ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ    2021 ᠣᠨ ᠤ ᠭᠤᠷᠪᠠᠳᠤᠭᠠᠷ ᠬᠤᠭᠤᠴᠠᠭ᠎ᠠ
ᠨᠡᠶᠢᠲᠡᠯᠡᠭᠰᠡᠨ ᠴᠠᠭ᠄
2021/12/3
      ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ︽ᠤᠷᠠᠳ ᠤᠨ ᠡᠮᠦᠨᠡᠲᠦ ᠬᠤᠰᠢᠭᠤᠨ ᠤ 2021 ᠣᠨ ᠤ ᠬᠠᠲᠤᠨ ᠭᠤᠤᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢᠨ ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠣᠶᠣᠯ ᠪᠠᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠄ᠶᠡᠷᠦᠩᠬᠡᠶ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠰᠣᠶᠣᠯ ᠪᠠ ᠵᠢᠭᠤᠯᠴᠢᠯᠠᠯ ᠤᠨ ᠶᠠᠮᠤᠨ ᠤ ᠠᠯᠪᠠᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ᠠᠯᠪᠠᠨ ᠬᠡᠷ ᠤᠨ ︽︿ᠬᠠᠲᠤᠨ ᠭᠤᠤᠯ ᠤᠨ ᠰᠣᠶᠣᠯ ᠤᠨ ᠥᠪ ᠤᠨ ᠰᠢᠰᠲ᠋ᠧᠮ ᠤᠨ ᠬᠠᠮᠠᠭᠠᠯᠠᠯᠲᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ﹀ ︿ᠬᠠᠲᠤᠨ ᠭᠤᠤᠯ ᠤᠨ ᠰᠣᠶᠣᠯ ᠤᠨ ᠰᠢᠰᠲ᠋ᠧᠮ ᠤᠨ ᠰᠤᠳᠤᠯᠭᠠᠨ ᠤ ᠠᠵᠢᠯ ᠤᠨ ᠲᠥᠰᠦᠯ﹀ ᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ︾ ︵ᠦᠪᠦᠷ ᠵᠠᠰᠠᠭ ᠠᠯᠪᠠᠨ ᠲᠠᠷᠬᠠᠭᠠᠭᠰᠠᠨ〔 2021〕75 ᠳ᠋ᠤᠭᠠᠷ ᠲᠣᠭᠠᠲᠤ ︶᠂ ︽ᠰᠣᠶᠣᠯ ᠪᠠ ᠵᠢᠭᠤᠯᠴᠢᠯᠠᠯ ᠤᠨ ᠶᠠᠮᠤᠨ ᠤ ᠪᠣᠳᠠᠰ ᠤᠨ ᠪᠤᠰᠤ ᠰᠣᠶᠣᠯ ᠤᠨ ᠥᠪ ᠤᠨ  ᠶᠠᠮᠤᠨ ᠤ ᠬᠠᠲᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠲᠤᠬᠠᠶ ᠵᠠᠬᠢᠳᠠᠯ︾ ︵ᠪᠣᠳᠠᠰ ᠤᠨ ᠪᠤᠰᠤ ᠰᠣᠶᠣᠯ ᠤᠨ ᠥᠪ ᠤᠨ ᠵᠠᠬᠢᠳᠠᠯ〔 2021〕144  ᠳ᠋ᠦ᠋ᠭᠡᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ ᠬᠠᠲᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ  ᠰᠣᠶᠣᠯ ᠵᠢᠭᠤᠯᠴᠢᠯᠠᠯ ᠠᠯᠪᠠᠨ ᠲᠠᠷᠬᠠᠭᠠᠭᠰᠠᠨ 〔 2021〕38 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠵᠢᠴᠢ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠰᠤᠳᠤᠯᠤᠨ ᠲᠣᠭᠲᠠᠭᠠᠨ᠎ᠠ᠃ᠨᠢᠭᠡ᠂ ᠵᠢᠯᠣᠭᠤᠳᠬᠤ ᠦᠵᠡᠯ ᠰᠠᠨᠠᠭ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠣᠶᠣᠯ ᠪᠠ ᠵᠢᠭᠤᠯᠴᠢᠯᠠᠯ ᠤᠨ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠮᠠᠨ ᠤ ᠬᠤᠰᠢᠭᠤᠨ ᠤ ᠬᠠᠲᠤᠨ ᠭᠤᠤᠯ ᠤᠨ ᠰᠠᠪᠠ ᠭᠠᠵᠠᠷ ᠤᠨ ᠠᠵᠤ ᠠᠬᠤᠶ ᠨᠡᠶᠢᠭᠡᠮ ᠰᠣᠶᠣᠯ ᠢ ᠪᠥᠬᠦ ᠲᠠᠯ᠎ᠠ ᠪᠠᠷ᠂ ᠵᠣᠬᠢᠴᠠᠩᠭᠤᠶ᠂ ᠦᠷᠭᠦᠯᠵᠢᠯᠡᠨ ᠬᠥᠭᠵᠢᠬᠦ ᠶᠢ ᠠᠬᠢᠭᠤᠯᠤᠨ᠎ᠠ᠃ ᠬᠤᠶᠠᠷ᠂ ᠶᠡᠷᠦᠩᠬᠡᠶ ᠬᠠᠷᠠᠯᠲᠠ  ᠬᠠᠲᠤᠨ ᠭᠤᠤᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ ︵ᠳᠣᠷᠣᠭᠰᠢ ︽ᠪᠠᠶᠢᠴᠠᠭᠠᠯᠲᠠ ᠶᠢᠨ ᠠᠵᠢᠯ︾ ᠭᠡᠵᠦ ᠲᠣᠪᠴᠢᠯᠠᠨ᠎ᠠ︶᠂ ᠮᠠᠨ ᠤ ᠬᠤᠰᠢᠭᠤᠨ ᠤ ᠬᠠᠲᠤᠨ ᠭᠤᠤᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ︵ᠳᠣᠷᠣᠭᠰᠢ ︽ᠪᠣᠳᠠᠰ ᠤᠨ ᠪᠤᠰᠤ ᠰᠣᠶᠣᠯ ᠤᠨ ᠥᠪ︾ ᠭᠡᠵᠦ ᠲᠣᠪᠴᠢᠯᠠᠨ᠎ᠠ︶ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠠ ᠡᠬᠢ ᠪᠠᠶᠠᠯᠢᠭ ᠲᠤ ᠰᠢᠨᠵᠢᠯᠡᠬᠦ ᠤᠬᠠᠭᠠᠨᠴᠢ᠂ ᠵᠥᠪ ᠣᠨᠣᠪᠴᠢᠲᠠᠶ᠂ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠲᠡᠭᠦᠨ ᠤ ᠲᠥᠷᠥᠯ ᠵᠦᠢᠯ᠂ ᠲᠤᠭ᠎ᠠ ᠬᠡᠮᠵᠢᠶ᠎ᠡ᠂ ᠲᠠᠷᠬᠠᠯᠲᠠ ᠶᠢᠨ ᠪᠠᠶᠢᠳᠠᠯ ᠪᠠ ᠣᠷᠣᠰᠢᠵᠤ ᠪᠠᠶᠢᠭ᠎ᠠ ᠪᠠᠶᠢᠳᠠᠯ ᠢ ᠡᠵᠡᠮᠰᠢᠨ᠂ ᠬᠠᠲᠤᠨ ᠭᠤᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠬᠠᠲᠤᠨ ᠭᠤᠤᠯ ᠤᠨ ᠰᠣᠶᠣᠯ ᠤᠨ ᠥᠪ ᠤᠨ ᠰᠢᠰᠲ᠋ᠧᠮᠲᠦ ᠴᠢᠨᠠᠷᠲᠠᠶ ᠬᠠᠮᠠᠭᠠᠯᠠᠯᠲᠠ ᠶᠢ ᠳᠥᠯᠭᠢᠨ ᠠᠬᠢᠭᠤᠯᠤᠨ᠎ᠠ︔ ᠠᠵᠢᠯ ᠤᠨ ᠡᠩᠨᠡᠭᠡ ᠶᠢ ᠬᠥᠮᠦᠵᠢᠭᠦᠯᠦᠨ ᠪᠣᠯᠪᠠᠰᠤᠷᠠᠭᠤᠯᠵᠤ᠂ ᠬᠠᠮᠠᠭᠠᠯᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠳᠤᠨ ᠭᠤᠣᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠦᠷᠳᠡᠭ ᠢ ᠠᠭᠤᠳᠠᠯᠵᠤ᠂ ᠠᠷᠠᠳ ᠤᠯᠠᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠤᠬᠠᠮᠰᠠᠷ ᠢ ᠴᠢᠩᠭᠠᠳᠬᠠᠨ᠂ ︽ᠲᠩᠷᠢ ᠶᠢᠨ ᠬᠡᠰᠢᠭᠲᠦ ᠪᠣᠷᠣᠲᠣᠬᠤᠢ︾ ᠶᠢᠨ ᠨᠥᠯᠥᠭᠡᠯᠡᠬᠦ ᠬᠦᠴᠦᠨ ᠢ ᠲᠠᠰᠤᠷᠠᠯᠳᠠ ᠦᠭᠡᠢ ᠥᠷᠭᠡᠳᠬᠡᠵᠦ᠂ ᠬᠤᠳᠠ ᠶᠢᠨ ᠰᠣᠶᠣᠯ ᠤᠨ ᠲᠦᠷᠦᠯ ᠲᠡᠮᠳᠡᠭ ᠢ ᠡᠭᠦᠳᠴᠦ᠂ ᠬᠤᠳᠠ ᠶᠢᠨ ᠰᠣᠶᠣᠯ ᠤᠨ ᠴᠢᠨᠠᠷ ᠳᠡᠰ ᠢ ᠳᠡᠭᠡᠭᠰᠢᠯᠡᠬᠦᠯᠦᠨ᠂ ᠣᠳᠣᠬᠢᠴᠢᠯᠠᠭᠰᠠᠨ ᠠᠮᠢ ᠠᠬᠤᠢ ᠶᠢᠨ ᠬᠤᠳᠠ ᠶᠢ ᠪᠦᠳᠦᠭᠡᠨ ᠪᠠᠶᠢᠭᠤᠯᠵᠤ᠂ ︽ᠠᠷᠤ ᠭᠠᠵᠠᠷ ᠤᠨ ᠵᠢᠶᠠᠩᠨᠠᠨ᠂ ᠪᠣᠬᠢᠷᠲᠤᠯ ᠦᠭᠡᠢ ᠪᠠᠷ ᠬᠥᠭᠵᠢᠨ ᠮᠠᠨᠳᠤᠬᠤ︾ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠨᠡᠮᠡᠷᠢᠯᠡᠨ᠎ᠡ᠃︵ᠨᠢᠭᠡ︶ ᠴᠠᠭ ᠦᠶᠡᠴᠢ ᠴᠢᠨᠠᠷ 1 . ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠪᠠᠷ ᠤᠳᠤᠷᠢᠳᠤᠮᠵᠢ ᠪᠣᠯᠭᠠᠵᠤ᠂ ᠬᠠᠲᠤᠨ ᠭᠤᠣᠯ ᠤᠨ ᠰᠣᠶᠣᠯ ᠤᠨ ᠲᠡᠦᠬᠡᠨ ᠠᠮᠢᠨ ᠰᠤᠳᠠᠰᠤ ᠶᠢ ᠦᠷᠭᠦᠯᠵᠢᠯᠡᠭᠦᠯᠵᠦ᠂ ᠬᠠᠲᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠤᠨ ᠴᠠᠭ ᠦᠶ᠎ᠡ ᠶᠢᠨ ᠦᠨ᠎ᠡ ᠥᠷᠲᠡᠭ ᠢ ᠪᠠᠳᠠᠷᠠᠭᠤᠯᠤᠨ᠎ᠠ︔ 2᠂ ᠦᠨᠳᠦᠰᠦᠲᠡᠨ ᠨᠦᠭᠦᠳ ᠤᠨ ︽ᠤᠳᠤᠮ ᠤᠭᠰᠠᠭ᠎ᠠ ᠨᠢᠭᠡᠲᠡᠢ︾ ᠬᠠᠶᠢᠷ᠎ᠠ ᠰᠡᠳᠬᠢᠯᠭᠡ ᠪᠠ ᠰᠡᠳᠬᠢᠴᠡ ᠶᠢᠨ ᠮᠡᠳᠡᠷᠡᠮᠵᠢ ᠶᠢ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠴᠢᠨᠠᠭᠰᠢᠳᠠ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠡᠷᠡᠭᠲᠡᠢ᠃ ︵ᠬᠤᠶᠠᠷ︶ ᠪᠦᠬᠦ ᠲᠠᠯᠠᠲᠤ ᠴᠢᠨᠠᠷ  1 . ᠪᠠᠶᠢᠴᠠᠭᠠᠯᠲᠠ ᠶᠢᠨ ᠠᠵᠢᠯ ᠨᠢ ᠬᠠᠲᠤᠨ ᠭᠤᠣᠯ ᠤᠨ ᠰᠠᠪᠠ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠪᠦᠬᠦ ᠲᠥᠷᠥᠯ ᠢᠯᠭᠠᠯ ᠢ ᠬᠠᠮᠤᠷᠬᠤ ᠬᠡᠷᠡᠭᠲᠡᠶ︔  2 . ᠥᠩᠭᠡᠷᠡᠭᠰᠡᠨ ᠤ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠢᠩᠭᠡᠭᠡᠨ ᠠᠪᠴᠤ᠂ ᠣᠯᠠᠨ ᠦᠨᠳᠦᠰᠦᠲᠡᠨ ᠠᠭᠤᠰᠤᠯᠴᠠᠭᠰᠠᠨ ᠰᠣᠶᠣᠯ ᠤᠨ ᠬᠡᠯᠪᠡᠷᠢ ᠪᠠᠶᠢᠳᠠᠯ ᠵᠢᠴᠢ ᠬᠥᠭᠵᠢᠯᠲᠡ ᠶᠢᠨ ᠰᠤᠳᠠᠰᠤ ᠶᠢ ᠭᠤᠤᠯᠳᠠᠯᠭ᠎ᠠ ᠲᠠᠢ ᠪᠠᠶᠢᠴᠠᠭᠠᠵᠤ᠂ ᠬᠠᠲᠤᠨ ᠭᠤᠤᠯ ᠤᠨ ᠰᠣᠶᠣᠯ ᠤᠨ ᠪᠦᠬᠦᠯᠢ ᠴᠣᠭᠴᠠᠲᠤ ᠴᠢᠨᠠᠷ᠂ ᠤᠯᠠᠮᠵᠢᠯᠠᠨ ᠵᠠᠯᠭᠠᠮᠵᠢᠯᠠᠬᠤ ᠴᠢᠨᠠᠷ ᠢ ᠰᠢᠰᠲ᠋ᠧᠮ ᠲᠠᠢ ᠡᠵᠡᠮᠰᠢᠨ᠎ᠡ᠃︵ᠭᠤᠷᠪᠠ︶ ᠦᠨᠡᠨ ᠪᠣᠳᠠᠲᠤ ᠴᠢᠨᠠᠷ1 . ᠪᠣᠳᠠᠰ ᠤᠨ ᠪᠤᠰᠤ ᠰᠣᠶᠣᠯ ᠤᠨ ᠥᠪ ᠤᠨ ᠲᠡᠦᠬᠡ ᠪᠠ ᠤᠤᠯ ᠳᠦᠷᠰᠦ ᠪᠠᠶᠢᠳᠠᠯ ᠢ ᠬᠦᠨᠳᠦᠳᠬᠡᠨ᠎ᠡ︔ 2 .ᠪᠠᠶᠢᠴᠠᠭᠠᠯᠲᠠ ᠶᠢᠨ ᠠᠭᠤᠯᠭ᠎ᠠ ᠪᠣᠯᠤᠨ ᠦᠷ᠎ᠡ ᠪᠦᠲᠦᠭᠡᠯ ᠤᠨ ᠦᠨᠡᠨ ᠪᠣᠳᠠᠲᠠᠶ ᠨᠠᠶᠢᠳᠠᠪᠤᠷᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃   ︵ᠳᠥᠷᠪᠡ︶ ᠰᠢᠨᠵᠢᠯᠡᠬᠦ ᠤᠬᠠᠭᠠᠨᠴᠢ ᠴᠢᠨᠠᠷ 1 . ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠥᠭᠵᠢᠭᠦᠯᠬᠦ ᠵᠢᠮ᠎ᠡ ᠶᠣᠰᠣ ᠶᠢ ᠴᠢᠩᠭ᠎ᠠ ᠵᠢᠷᠤᠮᠯᠠᠨ᠎ᠠ︔ 2 .ᠶᠠᠷᠢᠯᠴᠠᠬᠤ᠂ ᠰᠤᠳᠤᠯᠤᠨ ᠶᠠᠷᠢᠯᠴᠠᠬᠤ᠂ ᠨᠤᠲᠠᠯᠠᠬᠤ ᠵᠡᠷᠭᠡ ᠰᠢᠨᠵᠢᠯᠡᠬᠦ ᠤᠬᠠᠭᠠᠨᠴᠢ ᠠᠷᠭ᠎ᠠ ᠶᠢ ᠭᠦᠢᠴᠡᠳ ᠠᠰᠢᠭᠯᠠᠬᠤ ᠬᠡᠷᠡᠭᠲᠡᠶ᠃ ᠭᠤᠷᠪᠠ᠂ ᠪᠠᠶᠢᠴᠠᠭᠠᠬᠤ ᠬᠡᠪᠴᠢᠶ᠎ᠡ ᠪᠦᠬᠦ ᠬᠤᠰᠢᠭᠤᠨ ᠤ ᠬᠢᠯᠢ ᠳᠣᠲᠣᠷᠠᠬᠢ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠂ ᠵᠡᠭᠡᠯᠢ ᠭᠤᠳᠤᠮᠵᠢ ᠶᠢᠨ ᠡᠷᠬᠢᠯᠡᠭᠰᠡᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠠ ᠡᠬᠢ ᠪᠠᠶᠠᠯᠢᠭ ᠢ ᠪᠠᠶᠢᠴᠠᠭᠠᠨ᠎ᠠ᠃ ᠡᠭᠦᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠲᠣᠭᠤᠷᠢᠭ ᠤᠨ ᠱᠠᠲᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠢᠶᠠᠷ ᠪᠠᠶᠢᠴᠠᠭᠠᠯᠲᠠ ᠶᠢᠨ ᠭᠤᠤᠯᠳᠠᠯᠭ᠎ᠠ ᠪᠠᠨ ᠪᠣᠯᠭᠠᠬᠤ ᠶᠢᠨ ᠬᠠᠮᠲᠤ ᠪᠦᠬᠦ ᠤᠯᠤᠰ ᠤᠨ ᠠᠩᠬᠠᠳᠤᠭᠠᠷ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠪᠣᠯᠤᠨ ᠥᠪᠡᠷᠲᠡᠭᠡᠨ ᠵᠠᠰᠠᠬᠤ ᠣᠷᠣᠨ᠂ ᠪᠦᠬᠦ ᠬᠤᠲᠠ ᠶᠢᠨ ᠬᠤᠶᠠᠷ ᠤᠳᠠᠭᠠᠨ ᠤ ᠪᠣᠳᠠᠰ ᠤᠨ ᠪᠤᠰᠤ ᠰᠣᠶᠣᠯ ᠤᠨ ᠥᠪ ᠤᠨ ᠨᠡᠶᠢᠳᠡᠮ ᠪᠠᠶᠢᠴᠠᠭᠠᠯᠲᠠ ᠶᠢᠨ ᠰᠠᠭᠤᠷᠢᠨ ᠳᠡᠭᠡᠷ᠎ᠡ᠂ ᠣᠳᠣᠬᠠᠨ ᠳᠤ ᠡᠯ᠎ᠡ ᠱᠠᠲᠤᠨ ᠤ ᠨᠡᠷᠡᠰ ᠤᠨ ᠲᠡᠭᠦᠪᠦᠷᠢ ᠳᠤ ᠬᠠᠷᠠᠬᠠᠨ ᠣᠷᠣᠭᠤᠯᠤᠭᠠᠳᠤᠶ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠲᠤ ᠪᠠᠶᠢᠴᠠᠭᠠᠯᠲᠠ ᠬᠢᠬᠦ ᠬᠡᠷᠡᠭᠲᠡᠶ᠃ᠳᠥᠷᠪᠡ᠂ ᠪᠠᠶᠢᠴᠠᠭᠠᠬᠤ ᠠᠷᠭ᠎ᠠ  ᠪᠠ ᠠᠭᠤᠯᠭ᠎ᠠ  ᠬᠡᠷᠡᠭ ᠤᠨ ᠡᠮᠦᠨᠡᠬᠢ ᠠᠵᠢᠯ ᠬᠢᠭᠡᠳ ᠬᠡᠭᠡᠷ᠎ᠡ ᠶᠢᠨ ᠪᠠᠶᠢᠴᠠᠭᠠᠯᠲᠠ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠣᠳᠣ ᠶᠢᠨ ᠪᠠᠶᠢᠭ᠎ᠠ ᠦᠷ᠎ᠡ ᠪᠦᠲᠦᠭᠡᠯ ᠢᠶᠠᠨ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠰᠤᠷᠪᠤᠯᠵᠢᠯᠠᠨ ᠪᠠᠶᠢᠴᠠᠭᠠᠵᠤ᠂ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠰᠦᠪᠡᠭᠴᠢ ᠴᠤᠭᠯᠠᠭᠤᠯᠬᠤ᠂ ᠦᠰᠦᠭ ᠪᠢᠴᠢᠭ ᠢᠶᠠᠷ ᠲᠡᠮᠳᠡᠭᠯᠡᠬᠦ᠂ ᠰᠤᠷᠪᠤᠯᠵᠢᠯᠠᠨ ᠰᠢᠩᠭᠡᠭᠡᠬᠦ ᠵᠡᠷᠭᠡ ᠬᠡᠭᠡᠷ᠎ᠡ ᠶᠢᠨ ᠠᠵᠢᠯ ᠢ ᠥᠷᠨᠢᠭᠦᠯᠵᠦ᠂ ᠠᠳᠠᠯᠢ ᠪᠤᠰᠤ ᠲᠥᠷᠥᠯ ᠵᠦᠢᠯ ᠳᠤ ᠴᠢᠭᠯᠡᠭᠦᠯᠦᠨ ᠠᠳᠠᠯᠢ ᠪᠤᠰᠤ ᠪᠠᠶᠢᠴᠠᠭᠠᠯᠲᠠ ᠶᠢᠨ ᠠᠵᠢᠯ ᠤᠨ ᠠᠷᠭ᠎ᠠ ᠶᠢ ᠠᠪᠬᠤ ᠶᠢᠨ ᠬᠠᠮᠲᠤ᠂ ᠪᠠᠶᠢᠴᠠᠭᠠᠯᠲᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠬᠥᠮᠥᠷᠭᠡ ᠳᠤ ᠣᠷᠣᠭᠤᠯᠵᠤ᠂ ︽ᠭᠡᠷ ᠤᠨ ᠪᠠᠶᠢᠳᠠᠯ ᠨᠢ ᠲᠣᠳᠣᠷᠬᠠᠶ᠂ ᠲᠤᠭ᠎ᠠ ᠪᠠᠷᠢᠮᠲᠠ ᠨᠢ ᠣᠨᠣᠪᠴᠢᠲᠠᠶ᠂ ᠪᠠᠶᠢᠳᠠᠯ ᠨᠢ ᠲᠣᠳᠣᠷᠬᠠᠶ︾ ᠪᠠᠶᠢᠯᠭᠠᠬᠤ ᠬᠡᠷᠡᠭᠲᠡᠶ᠃ ᠪᠣᠳᠠᠰ ᠤᠨ ᠪᠤᠰᠤ ᠰᠣᠶᠣᠯ ᠤᠨ ᠥᠪ ᠭᠡᠳᠡᠭ ᠨᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠶ᠎ᠡ ᠤᠯᠠᠷᠢᠨ ᠤᠯᠠᠮᠵᠢᠯᠠᠭᠰᠠᠭᠠᠷ ᠢᠷᠡᠭᠰᠡᠨ ᠪᠥᠭᠡᠳ ᠲᠡᠭᠦᠨ ᠤ ᠰᠣᠶᠣᠯ ᠤᠨ ᠥᠪ ᠤᠨ ᠪᠦᠷᠢᠯᠳᠦᠬᠦᠨ ᠬᠡᠰᠡᠭ ᠭᠡᠵᠦ ᠦᠵᠡᠭᠰᠡᠨ ᠡᠯ᠎ᠡ ᠵᠦᠢᠯ ᠤᠨ ᠤᠯᠠᠮᠵᠢᠯᠠᠯᠲᠤ ᠰᠣᠶᠣᠯ ᠤᠨ ᠢᠯᠡᠷᠡᠬᠦ ᠬᠡᠯᠪᠡᠷᠢ ᠵᠢᠴᠢ ᠤᠯᠠᠮᠵᠢᠯᠠᠯᠲᠤ ᠰᠣᠶᠣᠯ ᠤᠨ ᠢᠯᠡᠷᠡᠬᠦ ᠬᠡᠯᠪᠡᠷᠢ ᠲᠠᠢ ᠬᠤᠯᠪᠣᠭᠳᠠᠬᠤ ᠪᠣᠳᠠᠲᠤ ᠶᠠᠭᠤᠮ᠎ᠠ ᠪᠠ ᠲᠠᠯᠠᠪᠤᠷ ᠢ ᠵᠢᠭᠠᠵᠤ ᠪᠠᠶᠢᠨ᠎ᠠ᠃ ᠪᠣᠳᠠᠰ ᠤᠨ ᠪᠤᠰᠤ ᠰᠣᠶᠣᠯ ᠤᠨ ᠥᠪ ᠪᠣᠯ ᠨᠢᠭᠡ ᠤᠯᠤᠰ ᠪᠠ ᠦᠨᠳᠦᠰᠦᠲᠡᠨ ᠤ ᠲᠡᠦᠬᠡ ᠰᠣᠶᠣᠯ ᠤᠨ ᠠᠮᠵᠢᠯᠲᠠ ᠪᠦᠲᠦᠮᠵᠢ ᠶᠢᠨ ᠴᠢᠬᠤᠯᠠ ᠪᠡᠯᠭᠡ ᠲᠡᠮᠳᠡᠭ ᠮᠥᠨ᠂ ᠰᠢᠯᠢᠳᠡᠭ ᠤᠯᠠᠮᠵᠢᠯᠠᠯᠲᠤ ᠰᠣᠶᠣᠯ ᠤᠨ ᠴᠢᠬᠤᠯᠠ ᠰᠣᠶᠣᠯ ᠤᠨ ᠢᠯᠡᠷᠡᠯ ᠮᠥᠨ᠃ᠪᠣᠳᠠᠰ ᠤᠨ ᠪᠤᠰᠤ ᠰᠣᠶᠣᠯ ᠤᠨ ᠥᠪ ᠢ ᠠᠷᠠᠳ ᠤᠨ ᠠᠮᠠᠨ ᠵᠣᠬᠢᠶᠠᠯ ︵ᠳᠣᠮᠤᠭ᠂ ᠦᠯᠢᠭᠡᠷ᠂ ᠪᠠᠭᠠᠲᠤᠷᠯᠢᠭ ᠲᠤᠤᠯᠢ᠂ ᠬᠤᠯᠪᠣᠭ᠎ᠠ᠂  ᠦᠭᠦᠯᠡᠨ ᠳᠠᠭᠤᠯᠠᠬᠤ ᠵᠡᠷᠭᠡ︶᠂ ᠤᠯᠠᠮᠵᠢᠯᠠᠯᠲᠤ ᠳᠠᠭᠤᠤ ᠬᠥᠭᠵᠢᠮ ︵ᠠᠷᠠᠳ ᠤᠨ ᠳᠠᠭᠤᠤ︶᠂ ᠤᠯᠠᠮᠵᠢᠯᠠᠯᠲᠤ ᠰᠢ ᠵᠦᠴᠦᠭᠡ᠂ ᠲᠠᠭᠤᠷᠢᠯᠢᠬ ᠤᠷᠠᠯᠢᠭ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠤᠷᠠᠨ ᠵᠢᠷᠤᠭ ︵ᠤᠷᠠᠨ ᠵᠢᠷᠤᠭ ᠤᠨ ᠰᠠᠭᠤᠷᠢᠨ ᠳᠡᠭᠡᠷ᠎ᠡ ᠦᠢᠯᠡᠳᠦᠭᠰᠡᠨ ᠭᠠᠷ ᠤᠷᠠᠯᠠᠯ︶᠂ ᠤᠯᠠᠮᠵᠢᠯᠠᠯᠲᠤ ᠭᠠᠷ ᠤᠷᠠᠯᠠᠯ ︵ᠰᠢᠭᠤᠳ ᠬᠢᠵᠦ ᠪᠦᠲᠦᠭᠡᠭᠰᠡᠨ ᠤᠯᠠᠮᠵᠢᠯᠠᠯᠲᠤ ᠮᠡᠷᠭᠡᠵᠢᠯ︶᠂ ᠤᠯᠠᠮᠵᠢᠯᠠᠯᠲᠤ ᠪᠡᠶ᠎ᠡ ᠲᠠᠮᠢᠷ ᠤᠨ ᠨᠠᠭᠠᠳᠤᠮ ᠪᠠ ᠼᠢᠷᠺ ︵ᠠᠷᠠᠳ ᠤᠨ ᠪᠡᠶ᠎ᠡ ᠲᠠᠮᠢᠷ ᠪᠠ ᠲᠣᠭᠯᠠᠭᠠᠮ︶᠂ ᠤᠯᠠᠮᠵᠢᠯᠠᠯᠲᠤ ᠡᠮ ᠡᠮᠨᠡᠯᠭᠡ ︵ᠠᠷᠠᠳ ᠤᠨ ᠳᠤᠮᠳᠠ ᠤᠯᠠᠮᠵᠢᠯᠠᠭᠳᠠᠭᠰᠠᠨ︶᠂ ᠠᠷᠠᠳ ᠤᠨ ᠵᠠᠩ ᠦᠢᠯᠡ ︵ᠲᠠᠬᠢᠯᠭ᠎ᠠ᠂ ᠵᠠᠩ ᠵᠠᠩᠰᠢᠯ︶ ᠭᠡᠵᠦ 10 ᠲᠥᠷᠥᠯ ᠳᠤ ᠬᠤᠪᠢᠶᠠᠨ᠎ᠠ᠃ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ ᠶᠢᠨ ᠠᠭᠤᠯᠭ᠎ᠠ᠄ ᠡᠬᠢ ᠪᠠᠶᠠᠯᠢᠭ ᠤᠨ ᠨᠡᠷᠡᠶᠢᠳᠦᠯ᠂ ᠲᠥᠷᠥᠯ ᠢᠯᠭᠠᠯ ᠂ ᠲᠣᠪᠴᠢ ᠲᠠᠨᠢᠯᠴᠠᠭᠤᠯᠭ᠎ᠠ ᠵᠡᠷᠭᠡ ᠦᠨᠳᠦᠰᠦᠨ ᠪᠠᠶᠢᠳᠠᠯ᠂ ᠣᠳᠣᠬᠠᠨ ᠤ ᠣᠷᠣᠰᠢᠨ ᠦᠷᠭᠦᠯᠵᠢᠯᠡᠵᠦ ᠪᠠᠶᠢᠭ᠎ᠠ ᠪᠠᠶᠢᠳᠠᠯ ᠢ ᠭᠤᠣᠯᠳᠠᠯᠭ᠎ᠠ ᠲᠠᠢ ᠪᠠᠶᠢᠴᠠᠭᠠᠨ᠎ᠠ᠃ ᠲᠠᠪᠤ᠂ ᠵᠣᠬᠢᠶᠠᠨ ᠪᠠᠶᠢᠭᠤᠯᠬᠤ ᠬᠡᠯᠪᠡᠷᠢ ᠪᠠ ᠬᠡᠷᠡᠭᠵᠢᠭᠦᠯᠬᠦ ᠠᠷᠭ᠎ᠠ ᠮᠠᠶ᠋ᠢᠭ ᠤᠷᠠᠳ ᠤᠨ ᠡᠮᠦᠨᠡᠲᠦ ᠬᠤᠰᠢᠭᠤᠨ ᠤ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠪᠣᠳᠠᠲᠠᠶ ᠬᠠᠷᠢᠭᠤᠴᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠵᠤ᠂ ᠤᠷᠠᠳ ᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠲᠥᠪ︶ ᠪᠠ ᠵᠢᠭᠤᠯᠴᠢᠯᠠᠯ ᠤᠨ ᠲᠥᠪ ᠠᠴᠠ ᠬᠠᠮᠵᠢᠯᠴᠠᠨ ᠪᠠᠶᠢᠴᠠᠭᠠᠬᠤ ᠠᠵᠢᠯ ᠢ ᠬᠢᠵᠦ᠂ ᠡᠯ᠎ᠡ ᠰᠤᠮᠤ ᠪᠠᠯᠭᠠᠰᠤᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠠᠴᠠ ᠬᠠᠷᠢᠭᠤᠴᠠᠨ ᠦᠨ᠎ᠡ ᠥᠷᠲᠡᠭ ᠲᠠᠢ ᠡᠬᠢ ᠪᠠᠶᠠᠯᠢᠭ ᠤᠨ ᠰᠦᠪᠡᠭᠴᠢ ᠪᠠ ᠪᠣᠳᠠᠲᠠᠶ ᠳᠡᠭᠡᠭᠰᠢ ᠮᠡᠳᠡᠭᠦᠯᠬᠦ ᠠᠭᠤᠯᠭ᠎ᠠ ᠶᠢ ᠬᠠᠩᠭᠠᠨ᠎ᠠ᠃ ᠰᠣᠶᠣᠯ ᠤᠨ ᠣᠷᠳᠣᠨ ᠪᠣᠳᠠᠰ ᠤᠨ ᠪᠤᠰᠤ ᠰᠣᠶᠣᠯ ᠤᠨ ᠥᠪ ᠤᠨ ᠲᠥᠪ ᠬᠢᠨᠠᠨ ᠵᠢᠯᠣᠭᠤᠳᠬᠤ ᠶᠢ ᠬᠠᠷᠢᠭᠤᠴᠠᠬᠤ ᠶᠢᠨ ᠬᠠᠮᠲᠤ ᠲᠤᠰᠬᠠᠶ ᠮᠡᠷᠭᠡᠵᠢᠯ ᠤᠨ ᠳᠡᠮᠵᠢᠯᠭᠡ ᠬᠠᠩᠭᠠᠬᠤ ᠬᠡᠷᠡᠭᠲᠡᠶ᠃︵ᠨᠢᠭᠡ︶ ᠥᠷᠨᠢᠭᠦᠯᠬᠦ ᠱᠠᠲᠤ ᠦᠶ᠎ᠡ ︵2021 ᠣᠨ ᠤ 8 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ︶   ᠠᠵᠢᠯ ᠤᠨ ᠲᠥᠰᠦᠯ ᠶᠣᠰᠣᠭᠠᠷ᠂ ᠡᠯ᠎ᠡ ᠰᠤᠮᠤ ᠪᠠᠯᠭᠠᠰᠤᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠠᠴᠠ ᠪᠠᠶᠢᠴᠠᠭᠠᠯᠲᠠ ᠶᠢᠨ ᠡᠩᠨᠡᠭᠡ᠂ ᠲᠤᠬᠠᠶ ᠶᠢᠨ ᠭᠠᠵᠠᠷ ᠤᠨ ᠪᠣᠳᠠᠰ ᠤᠨ ᠪᠤᠰᠤ ᠰᠣᠶᠣᠯ ᠤᠨ ᠥᠪ ᠤᠨ ᠲᠤᠰᠬᠠᠶ ᠮᠡᠷᠭᠡᠵᠢᠯᠲᠡᠨ ᠵᠢᠴᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠡᠯ᠎ᠡ ᠬᠠᠮᠢᠶᠠᠷᠤᠯᠲᠠ ᠶᠢᠨ ᠬᠡᠪᠴᠢᠶᠡᠨ ᠳᠤ ᠭᠤᠤᠯᠳᠠᠯᠭ᠎ᠠ ᠲᠠᠢ ᠲᠥᠷᠥᠯ ᠵᠦᠢᠯ ᠤᠨ ᠡᠬᠢ ᠪᠠᠶᠠᠯᠢᠭ ᠲᠤ ᠪᠥᠬᠦ ᠲᠠᠯ᠎ᠠ ᠶᠢᠨ ᠬᠡᠭᠡᠷ᠎ᠡ ᠶᠢᠨ ᠪᠠᠶᠢᠴᠠᠭᠠᠯᠲᠠ ᠬᠢᠨ᠎ᠠ᠃ ︵ᠬᠤᠶᠠᠷ︶ ᠱᠠᠲᠤ ᠦᠶ᠎ᠡ ︵8 ᠳ᠋ᠤᠭᠠᠷ ᠰᠠᠷ᠎ᠠ ᠶᠢᠨ 30 ᠤ ᠡᠳᠦᠷ ᠠᠴᠠ 9 ᠳ᠋ᠦ᠋ᠭᠡᠷ ᠰᠠᠷ᠎ᠠ ᠶᠢᠨ 10 ᠤ ᠡᠳᠦᠷ ᠪᠣᠯᠲᠠᠯ᠎ᠠ︶  ᠡᠯ᠎ᠡ ᠰᠤᠮᠤ ᠪᠠᠯᠭᠠᠰᠤᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢᠶᠠᠷ ᠦᠨᠳᠦᠰᠦᠨ ᠨᠢᠭᠡᠴᠡ ᠪᠣᠯᠭᠠᠵᠤ᠂ 9 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠲᠣᠰ ᠲᠣᠰ ᠤᠨ ᠣᠷᠣᠨ ᠪᠦᠰᠡ ᠶᠢᠨ ᠳᠣᠲᠣᠷᠠᠬᠢ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠤᠨ ᠪᠠᠶᠢᠴᠠᠭᠠᠯᠲᠠ᠂ ᠬᠤᠷᠢᠶᠠᠩᠭᠤᠶ ᠬᠦᠰᠦᠨᠦᠭᠲᠦ ᠵᠢᠴᠢ ᠤᠯᠠᠮᠵᠢᠯᠠᠨ ᠵᠠᠯᠭᠠᠮᠵᠢᠯᠠᠭᠴᠢ ᠵᠡᠷᠭᠡ ᠮᠠᠲ᠋ᠧᠷᠢᠶᠠᠯ ᠢ ᠲᠠᠭᠯᠠᠨ ᠮᠡᠳᠡᠭᠦᠯᠵᠦ᠂ ᠡᠮᠬᠢᠯᠡᠨ ᠨᠡᠶᠢᠯᠡᠭᠦᠯᠵᠦ ᠰᠢᠯᠭᠠᠨ ᠬᠤᠷᠢᠶᠠᠵᠤ ᠠᠪᠤᠨ᠎ᠠ᠃ ᠡᠨᠡᠬᠦ ᠬᠤᠭᠤᠴᠠᠭᠠᠨ ᠳᠤ᠂ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ ᠤᠨ ᠪᠠᠶᠢᠴᠠᠭᠠᠬᠤ ᠳᠤᠭᠤᠶᠢᠯᠠᠩ 9 ᠰᠠᠷ᠎ᠠ ᠶᠢᠨ 1 ᠤ ᠡᠳᠦᠷ ᠠᠴᠠ 15 ᠤ ᠡᠳᠦᠷ ᠪᠣᠯᠲᠠᠯᠠᠬᠢ ᠪᠦᠬᠦ ᠬᠤᠲᠠ ᠶᠢᠨ ᠪᠠᠶᠢᠴᠠᠭᠠᠬᠤ ᠠᠵᠢᠯ ᠲᠠᠢ ᠬᠠᠮᠵᠢᠯᠴᠠᠨ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠬᠢᠬᠦ ᠪᠣᠯᠤᠨ᠎ᠠ᠃ ︵ᠭᠤᠷᠪᠠ︶ ᠳ᠋ᠦᠩᠨᠡᠯᠲᠡ ᠶᠢᠨ ᠱᠠᠲᠤ ᠦᠶ᠎ᠡ ︵9 ᠳ᠋ᠦ᠋ᠭᠡᠷ ᠰᠠᠷ᠎ᠠ ᠶᠢᠨ 16 ᠤ ᠡᠳᠦᠷ ᠠᠴᠠ 10 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ︶  ᠲᠣᠰ ᠭᠠᠵᠠᠷ ᠣᠷᠣᠨ ᠤ ᠪᠠᠶᠢᠴᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ᠂ ᠬᠡᠭᠡᠷ᠎ᠡ ᠶᠢᠨ ᠪᠠᠶᠢᠴᠠᠭᠠᠯᠲᠠ ᠂ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠬᠤᠷᠢᠶᠠᠩᠭᠤᠶᠢᠯᠠᠬᠤ᠂ ᠪᠠᠶᠢᠴᠠᠭᠠᠯᠲᠠ ᠶᠢᠨ ᠦᠷ᠎ᠡ ᠪᠦᠲᠦᠭᠡᠯ ᠢ ᠡᠮᠬᠢᠯᠡᠨ ᠨᠡᠶᠢᠯᠡᠭᠦᠯᠬᠦ ᠵᠡᠷᠭᠡ ᠲᠠᠯ᠎ᠠ ᠶᠢ ᠪᠥᠬᠦ ᠲᠠᠯ᠎ᠠ ᠪᠠᠷ ᠨᠠᠷᠢᠨ ᠬᠢᠨᠠᠮᠠᠭᠠᠶ ᠳ᠋ᠦᠩᠨᠡᠭᠰᠡᠨ ᠰᠠᠭᠤᠷᠢᠨ ᠳᠡᠭᠡᠷ᠎ᠡ᠂ ᠵᠢᠷᠤᠮᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 2021 ᠣᠨ ᠤ 9 ᠰᠠᠷ᠎ᠠ ᠶᠢᠨ 20 ᠤ ᠡᠳᠦᠷ ᠠᠴᠠ ᠡᠮᠦᠨ᠎ᠡ ᠮᠠᠨ ᠤ ᠬᠤᠰᠢᠭᠤᠨ ᠤ ︽ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ︔ 10 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠵᠠᠰᠠᠪᠤᠷᠢ ᠣᠷᠣᠭᠤᠯᠤᠭᠰᠠᠨ ᠰᠠᠨᠠᠯ ᠤᠨ ᠶᠣᠰᠣᠭᠠᠷ ᠵᠠᠰᠠᠪᠤᠷᠢ ᠣᠷᠣᠭᠤᠯᠵᠤ ᠵᠠᠯᠠᠷᠠᠭᠤᠯᠤᠭᠰᠠᠨ ᠤ ᠳᠠᠷᠠᠭ᠎ᠠ ᠰᠣᠶᠣᠯ ᠪᠠ ᠵᠢᠭᠤᠯᠴᠢᠯᠠᠯ ᠤᠨ ᠶᠠᠮᠤᠨ ᠳᠤ ᠮᠡᠳᠡᠭᠦᠯᠦᠨ᠎ᠡ᠃ ᠵᠢᠷᠭᠤᠭ᠎ᠠ᠂ ᠪᠠᠶᠢᠴᠠᠭᠠᠯᠲᠠ ᠶᠢᠨ ᠦᠷ᠎ᠡ ᠪᠦᠲᠦᠭᠡᠯ ᠡᠯ᠎ᠡ ᠰᠤᠮᠤ ᠪᠠᠯᠭᠠᠰᠤᠨ ᠤ ᠰᠣᠶᠣᠯ ᠤᠨ ᠥᠷᠲᠡᠭᠡ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠪᠠᠶᠢᠴᠠᠭᠠᠯᠲᠠ ᠶᠢᠨ ᠠᠵᠢᠯ ᠤᠨ ᠲᠣᠬᠢᠷᠠᠭᠤᠯᠤᠯᠲᠠ ᠪᠠ ᠠᠬᠢᠴᠠ ᠪᠠᠨ ᠬᠤᠶᠠᠷ ᠪᠦᠯᠦᠭ ᠬᠤᠪᠢᠶᠠᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠪᠦᠷᠢᠯᠳᠦᠭᠦᠯᠵᠦ᠂ ᠬᠤᠰᠢᠭᠤᠨ ᠤ ᠰᠣᠶᠣᠯ ᠤᠨ ᠣᠷᠳᠣᠨ ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶ ᠳᠤ ᠮᠡᠳᠡᠭᠦᠯᠦᠨ ᠬᠦᠷᠭᠡᠨ᠎ᠡ᠃︵ᠨᠢᠭᠡ︶ ᠨᠢᠭᠡᠳᠦᠭᠡᠷ ᠪᠦᠯᠦᠭ ᠤᠨ ᠦᠷ᠎ᠡ ᠪᠦᠲᠦᠭᠡᠯ ᠢ 2021 ᠣᠨ ᠤ 9 ᠰᠠᠷ᠎ᠠ ᠶᠢᠨ 5 ᠤ ᠡᠳᠦᠷ ᠠᠴᠠ ᠡᠮᠦᠨ᠎ᠡ ᠮᠡᠳᠡᠭᠦᠯᠦᠨ ᠬᠦᠷᠭᠡᠨ᠎ᠡ᠃ ᠪᠣᠳᠠᠰ ᠤᠨ ᠪᠤᠰᠤ ᠰᠣᠶᠣᠯ ᠤᠨ ᠥᠪ ᠤᠨ ᠡᠬᠢ ᠪᠠᠶᠠᠯᠢᠭ ᠨᠢᠭᠡᠪᠦᠷᠢ ᠳᠤ ᠲᠥᠯᠥᠭᠡᠯᠡᠬᠦ ᠴᠢᠨᠠᠷᠲᠠᠶ ᠣᠶᠢᠷ᠎ᠠ ᠶᠢᠨ ᠬᠤᠭᠤᠴᠠᠭᠠᠨ ᠤ 10 ᠵᠢᠷᠤᠭ ᠵᠢᠴᠢ ᠵᠢᠷᠤᠭ ᠬᠡᠷᠡᠭᠯᠡᠬᠦ ᠡᠷᠬᠡ ᠣᠯᠭᠤᠭᠰᠠᠨ ᠪᠢᠴᠢᠭ ᠲᠤᠰᠢᠶᠠᠬᠤ ᠬᠡᠷᠡᠭᠲᠡᠶ᠃ ᠵᠢᠷᠤᠭ ᠨᠢ ᠲᠣᠰ ᠲᠥᠷᠥᠯ ᠵᠦᠢᠯ ᠤᠨ ᠣᠳᠣᠬᠢ ᠪᠠᠶᠢᠳᠠᠯ ᠤᠨ ᠡᠯ᠎ᠡ ᠲᠠᠯ᠎ᠠ ᠶᠢ ᠢᠯᠡᠷᠡᠭᠦᠯᠬᠦ ᠬᠡᠷᠡᠭᠲᠡᠶ᠂ ᠡᠭᠦᠨ ᠳᠤ ᠲᠣᠰ ᠲᠥᠷᠥᠯ  ᠵᠦᠢᠯ ᠤᠨ ᠭᠤᠤᠯ ᠠᠭᠤᠯᠭ᠎ᠠ᠂ ᠦᠨ᠎ᠡ ᠥᠷᠲᠡᠭ ᠪᠠ ᠣᠨᠴᠠᠯᠢᠭ᠂ ᠦᠢᠯᠡᠳᠦᠯ᠂ ᠤᠯᠠᠮᠵᠢᠯᠠᠨ ᠵᠠᠯᠭᠠᠮᠵᠢᠯᠠᠬᠤ ᠶᠠᠪᠤᠴᠠ᠂ ᠬᠠᠮᠢᠶ᠎ᠠ ᠪᠥᠬᠦᠶ ᠪᠣᠳᠠᠲᠤ ᠪᠣᠳᠠᠰ ︵ᠪᠠᠭᠠᠵᠢ ᠬᠡᠷᠡᠭᠰᠡᠯ᠂  ᠦᠢᠯᠡᠳᠭᠦᠨ᠂ ᠪᠦᠲᠦᠭᠡᠯ ᠵᠡᠷᠭᠡ︶ ᠵᠢᠴᠢ ᠰᠣᠶᠣᠯ ᠤᠨ ᠲᠠᠯᠠᠪᠤᠷ ᠭᠠᠵᠠᠷ ᠢ ᠪᠠᠭᠲᠠᠨ᠎ᠠ᠃ ︵ᠬᠤᠶᠠᠷ︶ ᠬᠤᠶᠠᠳᠤᠭᠠᠷ ᠪᠦᠯᠦᠭ ᠤᠨ ᠦᠷ᠎ᠡ ᠪᠦᠲᠦᠭᠡᠯ ᠢ 9 ᠰᠠᠷ᠎ᠠ ᠶᠢᠨ 15 ᠤ ᠡᠳᠦᠷ ᠠᠴᠠ ᠡᠮᠦᠨ᠎ᠡ ᠮᠡᠳᠡᠭᠦᠯᠦᠨ ᠬᠦᠷᠭᠡᠨ᠎ᠡ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ 9 ᠰᠠᠷ᠎ᠠ ᠶᠢᠨ 15 ᠤ ᠡᠳᠦᠷ ᠠᠴᠠ ᠡᠮᠦᠨ᠎ᠡ ︽ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾ ᠶᠢ ᠮᠡᠳᠡᠭᠦᠯᠦᠨ ᠬᠦᠷᠭᠡᠵᠦ᠂ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠪ 9 ᠰᠠᠷ᠎ᠠ ᠶᠢᠨ 22 ᠤᠨ ᠡᠳᠦᠷ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠲᠥᠪ ᠲᠤ ︽ᠤᠷᠠᠳ ᠤᠨ ᠡᠮᠦᠨᠡᠲᠦ ᠬᠤᠰᠢᠭᠤᠨ ᠤ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾ ᠶᠢ ᠮᠡᠳᠡᠭᠦᠯᠦᠨ ᠬᠦᠷᠭᠡᠨ᠎ᠡ᠃ᠳᠣᠯᠤᠭ᠎ᠠ᠂ ᠠᠵᠢᠯ ᠤᠨ ᠱᠠᠭᠠᠷᠳᠠᠯᠭ᠎ᠠ ᠪᠠᠶᠢᠴᠠᠭᠠᠯᠲᠠ ᠬᠢᠬᠦ ᠪᠣᠯ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠴᠢᠬᠤᠯᠠ ᠰᠠᠭᠤᠷᠢ ᠠᠵᠢᠯ ᠮᠥᠨ᠃ ᠪᠠᠶᠢᠴᠠᠭᠠᠯᠲᠠ ᠪᠠᠷ ᠳᠡᠮᠵᠢᠨ᠂ ᠮᠠᠨ ᠤ ᠬᠤᠰᠢᠭᠤᠨ ᠤ ᠬᠠᠲᠤᠨ ᠭᠤᠤᠯ ᠤᠨ ᠤᠷᠤᠰᠬᠠᠯ ᠤᠨ ᠬᠤᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠦᠨᠳᠦᠰᠦᠨ ᠪᠠᠶᠢᠳᠠᠯ ᠵᠢᠴᠢ ᠦᠷᠭᠦᠯᠵᠢᠯᠡᠨ ᠣᠷᠣᠰᠢᠵᠤ ᠪᠠᠶᠢᠭ᠎ᠠ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠨᠢ ᠠᠵᠢᠯ ᠤᠨ ᠪᠠᠶᠢᠳᠠᠯ ᠢ ᠣᠨᠣᠪᠴᠢᠲᠠᠶ ᠮᠠᠭᠠᠳᠯᠠᠬᠤ᠂ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠪᠠ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ ᠠᠰᠢᠭᠲᠠᠶ ᠪᠠᠶᠢᠵᠤ᠂ ᠬᠠᠲᠤᠨ ᠭᠤᠤᠯ ᠤᠨ ᠰᠣᠶᠣᠯ ᠤᠨ ᠥᠪ ᠢ ᠰᠢᠰᠲ᠋ᠧᠮ ᠲᠠᠢ ᠬᠠᠮᠠᠭᠠᠯᠠᠬᠤ ᠶᠢ ᠠᠬᠢᠭᠤᠯᠵᠤ᠂ ᠬᠠᠲᠤᠨ ᠭᠤᠤᠯ ᠤᠨ ᠰᠣᠶᠣᠯ ᠳᠤ ᠠᠭᠤᠯᠤᠭᠳᠠᠵᠤ ᠪᠠᠶᠢᠭ᠎ᠠ ᠴᠠᠭ ᠦᠶ᠎ᠡ ᠶᠢᠨ ᠦᠨ᠎ᠡ ᠥᠷᠲᠡᠭ ᠢ ᠠᠭᠤᠳᠠᠯᠬᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠥᠮ ᠲᠦᠢᠯ ᠤᠨ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠲᠣᠰ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠳᠤᠤᠷᠠᠬᠢ ᠠᠵᠢᠯ ᠤᠨ ᠱᠠᠭᠠᠷᠳᠠᠯᠭ᠎ᠠ ᠶᠣᠰᠣᠭᠠᠷ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠄ ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠤᠮᠤ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠡᠭᠡᠲᠣ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ ᠴᠢᠩᠭᠠᠳᠬᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠮᠠᠨ ᠤ  ᠬᠤᠰᠢᠭᠤᠨ ᠤ ᠬᠠᠳᠤᠨ ᠭᠤᠣᠯ ᠤᠨ ᠪᠣᠳᠠᠰ ᠤᠨ ᠪᠤᠰᠤ ᠰᠣᠶᠣᠯ ᠤᠨ ᠥᠪ ᠢ ᠪᠠᠶᠢᠴᠠᠭᠠᠬᠤ ᠶᠡᠷᠦᠩᠬᠡᠢ ᠬᠠᠷᠠᠯᠲᠠ ᠪᠠ ᠲᠣᠰ ᠭᠠᠵᠠᠷ ᠣᠷᠣᠨ ᠤ ᠪᠣᠳᠠᠲᠠᠢ ᠪᠠᠶᠢᠳᠠᠯ ᠢᠶᠠᠷ ᠬᠡᠷᠡᠭᠵᠢᠭᠦᠯᠬᠦ ᠲᠥᠰᠦᠯ ᠲᠣᠭᠲᠠᠭᠠᠵᠤ᠂ ᠵᠣᠬᠢᠶᠠᠨ ᠪᠠᠶᠢᠭᠤᠯᠤᠯᠲᠠ ᠨᠢ ᠬᠦᠴᠦᠲᠡᠢ᠂ ᠵᠣᠬᠢᠴᠠᠭᠤᠯᠭ᠎ᠠ ᠨᠢ ᠰᠢᠯᠤᠭᠤᠨ᠂ ᠬᠤᠯᠪᠣᠭᠠᠯᠠᠨ ᠬᠥᠳᠡᠯᠦᠯᠴᠡᠵᠦ ᠥᠨᠳᠥᠷ ᠪᠦᠲᠦᠮᠵᠢᠲᠡᠢ ᠠᠵᠢᠯ ᠤᠨ ᠲᠣᠭᠲᠠᠴᠠ ᠶᠢ ᠪᠠᠶᠢᠭᠤᠯᠤᠨ᠂ ᠲᠤᠰᠬᠠᠢ ᠬᠥᠮᠦᠨ ᠢᠶᠠᠷ ᠬᠠᠷᠢᠭᠤᠴᠠᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠦᠨᠳᠦᠷ᠂ ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠠᠵᠢᠯ ᠤᠨ ᠡᠩᠨᠡᠭᠡ ᠶᠢ ᠵᠣᠬᠢᠶᠠᠨ ᠪᠠᠶᠢᠭᠤᠯᠵᠤ᠂ ᠲᠣᠰ ᠭᠠᠵᠠᠷ ᠣᠷᠣᠨ ᠤ ᠡᠷᠳᠡᠮ ᠰᠢᠨᠵᠢᠯᠡᠭᠡᠨ ᠤ ᠬᠦᠴᠦᠨ ᠢ ᠥᠷᠭᠡᠨ ᠢᠶᠠᠷ ᠲᠡᠳᠡᠨ ᠣᠷᠣᠯᠴᠠᠭᠤᠯᠬᠤ ᠬᠡᠷᠡᠭᠲᠡᠢ᠃ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠵᠠᠷᠴᠢᠮ ᠤᠨ ᠶᠣᠰᠣᠭᠠᠷ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠤᠰᠬᠠᠶ ᠵᠦᠢᠯ ᠤᠨ ᠪᠡᠯᠡ ᠮᠥᠩᠭᠦ ᠪᠠᠷ ᠳᠡᠮᠵᠢᠬᠦ ᠵᠠᠷᠤᠳᠠᠯ ᠢ ᠬᠡᠷᠡᠭᠯᠡᠵᠦ᠂ ᠪᠠᠶᠢᠴᠠᠭᠠᠯᠲᠠ ᠶᠢᠨ ᠠᠵᠢᠯ ᠤᠨ ᠠᠬᠢᠴᠠ ᠶᠢᠨ ᠲᠣᠬᠢᠷᠠᠭᠤᠯᠤᠯᠲᠠ ᠶᠢ ᠦᠨᠳᠦᠰᠦᠯᠡᠨ᠂ ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠨ ᠴᠠᠭ ᠲᠤᠬᠠᠶ ᠳᠤᠨᠢ ᠮᠡᠳᠡᠭᠦᠯᠦᠨ ᠬᠦᠷᠭᠡᠵᠦ᠂ ᠲᠤᠰ ᠤᠳᠠᠭᠠᠨ ᠤ ᠪᠠᠶᠢᠴᠠᠭᠠᠯᠲᠠ ᠶᠢᠨ ᠠᠵᠢᠯ ᠤᠨ ᠲᠡᠭᠦᠰ ᠠᠮᠵᠢᠯᠲᠠ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃︵ᠬᠤᠶᠠᠷ︶ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠤᠬᠠᠶ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠬᠡᠷᠡᠭᠵᠢᠭᠦᠯᠦᠭᠰᠡᠨ ᠤᠷᠢᠲᠠᠯ ᠳᠤᠤᠷ᠎ᠠ ᠬᠡᠭᠡᠷ᠎ᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠶᠢᠴᠠᠭᠠᠯᠲᠠ ᠶᠢᠨ ᠠᠵᠢᠯ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ︵ᠭᠤᠷᠪᠠ︶ ᠪᠠᠶᠢᠴᠠᠭᠠᠬᠤ ᠠᠵᠢᠯ ᠨᠢ ᠪᠠᠶᠢᠴᠠᠭᠠᠭᠳᠠᠬᠤ ᠡᠲᠡᠭᠡᠳ ᠤᠨ ᠵᠥᠪᠰᠢᠶᠡᠷᠡᠯ ᠢ ᠤᠷᠢᠳᠴᠢᠯᠠᠨ ᠣᠯᠵᠤ᠂ ᠬᠠᠮᠢᠶ᠎ᠠ ᠪᠦᠬᠦᠢ ᠨᠡᠶᠢᠭᠡᠮ ᠲᠣᠭᠤᠷᠢᠭ ᠢ ᠬᠦᠨᠳᠦᠳᠬᠡᠨ᠂ ᠬᠥᠮᠦᠰ ᠤᠨ ᠵᠠᠩ ᠳᠠᠳᠬᠠᠯ ᠪᠠ ᠡᠷᠬᠡ ᠶᠢ ᠤᠯᠠᠮᠵᠢᠯᠠᠨ ᠵᠠᠯᠭᠠᠮᠵᠢᠯᠠᠬᠤ ᠬᠡᠷᠡᠭᠲᠡᠶ᠃ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠲᠥᠷᠥᠯ ᠵᠦᠢᠯ ᠪᠣᠯᠤᠨ ᠡᠬᠢ ᠪᠠᠶᠠᠯᠢᠭ ᠤᠨ ᠦᠷᠭᠦᠯᠵᠢᠯᠡᠨ ᠣᠷᠣᠰᠢᠵᠤ ᠪᠠᠶᠢᠭ᠎ᠠ ᠪᠠᠶᠢᠳᠠᠯ ᠳᠤ ᠮᠠᠭᠠᠳᠯᠠᠯᠲᠠ ᠬᠢᠬᠦ ᠳᠡᠭᠡᠨ᠂ ᠦᠨᠡᠨ ᠠᠴᠠ ᠵᠥᠪ ᠢ ᠡᠷᠢᠬᠦ ᠶᠢᠨ ᠬᠠᠮᠲᠤ ᠬᠠᠮᠢᠶ᠎ᠠ ᠪᠦᠬᠦᠢ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠪᠣᠯᠤᠨ ᠤᠯᠠᠮᠵᠢᠯᠠᠨ ᠵᠠᠯᠭᠠᠮᠵᠢᠯᠠᠭᠴᠢᠳ ᠤᠨ ᠵᠥᠪᠰᠢᠶᠡᠷᠡᠯ ᠢ ᠣᠯᠬᠤ ᠬᠡᠷᠡᠭᠲᠡᠶ᠃︵ᠳᠥᠷᠪᠡ︶ ᠪᠠᠶᠢᠴᠠᠭᠠᠯᠲᠠ ᠬᠢᠬᠦ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ᠂ ᠲᠠᠭᠯᠠᠬᠤ᠂ ᠬᠢᠨᠠᠬᠤ ᠶᠢᠨ ᠳᠠᠭᠠᠤ ᠳᠠᠩᠰᠠ ᠡᠪᠬᠡᠮᠡᠯ ᠪᠠᠶᠢᠭᠤᠯᠵᠤ᠂ ᠪᠠᠶᠢᠴᠠᠭᠠᠯᠲᠠ ᠬᠢᠬᠦ ᠪᠠᠷ ᠳᠠᠮᠵᠢᠭᠤᠯᠤᠨ ᠳᠠᠩᠰᠠ ᠡᠪᠬᠡᠮᠡᠯ ᠪᠣᠯᠤᠨ ᠳ᠋ᠠᠶᠢᠲ᠋ᠠ  ᠬᠥᠮᠥᠷᠭᠡ ᠶᠢᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠵᠢᠷᠤᠮᠵᠢᠭᠰᠠᠨ ᠱᠠᠭᠠᠷᠳᠠᠯᠭ᠎ᠠ ᠶᠣᠰᠣᠭᠠᠷ ᠪᠠᠶᠢᠴᠠᠭᠠᠯᠲᠠ ᠶᠢᠨ ᠦᠷ᠎ᠡ ᠪᠦᠲᠦᠭᠡᠯ ᠤᠨ ︽ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾ ᠶᠢ ᠪᠦᠷᠢᠯᠳᠦᠭᠦᠯᠵᠦ᠂ ᠪᠠᠶᠢᠴᠠᠭᠠᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠪᠠ ᠠᠰᠢᠭᠯᠠᠬᠤ ᠶᠢ ᠤᠷᠢᠳᠴᠢᠯᠠᠨ ᠰᠦᠪᠡᠭᠴᠢᠯᠡᠬᠦ ᠬᠡᠷᠡᠭᠲᠡᠶ᠃ ︵ᠲᠠᠪᠤ ︶ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠢ ᠢᠳᠡᠪᠬᠢᠲᠡᠶ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠤᠯᠢ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠪᠠᠶᠢᠴᠠᠭᠠᠯᠲᠠ ᠶᠢᠨ ᠠᠵᠢᠯ ᠤᠨ ᠠᠴᠢ ᠬᠤᠯᠪᠣᠭᠳᠠᠯ᠂ ᠬᠠᠷᠠᠯᠲᠠ ᠪᠣᠯᠤᠨ ᠭᠤᠣᠯ ᠠᠭᠤᠯᠭ᠎ᠠ᠂ ᠡᠯ᠎ᠡ ᠭᠠᠵᠠᠷ ᠤᠨ ᠠᠵᠢᠯ ᠤᠨ ᠠᠬᠢᠴᠠ ᠶᠢᠨ ᠬᠡᠮᠵᠢᠶ᠎ᠡ᠂ ᠱᠠᠲᠤ ᠦᠶ᠎ᠡ ᠶᠢᠨ ᠦᠷ᠎ᠡ ᠪᠦᠲᠦᠭᠡᠯ᠂ ᠲᠡᠷᠢᠭᠦᠨ ᠤ ᠬᠥᠮᠦᠰ ᠪᠣᠯᠤᠨ ᠰᠢᠯᠢᠳᠡᠭ ᠦᠢᠯᠡ ᠶᠠᠪᠤᠳᠠᠯ᠂ ᠪᠠᠶᠢᠴᠠᠭᠠᠯᠲᠠ ᠶᠢᠨ ᠰᠠᠭᠤᠷᠢ ᠦᠷ᠎ᠡ ᠪᠦᠲᠦᠭᠡᠯ ᠵᠢᠴᠢ ᠳᠡᠯᠭᠡᠷᠡᠭᠦᠯᠦᠨ ᠬᠡᠷᠡᠭᠯᠡᠬᠦ ᠶᠢ ᠭᠤᠣᠯᠳᠠᠯᠭ᠎ᠠ ᠲᠠᠢ ᠤᠬᠠᠭᠤᠯᠬᠤ ᠬᠡᠷᠡᠭᠲᠡᠶ᠃                      ᠬᠠᠷᠢᠯᠴᠠᠬᠤ ᠬᠥᠮᠦᠨ᠄ ᠤᠷᠠᠳ ᠤᠨ ᠡᠮᠦᠨᠡᠲᠦ ᠬᠤᠰᠢᠭᠤᠨ ᠤ ᠰᠣᠶᠣᠯ ᠤᠨ ᠣᠷᠳᠣᠨ                     ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶  ᠲᠣᠭᠤᠰ                     ᠬᠠᠷᠢᠯᠴᠠᠬᠤ ᠤᠲᠠᠰᠤ᠄ 13947389859                      ᠰᠢᠦᠳᠠᠨ ᠬᠠᠶᠠᠭ᠄ 417237585 @ qq . com                     ᠤᠷᠠᠳ  ᠤᠨ  ᠡᠮᠦᠨᠡᠲᠤ  ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2021 ᠣᠨ ᠤ 9  ᠰᠠᠷ᠎ᠠ ᠶᠢᠨ 1 ᠤ ᠡᠳᠦᠷ 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ