠭᠤᠯᠬᠤ ᠬᠡᠷᠡᠭᠲᠡᠶ᠃ ᠥᠷᠭᠡᠨ ᠣᠯᠠᠨ ᠲᠦᠮᠡᠨ ᠢ ᠳᠠᠶᠢᠴᠢᠯᠠᠨ ᠨᠡᠶᠢᠭᠡᠮ ᠤᠨ ᠬᠢᠨᠠᠯᠲᠠ ᠲᠠᠯᠪᠢᠬᠤ ᠪᠠ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠢᠶᠠᠷ ᠵᠤᠭᠠᠴᠠᠨ ᠰᠠᠭᠤᠭᠰᠠᠨ ᠲᠡᠦᠬᠡ ᠲᠠᠢ ᠬᠥᠮᠦᠰ ᠤᠨ ᠰᠦᠪᠡᠭᠴᠢ ᠶᠢ ᠢᠯᠡᠷᠡᠭᠦᠯᠪᠡᠯ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ᠂ ᠬᠤᠪᠢᠶᠠᠷᠢ ᠲᠠᠯᠠᠪᠠᠶ︶ ᠳᠤ ᠴᠠᠭ ᠲᠤᠬᠠᠶ ᠳᠤᠨᠢ ᠢᠯᠡᠴᠢᠯᠡᠨ ᠮᠡᠳᠡᠭᠦᠯᠵᠦ᠂ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ ᠦᠨᠡᠨᠬᠦ ᠳᠤᠮᠳᠠ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠵᠢᠭᠤᠯᠴᠢᠯᠠᠨ ᠰᠠᠭᠤᠭᠰᠠᠨ ᠲᠡᠤᠬᠡ ᠲᠠᠢ ᠪᠥᠭᠡᠳ ᠣᠷᠬᠢᠭᠳᠠᠭᠤᠯᠤᠭᠰᠠᠨ ᠬᠥᠮᠦᠰ ᠢ ᠮᠡᠳᠡᠭᠦᠯᠬᠦ ᠥᠬᠡᠶ ᠪᠤᠶᠤ ᠵᠢᠭᠰᠠᠭᠠᠨ ᠪᠠᠶᠢᠴᠠᠭᠠᠬᠤ ᠶᠢᠨ ᠲᠤᠰᠠᠳᠠ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠪᠢᠯᠢᠭ ᠴᠢᠨᠠᠷᠲᠠᠶ ᠪᠣᠯ ᠢᠯᠡᠴᠢᠯᠡᠨ ᠮᠡᠳᠡᠭᠦᠯᠦᠭᠴᠢ ᠳᠤ 500 ᠲᠥᠭᠦᠷᠢᠭ ᠱᠠᠩᠨᠠᠵᠤ᠂ ᠪᠥᠭᠡᠮ ᠬᠦᠴᠢᠯ ᠤᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠠᠷᠭ᠎ᠠ ᠴᠢᠨᠠᠷᠲᠠᠶ ᠪᠣᠯ ᠢᠯᠡᠴᠢᠯᠡᠨ ᠮᠡᠳᠡᠭᠦᠯᠦᠭᠴᠢ ᠳᠤ 5000 ᠲᠥᠭᠦᠷᠢᠭ ᠱᠠᠩᠨᠠᠬᠤ ᠶᠢᠨ ᠬᠠᠮᠲᠤ ᠢᠯᠡᠴᠢᠯᠡᠨ ᠮᠡᠳᠡᠭᠦᠯᠦᠭᠴᠢ ᠶᠢᠨ ᠮᠡᠳᠡᠭᠡ ᠵᠠᠩᠭᠢ ᠶᠢᠨ ᠨᠢᠭᠤᠴᠠ ᠶᠢ ᠴᠢᠩᠭ᠎ᠠ ᠬᠠᠮᠠᠭᠠᠯᠠᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠳ᠋ ᠤᠨ ᠵᠠᠰᠠᠭ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠳᠥᠷᠪᠡ︶ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠎ᠠ᠃ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ ᠂ ᠡᠯ᠎ᠡ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠲᠥᠷᠥ ᠶᠢᠨ ᠪᠣᠳᠣᠯᠭ᠎ᠠ ᠶᠢᠨ ᠵᠣᠯᠭᠠᠭᠤᠯᠤᠯᠲᠠ ᠶᠢ ᠴᠢᠩᠭᠠᠳᠬᠠᠵᠤ᠂ ᠳᠡᠭᠡᠳᠦ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠤᠨ ᠪᠣᠳᠠᠲᠤ ᠪᠠᠶᠢᠳᠠᠯ ᠪᠠ ᠠᠵᠢᠯ ᠲᠥᠷᠥᠯ ᠤᠨ ᠣᠨᠴᠠᠯᠢᠭ ᠲᠠᠢ ᠪᠠᠨ ᠤᠶᠠᠯᠳᠤᠭᠤᠯᠤᠨ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ ᠂ ᠲᠣᠤᠷᠵᠢᠭᠤᠯᠤᠨ ᠬᠠᠮᠢᠶᠠᠷᠤᠨ ᠡᠵᠡᠮᠳᠡᠬᠦ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠬᠤ ᠬᠡᠷᠡᠭᠲᠡᠶ᠃ ︵ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯ ᠠᠵᠤ ᠠᠬᠤᠶ ᠵᠢᠭᠠᠰᠤᠨ ᠲᠠᠯᠠᠪᠠᠶ᠂ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠲᠠᠪᠤ︶ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠨ᠎ᠠ᠃ ︽ᠪᠦᠬᠦ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠪᠠᠶᠢᠩᠭᠤᠵᠢᠭᠤᠯᠬᠤ ᠪᠠ ᠡᠪᠦᠯ ᠬᠠᠪᠤᠷ ᠤᠨ ᠤᠯᠠᠷᠢᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠯᠲᠠ ᠪᠠᠶᠢᠴᠠᠭᠠᠯᠲᠠ ᠶᠢᠨ ᠵᠢᠯᠣᠭᠤᠳᠣᠯᠭ᠎ᠠ ᠶᠢ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠯᠠᠪᠳᠠᠭᠤᠯᠤᠨ ᠪᠠᠶᠢᠴᠠᠭᠠᠵᠤ ᠵᠢᠯᠣᠭᠤᠳᠬᠤ ᠪᠠᠨ ᠴᠢᠩᠭᠠᠳᠬᠠᠵᠤ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠮᠤᠷ ᠲᠦᠪᠰᠢᠨ ᠤ ᠪᠠᠶᠢᠴᠠᠭᠠᠯᠲᠠ ᠶᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠪᠠ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠡᠯ᠎ᠡ ᠲᠥᠷᠥᠯ ᠤᠨ ᠬᠡᠮ ᠰᠣᠭᠤᠭ ᠢ ᠴᠠᠭ ᠲᠤᠬᠠᠶ ᠳᠤᠨᠢ ᠢᠯᠡᠷᠡᠭᠦᠯᠬᠦ ᠪᠠ ᠴᠡᠭᠴᠡᠯᠡᠨ ᠰᠠᠶᠢᠵᠢᠷᠠᠭᠤᠯᠵᠤ᠂ ᠰᠡᠷᠭᠡᠶᠢᠯᠡᠨ ᠡᠵᠡᠮᠳᠡᠬᠦ ᠳᠤᠲᠠᠭᠤᠳᠠᠯ ᠢ ᠨᠥᠬᠦᠪᠥᠷᠢᠯᠡᠵᠦ᠂ ᠠᠵᠢᠯ ᠤᠨ ᠠᠯᠳᠠᠰᠢ ᠭᠠᠷᠬᠤ ᠶᠢ ᠪᠥᠭᠯᠡᠵᠦ᠂ ᠰᠢᠮᠳᠠᠭᠤᠯᠤᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ  ᠲᠤᠭᠤᠰᠢᠯᠠᠭᠤᠯᠣᠨ ᠨᠠᠶᠢᠳᠠᠪᠤᠷᠢᠵᠢᠭᠤᠯᠤᠭᠰᠠᠨ ᠨᠢ ᠬᠦᠴᠦᠨ ᠥᠬᠡᠶ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ᠂ ᠲᠤᠰᠢᠶᠠᠯ ᠢᠶᠠᠨ ᠬᠦᠢᠴᠡᠳᠬᠡᠭᠰᠡᠨ ᠨᠢ ᠬᠦᠢᠴᠡᠳ ᠥᠬᠡᠶ᠂ ᠬᠠᠷᠢᠭᠤᠴᠠᠯᠭ᠎ᠠ ᠡᠭᠦᠷᠭᠡᠯᠡᠬᠦ ᠥᠬᠡᠶ᠂ ᠠᠵᠢᠯ ᠬᠢᠬᠦ ᠥᠬᠡᠶ ᠵᠡᠷᠭᠡ ᠠᠰᠠᠭᠤᠳᠠᠯ ᠢ ᠰᠠᠬᠢᠯᠭ᠎ᠠ ᠪᠠᠲᠤ ᠲᠦᠷᠢᠮ ᠲᠣᠭᠲᠠᠭᠠᠯ ᠶᠣᠰᠣᠭᠠᠷ ᠴᠢᠩᠭ᠎ᠠ ᠰᠡᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ︵ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠰᠢᠮᠳᠠᠭᠤᠯᠤᠨ ᠪᠠᠶᠢᠴᠠᠭᠠᠬᠤ ᠲᠠᠰᠤᠭ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶                 ᠤᠷᠠᠳ ᠠᠯᠪᠠᠨ ᠲᠠᠷᠬᠠᠭᠠᠭᠰᠠᠨ ﹇2021﹈ 30 ᠳ᠋ᠤᠭᠠᠷ ᠲᠣᠭᠠᠲᠤ    ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠷᠠᠳ ᠤᠨ ᠡᠮᠦᠨᠡᠲᠦ ᠬᠤᠰᠢᠭᠤᠨ ᠤ 2021 ᠣᠨ ᠤ ᠰᠢᠨ᠎ᠡ  ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠠᠶᠢᠳᠠᠯ ᠳᠣᠤᠷᠠᠬᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠳᠤᠭᠤᠶᠢᠯᠠᠩ ᠤᠨ ᠰᠢᠯᠭᠠᠯᠲᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠲᠤ᠄    ᠬᠤᠰᠢᠭᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠷᠠᠳ ᠤᠨ ᠡᠮᠦᠨᠡᠲᠦ ᠬᠤᠰᠢᠭᠤᠨ ᠤ 2021 ᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠪᠠᠶᠢᠳᠠᠯ ᠳᠣᠤᠷᠠᠬᠢ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠳᠤᠭᠤᠶᠢᠯᠠᠩ ᠤᠨ ᠰᠢᠯᠭᠠᠯᠲᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠲᠦᠭᠡᠶ᠃                       ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ                                         2021 ᠣᠨ ᠤ 5 ᠰᠠᠷ᠎ᠠ ᠶᠢᠨ 27                         ᠤᠯᠤᠰ ᠤᠨ ᠰᠤᠷᠭᠠᠨ   ᠬᠥᠮᠦᠵᠢᠯ ᠤᠨ ᠰᠢᠯᠭᠠᠯᠲᠠ ᠶᠢᠨ   ᠳᠤᠭᠤᠶᠢᠯᠠᠩ ᠤᠨ                      ᠰᠢᠯᠭᠠᠯᠲᠠ ᠶᠢᠨ   ᠬᠢᠵᠢᠭ ᠢ ᠰᠡᠷᠭᠡᠶᠢᠯᠡᠬᠦ ᠠᠵᠢᠯ ᠤᠨ ᠬᠡᠷᠡᠭᠵᠢᠭᠦᠯᠬᠦ ᠲᠥᠰᠦᠯ    ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢᠨ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠵᠢᠯᠣᠭᠤᠳᠬᠤ ᠰᠠᠨᠠᠯ︾ ︵ᠤᠯᠤᠰ ᠬᠦᠭᠵᠢᠬᠦᠯᠦᠯᠳᠡ ᠢᠯᠡ ᠴᠠᠬᠢᠯᠭᠠᠨ ︹ 2020 ︺ 114 ᠳ᠋ᠤᠬᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠵᠤ᠂ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠠᠮᠤᠷ ᠲᠦᠪᠰᠢᠨ ᠡᠮᠬᠢ ᠵᠢᠷᠤᠮ ᠲᠠᠢ ᠵᠣᠬᠢᠶᠠᠨ ᠪᠠᠶᠢᠭᠤᠯᠤᠯᠲᠠ ᠶᠢ ᠪᠠᠲᠤᠯᠠᠵᠤ᠂ ᠳᠡᠭᠡᠷ᠎ᠡ ᠳᠤᠷᠠᠳᠤᠭᠰᠠᠨ ᠵᠢᠯᠣᠭᠤᠳᠬᠤ ᠰᠠᠨᠠᠯ ᠤᠨ ᠲᠣᠭᠤᠷᠢᠨ ᠳᠤ᠂ ᠮᠠᠨ ᠤ ᠬᠤᠰᠢᠭᠤᠨ ᠤ ᠪᠠᠶᠢᠩᠭᠤ ᠶᠢᠨ ᠴᠢᠨᠠᠷᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠣᠤᠷᠠᠬᠢ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠳᠤᠭᠤᠶᠢᠯᠠᠩ ᠤᠨ ᠰᠢᠯᠭᠠᠯᠲᠠ ᠶᠢᠨ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠠᠵᠢᠯ  ᠤᠨ ᠲᠣᠭᠲᠠᠴᠠ ᠶᠢ ᠲᠡᠭᠦᠯᠳᠡᠷᠵᠢᠬᠦᠯᠦᠨ᠎ᠡ    ︵ᠨᠢᠭᠡ︶ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠮᠠᠨ ᠤ ᠬᠤᠰᠢᠭᠤᠨ ᠤ ᠪᠥᠬᠦ ᠤᠯᠤᠰ ᠤᠨ ᠡᠩ ᠤᠨ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠰᠢᠯᠭᠠᠯᠲᠠ ᠶᠢᠨ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ ᠰᠠᠭᠤᠷᠢᠨ ᠳᠡᠭᠡᠷ᠎ᠡ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠪᠠ ᠡᠮᠴᠢᠯᠡᠭᠡᠨ ᠤ ᠪᠠᠶᠢᠭᠤᠯᠤᠮᠵᠢ ᠵᠡᠷᠭᠡ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠯᠭᠠᠯᠲᠠ ᠶᠢ ᠵᠣᠬᠢᠶᠠᠨ ᠪᠠᠶᠢᠭᠤᠯᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠠ᠃    ︵ᠬᠤᠶᠠᠷ︶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠤᠭᠰᠠᠨ ᠰᠢᠯᠭᠠᠯᠲᠠ ᠶᠢᠨ ᠲᠥᠷᠥᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠡᠢᠳᠪᠦᠷᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠎ᠠ᠃    ︵ᠭᠤᠷᠪᠠ︶ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠯᠭᠠᠭᠤᠯᠵᠤ ᠨᠡᠪᠲᠡᠷᠡᠯᠴᠡᠬᠦ ᠶᠢ ᠴᠢᠩᠭᠠᠷᠠᠭᠤᠯᠤᠨ᠎ᠠ᠃ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠬᠤᠰᠢᠭᠤᠨ ᠤ ᠰᠣᠷᠣᠭᠴᠢ ᠡᠯᠰᠡᠬᠦ ᠵᠥᠪᠯᠡᠯ ᠠᠴᠠ ᠰᠢᠯᠭᠠᠯᠲᠠ ᠶᠢᠨ ᠬᠠᠮᠢᠶ᠎ᠠ ᠪᠥᠬᠦᠶ ᠤᠴᠢᠷ ᠶᠠᠪᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠮᠲᠤᠷᠠᠭᠰᠠᠨ ᠬᠤᠷᠠᠯ ᠤᠨ ᠪᠦᠷᠢᠯᠳᠦᠬᠦᠨ ᠨᠢᠭᠡᠴᠡ ᠪᠣᠯᠤᠨ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠬᠤᠭᠤᠷᠣᠨᠳᠣᠬᠢ ᠵᠣᠯᠭᠠᠯᠴᠠᠭ᠎ᠠ ᠨᠡᠪᠲᠡᠷᠡᠯᠴᠡᠭᠡ ᠶᠢ ᠰᠠᠶᠢᠲᠤᠷ ᠬᠢᠵᠦ᠂ ᠰᠢᠯᠭᠠᠯᠲᠠ ᠶᠢᠨ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠥᠪᠳᠡᠯᠴᠡᠬᠦ᠂ ᠬᠢᠨᠠᠨ ᠰᠢᠯᠭᠠᠬᠤ᠂ ᠤᠷᠢᠳᠴᠢᠯᠠᠨ ᠰᠡᠷᠡᠮᠵᠢᠯᠡᠭᠦᠯᠬᠦ᠂  ᠰᠡᠢᠳᠪᠦᠷᠢᠯᠡᠬᠦ ᠵᠡᠷᠭᠡ ᠲᠣᠭᠲᠠᠴᠠ ᠶᠢ ᠲᠣᠭᠲᠠᠭᠠᠨ᠎ᠠ᠃    ᠬᠤᠶᠠᠷ᠂ ᠠᠵᠢᠯ  ᠤᠨ ᠲᠥᠷᠢᠮ  ᠢ ᠪᠥᠷᠢᠨᠰᠢᠬᠦᠯᠥᠨ᠎ᠡ    ︵ᠨᠢᠭᠡ︶ ᠳᠤᠭᠤᠶᠢᠯᠠᠩ ᠤᠨ ᠰᠢᠯᠭᠠᠯᠲᠠ ᠶᠢᠨ ᠬᠢᠵᠢᠭ ᠢ ᠰᠡᠷᠭᠡᠶᠢᠯᠡᠬᠦ ᠠᠵᠢᠯ ᠤᠨ ᠲᠥᠰᠦᠯ ᠪᠣᠯᠤᠨ ᠪᠡᠯᠡᠳᠬᠡᠯ ᠲᠥᠰᠦᠯ ᠢ ᠲᠣᠭᠲᠠᠭᠠᠬᠤ ᠬᠡᠷᠡᠭᠲᠡᠶ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠮᠴᠢᠯᠡᠭᠡᠨ ᠤ ᠪᠠᠶᠢᠭᠤᠯᠤᠮᠵᠢ ᠵᠢᠴᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤ ᠪᠠᠷ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠭᠰᠠᠨ ᠤᠷᠢᠲᠠᠯ ᠳᠣᠤᠷ᠎ᠠ᠂ ᠵᠣᠬᠢᠶᠠᠨ ᠪᠠᠶᠢᠭᠤᠯᠵᠤ ᠰᠢᠯᠭᠠᠬᠤ ᠬᠢᠵᠢᠭ ᠢ ᠰᠡᠷᠭᠡᠶᠢᠯᠡᠬᠦ ᠬᠡᠷᠡᠭᠵᠢᠭᠦᠯᠬᠦ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠴᠠᠲᠠᠶ ᠪᠠᠷ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠣᠭᠲᠠᠭᠠᠵᠤ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠲᠣᠭᠲᠠᠭᠠᠯᠭᠠᠭᠰᠠᠨ ᠤ ᠳᠠᠷᠠᠭ᠎ᠠ ᠬᠡᠷᠡᠭᠵᠢᠭᠦᠯᠦᠨ᠎ᠡ᠃    ︵ᠬᠤᠶᠠᠷ︶ ᠳᠡᠮᠵᠢᠨ ᠲᠤᠰᠠᠯᠠᠬᠤ ᠪᠠᠲᠤᠯᠠᠭ᠎ᠠ ᠶᠢᠨ ᠲᠦᠷᠢᠮ ᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠪᠠᠳᠣᠯᠠᠭ᠎ᠠ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠵᠣᠬᠢᠴᠠᠭᠤᠯᠵᠤ ᠪᠠᠶᠢᠭᠠᠳ ᠰᠢᠯᠭᠠᠯᠲᠠ ᠶᠢᠨ ᠠᠵᠢᠯᠲᠠᠨ ᠪᠠ ᠲᠤᠰᠬᠠᠶ ᠵᠦᠢᠯ ᠤᠨ ᠪᠠᠯᠠ ᠮᠥᠩᠭᠦ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠳᠤᠭᠤᠶᠢᠯᠠᠩ ᠤᠨ ᠰᠢᠯᠭᠠᠯᠲᠠ ᠶᠢᠨ ᠠᠵᠢᠯ ᠳᠤ ᠬᠡᠷᠡᠭᠰᠡᠬᠦ ᠰᠢᠯᠭᠠᠯᠲᠠ ᠶᠢᠨ ᠠᠵᠢᠯᠲᠠᠨ᠂ ᠳᠤᠭᠤᠶᠢᠯᠠᠩ ᠤᠨ ᠰᠢᠯᠭᠠᠯᠲᠠ ᠶᠢᠨ ᠬᠢᠵᠢᠭ ᠢ ᠰᠡᠷᠭᠡᠶᠢᠯᠡᠬᠦ ᠵᠠᠷᠤᠳᠠᠯ᠂ ᠴᠢᠬᠤᠯᠠ ᠪᠥᠬᠦᠶ ᠪᠡᠯᠡᠳᠬᠡᠮᠵᠢ ᠲᠥᠬᠦᠭᠡᠷᠦᠮᠵᠢ᠂ ᠡᠳ᠋ ᠪᠣᠳᠠᠰ ᠵᠡᠷᠭᠡ ᠶᠢ ᠬᠦᠢᠴᠡᠳ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ︵ᠭᠤᠷᠪᠠ︶ ᠰᠢᠯᠭᠠᠯᠲᠠ ᠶᠢᠨ ᠴᠢᠬ ᠤᠨ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠡᠭᠦᠯᠳᠡᠷᠵᠢᠭᠦᠯᠬᠦ ᠬᠡᠷᠡᠭᠲᠡᠶ᠃ ᠰᠢᠯᠭᠠᠯᠲᠠ ᠶᠢᠨ ᠴᠡᠭ ᠤᠨ ᠭᠤᠤᠯ ᠰᠢᠯᠭᠠᠯᠲᠠ᠂ ᠳᠡᠳ᠋ ᠭᠤᠤᠯ ᠰᠢᠯᠭᠠᠯᠲᠠ᠂ ᠰᠢᠯᠭᠠᠯᠲᠠ ᠬᠢᠨᠠᠭᠴᠢ ᠵᠡᠷᠭᠡ ᠳᠤ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ ᠬᠠᠷᠢᠭᠤᠴᠠᠯᠭ᠎ᠠ ᠶᠢ ᠨᠡᠮᠡᠭᠳᠡᠭᠦᠯᠦᠨ᠎ᠡ︔ ᠰᠢᠯᠭᠠᠯᠲᠠ ᠶᠢᠨ ᠴᠡᠭ ᠲᠤ ᠨᠢᠭᠡ ᠳᠡᠳ᠋ ᠭᠤᠤᠯ ᠰᠢᠯᠭᠠᠯᠲᠠ ︵ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠤᠶᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠳᠣᠭᠢᠷᠠᠭᠤᠯᠤᠨ᠎ᠠ︶ ᠶᠢ ᠨᠡᠮᠡᠨ ᠪᠠᠶᠢᠭᠤᠯᠵᠤ ᠬᠢᠵᠢᠭ ᠲᠤ ᠬᠤᠯᠪᠣᠭᠳᠠᠬᠤ ᠡᠩ ᠤᠨ ᠠᠵᠢᠯ ᠪᠠ ᠭᠡᠨᠡᠳᠲᠡ ᠶᠢᠨ ᠬᠡᠷᠡᠭ ᠢ ᠰᠡᠢᠳᠪᠦᠷᠢᠯᠡᠬᠦ ᠠᠵᠢᠯ ᠢ ᠲᠤᠰᠬᠠᠶ ᠲᠤᠰᠢᠶᠠᠯ ᠲᠠᠢ ᠬᠠᠷᠢᠭᠤᠴᠠᠭᠤᠯᠤᠨ᠎ᠠ︔ ᠰᠢᠯᠭᠠᠯᠲᠠ ᠶᠢᠨ ᠴᠢᠬ ᠳᠣᠲᠣᠷᠠᠬᠢ᠂ ᠰᠢᠯᠭᠠᠯᠲᠠ ᠶᠢᠨ ᠲᠠᠯᠠᠪᠠᠶ ᠳᠠᠬᠢ ᠬᠢᠵᠢᠭ ᠢ ᠰᠡᠷᠭᠡᠶᠢᠯᠡᠬᠦ ᠠᠵᠢᠯ ᠤᠨ ᠴᠤᠪᠤᠷᠠᠯ ᠪᠠ ᠰᠡᠢᠳᠪᠦᠷᠢᠯᠡᠬᠦ ᠴᠤᠪᠤᠷᠠᠯ ᠢ ᠲᠡᠭᠦᠯᠳᠡᠷᠵᠢᠭᠦᠯᠬᠦ ᠬᠡᠷᠡᠭᠲᠡᠶ᠃    ᠭᠤᠷᠪᠠ᠂ ᠳᠤᠭᠤᠶᠢᠯᠠᠩ  ᠤᠨ ᠰᠢᠯᠭᠠᠯᠲᠠ  ᠶᠢᠨ ᠭᠤᠭᠴᠤᠭ᠎ᠠ  ᠶᠢᠨ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ    ︵ᠨᠢᠭᠡ︶ ᠰᠢᠯᠭᠠᠯᠲᠠ ᠶᠢᠨ ᠬᠠᠭᠤᠳᠠᠰᠤ ᠶᠢ ᠵᠥᠭᠡᠭᠡᠪᠦᠷᠢᠯᠡᠬᠦ᠂ ᠬᠠᠳᠠᠭᠠᠯᠠᠬᠤ᠂ ᠡᠮᠬᠢᠯᠡᠬᠦ᠂ ᠬᠤᠪᠢᠶᠠᠨ ᠲᠠᠷᠬᠠᠭᠠᠬᠤ    1. ᠠᠵᠢᠯ ᠤᠨ ᠲᠥᠰᠦᠯ ᠪᠠ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠦᠷᠭᠦᠯᠵᠢᠯᠡᠨ ᠲᠡᠭᠦᠯᠳᠡᠷᠵᠢᠭᠦᠯᠵᠦ ᠨᠠᠷᠢᠯᠢᠬᠵᠢᠭᠤᠯᠤᠨ᠎ᠠ᠃    2.   14 ᠡᠳᠦᠷ ᠤᠨ ᠡᠮᠦᠨ᠎ᠡ ᠠᠴᠠ ᠤᠷᠢᠳᠴᠢᠯᠠᠨ ᠣᠷᠣᠯᠴᠠᠭᠰᠠᠨ ᠬᠥᠮᠦᠰ ᠲᠤ ᠡᠳᠦᠷ ᠲᠤᠲᠤᠮ ᠤᠨ ᠪᠡᠶ᠎ᠡ ᠶᠢᠨ ᠳᠤᠯᠠᠭᠠᠨ ᠤ ᠬᠡᠮᠵᠢᠯᠲᠡ ᠪᠠ ᠪᠡᠶ᠎ᠡ ᠶᠢᠨ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ ᠬᠢᠵᠦ᠂ ᠪᠡᠶ᠎ᠡ ᠨᠢ ᠡᠷᠡᠭᠦᠯ ᠪᠤᠰᠤ ᠪᠠᠶᠢᠪᠠᠯ ᠴᠠᠭ ᠲᠤᠬᠠᠶ ᠳᠤᠨᠢ ᠣᠨᠣᠰᠢᠯᠠᠨ ᠡᠮᠨᠡᠵᠦ᠂ ᠬᠠᠮᠢᠶ᠎ᠠ ᠪᠦᠬᠦᠢ ᠠᠵᠢᠯ ᠳᠤ ᠣᠷᠣᠯᠴᠠᠬᠤ ᠠᠴᠠ ᠡᠮᠦᠨ᠎ᠡ 3 ᠡᠳᠦᠷ ᠤᠨ ᠳᠣᠲᠣᠷ᠎ᠠ ᠬᠠᠯᠠᠭᠤᠷᠠᠭᠰᠠᠨ ᠢᠯᠡᠷᠡᠯ ᠲᠠᠢ ᠪᠠᠶᠢᠪᠠᠯ ᠣᠷᠣᠯᠴᠠᠵᠤ ᠪᠣᠯᠬᠤ ᠦᠭᠡᠢ᠃    3. ᠰᠢᠯᠭᠠᠯᠲᠠ ᠶᠢᠨ ᠬᠠᠭᠤᠳᠠᠰᠤ ᠶᠢ ᠲᠡᠭᠡᠭᠡᠪᠦᠷᠢᠯᠡᠨ ᠬᠦᠷᠭᠡᠬᠦ ᠲᠡᠷᠭᠡ ᠬᠥᠰᠬᠡ᠂ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠨ ᠬᠠᠮᠢᠶᠠᠷᠬᠤ ᠲᠠᠯᠠᠪᠤᠷ ᠢ ᠲᠦᠢᠯᠪᠤᠷᠢᠲᠠᠶ ᠠᠷᠢᠭᠤᠳᠬᠠᠵᠤ᠂ ᠰᠢᠯᠭᠠᠯᠲᠠ ᠶᠢᠨ ᠬᠠᠭᠤᠳᠠᠰᠤ ᠶᠢᠨ ᠨᠢᠭᠤᠴᠠ ᠶᠢ ᠬᠠᠮᠠᠭᠠᠯᠠᠬᠤ ᠲᠠᠰᠤᠭ ᠢ ᠰᠢᠯᠭᠠᠯᠲᠠ ᠶᠢᠨ ᠬᠠᠭᠤᠳᠠᠰᠤ ᠶᠢ ᠬᠠᠳᠠᠭᠠᠯᠠᠬᠤ ᠠᠴᠠ ᠡᠮᠦᠨ᠎ᠡ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ᠎ᠡ᠂ ᠴᠣᠩᠬᠤ ᠥᠬᠡᠶ ᠨᠢᠭᠤᠴᠠ ᠶᠢ ᠬᠠᠮᠠᠭᠠᠯᠠᠬᠤ ᠲᠠᠰᠤᠭ ᠢ ᠰᠠᠯᠬᠢᠨ ᠰᠠᠩᠰᠠ ᠵᠡᠷᠭᠡ ᠲᠥᠬᠦᠭᠡᠷᠦᠮᠵᠢ ᠪᠠᠷ ᠮᠧᠬᠠᠨᠢᠭ ᠢᠶᠠᠷ ᠰᠠᠯᠬᠢ ᠨᠡᠪᠲᠡᠷᠡᠭᠦᠯᠬᠦ ᠶᠢ ᠴᠢᠩᠭᠠᠳᠬᠠᠵᠤ ᠪᠣᠯᠤᠨ᠎ᠠ᠃    4. ᠰᠢᠯᠭᠠᠯᠲᠠ ᠶᠢᠨ ᠬᠠᠭᠤᠳᠠᠰᠤ ᠪᠠᠨ ᠠᠪᠬᠤ ᠠᠴᠠ ᠡᠮᠦᠨ᠎ᠡ ᠭᠠᠳᠠᠨ᠎ᠠ ᠬᠤᠨᠣᠵᠤ ᠬᠡᠪᠲᠡᠬᠦ ᠪᠠ ᠬᠤᠭᠤᠯᠠ ᠢᠳᠡᠬᠦ ᠴᠢᠬᠤᠯᠠᠲᠠᠶ ᠪᠣᠯ᠂ ᠡᠷᠡᠭᠦᠯ ᠬᠠᠮᠠᠭᠠᠯᠠᠯ ᠤᠨ ᠨᠥᠬᠦᠴᠡᠯ ᠢᠶᠠᠷ ᠪᠠᠷᠢᠮᠵᠢᠶ᠎ᠠ ᠳᠤ ᠬᠦᠷᠦᠭᠰᠡᠨ ᠵᠣᠴᠢᠳ ᠤᠨ ᠪᠠᠭᠤᠳᠠᠯ ᠪᠠ ᠬᠤᠭᠤᠯᠠᠨ ᠬᠡᠷ ᠢ ᠰᠣᠩᠭᠤᠵᠤ᠂ ᠬᠤᠪᠢᠳᠠᠨ ᠬᠤᠭᠤᠯᠠᠯᠠᠬᠤ ᠲᠦᠷᠢᠮ ᠢᠶᠠᠷ ᠬᠤᠭᠤᠯᠠ ᠢᠳᠡᠬᠦ ᠬᠡᠷᠡᠭᠲᠡᠶ᠃ ᠰᠢᠯᠭᠠᠯᠲᠠ ᠶᠢᠨ ᠬᠠᠭᠤᠳᠠᠰᠤ ᠶᠢ ᠮᠠᠨ ᠤ ᠬᠤᠰᠢᠭᠤᠨ ᠤ ᠰᠢᠯᠭᠠᠯᠲᠠ ᠶᠢᠨ ᠲᠣᠭᠤᠷᠢᠭ ᠤᠨ ᠨᠢᠭᠤᠴᠠ ᠶᠢ ᠬᠠᠮᠠᠭᠠᠯᠠᠬᠤ ᠲᠠᠰᠤᠭ ᠲᠤ ᠣᠷᠣᠭᠤᠯᠤᠭᠰᠠᠨ ᠤ ᠳᠠᠷᠠᠭ᠎ᠠ᠂ ᠰᠢᠯᠭᠠᠯᠲᠠ ᠶᠢᠨ ᠬᠠᠭᠤᠳᠠᠰᠤ ᠶᠢᠨ ᠠᠮᠤᠷ ᠢ ᠬᠠᠮᠠᠭᠠᠯᠠᠭᠴᠢᠳ ᠡᠳᠦᠷ ᠪᠦᠷᠢ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠰᠢᠯᠭᠠᠵᠤ ᠲᠡᠮᠳᠡᠭᠯᠡᠯ ᠬᠢᠬᠦ ᠬᠡᠷᠡᠭᠲᠡᠶ᠃     ︵ᠬᠤᠶᠠᠷ︶ ᠰᠢᠯᠭᠠᠯᠲᠠ ᠠᠴᠠ ᠡᠮᠦᠨᠡᠬᠢ ᠪᠡᠯᠡᠳᠬᠡᠯ    1. ᠪᠣᠶ ᠪᠥᠬᠦᠶ ᠰᠢᠯᠭᠠᠭᠤᠯᠤᠭᠰᠠᠳ ᠲᠤ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ ᠬᠢᠨ᠎ᠠ᠃ ᠰᠢᠯᠭᠠᠯᠲᠠ ᠳᠤ ᠣᠷᠣᠯᠴᠠᠭᠰᠠᠨ ᠲᠣᠰ ᠬᠤᠭᠤᠴᠠᠭᠠᠨ ᠤ ᠲᠡᠭᠦᠰᠬᠦ ᠰᠣᠷᠣᠭᠴᠢ ᠶᠢ ᠪᠠᠶᠢᠭ᠎ᠠ ᠰᠤᠷᠭᠠᠭᠤᠯᠢ ᠨᠢ ᠰᠢᠯᠭᠠᠯᠲᠠ ᠠᠴᠠ ᠡᠮᠦᠨᠡᠬᠢ 14 ᠳ᠋ᠤᠬᠡᠷ ᠡᠳᠦᠷ ᠠᠴᠠ ᠡᠬᠢᠯᠡᠨ᠂ ᠡᠳᠦᠷ ᠪᠦᠷᠢ ᠶᠢᠨ ᠪᠡᠶ᠎ᠡ ᠶᠢᠨ ᠳᠤᠯᠠᠭᠠᠨ ᠤ ᠬᠡᠮᠵᠢᠯᠲᠡ᠂ ᠲᠡᠮᠳᠡᠭᠯᠡᠯ ᠬᠢᠬᠦ ᠶᠢᠨ ᠬᠠᠮᠲᠤ ᠡᠷᠡᠭᠦᠯ ᠴᠢᠭᠢᠷᠠᠭ ᠤᠨ ᠪᠠᠶᠢᠳᠠᠯ ᠤᠨ ᠬᠢᠨᠠᠨ ᠬᠡᠮᠵᠢᠯᠲᠡ᠂ ᠪᠡᠶ᠎ᠡ ᠶᠢᠨ ᠳᠤᠯᠠᠭᠠᠨ ᠤ ᠬᠡᠮᠵᠢᠯᠲᠡ ᠶᠢᠨ ᠲᠡᠮᠳᠡᠭᠯᠡᠯ ᠵᠢᠴᠢ ᠪᠡᠶ᠎ᠡ ᠮᠠᠬᠠᠪᠣᠳ ᠤᠨ ᠬᠡᠪ ᠤᠨ ᠪᠤᠰᠤ ᠪᠠᠶᠢᠳᠠᠯ ᠢᠯᠡᠷᠡᠭᠰᠡᠨ ᠪᠠᠶᠢᠪᠠᠯ᠂ ᠴᠠᠭ ᠲᠤᠬᠠᠶ ᠳᠤᠨᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠣᠷᠣᠭᠴᠢ ᠡᠯᠰᠡᠬᠦ ᠠᠯᠪᠠᠨ ᠬᠡᠷ ᠲᠤ ᠮᠡᠳᠡᠭᠦᠯᠬᠦ ᠬᠡᠷᠡᠭᠲᠡᠶ᠃ ᠰᠢᠯᠭᠠᠯᠲᠠ ᠠᠴᠠ ᠡᠮᠦᠨᠡᠬᠢ 14 ᠳ᠋ᠤᠬᠡᠷ ᠡᠳᠦᠷ ᠪᠠ ᠰᠢᠯᠭᠠᠯᠲᠠ ᠠᠴᠠ ᠡᠮᠦᠨᠡᠬᠢ 3 ᠳ᠋ᠤᠭᠠᠷ ᠡᠳᠦᠷ ᠲᠤ᠂ ᠰᠣᠷᠣᠭᠴᠢ ᠡᠯᠰᠡᠬᠦ ᠠᠯᠪᠠᠨ ᠬᠡᠷ ᠠᠴᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠪᠣᠶ ᠪᠥᠬᠦᠶ ᠰᠢᠯᠭᠠᠭᠤᠯᠤᠭᠴᠢ ᠳᠤ ᠡᠷᠡᠭᠦᠯ ᠮᠡᠨᠳᠦ ᠶᠢᠨ ᠪᠠᠶᠢᠳᠠᠯ ᠤᠨ ᠲᠤᠭ᠎ᠠ ᠪᠠᠷᠢᠮᠲᠠ ᠶᠢ ᠰᠢᠭᠰᠢᠨ ᠪᠠᠶᠢᠴᠠᠭᠠᠨ᠎ᠠ ︵ᠪᠠᠰᠠ ᠰᠢᠯᠭᠠᠭᠤᠯᠤᠭᠴᠢ ᠶᠢᠨ ᠨᠡᠷ᠎ᠡ ᠮᠡᠳᠡᠭᠦᠯᠬᠦ ᠬᠥᠮᠥᠷᠭᠡ ᠶᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠪᠡᠳᠴᠢᠨ ᠤ ᠵᠢᠱᠢᠶ᠎ᠡ ᠶᠢᠨ ᠬᠥᠮᠥᠷᠭᠡ᠂ ᠠᠵᠢᠯᠯᠠᠭᠠᠨ ᠤ ᠵᠠᠮ ᠮᠥᠷ ᠤᠨ ᠲᠡᠮᠳᠡᠭᠯᠡᠯ ᠵᠡᠷᠭᠡ ᠲᠠᠢ ᠬᠠᠷᠢᠴᠠᠭᠤᠯᠤᠨ ᠬᠠᠷᠭᠤᠭᠤᠯᠵᠤ ᠪᠣᠯᠤᠨ᠎ᠠ︶ ᠃ ᠲᠣᠰ ᠬᠤᠭᠤᠴᠠᠭᠠᠨ ᠤ ᠪᠤᠰᠤ ᠲᠡᠭᠦᠰᠦᠭᠰᠡᠳ ᠤᠨ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠬᠡᠮᠵᠢᠬᠦ ᠠᠷᠭ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠵᠥᠪᠯᠡᠯ ᠤᠨ ᠬᠠᠮᠢᠶ᠎ᠠ ᠰᠢᠯᠭᠠᠯᠲᠠ ᠠᠴᠠ ᠡᠮᠦᠨᠡᠬᠢ ᠰᠢᠯᠭᠠᠭᠤᠯᠤᠭᠴᠢ ᠶᠢᠨ ᠪᠡᠶ᠎ᠡ ᠶᠢᠨ ᠪᠠᠶᠢᠳᠠᠯ ᠨᠢ ᠬᠡᠪ ᠤᠨ ᠪᠤᠰᠤ ᠪᠠᠶᠢᠬᠤ ᠪᠠ ᠬᠢᠨᠠᠨ ᠰᠢᠯᠭᠠᠭᠠᠳ ᠪᠡᠶ᠎ᠡ ᠶᠢᠨ ᠪᠠᠶᠢᠳᠠᠯ ᠨᠢ ᠬᠡᠪ ᠤᠨ ᠪᠤᠰᠤ ᠪᠠᠶᠢᠬᠤ ᠶᠢ ᠣᠯᠵᠤ ᠮᠡᠳᠡᠪᠡᠯ᠂ ᠡᠷᠬᠡᠪᠰᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ ᠪᠣᠯᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠪᠠᠷ ᠳᠡᠮᠵᠢᠨ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠣᠷᠣᠭᠴᠢ ᠡᠯᠰᠡᠬᠦ ᠠᠯᠪᠠᠨ ᠬᠡᠷ ᠠᠴᠠ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠶᠢᠨ ᠰᠠᠨᠠᠭᠤᠯᠭ᠎ᠠ ᠶᠢ ᠦᠨᠳᠦᠰᠦᠯᠡᠨ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠠᠲᠤᠯᠠᠭᠰᠠᠨ ᠤᠷᠢᠲᠠᠯ ᠳᠣᠤᠷ᠎ᠠ᠂ ᠰᠢᠯᠭᠠᠯᠲᠠ ᠳᠤ ᠬᠡᠪ ᠤᠨ ᠪᠠᠶᠢᠳᠠᠯ ᠢᠶᠠᠷ ᠣᠷᠣᠯᠴᠠᠬᠤ ᠨᠥᠬᠦᠴᠡᠯ ᠢ ᠪᠦᠷᠢᠯᠳᠦᠭᠦᠯᠦᠭᠰᠡᠨ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ ᠦᠨᠡᠯᠡᠨ ᠵᠢᠱᠢᠨ᠎ᠡ᠂ ᠪᠦᠷᠢᠳᠦᠭᠡᠳᠦᠢ ᠪᠠᠶᠢᠪᠠᠯ᠂ ᠰᠢᠯᠭᠠᠭᠤᠯᠤᠭᠴᠢ ᠡᠷᠡᠭᠦᠯ ᠮᠡᠨᠳᠦ ᠶᠢᠨ ᠰᠢᠯᠭᠠᠭᠤᠯᠤᠭᠴᠢ ᠲᠠᠢ ᠬᠠᠮᠲᠤ ᠰᠢᠯᠭᠠᠯᠲᠠ ᠶᠢᠨ ᠲᠠᠯᠠᠪᠤᠷ ᠲᠤ ᠰᠢᠯᠭᠠᠵᠤ ᠪᠣᠯᠬᠤ ᠥᠬᠡᠶ᠃ ᠵᠢᠱᠢᠶᠡᠯᠡᠪᠡᠯ ᠰᠢᠯᠭᠠᠭᠤᠯᠤᠭᠴᠢ ᠪᠣᠯ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ᠂ ᠡᠪᠡᠳᠴᠢᠨ ᠤ ᠢᠯᠡᠷᠡᠯ ᠦᠭᠡᠶ ᠬᠠᠯᠳᠠᠪᠤᠷᠢᠯᠠᠭᠰᠠᠳ᠂ ᠡᠪᠡᠳᠴᠢᠨ ᠤ ᠰᠡᠵᠢᠭ ᠲᠠᠢ ᠡᠪᠡᠳᠴᠢᠲᠡᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠡᠮᠴᠢᠯᠡᠭᠡᠨ ᠤ ᠪᠠᠶᠢᠭᠤᠯᠤᠮᠵᠢ ᠵᠡᠷᠭᠡ ᠪᠠᠷ ᠳᠡᠮᠵᠢᠨ ᠨᠢᠭᠡ ᠨᠢᠭᠡ ᠪᠠᠷ ᠲᠤᠰᠬᠠᠶ ᠮᠡᠷᠭᠡᠵᠢᠯ ᠤᠨ ᠦᠨᠡᠯᠡᠯᠲᠡ ᠬᠢᠯᠭᠡᠬᠦ ᠬᠡᠷᠡᠭᠲᠡᠶ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠣᠷᠣᠭᠴᠢ ᠡᠯᠰᠡᠬᠦ ᠠᠯᠪᠠᠨ ᠬᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠡᠮᠴᠢᠯᠡᠭᠡᠨ ᠤ ᠪᠠᠶᠢᠭᠤᠯᠤᠮᠵᠢ ᠲᠠᠢ ᠬᠠᠮᠲᠤ ᠪᠠᠷ ᠬᠠᠮᠢᠶ᠎ᠠ ᠪᠥᠬᠦᠶ ᠬᠥᠮᠦᠰ ᠤᠨ ᠪᠡᠶ᠎ᠡ ᠮᠠᠬᠠᠪᠣᠳ ᠤᠨ ᠪᠠᠶᠢᠳᠠᠯ ᠪᠠ ᠤᠯᠠᠮᠵᠢᠯᠠᠨ ᠲᠠᠷᠬᠠᠭᠠᠬᠤ ᠲᠦᠭᠰᠢᠭᠦᠷᠢ ᠶᠢ ᠦᠨᠳᠦᠰᠦᠯᠡᠨ᠂ ᠲᠤᠰᠠᠭᠠᠷᠯᠠᠬᠤ ᠪᠤᠶᠤ ᠠᠪᠤᠷᠠᠨ ᠵᠠᠰᠠᠬᠤ ᠲᠠᠯᠠᠪᠤᠷ ᠲᠤ ᠲᠡᠳᠡᠨ ᠢ ᠰᠢᠯᠭᠠᠯᠲᠠ ᠳᠤ ᠣᠷᠣᠯᠴᠠᠭᠤᠯᠵᠤ ᠪᠣᠯᠬᠤ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠨ᠎ᠠ᠃ ᠨᠢᠭᠡᠨᠲᠡ ᠡᠮᠨᠡᠭᠦᠯᠦᠭᠡᠳ 14 ᠡᠳᠦᠷ ᠬᠡᠲᠦᠷᠡᠭᠡᠳᠦᠶ ᠡᠪᠡᠳᠴᠢᠨ ᠤ ᠵᠢᠱᠢᠶ᠎ᠡ᠂ ᠬᠠᠯᠳᠠᠪᠤᠷᠢᠯᠠᠯ ᠢ ᠦᠭᠡᠶᠢᠰᠬᠡᠵᠦ ᠳᠡᠶᠢᠯᠬᠦ ᠥᠬᠡᠶ ᠬᠠᠯᠠᠭᠤᠷᠠᠵᠤ ᠪᠠᠶᠢᠭ᠎ᠠ ᠡᠪᠡᠳᠴᠢᠲᠡᠨ ᠳᠤ ᠡᠷᠬᠡᠪᠰᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠡᠮᠴᠢᠯᠡᠭᠡᠨ ᠤ ᠪᠠᠶᠢᠭᠤᠯᠤᠮᠵᠢ ᠵᠡᠷᠭᠡ ᠪᠠᠷ ᠲᠤᠰᠬᠠᠶ ᠮᠡᠷᠭᠡᠵᠢᠯ ᠤᠨ ᠦᠨᠡᠯᠡᠯᠲᠡ ᠬᠢᠯᠭᠡᠬᠦ ᠬᠡᠷᠡᠭᠲᠡᠶ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠣᠷᠣᠭᠴᠢ ᠡᠯᠰᠡᠬᠦ ᠠᠯᠪᠠᠨ ᠬᠡᠷ ᠦᠨᠡᠯᠡᠯᠲᠡ ᠶᠢᠨ ᠰᠠᠨᠠᠭᠤᠯᠭ᠎ᠠ ᠶᠢ ᠦᠨᠳᠦᠰᠦᠯᠡᠨ ᠲᠡᠭᠦᠨ ᠤ ᠰᠢᠯᠭᠠᠯᠲᠠ ᠳᠤ ᠬᠡᠪ ᠤᠨ ᠪᠠᠶᠢᠳᠠᠯ ᠢᠶᠠᠷ ᠣᠷᠣᠯᠴᠠᠵᠤ ᠪᠣᠯᠬᠤ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠬᠡᠷᠡᠭᠲᠡᠶ᠃ ᠰᠢᠯᠭᠠᠯᠲᠠ ᠠᠴᠠ ᠡᠮᠦᠨᠡᠬᠢ 14 ᠡᠳᠦᠷ ᠤᠨ ᠳᠣᠲᠣᠷ᠎ᠠ ᠬᠢᠯᠢ ᠶᠢᠨ ᠭᠠᠳᠠᠨᠠᠬᠢ ᠪᠤᠶᠤ ᠠᠶᠤᠯ ᠲᠦᠭᠰᠢᠬᠦᠷᠢᠳᠦ ᠭᠠᠵᠠᠷ ᠣᠷᠣᠨ ᠤ ᠠᠵᠢᠯᠯᠠᠭ᠎ᠠ ᠶᠢᠨ ᠵᠠᠮ ᠮᠥᠷ ᠪᠠᠶᠢᠬᠤ ᠶᠢ ᠰᠢᠭᠰᠢᠨ ᠪᠠᠶᠢᠴᠠᠭᠠᠵᠤ ᠢᠯᠡᠷᠡᠭᠦᠯᠦᠭᠰᠡᠨ ᠪᠠᠶᠢᠪᠠᠯ᠂ ᠮᠠᠨ ᠤ ᠬᠤᠰᠢᠭᠤᠨ ᠤ ᠬᠠᠮᠤᠭ ᠤᠨ ᠰᠢᠨ᠎ᠡ ᠬᠤᠯᠪᠣᠭᠳᠠᠯ ᠪᠥᠬᠦᠶ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠢᠶ᠎ᠠ ᠪᠥᠬᠦᠶ ᠲᠣᠭᠲᠠᠭᠠᠯ᠂ ᠲᠦᠷᠢᠮ ᠢᠶᠠᠷ ᠰᠡᠢᠳᠪᠦᠷᠢᠯᠡᠨ᠎ᠡ᠃    2. ᠪᠣᠶ ᠪᠥᠬᠦᠶ ᠰᠢᠯᠭᠠᠯᠲᠠ ᠶᠢᠨ ᠠᠵᠢᠯᠲᠠᠨ ᠳᠤ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ ᠬᠢᠨ᠎ᠠ᠃ ᠰᠢᠯᠭᠠᠯᠲᠠ ᠶᠢᠨ ᠠᠵᠢᠯ ᠳᠤ ᠣᠷᠣᠯᠴᠠᠭᠰᠠᠨ ᠡᠯ᠎ᠡ ᠲᠥᠷᠥᠯ ᠤᠨ ᠬᠥᠮᠦᠰ ᠤᠨ ᠪᠠᠶᠢᠭ᠎ᠠ ᠨᠢᠭᠡᠴᠡ ᠨᠢ ᠰᠢᠯᠭᠠᠯᠲᠠ ᠠᠴᠠ 14 ᠡᠳᠦᠷ ᠤᠨ ᠡᠮᠦᠨ᠎ᠡ ᠪᠣᠶ ᠪᠥᠬᠦᠶ ᠠᠵᠢᠯᠲᠠᠨ ᠳᠤ ᠡᠳᠦᠷ ᠪᠦᠷᠢ ᠶᠢᠨ ᠪᠡᠶ᠎ᠡ ᠶᠢᠨ ᠳᠤᠯᠠᠭᠠᠨ ᠤ ᠬᠡᠮᠵᠢᠯᠲᠡ᠂ ᠲᠡᠮᠳᠡᠭᠯᠡᠯ ᠪᠠ ᠡᠷᠡᠭᠦᠯ ᠮᠡᠨᠳᠦ ᠶᠢᠨ ᠪᠠᠶᠢᠳᠠᠯ ᠤᠨ ᠬᠢᠨᠠᠨ ᠬᠡᠮᠵᠢᠯᠲᠡ᠂ ᠪᠡᠶ᠎ᠡ ᠶᠢᠨ ᠳᠤᠯᠠᠭᠠᠨ ᠤ ᠬᠡᠮᠵᠢᠯᠲᠡ ᠶᠢᠨ ᠲᠡᠮᠳᠡᠭᠯᠡᠯ ᠤᠨ ᠮᠡᠳᠡᠭᠦᠯᠦᠯᠲᠡ ᠶᠢ ᠬᠤᠰᠢᠭᠤᠨ ᠰᠣᠷᠣᠭᠴᠢ ᠡᠯᠰᠡᠬᠦ ᠠᠯᠪᠠᠨ ᠬᠡᠷ ᠠᠴᠠ ᠬᠢᠵᠦ᠂ ᠪᠡᠶ᠎ᠡ ᠨᠢ ᠬᠡᠪ ᠤᠨ ᠪᠤᠰᠤ ᠪᠠᠶᠢᠳᠠᠯ ᠭᠠᠷᠪᠠᠯ ᠴᠠᠭ ᠲᠤᠬᠠᠶ ᠳᠤᠨᠢ ᠣᠨᠣᠰᠢᠯᠠᠨ ᠡᠮᠨᠡᠬᠦ ᠬᠡᠷᠡᠭᠲᠡᠶ᠂ ᠰᠢᠯᠭᠠᠯᠲᠠ ᠠᠴᠠ ᠡᠮᠦᠨ᠎ᠡ 3 ᠡᠳᠦᠷ ᠤᠨ ᠳᠣᠲᠣᠷ᠎ᠠ ᠬᠠᠯᠠᠭᠤᠷᠠᠭᠰᠠᠨ ᠢᠯᠡᠷᠡᠯ ᠲᠠᠢ ᠪᠣᠯ ᠰᠢᠯᠭᠠᠯᠲᠠ ᠶᠢᠨ ᠠᠵᠢᠯ ᠳᠤ ᠣᠷᠣᠯᠴᠠᠵᠤ ᠪᠣᠯᠬᠤ ᠥᠬᠡᠶ᠃    3. ᠰᠢᠯᠭᠠᠯᠲᠠ ᠶᠢᠨ ᠴᠢᠬ᠂ ᠰᠢᠯᠭᠠᠯᠲᠠ ᠶᠢᠨ ᠲᠠᠯᠠᠪᠤᠷ ᠭᠠᠷᠭᠠᠨ᠎ᠠ᠃ ᠮᠠᠨ ᠤ ᠬᠤᠰᠢᠭᠤ ᠨᠢᠭᠡᠳᠦᠭᠡᠷ ᠳᠤᠮᠳᠠᠳᠤ ᠰᠤᠷᠭᠠᠭᠤᠯᠢ ᠪᠠ ᠠᠵᠢᠯ ᠮᠡᠷᠭᠡᠵᠢᠯ ᠤᠨ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ 2 ᠰᠢᠯᠭᠠᠯᠲᠠ ᠶᠢᠨ ᠴᠡᠭ᠂ 65 ᠪᠠᠷᠢᠮᠵᠢᠶᠠᠵᠢᠭᠰᠠᠨ ᠰᠢᠯᠭᠠᠯᠲᠠ ᠶᠢᠨ ᠲᠠᠯᠠᠪᠠᠶ ︵7 ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠠᠶ ᠪᠠᠭᠲᠠᠨ᠎ᠠ︶ ᠳᠣᠭᠢᠷᠠᠭᠤᠯᠤᠨ᠎ᠠ᠃    3.1  ᠪᠡᠶ᠎ᠡ ᠶᠢᠨ ᠳᠤᠯᠠᠭᠠᠨ ᠢ ᠪᠠᠶᠢᠴᠠᠭᠠᠬᠤ ᠴᠡᠭ ᠢ ᠲᠣᠬᠢᠷᠠᠭᠤᠯᠤᠨ᠎ᠠ᠃ ᠡᠯ᠎ᠡ ᠰᠢᠯᠭᠠᠯᠲᠠ ᠶᠢᠨ ᠴᠡᠭ ᠤᠨ ᠰᠤᠷᠭᠠᠭᠤᠯᠢ ᠨᠤᠭᠤᠳ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠰᠢᠯᠭᠠᠯᠲᠠ ᠶᠢᠨ ᠴᠡᠭ ᠲᠤ ᠣᠷᠣᠬᠤ ᠣᠷᠣᠬᠤ ᠡᠭᠦᠳᠡᠨ ᠳᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠴᠡᠭ ᠭᠠᠷᠭᠠᠵᠤ᠂ ᠰᠢᠯᠭᠠᠨ ᠪᠠᠶᠢᠴᠠᠭᠠᠬᠤ ᠴᠡᠭ ᠲᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠣᠯᠠᠨ ᠨᠡᠪᠲᠡᠷᠡᠬᠦ ᠵᠠᠮ ᠭᠠᠷᠭᠠᠵᠤ᠂ ᠰᠢᠯᠭᠠᠯᠲᠠ ᠶᠢᠨ ᠴᠡᠭ ᠲᠤ ᠤᠷᠤᠭᠰᠠᠨ ᠪᠣᠶ ᠪᠥᠬᠦᠶ ᠬᠥᠮᠦᠰ ᠲᠤ ᠪᠡᠶ᠎ᠡ ᠶᠢᠨ ᠳᠤᠯᠠᠭᠠᠨ ᠤ ᠬᠡᠮᠵᠢᠯᠲᠡ ᠬᠢᠬᠦ ᠬᠡᠷᠡᠭᠲᠡᠶ᠃ ᠡᠭᠦᠨ ᠤ ᠬᠠᠮᠲᠤ᠂ ᠰᠡᠷᠢᠭᠦᠨ ᠰᠠᠷᠠᠪᠴᠢ ᠪᠠ ᠪᠡᠶ᠎ᠡ ᠶᠢᠨ ᠳᠤᠯᠠᠭᠠᠨ ᠨᠢ ᠬᠡᠪ ᠤᠨ ᠪᠤᠰᠤ ᠬᠥᠮᠦᠰ ᠤᠨ ᠳᠠᠬᠢᠨ ᠪᠠᠶᠢᠴᠠᠭᠠᠬᠤ ᠲᠠᠰᠤᠭ ᠵᠡᠷᠭᠡ ᠶᠢ ᠳᠣᠭᠢᠷᠠᠭᠤᠯᠵᠤ᠂ ᠪᠠᠶᠢᠴᠠᠭᠠᠯᠲᠠ ᠬᠦᠯᠢᠶᠡᠬᠦ ᠬᠥᠮᠦᠰ ᠤᠨ ᠪᠠᠶᠢᠴᠠᠭᠠᠯᠲᠠ ᠬᠦᠯᠢᠶᠡᠬᠦ ᠪᠡᠯᠡᠳᠬᠡᠯ ᠵᠢᠴᠢ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ ᠬᠥᠮᠦᠰ ᠤᠨ ᠣᠬᠤᠷ ᠴᠠᠭ ᠤᠨ ᠠᠮᠠᠷᠠᠯᠲᠠ ᠳᠤ ᠳᠣᠭᠢᠷᠠᠭᠤᠯᠤᠨ ᠬᠡᠷᠡᠭᠯᠡᠬᠦ ᠳᠤ ᠬᠠᠩᠭᠠᠨ᠎ᠠ᠃    3.2   ᠰᠢᠯᠭᠠᠯᠲᠠ ᠶᠢᠨ ᠲᠠᠯᠠᠪᠠᠶ ᠶᠢ ᠲᠤᠰᠠᠭᠠᠷᠯᠠᠬᠤ ᠪᠠᠷ ᠪᠡᠯᠡᠳᠬᠡᠨ᠎ᠡ᠃ ᠡᠯ᠎ᠡ ᠰᠢᠯᠭᠠᠯᠲᠠ ᠶᠢᠨ ᠴᠢᠬ ᠨᠢ 10 ᠡᠩ ᠤᠨ ᠰᠢᠯᠭᠠᠯᠲᠠ ᠶᠢᠨ ᠲᠠᠯᠠᠪᠠᠶ ᠪᠦᠷᠢ ᠳᠤ 1 ᠪᠡᠯᠡᠳᠬᠡᠯ ᠲᠤᠰᠠᠭᠠᠷᠯᠠᠯ ᠰᠢᠯᠭᠠᠯᠲᠠ ᠶᠢᠨ ᠲᠠᠯᠠᠪᠠᠶ ︵ᠰᠢᠯᠭᠠᠯᠲᠠ ᠶᠢᠨ ᠴᠢᠬ ᠪᠦᠷᠢ ᠳᠤ 3 ᠠᠴᠠ ᠳᠤᠲᠠᠭᠤ ᠪᠠᠶᠢᠵᠤ ᠪᠣᠯᠬᠤ ᠥᠬᠡᠶ︶ ᠶᠢᠨ ᠱᠠᠭᠠᠷᠳᠠᠯᠭ᠎ᠠ ᠶᠢ ᠦᠨᠳᠦᠰᠦᠯᠡᠨ ᠪᠡᠯᠡᠳᠬᠡᠯ ᠲᠤᠰᠠᠭᠠᠷᠯᠠᠯ ᠰᠢᠯᠭᠠᠯᠲᠠ ᠶᠢᠨ ᠲᠠᠯᠠᠪᠠᠶ ᠭᠠᠷᠭᠠᠵᠤ᠂ ᠪᠡᠯᠡᠳᠬᠡᠯ ᠲᠤᠰᠠᠭᠠᠷᠯᠠᠯ ᠰᠢᠯᠭᠠᠯᠲᠠ ᠶᠢᠨ ᠲᠠᠯᠠᠪᠠᠶ ᠶᠢᠨ ᠪᠠᠶᠢᠷᠢᠯᠠᠭᠤᠯᠤᠯᠲᠠ ᠶᠢ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ ᠶᠢᠨ ᠱᠠᠭᠠᠷᠳᠠᠯᠭ᠎ᠠ ᠶᠣᠰᠣᠭᠠᠷ ᠬᠡᠷᠡᠭᠵᠢᠭᠦᠯᠦᠨ᠎ᠡ᠃ ᠪᠡᠯᠡᠳᠬᠡᠯ ᠲᠤᠰᠠᠭᠠᠷᠯᠠᠯ ᠤᠨ ᠰᠢᠯᠭᠠᠯᠲᠠ ᠶᠢᠨ ᠲᠠᠯᠠᠪᠠᠶ ᠳᠤ ᠰᠠᠯᠬᠢ ᠨᠡᠪᠲᠡᠷᠡᠬᠦ ᠪᠠᠷ ᠰᠠᠶᠢᠨ᠂ ᠬᠠᠷᠢᠴᠠᠩᠭᠤᠶ ᠪᠠᠷ ᠪᠡᠶ᠎ᠡ ᠪᠠᠨ ᠳᠠᠭᠠᠭᠠᠭᠰᠠᠨ ᠬᠢᠴᠢᠶᠡᠯ ᠤᠨ ᠬᠡᠷ ᠢ ᠰᠣᠩᠭᠤᠬᠤ ᠶᠢᠨ ᠬᠠᠮᠲᠤ ᠬᠢᠵᠢᠭ ᠢ ᠰᠡᠷᠭᠡᠶᠢᠯᠡᠬᠦ ᠲᠤᠰᠬᠠᠶ ᠣᠨᠴᠠᠭᠠᠶ ᠨᠡᠪᠲᠡᠷᠡᠬᠦ ᠵᠠᠮ ᠭᠠᠷᠭᠠᠵᠤ᠂ ᠲᠦᠷᠭᠡᠨ ᠬᠠᠳᠠᠭᠠᠬᠤ ᠭᠠᠷ ᠤᠨ ᠠᠷᠢᠭᠤᠳᠬᠠᠭᠴᠢ ᠡᠳ᠋᠂ ᠬᠤᠪᠢ ᠬᠥᠮᠦᠨ ᠤ ᠬᠠᠮᠠᠭᠠᠯᠠᠯᠲᠠ ᠶᠢᠨ ᠬᠡᠷᠡᠭᠰᠡᠯ ᠵᠡᠷᠭᠡ ᠶᠢ ᠳᠣᠭᠢᠷᠠᠭᠤᠯᠤᠨ᠂ ᠰᠢᠷᠡᠭᠡ ᠰᠠᠨᠳᠠᠯᠢ ᠶᠢᠨ ᠥᠩᠭᠡᠨ ᠲᠠᠯ᠎ᠠ ᠶᠢ ᠴᠡᠪᠡᠷ ᠴᠡᠪᠡᠷ ᠪᠠᠶᠢᠯᠭᠠᠬᠤ ᠳᠤ ᠲᠥᠬᠦᠮ ᠪᠠᠶᠢᠯᠭᠠᠨ᠎ᠠ᠃ ᠡᠭᠦᠨ ᠤ ᠬᠠᠮᠲᠤ ᠬᠢᠵᠢᠭ ᠢ ᠰᠡᠷᠭᠡᠶᠢᠯᠡᠬᠦ ᠨᠥᠬᠦᠴᠡᠯ ᠢ ᠪᠦᠷᠢᠯᠳᠦᠭᠦᠯᠦᠭᠰᠡᠨ ᠰᠢᠯᠭᠠᠯᠲᠠ ᠬᠢᠨᠠᠭᠴᠢ ᠪᠠ ᠠᠵᠢᠯᠳᠠᠨ ᠢ ᠲᠣᠬᠢᠷᠠᠭᠤᠯᠤᠨ᠎ᠠ᠃ ᠪᠡᠯᠡᠳᠬᠡᠯ ᠲᠤᠰᠠᠭᠠᠷᠯᠠᠯ ᠤᠨ ᠰᠢᠯᠭᠠᠯᠲᠠ ᠶᠢᠨ ᠲᠠᠯᠠᠪᠠᠶ ᠳᠤ ᠲᠣᠳᠣᠷᠬᠠᠶ ᠲᠡᠮᠳᠡᠭ ᠲᠠᠯᠪᠢᠵᠤ᠂ ᠭᠠᠳᠠᠭᠤᠷ ᠨᠢ ᠰᠡᠷᠭᠡᠶᠢᠯᠡᠯᠲᠡ ᠶᠢᠨ ᠱᠤᠭᠤᠮ ᠪᠠᠶᠢᠷᠢᠯᠠᠭᠤᠯᠬᠤ ᠬᠡᠷᠡᠭᠲᠡᠶ᠃ ᠰᠢᠯᠭᠠᠯᠲᠠ ᠶᠢᠨ ᠡᠳᠦᠷ ᠲᠡᠭᠡᠨ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠠᠶᠢᠪᠠᠯ᠂ ᠡᠷᠬᠡᠪᠰᠢ ᠪᠡᠯᠡᠳᠬᠡᠯ ᠰᠢᠯᠭᠠᠯᠲᠠ ᠶᠢᠨ ᠲᠠᠯᠠᠪᠤᠷ ᠲᠤ ᠲᠣᠬᠢᠷᠠᠭᠤᠯᠵᠤ ᠰᠢᠯᠭᠠᠭᠤᠯᠬᠤ ᠬᠡᠷᠡᠭᠲᠡᠶ᠃ ᠪᠡᠯᠡᠳᠬᠡᠯ ᠰᠢᠯᠭᠠᠯᠲᠠ ᠶᠢᠨ ᠲᠠᠯᠠᠪᠠᠶ ᠶᠢ ᠲᠤᠰᠠᠭᠠᠷᠯᠠᠬᠤ ᠳᠤ ᠵᠠᠷᠴᠢᠮ ᠳᠡᠭᠡᠷ᠎ᠡ ᠪᠠᠨ ᠨᠢᠭᠡ ᠬᠥᠮᠦᠨ ᠨᠢᠭᠡ ᠲᠠᠰᠤᠯᠭ᠎ᠠ ᠪᠠᠶᠢᠬᠤ ᠬᠡᠷᠡᠭᠲᠡᠶ᠃ ᠪᠡᠯᠡᠳᠬᠡᠯ ᠰᠢᠯᠭᠠᠯᠲᠠ ᠶᠢᠨ ᠲᠠᠯᠠᠪᠠᠶ ᠶᠢ ᠲᠤᠰᠠᠭᠠᠷᠯᠠᠬᠤ ᠳᠤ ᠬᠦᠷᠦᠯᠴᠡᠬᠦ ᠥᠬᠡᠶ ᠦᠶ᠎ᠡ ᠳᠤ᠂ ᠰᠢᠯᠭᠠᠭᠤᠯᠤᠭᠴᠢ ᠶᠢᠨ ᠬᠡᠪ ᠤᠨ ᠰᠢᠯᠭᠠᠯᠲᠠ ᠶᠢ ᠨᠥᠯᠥᠭᠡᠯᠡᠬᠦ ᠥᠬᠡᠶ ᠪᠠᠶᠢᠳᠠᠯ ᠳᠣᠤᠷ᠎ᠠ᠂ ᠲᠦᠭᠰᠢᠭᠦᠷᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠭᠰᠠᠨ ᠤ ᠳᠠᠷᠠᠭ᠎ᠠ᠂ ᠬᠠᠮᠤᠭ ᠤᠨ ᠡᠮᠦᠨ᠎ᠡ ᠮᠥᠷ᠂ ᠬᠠᠮᠤᠭ ᠤᠨ ᠰᠡᠭᠦᠯ ᠤᠨ ᠮᠥᠷ ᠪᠤᠶᠤ ᠳᠥᠷᠪᠡᠨ ᠥᠨᠴᠥᠭ ᠤᠨ ᠮᠥᠷ ᠤᠨ ᠬᠡᠯᠪᠡᠷᠢ ᠪᠠᠷ ᠣᠯᠠᠨ ᠬᠥᠮᠦᠨ ᠨᠢᠭᠡ ᠲᠠᠰᠤᠯᠭ᠎ᠠ ︵ᠬᠠᠮᠤᠭ ᠤᠨ ᠠᠷᠪᠢᠨ ᠳᠠᠭᠠᠨ 4 ᠬᠥᠮᠦᠨ ᠠᠴᠠ ᠬᠡᠲᠦᠷᠡᠵᠦ ᠪᠣᠯᠬᠤ ᠥᠬᠡᠶ︶ ᠬᠡᠷᠡᠭᠯᠡᠵᠦ ᠪᠣᠯᠤᠨ᠎ᠠ᠃    3.3     ᠬᠢᠵᠢᠭ ᠢ ᠰᠡᠷᠭᠡᠶᠢᠯᠡᠬᠦ ᠬᠡᠷᠡᠭᠰᠡᠯ ᠢ ᠪᠡᠯᠡᠳᠬᠡᠨ᠎ᠡ᠃ ᠡᠯ᠎ᠡ ᠰᠢᠯᠭᠠᠯᠲᠠ ᠶᠢᠨ ᠴᠡᠭ ᠲᠤ ᠠᠮᠠᠪᠴᠢ ︵ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠳᠤ ᠬᠡᠷᠡᠭᠯᠡᠬᠦ ᠠᠮᠠᠪᠴᠢ ᠪᠤᠶᠤ ᠡᠮᠨᠡᠯᠭᠡ ᠳᠤ ᠬᠡᠷᠡᠭᠯᠡᠬᠦ ᠭᠠᠳᠠᠷ ᠡᠮᠨᠡᠯᠭᠡ ᠶᠢᠨ ᠠᠮᠠᠪᠴᠢ ᠶᠢ ᠬᠡᠷᠡᠭᠯᠡᠨ᠎ᠡ︶᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ᠂ ᠮᠥᠩᠭᠦᠨ ᠤᠰᠤᠨ ᠤ ᠪᠡᠶ᠎ᠡ ᠶᠢᠨ ᠳᠤᠯᠠᠭᠠᠨ ᠤ ᠬᠡᠮᠵᠢᠭᠦᠷ᠂ ᠭᠠᠷ ᠲᠠᠭᠠᠨ ᠪᠠᠷᠢᠬᠤ ᠮᠠᠶ᠋ᠢᠭ ᠤᠨ ᠪᠡᠶ᠎ᠡ ᠶᠢᠨ ᠳᠤᠯᠠᠭᠠᠨ ᠤ ᠬᠡᠮᠵᠢᠭᠦᠷ ᠵᠡᠷᠭᠡ ᠶᠢ ᠳᠣᠭᠢᠷᠠᠭᠤᠯᠤᠨ᠎ᠠ᠃ ᠰᠢᠯᠭᠠᠯᠲᠠ ᠶᠢᠨ ᠭᠠᠵᠠᠷ ᠪᠣᠯᠭᠠᠨ ᠳᠤ ᠪᠡᠶ᠎ᠡ ᠶᠢᠨ ᠳᠤᠯᠠᠭᠠᠨ ᠳᠤ ᠬᠦᠷᠦᠯᠴᠡᠬᠦ ᠦᠭᠡᠶ ᠬᠡᠮᠵᠢᠯᠲᠡ ᠶᠢᠨ ᠲᠥᠬᠦᠭᠡᠷᠦᠮᠵᠢ ᠲᠣᠬᠢᠷᠠᠭᠤᠯᠤᠨ᠎ᠠ᠃ ᠡᠯ᠎ᠡ ᠰᠢᠯᠭᠠᠯᠲᠠ ᠶᠢᠨ ᠴᠡᠭ ᠤᠳ ᠬᠥᠮᠦᠨ ᠪᠦᠷᠢ ᠬᠠᠭᠠᠰ ᠡᠳᠦᠷ ᠲᠤ 1 ᠪᠠᠷᠢᠮᠵᠢᠶ᠎ᠠ ᠪᠠᠷ ᠰᠢᠯᠭᠠᠯᠲᠠ ᠶᠢᠨ ᠠᠵᠢᠯᠲᠠᠨ ᠳᠤ ᠠᠮᠠᠪᠴᠢ ᠲᠣᠬᠢᠷᠠᠭᠤᠯᠵᠤ᠂ ᠰᠢᠯᠭᠠᠭᠤᠯᠤᠭᠴᠢ ᠶᠢ ᠠᠮᠠᠪᠴᠢ ᠪᠠᠨ ᠥᠪᠡᠷ ᠢᠶᠠᠨ ᠪᠡᠯᠡᠳᠬᠡᠬᠦ ᠶᠢ ᠱᠠᠭᠠᠷᠳᠠᠨ᠎ᠠ᠃ ᠡᠯ᠎ᠡ ᠰᠢᠯᠭᠠᠯᠲᠠ ᠶᠢᠨ ᠴᠡᠭ ᠲᠤ ᠲᠤᠭ᠎ᠠ ᠬᠡᠮᠵᠢᠶ᠎ᠡ ᠪᠠᠷ ᠬᠦᠷᠦᠯᠴᠡᠬᠦ᠋ᠢᠴᠡ ᠲᠦᠷᠭᠡᠨ ᠬᠠᠳᠠᠭᠠᠬᠤ ᠭᠠᠷ ᠤᠨ ᠠᠷᠢᠭᠤᠳᠬᠠᠭᠴᠢ ᠡᠳ᠋᠂ ᠾᠯᠣᠷ ᠠᠭᠤᠯᠤᠭᠰᠠᠨ ᠠᠷᠢᠭᠤᠳᠬᠠᠭᠴᠢ ᠡᠳ᠋᠂ ᠠᠮᠮᠣᠨᠢ ᠶᠢᠨ ᠳᠠᠪᠤᠰᠤᠨ ᠤ ᠲᠥᠷᠥᠯ ᠤᠨ ᠠᠷᠢᠭᠤᠳᠬᠠᠭᠴᠢ ᠡᠳ᠋ ᠪᠤᠶᠤ ᠪᠤᠰᠤᠳ ᠬᠦᠴᠦᠨ ᠪᠥᠬᠦᠶ ᠠᠷᠢᠭᠤᠳᠬᠠᠭᠴᠢ ᠡᠳ᠋ ᠳᠣᠭᠢᠷᠠᠭᠤᠯᠵᠤ᠂ ᠳᠡᠭᠡᠷᠡᠬᠢ ᠪᠣᠳᠠᠰ ᠢ ᠲᠤᠰᠠᠭᠠᠷᠯᠠᠬᠤ ᠪᠠᠷ ᠪᠡᠯᠡᠳᠬᠡᠬᠦ ᠠᠴᠠ ᠭᠠᠳᠠᠨ᠎ᠠ᠂ ᠪᠠᠰᠠ ᠠᠵᠢᠯ ᠤᠨ ᠬᠤᠪᠴᠠᠰᠤ᠂ ᠨᠢᠭᠡ ᠯᠡ ᠤᠳᠠᠭ᠎ᠠ ᠬᠡᠷᠡᠭᠯᠡᠬᠦ ᠠᠵᠢᠯ ᠤᠨ ᠮᠠᠯᠠᠭᠠᠶ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ᠂ ᠬᠠᠮᠠᠭᠠᠯᠠᠯᠲᠠ ᠶᠢᠨ ᠬᠤᠪᠴᠠᠰᠤ᠂ ᠡᠮᠨᠡᠯᠭᠡ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ᠂ ᠬᠠᠮᠠᠭᠠᠯᠠᠯᠲᠠ ᠶᠢᠨ ᠨᠢᠭᠤᠷ ᠤᠨ ᠳᠡᠯᠭᠡᠴᠡ ᠪᠤᠶᠤ ᠨᠢᠳᠦ ᠬᠠᠮᠠᠭᠠᠯᠠᠬᠤ ᠰᠢᠯ᠂ ᠠᠵᠢᠯ ᠤᠨ ᠱᠠᠬᠠᠶ ᠵᠡᠷᠭᠡ ᠶᠢ ᠪᠡᠯᠡᠳᠬᠡᠬᠦ ᠬᠡᠷᠡᠭᠲᠡᠶ᠃    3.4    ᠰᠢᠯᠭᠠᠯᠲᠠ ᠶᠢᠨ ᠲᠠᠯᠠᠪᠠᠢ ᠶᠢ ᠪᠠᠶᠢᠷᠢᠯᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠺᠣᠮᠢᠰ ᠤᠨ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠴᠡᠭ ᠤᠨ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠰᠢᠯᠭᠠᠯᠲᠠ ᠶᠢᠨ ᠲᠠᠯᠠᠪᠤᠷ ᠲᠠᠬᠢ ᠰᠢᠯᠭᠠᠭᠤᠯᠤᠭᠴᠢ ᠶᠢᠨ ᠰᠠᠭᠤᠳᠠᠯ ᠤᠨ ᠬᠥᠨᠳᠡᠯᠡᠨ ᠵᠠᠶ ᠨᠢ 80 ᠰᠠᠨᠲ᠋ᠢᠮᠧᠲᠷ ᠠᠴᠠ ᠳᠡᠭᠡᠭᠰᠢ ᠪᠠᠶᠢᠵᠤ᠂ ᠭᠤᠯᠳᠤ ᠵᠠᠶ ᠶᠢ ᠰᠢᠯᠭᠠᠯᠲᠠ ᠶᠢᠨ ᠲᠠᠯᠠᠪᠤᠷ ᠤᠨ ᠪᠣᠳᠠᠲᠠᠶ ᠲᠠᠯᠠᠪᠠᠶ ᠶᠢ ᠦᠨᠳᠦᠰᠦᠯᠡᠨ ᠠᠯᠢ ᠴᠢᠳᠠᠬᠤ ᠪᠠᠷ ᠶᠡᠬᠡᠰᠬᠡᠨ᠎ᠡ᠃    ︵ᠭᠤᠷᠪᠠ︶ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠤᠷ ᠲᠤ ᠣᠷᠣᠨ᠎ᠠ    1. ᠬᠥᠮᠦᠨ ᠪᠦᠬᠦᠨ ᠡᠷᠬᠡᠪᠰᠢ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠬᠦᠯᠢᠶᠡᠬᠦ ᠬᠡᠷᠡᠭᠲᠡᠶ᠃ ᠮᠠᠨ ᠤ ᠬᠤᠰᠢᠭᠤᠨ ᠤ ᠡᠯ᠎ᠡ ᠰᠢᠯᠭᠠᠯᠲᠠ ᠶᠢᠨ ᠴᠡᠭ ᠲᠤ ᠪᠡᠶ᠎ᠡ ᠶᠢᠨ ᠳᠤᠯᠠᠭᠠᠨ ᠤ ᠬᠡᠮᠵᠢᠯᠲᠡ ᠶᠢᠨ ᠣᠯᠠᠨ ᠵᠠᠮ ᠭᠠᠷᠭᠠᠵᠤ᠂ ᠰᠢᠯᠭᠠᠯᠲᠠ ᠶᠢᠨ ᠴᠡᠭ ᠲᠤ ᠤᠷᠤᠭᠰᠠᠨ ᠰᠢᠯᠭᠠᠭᠤᠯᠤᠭᠴᠢ᠂ ᠰᠢᠯᠭᠠᠯᠲᠠ ᠶᠢᠨ ᠠᠵᠢᠯᠲᠠᠳ ᠡᠷᠬᠡᠪᠰᠢ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠬᠦᠯᠢᠶᠡᠬᠦ ᠬᠡᠷᠡᠭᠲᠡᠶ᠃ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠬᠦᠯᠢᠶᠡᠬᠦ ᠳᠡᠭᠡᠨ ᠡᠷᠬᠡᠪᠰᠢ ᠡᠮᠬᠢ ᠵᠢᠷᠤᠮ ᠲᠠᠢ ᠬᠢᠵᠦ᠂ ᠠᠵᠢᠯᠲᠠᠨ ᠤ ᠤᠷᠤᠭᠰᠢᠯᠠᠬᠤ ᠬᠤᠷᠳᠤᠴᠠ ᠪᠠ ᠪᠣᠶ ᠪᠥᠬᠦᠶ ᠰᠢᠯᠭᠠᠭᠤᠯᠤᠭᠴᠢ ᠶᠢᠨ ᠵᠠᠶ ᠶᠢ ᠴᠢᠩᠭ᠎ᠠ ᠬᠢᠵᠠᠭᠠᠷᠯᠠᠵᠤ᠂ ᠰᠢᠯᠭᠠᠭᠤᠯᠤᠭᠴᠢ ᠶᠢᠨ ᠪᠡᠶ᠎ᠡ ᠶᠢᠨ ᠳᠤᠯᠠᠭᠠᠨ ᠨᠢ 37.3℃ ᠠᠴᠠ ᠳᠣᠤᠷ᠎ᠠ ᠪᠣᠯᠪᠠᠯ ᠰᠠᠶ᠋ᠢ ᠰᠢᠯᠭᠠᠯᠲᠠ ᠶᠢᠨ ᠲᠠᠯᠠᠪᠤᠷ ᠲᠤ ᠣᠷᠣᠵᠤ ᠪᠣᠯᠤᠨ᠎ᠠ᠃ ᠨᠢᠭᠡᠳᠦᠭᠡᠷ ᠤᠳᠠᠭ᠎ᠠ ᠪᠡᠶ᠎ᠡ ᠶᠢᠨ ᠳᠤᠯᠠᠭᠠᠨ ᠢ ᠬᠡᠮᠵᠢᠬᠦ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠵᠣᠬᠢᠰᠲᠠᠶ ᠠᠮᠠᠷᠠᠭᠰᠠᠨ ᠤ ᠳᠠᠷᠠᠭ᠎ᠠ ᠪᠤᠰᠤᠳ ᠲᠥᠬᠦᠭᠡᠷᠦᠮᠵᠢ ᠪᠤᠶᠤ ᠪᠤᠰᠤᠳ ᠠᠷᠭ᠎ᠠ ᠪᠠᠷ ᠳᠠᠬᠢᠨ ᠨᠢᠭᠡ ᠤᠳᠠᠭ᠎ᠠ ᠬᠡᠮᠵᠢᠵᠦ ᠪᠣᠯᠤᠨ᠎ᠠ᠃ ᠮᠥᠨ ᠯᠡ ᠬᠢᠷᠢ ᠲᠡᠩᠴᠡᠭᠰᠡᠨ ᠦᠭᠡᠶ ᠪᠠᠶᠢᠪᠠᠯ᠂ ᠡᠷᠬᠡᠪᠰᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠣᠯᠤᠨ ᠡᠮᠴᠢᠯᠡᠭᠡᠨ ᠤ ᠪᠠᠶᠢᠭᠤᠯᠤᠮᠵᠢ ᠵᠡᠷᠭᠡ ᠪᠠᠷ ᠳᠡᠮᠵᠢᠨ ᠲᠤᠰᠬᠠᠶ ᠮᠡᠷᠭᠡᠵᠢᠯ ᠤᠨ ᠦᠨᠡᠯᠡᠯᠲᠡ ᠬᠢᠯᠭᠡᠵᠦ᠂ ᠥᠷᠭᠡᠨ ᠣᠯᠠᠨ ᠰᠢᠯᠭᠠᠭᠤᠯᠤᠭᠴᠢ ᠪᠠ ᠰᠢᠯᠭᠠᠯᠲᠠ ᠶᠢᠨ ᠠᠵᠢᠯᠲᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠭᠰᠠᠨ ᠤᠷᠢᠲᠠᠯ ᠳᠣᠣᠷ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠰᠣᠷᠣᠭᠴᠢ ᠡᠯᠰᠡᠬᠦ ᠠᠯᠪᠠᠨ ᠬᠡᠷ ᠲᠤᠰᠬᠠᠶ ᠮᠡᠷᠭᠡᠵᠢᠯ ᠤᠨ ᠦᠨᠡᠯᠡᠨ ᠵᠢᠱᠢᠯᠲᠡ ᠶᠢᠨ ᠰᠠᠨᠠᠭᠤᠯᠭ᠎ᠠ ᠶᠢ ᠦᠨᠳᠦᠰᠦᠯᠡᠨ᠂ ᠰᠢᠯᠭᠠᠯᠲᠠ ᠳᠤ ᠣᠷᠣᠯᠴᠠᠬᠤ ᠪᠠ ᠰᠢᠯᠭᠠᠯᠲᠠ ᠶᠢᠨ ᠠᠵᠢᠯ ᠢ ᠵᠣᠬᠢᠶᠠᠨ ᠪᠠᠶᠢᠭᠤᠯᠬᠤ ᠨᠥᠬᠦᠴᠡᠯ ᠢ ᠪᠦᠷᠢᠯᠳᠦᠭᠦᠯᠦᠭᠰᠡᠨ ᠡᠰᠡᠬᠦ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ ᠦᠨᠡᠯᠡᠨ ᠵᠢᠱᠢᠨ᠎ᠡ᠂ ᠬᠤᠯᠪᠣᠭᠳᠠᠯ ᠪᠥᠬᠦᠶ ᠨᠥᠬᠦᠴᠡᠯ ᠢ ᠪᠦᠷᠢᠯᠳᠦᠭᠦᠯᠦᠭᠰᠡᠨ ᠥᠬᠡᠶ ᠪᠠᠶᠢᠪᠠᠯ᠂ ᠰᠢᠯᠭᠠᠯᠲᠠ ᠶᠢᠨ ᠠᠵᠢᠯᠲᠠᠨ ᠰᠢᠯᠭᠠᠯᠲᠠ ᠶᠢᠨ ᠠᠵᠢᠯ ᠢ ᠡᠭᠦᠷᠭᠡᠯᠡᠵᠦ ᠪᠣᠯᠬᠤ ᠥᠬᠡᠶ᠂ ᠰᠢᠯᠭᠠᠭᠤᠯᠤᠭᠴᠢ ᠡᠷᠡᠭᠦᠯ ᠮᠡᠨᠳᠦ ᠶᠢᠨ ᠰᠢᠯᠭᠠᠭᠤᠯᠤᠭᠴᠢ ᠲᠠᠢ ᠬᠠᠮᠲᠤ ᠰᠢᠯᠭᠠᠯᠲᠠ ᠶᠢᠨ ᠲᠠᠯᠠᠪᠤᠷ ᠲᠤ ᠰᠢᠯᠭᠠᠵᠤ ᠪᠣᠯᠬᠤ ᠥᠬᠡᠶ᠃     2.  ᠰᠡᠷᠭᠡᠶᠢᠯᠡᠨ ᠬᠠᠮᠠᠭᠠᠯᠠᠬᠤ ᠪᠠ ᠠᠷᠢᠭᠤᠳᠬᠠᠬᠤ ᠱᠠᠭᠠᠷᠳᠠᠯᠭ᠎ᠠ᠃     2.1     ᠬᠠᠮᠠᠭᠠᠯᠠᠯᠲᠠ ᠶᠢᠨ ᠲᠤᠬᠠᠶ᠃ ᠰᠢᠯᠭᠠᠭᠤᠯᠤᠭᠴᠢ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠤᠷ ᠲᠤ ᠣᠷᠣᠬᠤ ᠳᠠᠭᠠᠨ ᠠᠮᠠᠪᠴᠢ ᠵᠡᠭᠦᠭᠰᠡᠨ ᠠᠴᠠ ᠪᠣᠯᠵᠣ ᠪᠡᠶ᠎ᠡ ᠶᠢᠨ ᠭᠠᠷᠤᠯ ᠢ ᠢᠯᠭᠠᠨ ᠲᠠᠨᠢᠬᠤ ᠶᠢ ᠨᠥᠯᠥᠭᠡᠯᠡᠵᠦ ᠪᠣᠯᠬᠤ ᠥᠬᠡᠶ᠃ ᠰᠢᠯᠭᠠᠭᠤᠯᠤᠭᠴᠢ ᠰᠢᠯᠭᠠᠯᠲᠠ ᠶᠢᠨ ᠲᠠᠯᠠᠪᠤᠷ ᠲᠤ ᠣᠷᠣᠬᠤ ᠠᠴᠠ ᠪᠠᠨ ᠡᠮᠦᠨ᠎ᠡ ᠠᠮᠠᠪᠴᠢ ᠵᠡᠭᠦᠬᠦ ᠬᠡᠷᠡᠭᠲᠡᠶ᠂ ᠰᠢᠯᠭᠠᠯᠲᠠ ᠶᠢᠨ ᠲᠠᠯᠠᠪᠤᠷ ᠲᠤ ᠣᠷᠣᠵᠤ ᠰᠠᠭᠤᠭᠰᠠᠨ ᠤ ᠳᠠᠷᠠᠭ᠎ᠠ᠂ ᠰᠢᠯᠭᠠᠭᠤᠯᠤᠭᠴᠢ ᠦᠷᠭᠦᠯᠵᠢᠯᠡᠨ ᠵᠡᠭᠦᠬᠦ ᠡᠰᠡᠬᠦ ᠪᠠᠨ ᠥᠪᠡᠰᠦᠪᠡᠨ ᠡᠵᠡᠨ ᠮᠡᠳᠡᠵᠦ ᠲᠣᠭᠲᠠᠭᠠᠵᠤ ᠪᠣᠯᠤᠨ᠎ᠠ᠃ ᠰᠢᠯᠭᠠᠯᠲᠠ ᠶᠢᠨ ᠴᠡᠭ ᠤᠨ ᠣᠷᠣᠬᠤ ᠠᠮᠠᠰᠠᠷ ᠤᠨ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠬᠠᠷᠢᠭᠤᠴᠠᠵᠤ ᠪᠠᠶᠢᠭ᠎ᠠ ᠠᠵᠢᠯᠲᠠᠨ ᠨᠢᠭᠡ ᠯᠡ ᠤᠳᠠᠭ᠎ᠠ ᠬᠡᠷᠡᠭᠯᠡᠬᠦ ᠡᠮᠨᠡᠯᠭᠡ ᠳᠤ ᠬᠡᠷᠡᠭᠯᠡᠬᠦ ᠠᠮᠠᠪᠴᠢ ᠪᠠ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠭᠦᠬᠦ ᠬᠡᠷᠡᠭᠲᠡᠶ︔ ᠡᠩ ᠤᠨ ᠰᠢᠯᠭᠠᠯᠲᠠ ᠶᠢᠨ ᠲᠠᠯᠠᠪᠠᠶ ᠶᠢᠨ ᠰᠢᠯᠭᠠᠯᠲᠠ ᠬᠢᠨᠠᠭᠴᠢ ᠪᠥᠬᠦ ᠶᠠᠪᠤᠴᠠ ᠳᠤ ᠡᠮᠴᠢᠯᠡᠭᠡᠨ ᠳᠤ ᠬᠡᠷᠡᠭᠯᠡᠬᠦ ᠠᠮᠠᠪᠴᠢ ᠶᠢ ᠨᠢᠭᠡ ᠯᠡ ᠤᠳᠠᠭ᠎ᠠ ᠬᠡᠷᠡᠭᠯᠡᠬᠦ ᠬᠡᠷᠡᠭᠲᠡᠶ᠃ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠠᠶ ᠶᠢᠨ ᠰᠢᠯᠭᠠᠯᠲᠠ ᠬᠢᠨᠠᠭᠴᠢ ᠵᠢᠴᠢ ᠠᠵᠢᠯᠲᠠᠨ ᠠᠵᠢᠯ ᠤᠨ ᠬᠤᠪᠴᠠᠰᠤ᠂ ᠡᠮᠨᠡᠯᠭᠡ ᠳᠤ ᠬᠡᠷᠡᠭᠯᠡᠬᠦ ᠬᠠᠮᠠᠭᠠᠯᠠᠯᠲᠠ ᠶᠢᠨ ᠠᠮᠠᠪᠴᠢ ᠪᠠ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠷᠭᠡ ᠶᠢ ᠡᠮᠦᠰᠴᠦ᠂ ᠴᠢᠬᠤᠯᠠᠲᠠᠶ ᠦᠶ᠎ᠡ ᠳᠤ ᠬᠠᠮᠠᠭᠠᠯᠠᠯᠲᠠ ᠶᠢᠨ ᠬᠤᠪᠴᠠᠰᠤ ᠡᠮᠦᠰᠴᠦ ᠪᠣᠯᠤᠨ᠎ᠠ᠃ ᠪᠣᠶ ᠪᠥᠬᠦᠶ ᠰᠢᠯᠭᠠᠭᠤᠯᠤᠭᠴᠢ᠂ ᠰᠢᠯᠭᠠᠯᠲᠠ ᠬᠢᠨᠠᠭᠴᠢ ᠪᠠ ᠠᠵᠢᠯᠲᠠᠨ ᠡᠷᠬᠡᠪᠰᠢ ᠴᠠᠭ ᠲᠤᠬᠠᠶ ᠳᠤᠨᠢ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠬᠡᠷᠡᠭᠲᠡᠶ᠃    2.2    ᠠᠷᠢᠭᠤᠳᠬᠠᠬᠤ ᠲᠤᠬᠠᠶ᠃ ᠰᠢᠯᠭᠠᠯᠲᠠ ᠠᠴᠠ ᠡᠮᠦᠨ᠎ᠡ᠂ ᠰᠢᠯᠭᠠᠯᠲᠠ ᠶᠢᠨ ᠴᠡᠭ ᠢ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠲᠤᠰᠬᠠᠶ ᠬᠥᠮᠦᠨ ᠵᠢᠭᠠᠨ ᠲᠣᠭᠲᠠᠭᠠᠵᠤ ᠰᠢᠯᠭᠠᠯᠲᠠ ᠶᠢᠨ ᠴᠡᠭ᠂ ᠰᠢᠯᠭᠠᠯᠲᠠ ᠶᠢᠨ ᠲᠠᠯᠠᠪᠤᠷ᠂ ᠨᠡᠪᠲᠡᠷᠡᠬᠦ ᠵᠠᠮ᠂ ᠣᠷᠣᠨ ᠪᠦᠰᠡ᠂ ᠰᠢᠷᠡᠭᠡ ᠰᠠᠨᠳᠠᠯᠢ ᠵᠡᠷᠭᠡ ᠳᠤ ᠠᠷᠢᠭᠤᠨ ᠴᠡᠪᠡᠷ ᠤᠨ ᠠᠷᠢᠭᠤᠳᠬᠠᠯ ᠬᠢᠯᠭᠡᠵᠦ᠂ ᠪᠡᠶᠡᠯᠡᠭᠦᠯᠦᠭᠰᠡᠨ ᠲᠡᠮᠳᠡᠭ ᠢ ᠲᠣᠳᠣᠷᠬᠠᠶ ᠨᠠᠭᠠᠬᠤ ᠬᠡᠷᠡᠭᠲᠡᠶ᠃ ᠬᠤᠰᠢᠭᠤᠨ ᠤ ᠡᠯ᠎ᠡ ᠰᠢᠯᠭᠠᠯᠲᠠ ᠶᠢᠨ ᠴᠡᠭ ᠲᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠲᠦᠢᠯᠪᠤᠷᠢᠲᠠᠶ ᠠᠷᠢᠭᠤᠨ ᠴᠡᠪᠡᠷ ᠤᠨ ᠶᠡᠭᠡ ᠴᠡᠪᠡᠷᠯᠡᠭᠡ ᠪᠠ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠬᠢᠵᠦ᠂ ᠠᠷᠢᠭᠤᠳᠬᠠᠭᠰᠠᠨ ᠤ ᠳᠠᠷᠠᠭ᠎ᠠ ᠰᠠᠯᠬᠢ ᠨᠡᠪᠲᠡᠷᠡᠭᠦᠯᠬᠦ ᠬᠡᠷᠡᠭᠲᠡᠶ᠃ ᠰᠢᠯᠭᠠᠭᠤᠯᠤᠭᠴᠢ᠂ ᠰᠢᠯᠭᠠᠯᠲᠠ ᠶᠢᠨ ᠠᠵᠢᠯᠲᠠᠨ ᠰᠢᠯᠭᠠᠯᠲᠠ ᠶᠢᠨ ᠲᠠᠯᠠᠪᠤᠷ ᠲᠤ ᠣᠷᠣᠬᠤ ᠠᠴᠠ ᠪᠠᠨ ᠡᠮᠦᠨ᠎ᠡ ᠲᠦᠷᠭᠡᠨ ᠬᠠᠳᠠᠭᠠᠬᠤ ᠠᠷᠢᠭᠤᠳᠬᠠᠬᠤ ᠡᠮ ᠢᠶᠠᠷ ᠭᠠᠷ ᠢᠶᠠᠨ ᠠᠷᠢᠭᠤᠳᠬᠠᠬᠤ ᠪᠤᠶᠤ ᠭᠠᠷ ᠢᠶᠠᠨ ᠤᠬᠢᠶᠠᠪᠠᠯ ᠵᠣᠬᠢᠨ᠎ᠠ᠃ ᠡᠳᠦᠷ ᠪᠦᠷᠢ ᠶᠢᠨ ᠰᠢᠯᠭᠠᠯᠲᠠ ᠳᠠᠭᠤᠰᠤᠭᠰᠠᠨ ᠤ ᠳᠠᠷᠠᠭ᠎ᠠ᠂ ᠰᠢᠯᠭᠠᠯᠲᠠ ᠶᠢᠨ ᠲᠠᠯᠠᠪᠤᠷ ᠲᠤ ᠤᠷᠢᠳᠴᠢᠯᠠᠨ ᠰᠡᠷᠭᠡᠶᠢᠯᠡᠬᠦ ᠴᠢᠨᠠᠷᠲᠠᠶ ᠠᠷᠢᠭᠤᠳᠬᠠᠯ ᠬᠢᠨ᠎ᠠ︔ ᠰᠢᠯᠭᠠᠯᠲᠠ ᠶᠢᠨ ᠲᠠᠯᠠᠪᠠᠢ ᠶᠢ ᠲᠤᠰᠠᠭᠠᠷᠯᠠᠬᠤ ᠳᠤ ᠡᠭᠦᠳᠡᠨ ᠪᠠᠷᠢᠭᠤᠯ᠂ ᠰᠢᠷᠡᠭᠡ ᠰᠠᠨᠳᠠᠯᠢ ᠵᠡᠷᠭᠡ ᠪᠣᠳᠠᠰ ᠤᠨ ᠭᠠᠳᠠᠷᠭᠤ ᠶᠢᠨ ᠠᠷᠢᠭᠤᠨ ᠴᠡᠪᠡᠷ ᠢ ᠴᠢᠩᠭᠠᠳᠬᠠᠵᠤ᠂ ᠰᠢᠯᠭᠠᠯᠲᠠ ᠪᠣᠯᠭᠠᠨ ᠤ ᠳᠠᠷᠠᠭ᠎ᠠ ᠬᠦᠴᠦᠨ ᠲᠠᠢ ᠾᠯᠣᠷᠲᠤ 500mg/L ᠤᠨ ᠾᠯᠣᠷᠲᠤ ᠠᠷᠢᠭᠤᠳᠬᠠᠭᠴᠢ ᠡᠳ᠋ ᠢᠶᠠᠷ ᠵᠦᠯᠭᠦᠬᠦ ᠪᠤᠶᠤ ᠬᠦᠴᠦᠨ ᠲᠠᠢ ᠠᠷᠢᠭᠤᠳᠬᠠᠭᠰᠠᠨ ᠨᠦᠢᠲᠠᠨ ᠠᠯᠴᠢᠭᠤᠷ ᠢᠶᠠᠷ ᠵᠦᠯᠭᠦᠵᠦ ᠠᠷᠴᠢᠨ᠎ᠠ᠃ ᠰᠢᠯᠭᠠᠯᠲᠠ ᠶᠢᠨ ᠲᠠᠯᠠᠪᠤᠷ ᠢ ᠲᠤᠰᠠᠭᠠᠷᠯᠠᠬᠤ ᠳᠤ ᠡᠭᠦᠳᠡᠨ ᠪᠠᠷᠢᠭᠤᠯ᠂ ᠰᠢᠷᠡᠭᠡ ᠰᠠᠨᠳᠠᠯᠢ ᠵᠡᠷᠭᠡ ᠪᠣᠳᠠᠰ ᠤᠨ ᠭᠠᠳᠠᠷᠭᠤ ᠶᠢᠨ ᠠᠷᠢᠭᠤᠨ ᠴᠡᠪᠡᠷ ᠢ ᠰᠠᠶᠢᠲᠤᠷ ᠠᠷᠢᠭᠤᠳᠬᠠᠨ᠎ᠠ᠂ ᠰᠢᠯᠭᠠᠯᠲᠠ ᠶᠢᠨ ᠲᠥᠷᠥᠯ ᠪᠦᠷᠢ ᠶᠢᠨ ᠰᠢᠯᠭᠠᠯᠲᠠ ᠶᠢᠨ ᠳᠠᠷᠠᠭ᠎ᠠ ᠬᠦᠴᠦᠨ ᠪᠦᠬᠦᠢ ᠾᠯᠣᠷᠲᠤ ᠠᠷᠢᠭᠤᠳᠬᠠᠭᠴᠢ ᠡᠳ᠋ ᠢᠶᠠᠷ ᠵᠦᠯᠭᠦᠵᠦ ᠪᠣᠯᠤᠨ᠎ᠠ᠃ ᠨᠢᠭᠡ ᠬᠤᠭᠤᠴᠠᠭ᠎ᠠ ᠪᠢᠲᠡᠭᠦᠮᠵᠢᠯᠡᠬᠦ ᠳᠤ ᠡᠷᠬᠡᠪᠰᠢ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠬᠦ ᠬᠡᠷᠡᠭᠲᠡᠶ᠃    2.3     ᠰᠢᠯᠭᠠᠯᠲᠠ ᠶᠢᠨ ᠲᠠᠯᠠᠪᠤᠷ ᠤᠨ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠪᠠ ᠰᠠᠯᠬᠢ ᠨᠡᠪᠲᠡᠷᠡᠭᠦᠯᠬᠦ ᠳᠤᠯᠠᠭᠠᠨ ᠤ ᠬᠡᠮᠵᠢᠶ᠎ᠡ ᠲᠣᠬᠢᠷᠠᠮᠵᠢᠲᠠᠶ ᠨᠥᠬᠦᠴᠡᠯ ᠳᠣᠣᠷ᠎ᠠ᠂ ᠰᠢᠯᠭᠠᠯᠲᠠ ᠶᠢᠨ ᠴᠡᠭ ᠤᠨ ᠰᠢᠯᠭᠠᠯᠲᠠ ᠶᠢᠨ ᠶᠠᠪᠤᠳᠠᠯ ᠤᠨ ᠠᠯᠪᠠᠨ ᠭᠡᠷ ᠪᠠ ᠰᠢᠯᠭᠠᠯᠲᠠ ᠶᠢᠨ ᠲᠠᠯᠠᠪᠤᠷ ᠨᠢ ᠠᠶᠠᠨᠳᠠᠭᠠᠨ ᠰᠠᠯᠬᠢ ᠨᠡᠪᠲᠡᠷᠡᠬᠦ ᠶᠢ ᠪᠠᠲᠤᠯᠠᠵᠤ᠂ ᠤᠳᠠᠭ᠎ᠠ ᠪᠦᠷᠢ ᠶᠢᠨ ᠰᠢᠯᠭᠠᠯᠲᠠ ᠳᠠᠭᠤᠰᠤᠭᠰᠠᠨ ᠤ ᠳᠠᠷᠠᠭ᠎ᠠ ᠪᠠᠷᠤᠭ 20 — 30 ᠮᠢᠨᠦ᠋ᠲ ᠤᠨ ᠬᠤᠭᠤᠷᠣᠨᠳᠣ ᠰᠠᠯᠬᠢ ᠨᠡᠪᠲᠡᠷᠡᠭᠦᠯᠦᠨ ᠠᠭᠠᠷ ᠰᠤᠯᠢᠯᠴᠠᠭᠤᠯᠤᠨ᠎ᠠ᠃    ︵ᠳᠥᠷᠪᠡ︶ ᠰᠢᠯᠭᠠᠯᠲᠠ ᠲᠠᠭᠤᠰᠬᠤ    1. ᠰᠢᠯᠭᠠᠭᠤᠯᠤᠭᠴᠢ ᠲᠠᠯᠠᠪᠤᠷ ᠠᠴᠠ ᠰᠠᠯᠬᠤ ᠦᠶ᠎ᠡ ᠳᠤ ᠰᠢᠯᠭᠠᠯᠲᠠ ᠬᠢᠨᠠᠭᠴᠢ ᠶᠢᠨ ᠵᠢᠭᠠᠪᠤᠷᠢ ᠪᠠᠷ ᠡᠮᠬᠢ ᠵᠢᠷᠤᠮ ᠲᠠᠢ ᠪᠠᠷ ᠲᠠᠯᠠᠪᠤᠷ ᠠᠴᠠ ᠭᠠᠷᠬᠤ ᠬᠡᠷᠡᠭᠲᠡᠶ᠂ ᠰᠢᠬᠠᠯᠳᠤᠵᠤ ᠪᠠᠶᠢᠭᠠᠳ ᠬᠥᠮᠦᠨ ᠤ ᠬᠤᠭᠤᠷᠣᠨᠳᠣᠬᠢ ᠵᠠᠶ ᠶᠢ ᠪᠠᠲᠤᠯᠠᠵᠤ ᠪᠣᠯᠬᠤ ᠥᠬᠡᠶ᠃ ᠰᠢᠯᠭᠠᠯᠲᠠ ᠶᠢᠨ ᠴᠡᠭ ᠲᠤ ᠡᠯ᠎ᠡ ᠰᠢᠯᠭᠠᠯᠲᠠ ᠶᠢᠨ ᠲᠠᠯᠠᠪᠤᠷ ᠤᠨ ᠣᠷᠭᠢᠯ ᠢ ᠵᠥᠷᠢᠭᠦᠯᠦᠨ ᠲᠠᠯᠠᠪᠤᠷ ᠠᠴᠠ ᠭᠠᠷᠬᠤ ᠶᠢ ᠲᠣᠬᠢᠷᠠᠭᠤᠯᠵᠤ ᠪᠣᠯᠤᠨ᠎ᠠ᠃    2. ᠰᠢᠯᠭᠠᠯᠲᠠ ᠬᠢᠨᠠᠭᠴᠢ ᠰᠢᠯᠭᠠᠯᠲᠠ ᠶᠢᠨ ᠶᠠᠪᠤᠳᠠᠯ ᠤᠨ ᠠᠯᠪᠠᠨ ᠬᠡᠷ ᠲᠤ ᠰᠢᠯᠭᠠᠯᠲᠠ ᠶᠢᠨ ᠮᠠᠲ᠋ᠧᠷᠢᠶᠠᠯ ᠢᠶᠠᠨ ᠡᠮᠬᠢ ᠵᠢᠷᠤᠮ ᠲᠠᠢ ᠪᠠᠷ ᠲᠤᠰᠢᠶᠠᠬᠤ ᠪᠠ ᠭᠥᠯᠢᠶᠡᠨ ᠠᠪᠬᠤ ᠬᠡᠷᠡᠭᠲᠡᠶ᠂ ᠰᠢᠬᠠᠯᠳᠤᠵᠤ ᠪᠣᠯᠬᠤ ᠥᠬᠡᠶ᠂ ᠠᠵᠢᠯᠲᠠᠨ ᠤ ᠬᠤᠭᠤᠷᠣᠨᠳᠣᠬᠢ ᠵᠠᠶ ᠶᠢ ᠪᠠᠲᠤᠯᠠᠬᠤ ᠬᠡᠷᠡᠭᠲᠡᠶ᠃    3. ᠲᠤᠰᠠᠭᠠᠷᠯᠠᠨ ᠰᠢᠯᠭᠠᠬᠤ ᠲᠠᠯᠠᠪᠤᠷ ᠲᠤ ᠰᠢᠯᠭᠠᠭᠤᠯᠬᠤ ᠪᠠᠷ ᠪᠡᠯᠡᠳᠬᠡᠵᠦ ᠪᠠᠶᠢᠭ᠎ᠠ ᠰᠢᠯᠭᠠᠭᠤᠯᠤᠭᠴᠢ ᠶᠢᠨ ᠰᠢᠯᠭᠠᠯᠲᠠ ᠶᠢᠨ ᠬᠠᠭᠤᠳᠠᠰᠤ᠂ ᠬᠠᠷᠢᠭᠤᠯᠲᠠ ᠶᠢᠨ ᠬᠠᠭᠤᠳᠠᠰᠤ᠂ ᠡᠬᠡ ᠪᠢᠴᠢᠭ ᠤᠨ ᠴᠠᠭᠠᠰᠤ ᠵᠡᠷᠭᠡ ᠶᠢ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠡᠮᠴᠢᠯᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠵᠥᠪᠯᠡᠯ ᠤᠨ ᠱᠠᠭᠠᠷᠳᠠᠯᠭ᠎ᠠ ᠶᠣᠰᠣᠭᠠᠷ ᠲᠤᠰᠠᠭᠠᠷ ᠲᠡᠮᠳᠡᠭᠯᠡᠵᠦ᠂ ᠪᠢᠲᠡᠭᠦᠮᠵᠢᠯᠡᠨ ᠪᠣᠭᠤᠳᠠᠯᠯᠠᠬᠤ ᠶᠢᠨ ᠬᠠᠮᠲᠤ ᠳᠡᠭᠡᠭᠰᠢ ᠮᠡᠳᠡᠭᠦᠯᠬᠦ ᠬᠡᠷᠡᠭᠲᠡᠶ᠃ ᠰᠢᠯᠭᠠᠭᠤᠯᠤᠭᠴᠢ ᠶᠢᠨ ᠪᠥᠭᠡᠮ ᠬᠦᠴᠢᠯ ᠤᠨ ᠪᠠᠶᠢᠴᠠᠭᠠᠯᠲᠠ ᠶᠢᠨ ᠳ᠋ᠦᠩ ᠢ ᠲᠣᠳᠣᠷᠬᠠᠶᠢᠯᠠᠭᠰᠠᠨ ᠤ ᠳᠠᠷᠠᠭ᠎ᠠ ᠬᠠᠳᠠᠭᠠᠯᠠᠵᠤ ᠪᠠᠶᠢᠭ᠎ᠠ ᠰᠢᠯᠭᠠᠭᠤᠯᠤᠭᠴᠢ ᠶᠢᠨ ᠰᠢᠯᠭᠠᠯᠲᠠ ᠶᠢᠨ ᠬᠠᠭᠤᠳᠠᠰᠤ ᠵᠡᠷᠭᠡ ᠶᠢ ᠲᠥᠷᠥᠯ ᠬᠤᠪᠢᠶᠠᠨ  ᠰᠡᠢᠳᠪᠦᠷᠢᠯᠡᠨ᠎ᠡ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠬᠡᠪ ᠤᠨ ᠶᠠᠪᠤᠴᠠ ᠪᠠᠷ ᠰᠡᠢᠳᠪᠦᠷᠢᠯᠡᠵᠦ ᠪᠣᠯᠤᠨ᠎ᠠ︔ ᠪᠥᠭᠡᠮ ᠬᠦᠴᠢᠯ ᠤᠨ ᠪᠠᠶᠢᠴᠠᠭᠠᠯᠲᠠ ᠶᠢᠨ ᠦᠷ᠎ᠡ ᠳ᠋ᠦᠩ ᠨᠢ ᠠᠷᠭ᠎ᠠ ᠴᠢᠨᠠᠷ ᠲᠠᠢ ᠪᠣᠯ ᠰᠢᠯᠭᠠᠯᠲᠠ ᠶᠢᠨ ᠬᠠᠭᠤᠳᠠᠰᠤ ᠶᠢ ᠥᠯᠥ ᠨᠥᠯᠥᠭᠡᠯᠡᠬᠦ ᠠᠷᠭ᠎ᠠ ᠪᠠᠷ ᠠᠷᠢᠭᠤᠳᠬᠠᠵᠤ᠂ ᠠᠷᠢᠭᠤᠳᠬᠠᠭᠰᠠᠨ ᠤ ᠳᠠᠷᠠᠭ᠎ᠠ ᠬᠡᠪ ᠤᠨ ᠶᠠᠪᠤᠴᠠ ᠪᠠᠷ ᠰᠡᠢᠳᠪᠦᠷᠢᠯᠡᠨ᠎ᠡ᠃ ᠠᠷᠢᠭᠤᠳᠬᠠᠨ ᠰᠡᠢᠳᠪᠦᠷᠢᠯᠡᠬᠦ ᠶᠠᠪᠤᠴᠠ ᠳᠤ ᠠᠵᠢᠯᠲᠠᠳ ᠠᠵᠢᠯ ᠤᠨ ᠬᠤᠪᠴᠠᠰᠤ᠂ ᠡᠮᠨᠡᠯᠭᠡ ᠳᠤ ᠬᠡᠷᠡᠭᠯᠡᠬᠦ ᠠᠮᠠᠪᠴᠢ ᠪᠠ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠷᠭᠡ ᠶᠢ ᠡᠮᠦᠰᠴᠦ ᠵᠡᠭᠦᠬᠦ ᠶᠢᠨ ᠬᠠᠮᠲᠤ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠬᠡᠷᠡᠭᠲᠡᠶ᠃ ᠤᠳᠠᠭ᠎ᠠ ᠪᠦᠷᠢ ᠶᠢᠨ ᠰᠢᠯᠭᠠᠯᠲᠠ ᠳᠠᠭᠤᠰᠤᠭᠰᠠᠨ ᠤ ᠳᠠᠷᠠᠭ᠎ᠠ ᠲᠦᠢᠯᠪᠤᠷᠢᠲᠠᠶ ᠠᠷᠢᠭᠤᠳᠬᠠᠨ᠎ᠠ᠃    ︵ᠲᠠᠪᠤ︶ ᠰᠢᠯᠭᠠᠯᠲᠠ ᠶᠢᠨ ᠶᠠᠪᠤᠴᠠ ᠳᠠᠬᠢ ᠬᠡᠪ ᠤᠨ ᠪᠤᠰᠤ ᠪᠠᠶᠢᠳᠠᠯ ᠢ ᠰᠡᠢᠳᠪᠦᠷᠢᠯᠡᠬᠦ    ᠰᠢᠯᠭᠠᠯᠲᠠ ᠶᠢᠨ ᠲᠤᠬᠠᠶ ᠶᠢᠨ ᠡᠳᠦᠷ ᠲᠤ ᠬᠠᠯᠠᠭᠤᠷᠠᠬᠤ᠂ ᠬᠠᠨᠢᠶᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ ᠪᠠᠶᠢᠪᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠡᠮᠴᠢᠯᠡᠭᠡᠨ ᠤ ᠪᠠᠶᠢᠭᠤᠯᠤᠮᠵᠢ ᠶᠢᠨ ᠲᠤᠰᠬᠠᠶ ᠮᠡᠷᠭᠡᠵᠢᠯ ᠤᠨ ᠠᠵᠢᠯᠲᠠᠨ ᠣᠨᠴᠠᠭᠠᠶ ᠬᠡᠷᠡᠭ ᠢ ᠰᠤᠳᠤᠯᠤᠨ ᠮᠠᠭᠠᠳᠯᠠᠵᠤ᠂ ᠰᠢᠯᠭᠠᠯᠲᠠ ᠶᠢ ᠦᠷᠭᠦᠯᠵᠢᠯᠡᠨ ᠪᠡᠶᠡᠯᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠰᠢᠯᠭᠠᠭᠤᠯᠤᠭᠴᠢ ᠶᠢ ᠡᠷᠬᠡᠪᠰᠢ ᠪᠡᠯᠡᠳᠬᠡᠯ ᠲᠤᠰᠠᠭᠠᠷᠯᠠᠯ ᠤᠨ ᠰᠢᠯᠭᠠᠯᠲᠠ ᠶᠢᠨ ᠲᠠᠯᠠᠪᠤᠷ ᠲᠤ ᠲᠣᠬᠢᠷᠠᠭᠤᠯᠵᠤ ᠰᠢᠯᠭᠠᠭᠤᠯᠬᠤ ᠬᠡᠷᠡᠭᠲᠡᠶ᠃ ᠰᠢᠯᠭᠠᠭᠤᠯᠤᠭᠴᠢ ᠶᠢᠨ ᠡᠩ ᠤᠨ ᠰᠢᠯᠭᠠᠯᠲᠠ ᠶᠢᠨ ᠲᠠᠯᠠᠪᠠᠶ ᠠᠴᠠ ᠪᠡᠯᠡᠳᠬᠡᠯ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠠᠶ ︵ᠰᠢᠯᠭᠠᠯᠲᠠ ᠶᠢᠨ ᠴᠡᠭ ᠠᠴᠠ ᠭᠠᠷᠤᠭ᠎ᠠ ᠥᠬᠡᠶ︶ ᠳᠤ ᠰᠢᠯᠵᠢᠭᠦᠯᠬᠦ ᠳᠤ ᠰᠠᠭᠠᠲᠠᠭᠰᠠᠨ ᠴᠠᠭ ᠢ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠰᠢᠯᠭᠠᠯᠲᠠ ᠶᠢᠨ ᠺᠣᠮᠢᠰ ᠢᠶᠠᠷ ᠵᠥᠪᠰᠢᠶᠡᠷᠡᠭᠦᠯᠦᠭᠡᠳ ᠨᠥᠬᠦᠵᠦ ᠬᠦᠢᠴᠡᠬᠡᠨ᠎ᠡ᠃ ᠬᠢᠴᠢᠶᠡᠯ ᠲᠥᠷᠥᠯ ᠤᠨ ᠰᠢᠯᠭᠠᠯᠲᠠ ᠳᠠᠭᠤᠰᠬᠤ ᠦᠶ᠎ᠡ ᠳᠤ᠂ ᠰᠤᠳᠤᠯᠤᠨ ᠮᠠᠭᠠᠳᠯᠠᠬᠤ ᠶᠢ ᠬᠠᠷᠢᠭᠤᠴᠠᠵᠤ ᠪᠠᠶᠢᠭ᠎ᠠ ᠲᠤᠰᠬᠠᠶ ᠮᠡᠷᠭᠡᠵᠢᠯ ᠤᠨ ᠠᠵᠢᠯᠲᠠᠨ ᠲᠤᠬᠠᠶ ᠶᠢᠨ ᠲᠠᠯᠠᠪᠤᠷ ᠲᠤ ᠪᠣᠶ ᠪᠥᠬᠦᠶ ᠰᠢᠯᠭᠠᠭᠤᠯᠤᠭᠴᠢ ᠳᠤ ᠲᠥᠬᠦᠮ ᠲᠠᠶᠢᠯᠪᠤᠷᠢᠯᠠᠯᠲᠠ ᠪᠠ ᠲᠣᠳᠣᠷᠬᠠᠶᠢᠯᠠᠯᠲᠠ ᠬᠢᠵᠦ᠂ ᠪᠤᠰᠤᠳ ᠰᠢᠯᠭᠠᠭᠤᠯᠤᠭᠴᠢ ᠶᠢᠨ ᠭᠡᠯᠮᠡᠭᠳᠡᠬᠦ ᠠᠴᠠ ᠵᠠᠶᠢᠯᠠᠰᠬᠢᠬᠦ ᠶᠢᠨ ᠬᠠᠮᠲᠤ ᠲᠤᠰᠠᠭᠠᠷᠯᠠᠭᠰᠠᠨ ᠰᠢᠯᠭᠠᠯᠲᠠ ᠶᠢᠨ ᠲᠠᠯᠠᠪᠤᠷ ᠲᠤ ᠲᠦᠢᠯᠪᠤᠷᠢᠲᠠᠶ ᠠᠷᠢᠭᠤᠳᠬᠠᠯ ᠬᠢᠨ᠎ᠠ᠃    ︵ᠵᠢᠷᠭᠤᠭ᠎ᠠ︶ ᠬᠠᠮᠢᠶ᠎ᠠ ᠪᠥᠬᠦᠶ ᠵᠦᠢᠯᠡᠰ    1.  ᠤᠬᠠᠭᠤᠯᠭ᠎ᠠ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠ ᠰᠣᠷᠣᠭᠴᠢ ᠡᠯᠰᠡᠬᠦ ᠠᠯᠪᠠᠨ ᠬᠡᠷ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠬᠠᠮᠲᠤᠷᠠᠨ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠯᠭᠠᠭᠤᠯᠤᠭᠴᠢ ᠵᠢᠴᠢ ᠰᠢᠯᠭᠠᠭᠤᠯᠤᠭᠴᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠳᠡᠯᠭᠡ ᠶᠢᠨ ᠬᠢᠷᠢ ᠲᠦᠪᠰᠢᠨ᠂ ᠡᠷᠡᠭᠦᠯ ᠮᠡᠨᠳᠦ ᠶᠢᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠰᠢᠯᠭᠠᠭᠤᠯᠤᠭᠴᠢ ᠪᠠ ᠬᠡᠷ ᠤᠨ ᠠᠬᠠᠮᠠᠳ ᠲᠤ ᠬᠤᠯᠪᠣᠭᠳᠠᠯ ᠪᠥᠬᠦᠶ ᠠᠷᠭ᠎ᠠ ᠬᠡᠮᠵᠢᠶ᠎ᠡ ᠶᠢ ᠬᠡᠯᠡᠵᠦ ᠥᠭᠬᠦ ᠬᠡᠷᠡᠭᠲᠡᠶ︔ ᠰᠢᠯᠭᠠᠭᠤᠯᠤᠭᠴᠢ᠂ ᠰᠢᠯᠭᠠᠯᠲᠠ ᠶᠢᠨ ᠠᠵᠢᠯᠲᠠᠨ ᠤ ᠵᠣᠪᠠᠨᠢᠯ᠂ ᠪᠠᠴᠢᠮᠳᠠᠯ ᠤᠨ ᠲᠤᠬᠠᠶ ᠡᠯ᠎ᠡ ᠭᠠᠵᠠᠷ ᠤᠨ ᠬᠢᠨ ᠰᠢᠯᠭᠠᠯᠲᠠ ᠠᠴᠠ ᠡᠮᠦᠨ᠎ᠡ ᠰᠡᠳᠬᠢᠯ ᠰᠠᠨᠠᠭ᠎ᠠ ᠶᠢ ᠨᠢ ᠲᠠᠶᠢᠳᠬᠤᠷᠠᠭᠤᠯᠤᠨ ᠬᠠᠪᠰᠤᠷᠤᠨ ᠵᠢᠯᠣᠭᠤᠳᠴᠤ᠂ ᠳᠠᠷᠤᠭᠠᠰᠤ ᠶᠢ ᠨᠢ ᠬᠥᠩᠭᠡᠷᠡᠭᠦᠯᠦᠨ᠂ ᠡᠷᠡᠭᠡᠯᠵᠡᠯ ᠢ ᠨᠢ ᠠᠷᠢᠯᠭᠠᠬᠤ ᠬᠡᠷᠡᠭᠲᠡᠶ᠃   2.  ᠪᠣᠯᠪᠠᠰᠤᠷᠠᠭᠤᠯᠬᠤ᠃ ᠰᠣᠷᠣᠭᠴᠢ ᠡᠯᠰᠡᠬᠦ ᠰᠢᠯᠭᠠᠯᠲᠠ ᠶᠢᠨ ᠺᠣᠮᠢᠰ ᠨᠢ ᠰᠢᠯᠭᠠᠯᠲᠠ ᠶᠢᠨ ᠶᠠᠪᠤᠳᠠᠯ ᠤᠨ ᠪᠣᠯᠪᠠᠰᠤᠷᠠᠭᠤᠯᠤᠯ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠡᠢᠳᠪᠦᠷᠢᠯᠡᠬᠦ ᠵᠡᠷᠭᠡ ᠠᠭᠤᠯᠭ᠎ᠠ ᠶᠢ ᠨᠡᠮᠡᠵᠦ᠂ ᠰᠢᠯᠭᠠᠯᠲᠠ ᠶᠢᠨ ᠠᠵᠢᠯᠲᠠᠨ ᠨᠢ ᠬᠢᠵᠢᠭ ᠢ ᠰᠡᠷᠭᠡᠶᠢᠯᠡᠬᠦ ᠦᠨᠳᠦᠰᠦᠨ ᠮᠡᠷᠭᠡᠵᠢᠯ ᠴᠢᠳᠠᠪᠤᠷᠢ ᠪᠠ ᠰᠢᠯᠭᠠᠯᠲᠠ ᠶᠢᠨ ᠴᠡᠭ ᠤᠨ ᠳᠣᠲᠣᠷᠠᠬᠢ ᠰᠡᠢᠳᠪᠦᠷᠢᠯᠡᠬᠦ ᠴᠤᠪᠤᠷᠠᠯ ᠢ ᠡᠵᠡᠮᠰᠢᠬᠦ ᠬᠡᠷᠡᠭᠲᠡᠶ᠃    3.  ᠰᠣᠷᠢᠯᠲᠠ᠃ ᠰᠢᠯᠭᠠᠯᠲᠠ ᠠᠴᠠ ᠡᠮᠦᠨ᠎ᠡ᠂ ᠰᠢᠯᠭᠠᠯᠲᠠ ᠶᠢᠨ ᠴᠡᠭ ᠲᠤ ᠰᠢᠯᠭᠠᠯᠲᠠ ᠶᠢᠨ ᠠᠵᠢᠯᠲᠠᠨ᠂ ᠰᠢᠯᠭᠠᠭᠤᠯᠤᠭᠴᠢ ᠶᠢ ᠵᠣᠬᠢᠶᠠᠨ ᠪᠠᠶᠢᠭᠤᠯᠵᠤ ᠲᠠᠯᠠᠪᠤᠷ ᠲᠤ ᠣᠷᠣᠬᠤ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠭᠡᠨᠡᠳᠲᠡ ᠶᠢᠨ ᠬᠡᠪ ᠤᠨ ᠪᠤᠰᠤ ᠪᠠᠶᠢᠳᠠᠯ ᠢ ᠰᠡᠢᠳᠪᠦᠷᠢᠯᠡᠬᠦ ᠶᠢ ᠪᠠᠭᠲᠠᠭᠠᠭᠰᠠᠨ ᠪᠥᠬᠦ ᠶᠠᠪᠤᠴᠠ ᠶᠢᠨ ᠳᠠᠭᠤᠷᠢᠶᠠᠮᠠᠯ ᠰᠣᠷᠢᠯᠲᠠ᠂ ᠲᠤᠷᠰᠢᠨ ᠲᠣᠬᠢᠷᠠᠭᠤᠯᠬᠤ ᠲᠥᠬᠦᠭᠡᠷᠦᠮᠵᠢ ᠶᠢ ᠬᠢᠯᠭᠡᠵᠦ᠂ ᠪᠠᠶᠢᠴᠠᠭᠠᠨ ᠰᠢᠯᠭᠠᠬᠤ ᠠᠵᠢᠯᠯᠠᠭ᠎ᠠ ᠶᠢ ᠰᠠᠶᠢᠨ ᠣᠶᠢᠯᠠᠭᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠣᠷᠣᠭᠴᠢ ᠡᠯᠰᠡᠬᠦ ᠵᠥᠪᠯᠡᠯ ᠤᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠰᠢᠯᠭᠠᠯᠲᠠ ᠶᠢᠨ ᠴᠡᠭ ᠲᠤ ᠣᠷᠣᠬᠤ᠂ ᠰᠢᠯᠭᠠᠯᠲᠠ ᠶᠢᠨ ᠲᠠᠯᠠᠪᠤᠷ ᠲᠤ ᠣᠷᠣᠬᠤ ᠡᠬᠢᠯᠡᠯᠲᠡ ᠶᠢᠨ ᠴᠠᠭ ᠢ ᠵᠦᠶ ᠵᠣᠬᠢᠰᠲᠠᠶ ᠲᠣᠭᠲᠠᠭᠠᠵᠤ᠂ ᠲᠠᠯᠠᠪᠤᠷ ᠲᠤ ᠣᠷᠣᠬᠤ᠂ ᠲᠠᠯᠠᠪᠤᠷ ᠠᠴᠠ ᠭᠠᠷᠬᠤ ᠠᠬᠢᠴᠠ ᠶᠢ ᠬᠢᠵᠠᠭᠠᠷᠯᠠᠨ᠎ᠠ︔ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠡᠢᠳᠪᠦᠷᠢᠯᠡᠬᠦ ᠠᠷᠭ᠎ᠠ ᠪᠠ ᠵᠢᠷᠤᠮ ᠢ ᠪᠣᠯᠪᠠᠰᠤᠷᠠᠩᠭᠤᠶ ᠡᠵᠡᠮᠰᠢᠨ᠎ᠡ᠃    4. ᠮᠡᠷᠭᠡᠵᠢᠯ ᠤᠨ ᠪᠠᠲᠤᠯᠠᠭ᠎ᠠ᠃ ᠰᠣᠷᠣᠭᠴᠢ ᠡᠯᠰᠡᠬᠦ ᠰᠢᠯᠭᠠᠯᠲᠠ ᠶᠢᠨ ᠺᠣᠮᠢᠰ ᠨᠢ ᠡᠯ᠎ᠡ ᠰᠢᠯᠭᠠᠯᠲᠠ ᠶᠢᠨ ᠴᠡᠭ ᠤᠨ ᠪᠠᠷᠢᠮᠵᠢᠶᠠᠵᠢᠭᠰᠠᠨ ᠰᠢᠯᠭᠠᠯᠲᠠ ᠶᠢᠨ ᠴᠡᠭ ᠤᠨ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠬᠢᠬᠦ᠂ ᠪᠡᠶ᠎ᠡ ᠶᠢᠨ ᠭᠠᠷᠤᠯ ᠢ ᠢᠯᠭᠠᠨ ᠲᠠᠨᠢᠬᠤ᠂ ᠬᠡᠮ ᠬᠢᠬᠦ ᠶᠢ ᠰᠡᠷᠭᠡᠶᠢᠯᠡᠨ ᠡᠵᠡᠮᠳᠡᠬᠦ ᠂ ᠶᠡᠷᠦᠩᠬᠡᠶᠢᠯᠡᠨ ᠬᠠᠮᠢᠶᠠᠷᠬᠤ᠂ ᠰᠢᠯᠭᠠᠭᠤᠯᠤᠭᠴᠢ ᠳᠤ ᠦᠢᠯᠡᠴᠢᠯᠡᠬᠦ ᠵᠡᠷᠭᠡ ᠰᠢᠰᠲ᠋ᠧᠮ ᠤᠨ ᠠᠵᠢᠯᠯᠠᠭᠤᠯᠵᠤ ᠪᠠᠲᠤᠯᠠᠬᠤ ᠠᠵᠢᠯ ᠢ ᠰᠠᠶᠢᠲᠤᠷ ᠬᠢᠬᠦ ᠶᠢ ᠬᠢᠨᠠᠨ ᠵᠢᠯᠣᠭᠤᠳᠴᠤ᠂ ᠲᠣᠨᠤᠭ ᠲᠥᠬᠦᠭᠡᠷᠦᠮᠵᠢ ᠶᠢ ᠪᠣᠳᠠᠲᠠᠶᠢᠵᠢᠭᠤᠯᠬᠤ᠂ ᠴᠢᠳᠠᠮᠵᠢ ᠶᠢ ᠪᠡᠶᠡᠯᠡᠭᠦᠯᠬᠦ᠂ ᠬᠡᠪ ᠤᠨ ᠶᠣᠰᠣᠭᠠᠷ ᠬᠡᠷᠡᠭᠯᠡᠬᠦ ᠶᠢ ᠦᠨᠡᠨ ᠬᠦ ᠪᠠᠲᠤᠯᠠᠵᠤ᠂ ᠪᠦᠲᠦᠮᠵᠢᠲᠡᠶ ᠠᠷᠭ᠎ᠠ ᠪᠠᠷᠢᠯ ᠢ ᠠᠪᠴᠤ ᠪᠠᠶᠢᠭᠠᠳ ᠰᠢᠯᠭᠠᠭᠤᠯᠤᠭᠴᠢ᠂ ᠰᠢᠯᠭᠠᠭᠤᠯᠤᠭᠴᠢ ᠶᠢᠨ ᠪᠡᠶ᠎ᠡ ᠶᠢᠨ ᠭᠠᠷᠤᠯ ᠢ ᠢᠯᠭᠠᠨ ᠲᠠᠨᠢᠬᠤ ᠪᠠ ᠰᠢᠯᠭᠠᠨ ᠪᠠᠲᠤᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃    ︵ᠳᠣᠯᠤᠭ᠎ᠠ︶ ᠰᠢᠯᠭᠠᠭᠤᠯᠤᠭᠴᠢ ᠰᠢᠯᠭᠠᠯᠲᠠ ᠳᠤ ᠣᠷᠣᠯᠴᠠᠬᠤ    ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠰᠣᠷᠣᠭᠴᠢ ᠡᠯᠰᠡᠬᠦ ᠠᠯᠪᠠᠨ ᠬᠡᠷ ᠪᠣᠯᠤᠨ ᠰᠤᠷᠭᠠᠭᠤᠯᠢ ᠨᠤᠭᠤᠳ ᠰᠢᠯᠭᠠᠭᠤᠯᠤᠭᠴᠢ ᠶᠢ ᠰᠢᠯᠭᠠᠯᠲᠠ ᠶᠢᠨ ᠴᠡᠭ ᠲᠤ ᠣᠴᠢᠵᠤ ᠭᠠᠳᠠᠭᠰᠢ ᠭᠠᠷᠬᠤ ᠳᠠᠭᠠᠨ ᠠᠮᠠᠪᠴᠢ ︵ᠡᠮᠴᠢᠯᠡᠭᠡᠨ ᠳᠤ ᠬᠡᠷᠡᠭᠯᠡᠬᠦ ᠠᠮᠠᠪᠴᠢ ᠪᠤᠶᠤ ᠡᠮᠴᠢᠯᠡᠭᠡᠨ ᠳᠤ ᠬᠡᠷᠡᠭᠯᠡᠬᠦ ᠠᠮᠠᠪᠴᠢ ᠶᠢ ᠨᠢᠭᠡ ᠯᠡ ᠤᠳᠠᠭ᠎ᠠ ᠬᠡᠷᠡᠭᠯᠡᠬᠦ︶᠂ ᠪᠡᠭᠡᠯᠡᠶ᠂ ᠴᠠᠭᠠᠰᠤᠨ ᠠᠯᠴᠢᠭᠤᠷ᠂ ᠲᠦᠷᠭᠡᠨ ᠬᠠᠳᠠᠭᠠᠬᠤ ᠠᠷᠢᠭᠤᠳᠬᠠᠭᠴᠢ ᠡᠳ᠋ ᠵᠡᠷᠭᠡ ᠬᠠᠮᠠᠭᠠᠯᠠᠯᠲᠠ ᠶᠢᠨ ᠡᠳ᠋ ᠪᠣᠳᠠᠰ ᠢ ᠤᠷᠢᠳᠴᠢᠯᠠᠨ ᠪᠡᠯᠡᠳᠬᠡᠬᠦ ᠶᠢ ᠰᠠᠨᠠᠭᠤᠯᠬᠤ ᠬᠡᠷᠡᠭᠲᠡᠶ᠃ ᠰᠢᠯᠭᠠᠭᠤᠯᠤᠭᠴᠢ ᠬᠤᠪᠢ ᠶᠢᠨ ᠮᠠᠰᠢᠨ ᠲᠡᠷᠭᠡᠨ ᠳᠤ ᠰᠠᠭᠤᠬᠤ᠂ ᠶᠠᠪᠠᠭᠠᠨ ᠶᠠᠪᠤᠬᠤ᠂ ᠳᠤᠭᠤᠶ ᠲᠡᠷᠭᠡ ᠤᠨᠤᠵᠤ ᠰᠢᠯᠭᠠᠯᠲᠠ ᠶᠢᠨ ᠴᠡᠭ ᠲᠤ ᠣᠴᠢᠬᠤ ᠵᠠᠮ ᠳᠠᠭᠠᠨ ᠠᠮᠠᠪᠴᠢ ᠵᠡᠭᠦᠬᠦ ᠬᠡᠷᠡᠭ ᠥᠬᠡᠶ᠃ ᠬᠡᠷᠪᠡ ᠰᠢᠯᠭᠠᠭᠤᠯᠤᠭᠴᠢ ᠲᠦᠷᠢᠶᠡᠰᠦᠨ ᠮᠠᠰᠢᠨ ᠲᠡᠷᠭᠡ ᠪᠤᠶᠤ ᠰᠦᠯᠵᠢᠶ᠎ᠡ ᠪᠠᠷ ᠪᠣᠯᠵᠣᠬᠤ ᠲᠡᠷᠭᠡᠨ ᠳᠤ ᠰᠠᠭᠤᠵᠤ ᠰᠢᠯᠭᠠᠯᠲᠠ ᠶᠢᠨ ᠴᠡᠭ ᠲᠤ ᠣᠴᠢᠪᠠᠯ᠂ ᠤᠷᠢᠳᠴᠢᠯᠠᠨ ᠲᠡᠷᠭᠡ ᠵᠠᠬᠢᠶᠠᠯᠠᠵᠤ᠂ ᠰᠠᠭᠤᠬᠤ ᠳᠠᠭᠠᠨ ᠠᠷᠤ ᠶᠢᠨ ᠮᠥᠷ ᠲᠤ ᠰᠠᠭᠤᠬᠤ ᠶᠢᠨ ᠬᠠᠮᠲᠤ ᠪᠥᠬᠦ ᠶᠠᠪᠤᠴᠠ ᠳᠤ ᠠᠮᠠᠪᠴᠢ ᠵᠡᠭᠦᠵᠦ᠂ ᠲᠡᠷᠭᠡᠨ ᠠᠴᠠ ᠪᠠᠭᠤᠭᠰᠠᠨ ᠤ ᠳᠠᠷᠠᠭ᠎ᠠ ᠴᠠᠭ ᠲᠤᠬᠠᠶ ᠳᠤᠨᠢ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠬᠡᠷᠡᠭᠲᠡᠶ᠃ ᠵᠢᠱᠢᠶᠡᠯᠡᠪᠡᠯ᠂ ᠰᠢᠯᠭᠠᠭᠤᠯᠤᠭᠴᠢ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠪᠠᠷ ᠰᠢᠯᠭᠠᠯᠲᠠ ᠶᠢᠨ ᠴᠡᠭ ᠲᠤ ᠬᠦᠷᠴᠦ᠂ ᠪᠥᠬᠦ ᠶᠠᠪᠤᠴᠠ ᠳᠤ ᠠᠮᠠᠪᠴᠢ ᠵᠡᠭᠦᠵᠦ᠂ ᠨᠢᠭᠡ ᠯᠡ ᠤᠳᠠᠭ᠎ᠠ ᠬᠡᠷᠡᠭᠯᠡᠬᠦ ᠪᠡᠭᠡᠯᠡᠶ ᠵᠡᠭᠦᠵᠦ ᠪᠣᠯᠬᠤ ᠪᠥᠭᠡᠳ ᠭᠠᠷ ᠤᠨ ᠠᠷᠢᠭᠤᠨ ᠴᠡᠪᠡᠷ ᠢ ᠰᠠᠶᠢᠲᠤᠷ ᠬᠢᠵᠦ ᠪᠣᠯᠤᠨ᠎ᠠ᠃ ᠵᠠᠮ ᠵᠠᠭᠤᠷ᠎ᠠ ᠪᠠᠨ ᠠᠯᠢ ᠴᠢᠳᠠᠬᠤ ᠪᠠᠷ ᠭᠠᠷ ᠢᠶᠠᠷ ᠢᠶᠠᠨ ᠪᠤᠰᠤᠳ ᠶᠠᠭᠤᠮ᠎ᠠ ᠲᠠᠢ ᠬᠦᠷᠦᠯᠴᠡᠬᠦ ᠠᠴᠠ ᠵᠠᠶᠢᠯᠠᠰᠬᠢᠵᠦ᠂ ᠡᠷᠬᠢᠨ ᠲᠣᠭᠤᠷᠢᠨ ᠤ ᠠᠶᠠᠨᠴᠢᠳ ᠲᠠᠢ ᠠᠯᠢ ᠴᠢᠳᠠᠬᠤ ᠪᠠᠷ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠳᠡᠢ᠃ ᠬᠡᠷᠪᠡ ᠰᠢᠯᠭᠠᠭᠤᠯᠤᠭᠴᠢ ᠡᠭᠡᠯᠵᠢ ᠶᠢᠨ ᠲᠡᠷᠭᠡᠨ ᠳᠤ ᠰᠠᠭᠤᠵᠤ ᠰᠢᠯᠭᠠᠯᠲᠠ ᠶᠢᠨ ᠴᠡᠭ ᠲᠤ ᠣᠴᠢᠪᠠᠯ᠂ ᠪᠥᠬᠦ ᠶᠠᠪᠤᠴᠠ ᠳᠤ ᠠᠮᠠᠪᠴᠢ ᠵᠡᠭᠦᠵᠦ᠂ ᠴᠣᠩᠬᠤ ᠪᠠᠨ ᠨᠡᠭᠡᠭᠡᠵᠦ ᠰᠠᠯᠬᠢ ᠨᠡᠪᠲᠡᠷᠡᠭᠦᠯᠦᠨ᠂ ᠰᠠᠯᠤᠩᠭᠢ ᠰᠠᠭᠤᠬᠤ ᠶᠢ ᠪᠠᠲᠤᠯᠠᠵᠤ᠂ ᠵᠠᠮ ᠵᠠᠭᠤᠷ᠎ᠠ ᠪᠠᠨ ᠲᠡᠷᠭᠡᠨ ᠳᠡᠭᠡᠷ᠎ᠡ ᠢᠳᠡᠵᠦ ᠤᠤᠭᠤᠬᠤ ᠪᠠ ᠭᠠᠷ ᠢᠶᠠᠷ ᠢᠶᠠᠨ ᠪᠤᠰᠤᠳ ᠡᠳ᠋ ᠪᠣᠳᠠᠰ ᠲᠠᠢ ᠬᠦᠷᠦᠯᠴᠡᠬᠦ ᠠᠴᠠ ᠵᠠᠶᠢᠯᠠᠰᠬᠢᠵᠦ᠂ ᠲᠡᠷᠭᠡᠨ ᠠᠴᠠ ᠪᠠᠭᠤᠭᠰᠠᠨ ᠤ ᠳᠠᠷᠠᠭ᠎ᠠ ᠭᠠᠷ ᠤᠨ ᠠᠷᠢᠭᠤᠨ ᠴᠡᠪᠡᠷ ᠢ ᠰᠠᠶᠢᠲᠤᠷ ᠬᠢᠬᠦ ᠬᠡᠷᠡᠭᠲᠡᠶ᠃    ᠳᠥᠷᠪᠡ᠂ ᠪᠤᠰᠤᠳ ᠠᠵᠢᠯ ᠤᠨ ᠱᠠᠭᠠᠷᠳᠠᠯᠭ᠎ᠠ    ︵ᠨᠢᠭᠡ︶ ᠳᠤᠭᠤᠶᠢᠯᠠᠩ ᠤᠨ ᠰᠢᠯᠭᠠᠯᠲᠠ ᠶᠢᠨ ᠠᠵᠢᠯ ᠤᠨ ᠳᠤᠮᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠡᠯ᠎ᠡ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠡᠯ᠎ᠡ ᠵᠦᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠢᠮ ᠤᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ