ᠰᠢ ᠶᠢᠨ ᠫᠢᠩ 2021 ᠣᠨ ᠤ ︽ᠳᠤᠮᠳᠠᠳᠤ ᠤᠯᠤᠰ ᠢ ᠣᠶᠢᠯᠠᠭᠠᠬᠤᠢ︾ ᠤᠯᠠᠨ ᠤᠯᠤᠰ ᠤᠨ ᠬᠤᠷᠠᠯ ︵ᠭᠤᠸᠠᠩᠵᠧᠦ︶ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠵᠡᠢ
ᠨᠡᠶᠢᠲᠡᠯᠡᠭᠰᠡᠨ ᠴᠠᠭ᠄
2021/12/6
 
习总书记讲话.png  
     12 ᠰᠠᠷ᠎ᠠ ᠶᠢᠨ 2 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ 2021 ᠣᠨ ᠤ ︽ᠳᠤᠮᠳᠠᠳᠤ ᠤᠯᠤᠰ ᠢ ᠣᠶᠢᠯᠠᠭᠠᠬᠤᠢ︾ ᠤᠯᠠᠨ ᠤᠯᠤᠰ ᠤᠨ ᠬᠤᠷᠠᠯ ︵ᠭᠤᠸᠠᠩᠵᠧᠦ︶ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠵᠡᠢ᠃     ᠰᠢᠨᠬᠤᠧᠠ ᠬᠤᠷᠢᠶ᠎ᠠ ᠶᠢᠨ ᠰᠤᠷᠪᠤᠯᠵᠢᠯᠠᠬᠴᠢ ᠬᠤᠧᠠᠩ ᠵᠢᠩ ᠸᠧᠨ ᠰᠡᠬᠦᠳᠡᠷᠯᠡᠪᠡ     ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 2 ᠤᠨ ᠴᠠᠬᠢᠯᠭᠠᠨ ᠮᠡᠳᠡᠭᠡ 12 ᠰᠠᠷ᠎ᠠ ᠶᠢᠨ 2 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠳᠤ 2021 ᠣᠨ ᠤ ︽ᠳᠤᠮᠳᠠᠳᠤ ᠤᠯᠤᠰ ᠢ ᠣᠶᠢᠯᠠᠭᠠᠬᠤᠢ︾ ᠤᠯᠠᠨ ᠤᠯᠤᠰ ᠤᠨ ᠬᠤᠷᠠᠯ ︵ᠭᠤᠸᠠᠩᠵᠧᠦ︶ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠵᠡᠢ᠃    ᠰᠢ ᠶᠢᠨ ᠫᠢᠩ᠂ ᠣᠳᠣᠬᠠᠨ ᠳᠤ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠪᠣᠯᠤᠨ ᠰᠢᠨ᠎ᠡ ᠲᠢᠲᠢᠮᠯᠢᠭ ᠠᠭᠤᠰᠭᠢᠨ ᠦᠷᠪᠢᠰᠦᠯ ᠤᠨ ᠬᠢᠵᠢᠭ ᠤᠨ ᠪᠠᠶᠢᠳᠠᠯ ᠪᠦᠬᠦ ᠪᠥᠮᠪᠥᠷᠴᠡᠭ ᠲᠤ ᠶᠡᠭᠡ ᠪᠠᠷ ᠳᠡᠯᠭᠡᠷᠡᠭᠰᠡᠨ ᠨᠦᠯᠦᠭᠡᠯᠡᠯ ᠢᠶᠠᠷ᠂ ᠳᠡᠯᠡᠬᠡᠢ ᠳ᠋ᠠᠬᠢᠨ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠡᠨᠡ ᠬᠦ ᠵᠠᠩᠭᠢᠯᠠᠭ᠎ᠠ ᠶᠢᠨ ᠦᠶ᠎ᠡ ᠳᠤ᠂ ᠪᠢᠳᠡ ᠦᠵᠡᠯ ᠰᠠᠨᠠᠭᠠᠨ ᠤ ᠤᠯᠤᠯᠴᠠᠭ᠎ᠠ ᠪᠠᠨ ᠨᠡᠮᠡᠭᠳᠡᠭᠦᠯᠵᠦ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠠᠬᠢᠭᠤᠯᠵᠤ᠂ ᠭᠠᠷ ᠬᠤᠯᠪᠣᠯᠴᠠᠨ ᠪᠦᠬᠦ ᠪᠥᠮᠪᠥᠷᠴᠡᠭ ᠤᠨ ᠴᠢᠨᠠᠷᠲᠠᠢ ᠥᠷᠢᠰᠥᠯᠳᠦᠭᠡᠨ ᠢ ᠠᠷᠭᠠᠴᠠᠭᠠᠬᠤ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠨᠡᠩ ᠴᠢᠬᠤᠯᠠᠳᠠᠢ ᠪᠠᠶᠢᠨ᠎ᠠ ᠬᠡᠵᠦ ᠵᠢᠭᠠᠵᠤ ᠭᠠᠷᠭᠠᠪᠠ᠃ ᠰᠢ ᠶᠢᠨ ᠫᠢᠩ 2021 ᠣᠨ ᠤ ︽ᠳᠤᠮᠳᠠᠳᠤ ᠤᠯᠤᠰ ᠢ ᠣᠶᠢᠯᠠᠭᠠᠬᠤᠢ︾ ᠤᠯᠠᠨ ᠤᠯᠤᠰ ᠤᠨ ᠬᠤᠷᠠᠯ ︵ᠭᠤᠸᠠᠩᠵᠧᠦ︶ ᠤᠨ ᠡᠬᠢᠯᠡᠯᠲᠡ ᠶᠢᠨ ᠶᠣᠰᠣᠯᠠᠯ ᠳᠤ ᠸᠢᠳᠢᠣ᠋ ᠪᠠᠷ ᠪᠠᠶᠠᠷ ᠤᠨ ᠦᠭᠡ ᠬᠡᠯᠡᠵᠡᠢ      ᠰᠢ ᠶᠢᠨ ᠫᠢᠩ᠂ ︽ᠥᠨᠥᠳᠦᠷ ᠤᠨ ᠳᠤᠮᠳᠠᠳᠤ ᠤᠯᠤᠰ ᠢ ᠣᠶᠢᠯᠠᠭᠠᠬᠤ ᠳᠤ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠢ ᠣᠶᠢᠯᠠᠭᠠᠬᠤ ᠬᠡᠷᠡᠭᠲᠡᠢ︾ ᠭᠡᠵᠦ ᠪᠢ ᠬᠡᠯᠡᠵᠦ ᠥᠩᠭᠡᠷᠡᠵᠡᠢ᠃ ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠣᠯᠤᠨ᠎ᠠ᠃ 100 ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠵᠦ᠂ ᠳᠤᠮᠳᠠᠳᠤ ᠤᠯᠤᠰ ᠤᠨ ᠠᠷᠠᠳ ᠲᠦᠮᠡᠨ ᠤ ᠢᠷᠡᠭᠡᠳᠦᠢ ᠬᠤᠪᠢ ᠵᠠᠶᠠᠭ᠎ᠠ ᠶᠢ ᠦᠨᠳᠦᠰᠦᠨ ᠠᠴᠠ ᠨᠢ ᠬᠤᠪᠢᠷᠠᠭᠤᠯᠤᠭᠰᠠᠨ ᠪᠥᠭᠡᠳ ᠳᠡᠯᠡᠬᠡᠢ ᠶᠢᠨ ᠲᠡᠦᠬᠡᠨ ᠠᠬᠢᠴᠠ ᠶᠢ ᠴᠤ ᠭᠦᠨᠵᠡᠭᠡᠢ ᠨᠥᠯᠥᠭᠡᠯᠡᠪᠡ᠃ ᠲᠦᠷᠦᠭᠦᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠵᠢᠷᠭᠤᠳᠤᠭᠠᠷ ᠪᠥᠬᠦᠳᠡ ᠬᠤᠷᠠᠯ ᠠᠮᠵᠢᠯᠲᠠ ᠲᠠᠢ ᠬᠤᠷᠠᠯᠳᠤᠵᠤ᠂ ︽ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠠ ᠲᠡᠦᠬᠡᠨ ᠲᠤᠷᠰᠢᠯᠭ᠎ᠠ ᠶᠢᠨ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠶ᠋ᠳᠪᠦᠷᠢ︾ ᠶᠢ ᠪᠠᠲᠤᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠲᠡᠦᠬᠡ ᠪᠠᠷ ᠲᠣᠯᠢ ᠪᠣᠯᠭᠠᠵᠤ᠂ ᠢᠷᠡᠭᠡᠳᠦᠶ ᠶᠢ ᠨᠡᠭᠡᠭᠡᠵᠦ᠂ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠪᠤᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠪᠦᠬᠦ ᠰᠡᠳᠭᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ ᠪᠠ ᠪᠦᠬᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠲᠠᠰᠤᠷᠠᠯᠳᠡ ᠦᠭᠡᠢ ᠠᠬᠢᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠨᠡᠩ ᠰᠠᠶᠢᠨ ᠬᠠᠩᠭᠠᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠡᠩᠬᠡ ᠲᠠᠶᠢᠪᠤᠩ ᠬᠥᠭᠵᠢᠯᠳᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠭᠠᠳᠠᠭᠠᠳᠤ ᠨᠡᠬᠡᠬᠡᠯᠳᠡ ᠬᠢᠬᠦ ᠶᠢ ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠡᠩᠬᠡ ᠲᠠᠶᠢᠪᠤᠩ᠂ ᠬᠥᠭᠵᠢᠯᠲᠡ᠂ ᠡᠷᠬᠡ ᠲᠡᠭᠰᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠶᠢᠨ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠳᠦᠭᠡᠨ ᠪᠠᠶᠢᠭᠤᠯᠤᠭᠴᠢ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ ᠨᠡᠮᠡᠷᠢ ᠦᠵᠡᠭᠦᠯᠦᠭᠴᠢ᠂ ᠤᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠤᠯᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠳᠠ ᠪᠣᠯᠤᠨ ᠳᠡᠯᠡᠬᠡᠢ ᠶᠢᠨ ᠡᠩᠬᠡ ᠲᠠᠶᠢᠪᠤᠩ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ