ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠢᠯᠭᠠᠨ ᠴᠡᠪᠡᠷᠯᠡᠬᠦ ᠪᠠ ᠬᠥᠯᠥᠰᠥᠨ ᠠᠵᠢᠯᠴᠢᠨ ᠤ ᠴᠠᠯᠢᠩ ᠢ ᠴᠠᠭ | ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠠᠷᠭ᠎ᠠ ᠶᠢ ᠪᠠᠶᠢᠷᠢᠯᠠᠭᠤᠯᠪᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠲᠥᠯᠥᠪᠵᠢᠭᠦᠯᠭᠡ ᠶᠢ ᠬᠢᠨᠠᠨ ᠪᠠᠲᠤᠯᠠᠵᠤ ᠥᠨᠳᠥᠷ ᠬᠡᠪ ᠴᠢᠨᠠᠷ ᠪᠥᠬᠦᠶ ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠲᠦᠷᠭᠡᠪᠴᠢᠯᠡᠨ | ᠬᠦᠮᠦᠵᠢᠭᠦᠯᠬᠦ ᠬᠡᠷᠡᠭᠲᠡᠢ ᠭᠡᠵᠡᠢ | ᠰᠢᠨᠬᠤᠸᠠ ᠬᠤᠷᠢᠶᠠᠨ ᠤ ᠪᠡᠭᠡᠵᠢᠩ ᠤᠨ 12 ᠳ᠋ᠤᠭᠠᠷ ᠰᠠᠷ᠎ᠠ ᠶᠢᠨ 1 ᠤ ᠡᠳᠦᠷ ᠤᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ | ᠺᠧ ᠴᠢᠶᠠᠩ 12 ᠳ᠋ᠤᠭᠠᠷ ᠰᠠᠷ᠎ᠠ ᠶᠢᠨ 1 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠ | ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠢᠯᠭᠠᠨ ᠴᠡᠪᠡᠷᠯᠡᠬᠦ ᠪᠠ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠢ ᠳᠤ ᠨᠢ | ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠠᠷᠭ᠎ᠠ ᠶᠢ ᠪᠠᠶᠢᠷᠢᠯᠠᠭᠤᠯᠪᠠ︔ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ | ᠬᠤᠭᠤᠴᠠᠭᠠᠨ ᠳᠠᠬᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠲᠥᠯᠥᠪᠵᠢᠭᠦᠯᠭᠡ ᠶᠢ ᠬᠢᠨᠠᠨ ᠪᠠᠲᠤᠯᠠᠵᠤ᠂ ᠥᠨᠳᠥᠷ ᠬᠡᠪ ᠴᠢᠨᠠᠷ ᠪᠦᠬᠦᠢ | ᠬᠥᠳᠡᠯᠮᠦᠷᠢᠴᠢᠨ ᠪᠠ ᠮᠡᠷᠭᠡᠵᠢᠯ ᠤᠷ᠎ᠠ ᠴᠢᠳᠠᠪᠤᠷᠢ ᠶᠢᠨ ᠴᠢᠳᠠᠪᠤᠷᠢᠲᠠᠨ ᠢ ᠲᠦᠷᠭᠡᠪᠴᠢᠯᠡᠨ ᠬᠦᠮᠦᠵᠢᠭᠦᠯᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠵᠣᠭᠤᠰ ᠢ ᠥᠷᠢᠲᠦᠨ ᠤᠳᠠᠭᠠᠰᠢᠷᠠᠭᠤᠯᠵᠤ ᠪᠠᠶᠢᠭ᠎ᠠ ᠪᠠᠶᠢᠳᠠᠯ ᠢ | ᠰᠢᠢᠳᠪᠦᠷᠢᠯᠡᠬᠦ ᠨᠢ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠤᠨ ᠪᠠᠶᠢᠭᠤᠯᠤᠯᠲᠠ ᠶᠢ | ᠠᠬᠢᠭᠤᠯᠬᠤ ᠲᠠᠢ ᠰᠢᠭᠤᠳ ᠬᠤᠯᠪᠣᠭᠳᠠᠨ᠎ᠠ᠃ ᠡᠨᠡ ᠵᠢᠯ ᠠᠴᠠ ᠨᠠᠭᠠᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠨᠠᠷᠢᠨ ᠪᠤᠳᠤᠯᠢᠶᠠᠨᠲᠠᠶ ᠣᠷᠴᠢᠨ ᠨᠥᠬᠦᠴᠡᠯ | ᠪᠠ ᠬᠢᠵᠢᠭ ᠤᠨ ᠪᠠᠶᠢᠳᠠᠯ ᠣᠯᠠᠨ ᠭᠠᠵᠠᠷ ᠲᠤ ᠲᠠᠷᠬᠠᠭᠰᠠᠨ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠣ᠂ ᠳᠤᠮᠳᠠ ᠵᠢᠵᠢᠭ ᠠᠵᠤ ᠠᠬᠤᠶᠢᠯᠠᠯ ᠤᠨ | ᠬᠤᠷᠢᠶᠠᠬᠤ ᠶᠣᠰᠣᠲᠠᠶ ᠲᠠᠩᠰᠠᠨ ᠵᠣᠭᠤᠰ ᠤᠨ ᠨᠡᠮᠡᠭᠳᠡᠯ ᠨᠡᠯᠢᠶᠡᠳ ᠲᠦᠷᠭᠡᠨ ᠪᠣᠯᠵᠣ᠂ ᠤᠳᠠᠭᠠᠰᠢᠷᠠᠭᠤᠯᠤᠨ ᠥᠷᠢᠲᠦᠬᠦ ᠪᠠᠶᠢᠳᠠᠯ ᠣᠯᠠᠰᠢᠷᠠᠪᠠ᠃ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ | ᠱᠠᠭᠠᠷᠳᠠᠯᠭ᠎ᠠ ᠶᠣᠰᠣᠭᠠᠷ᠂ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠴᠡᠭᠴᠡᠯᠡᠨ ᠵᠠᠰᠠᠬᠤ ᠡᠷᠴᠢᠮ ᠢᠶᠠᠨ ᠬᠠᠤᠯᠢ | ᠲᠣᠭᠲᠠᠭᠠᠯ ᠶᠣᠰᠣᠭᠠᠷ ᠴᠢᠩᠭᠠᠷᠠᠭᠤᠯᠬᠤ ᠬᠡᠷᠡᠭᠲᠡᠶ᠃ ᠨᠢᠭᠡ ᠳᠤ᠂ ︽ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠲᠥᠯᠥᠬᠦ ᠶᠢ ᠪᠠᠲᠤᠯᠠᠬᠤ ᠲᠦᠷᠢᠮ︾ ᠢ | ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠳᠠᠪᠠᠭᠤᠯᠢᠭ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠠᠰᠢᠭᠯᠠᠵᠤ ᠳᠠᠩᠰᠠᠨ ᠵᠣᠭᠤᠰ ᠢ ᠵᠣᠷᠢᠭᠤᠳᠠ ᠥᠷᠢᠲᠦᠭᠦᠯᠵᠦ | ᠪᠠᠶᠢᠭ᠎ᠠ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠲᠡᠶ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠳᠤᠮᠳᠠ ᠵᠢᠵᠢᠭ ᠠᠵᠤ ᠠᠬᠤᠶᠢᠯᠠᠯ ᠠᠴᠠ | ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠬᠤᠳᠠᠯᠳᠤᠨ ᠠᠪᠬᠤ ᠳᠤ ᠪᠠᠨ ᠡᠳ᠋ ᠪᠠᠷᠠᠭ᠎ᠠ᠂ ᠪᠠᠷᠢᠯᠭ᠎ᠠ᠂ ᠦᠢᠯᠡᠴᠢᠯᠡᠭᠡ ᠶᠢ ᠲᠤᠰᠢᠶᠠᠭᠰᠠᠨ ᠡᠳᠦᠷ ᠠᠴᠠ ᠡᠬᠢᠯᠡᠨ 30 | ᠡᠳᠦᠷ ᠤᠨ ᠳᠣᠲᠣᠷ᠎ᠠ ᠵᠣᠭᠤᠰ ᠢ ᠨᠢ ᠲᠥᠯᠥᠬᠦ ᠬᠡᠷᠡᠭᠲᠡᠶ᠂ ᠬᠠᠮᠤᠭ ᠤᠷᠳᠤ ᠳᠤ ᠪᠠᠨ 60 ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠠᠯᠪᠠᠨ ᠪᠠᠶᠢᠭᠤᠯᠭ᠎ᠠ᠂ | ᠠᠵᠢᠯ ᠦᠢᠯᠡᠰ ᠤᠨ ᠨᠢᠭᠡᠴᠢ ᠪᠠ ᠲᠤᠮᠤ ᠠᠵᠤ ᠠᠬᠤᠶᠢᠯᠠᠯ ᠠᠴᠠ ᠳᠤᠮᠳᠠ ᠵᠢᠵᠢᠭ ᠠᠵᠤ ᠠᠬᠤᠶᠢᠯᠠᠯ ᠢ ᠠᠯᠪᠠᠳᠠᠵᠤ ᠪᠠᠶᠢᠭᠠᠳ ᠬᠤᠳᠠᠯᠳᠤᠭᠠᠨ ᠤ ᠭᠤᠪᠢᠭᠤᠯᠭ᠎ᠠ ᠶᠢᠨ | ᠫᠢᠶᠣᠣ ᠵᠡᠷᠭᠡ ᠪᠡᠯᠡᠨ ᠵᠣᠭᠤᠰᠣᠨ ᠤ ᠪᠤᠰᠤ ᠲᠦᠯᠦᠬᠦ ᠠᠷᠭ᠎ᠠ ᠮᠠᠶ᠋ᠢᠭ ᠢ ᠬᠦᠯᠢᠶᠡᠨ ᠠᠪᠤᠭᠤᠯᠵᠤ ᠪᠣᠯᠬᠤ ᠦᠭᠡᠢ᠂ ᠬᠤᠳᠠᠯᠳᠤᠭᠠᠨ ᠤ ᠭᠤᠪᠢᠭᠤᠯᠭ᠎ᠠ ᠶᠢᠨ ᠫᠢᠶᠣᠣ ᠶᠢ | ᠳᠤᠷ᠎ᠠ ᠪᠠᠷ ᠬᠡᠷᠡᠭᠯᠡᠵᠦ ᠳᠤᠮᠳᠠ ᠵᠢᠵᠢᠭ ᠠᠵᠤ ᠠᠬᠤᠶᠢᠯᠠᠯ ᠤᠨ ᠪᠡᠯᠡ ᠮᠥᠩᠭᠦ ᠶᠢ ᠳᠤᠷ᠎ᠠ ᠪᠠᠷ ᠡᠵᠡᠯᠡᠵᠦ ᠪᠣᠯᠬᠤ ᠦᠭᠡᠢ᠃ ᠲᠤᠮᠤ ᠠᠵᠤ ᠠᠬᠤᠶᠢᠯᠠᠯ ᠤᠳ ᠣᠨ ᠤ | ᠮᠡᠳᠡᠭᠦᠯᠦᠯᠲᠡ ᠳᠤ ᠪᠠᠨ ᠲᠣᠭᠲᠠᠭᠰᠠᠨ ᠬᠤᠭᠤᠴᠠᠭᠠᠨ ᠳᠤ ᠲᠥᠯᠥᠵᠦ ᠴᠢᠳᠠᠭᠰᠠᠨ ᠦᠭᠡᠢ ᠳᠤᠮᠳᠠ ᠵᠢᠵᠢᠭ ᠠᠵᠤ ᠠᠬᠤᠶᠢᠯᠠᠯ ᠤᠨ ᠵᠣᠭᠤᠰ ᠢ ᠨᠡᠶᠢᠭᠡᠮ ᠳᠤ | ᠨᠡᠶᠢᠲᠡᠯᠡᠬᠦ ᠬᠡᠷᠡᠭᠲᠡᠶ᠃ ᠬᠤᠶᠠᠷ ᠲᠤ᠂ ᠣᠷᠣᠨ ᠨᠤᠲᠤᠭ ᠤᠨ ᠬᠠᠷᠢᠶ᠎ᠠ ᠭᠠᠵᠠᠷ ᠪᠣᠯᠤᠨ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ᠂ ᠤᠯᠤᠰ ᠤᠨ ᠥᠮᠴᠢᠯᠡᠯᠲᠦ | ᠲᠣᠮᠣ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ | ᠬᠠᠮᠲᠤ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠬᠦᠨᠳᠦ ᠨᠣᠴᠢᠲᠠᠶ ᠢᠲᠡᠭᠡᠯ ᠠᠯᠳᠠᠭᠰᠠᠳ ᠢ ᠢᠯᠡ ᠪᠠᠷ ᠢᠯᠡᠴᠢᠯᠡᠬᠦ ᠬᠡᠷᠡᠭᠲᠡᠶ᠃ ᠭᠤᠷᠪᠠ ᠳᠤ᠂ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠦᠨ᠎ᠡ ᠶᠢᠨ ᠵᠣᠭᠤᠰ ᠢ | ᠳ᠋ᠦᠩᠨᠡᠨ ᠪᠤᠳᠤᠬᠤ ᠬᠠᠮᠢᠶ᠎ᠠ ᠪᠦᠬᠦᠢ ᠲᠦᠷᠢᠮ ᠢ ᠪᠦᠷᠢᠨᠰᠢᠬᠦᠯᠵᠦ᠂ ᠪᠠᠷᠢᠯᠭ᠎ᠠ ᠶᠢᠨ ᠠᠬᠢᠴᠠ ᠶᠢᠨ ᠵᠣᠭᠤᠰ ᠢ ᠲᠥᠯᠥᠬᠦ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠢ᠃ | ᠪᠠᠲᠤᠯᠠᠭ᠎ᠠ ᠶᠢᠨ ᠪᠢᠴᠢᠭ ︵ᠳᠠᠭᠠᠳᠬᠠᠯ︶ ᠤᠨ ᠣᠷᠣᠯᠠᠬᠤ ᠪᠠᠲᠤᠯᠠᠭ᠎ᠠ ᠶᠢᠨ ᠮᠥᠩᠭᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ ᠭᠡᠵᠡᠢ᠃ ᠬᠤᠷᠠᠯ ᠠᠴᠠ | ᠴᠢᠬᠤᠯᠠᠴᠢᠯᠠᠬᠤ ᠳᠤ ᠪᠠᠨ᠂ ︽ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠦᠷᠢᠮ︾ ᠵᠡᠷᠭᠡ ᠬᠠᠤᠯᠢ ᠲᠣᠭᠲᠠᠭᠠᠯ ᠤᠨ ᠬᠤᠯᠪᠣᠭᠳᠠᠯ | ᠪᠦᠬᠦᠢ ᠢᠵᠢ ᠪᠦᠷᠢᠳᠦᠭᠰᠡᠨ ᠳᠦᠷᠦ ᠶᠢᠨ ᠪᠤᠲᠤᠯᠭ᠎ᠠ ᠶᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠵᠦ᠂ ᠳᠠᠩᠰᠠᠨ ᠵᠣᠭᠤᠰ ᠢ ᠥᠷᠢᠲᠦᠬᠦ ᠠᠰᠠᠭᠤᠳᠠᠯ ᠢ | ᠦᠨᠳᠦᠰᠦᠨ ᠠᠴᠠ ᠨᠢ ᠪᠠᠭᠠᠰᠬᠠᠨ ᠰᠡᠷᠭᠡᠶᠢᠯᠡᠬᠦ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤ ᠨᠢ ᠲᠤᠭ᠎ᠠ ᠶᠣᠰᠣᠭᠠᠷ ᠣᠯᠭᠤᠬᠤ ᠶᠢ ᠪᠠᠲᠤᠯᠠᠬᠤ ᠪᠣᠯ ᠬᠥᠯᠥᠰᠥᠨ | ᠠᠵᠢᠯᠴᠢᠨ ᠤ ᠭᠡᠷ ᠪᠦᠯᠢ ᠶᠢᠨ ᠦᠨᠳᠦᠰᠦᠨ ᠠᠮᠢᠳᠤᠷᠠᠯ ᠳᠤ ᠬᠤᠯᠪᠣᠭᠳᠠᠬᠤ ᠶᠡᠭᠡ ᠶᠠᠪᠤᠳᠠᠯ ᠮᠥᠨ᠃ ᠵᠢᠯ ᠤᠨ ᠡᠴᠦᠰ ᠣᠨ ᠤ ᠡᠬᠢ ᠨᠢ ᠶᠠᠭ ᠡᠯ᠎ᠡ ᠲᠥᠷᠥᠯ ᠵᠦᠢᠯ | ᠂ ᠪᠠᠷᠢᠯᠭ᠎ᠠ ᠶᠢᠨ ᠪᠡᠯᠡ ᠮᠥᠩᠭᠦ ᠶᠢ ᠳ᠋ᠦᠩᠨᠡᠨ ᠪᠣᠳᠣᠬᠤ ᠬᠤᠭᠤᠴᠠᠭ᠎ᠠ ᠪᠠᠶᠢᠵᠤ᠂ ᠡᠪᠦᠯ ᠤᠨ ᠤᠯᠠᠷᠢᠯ ᠤᠨ ᠲᠤᠰᠬᠠᠶ ᠠᠵᠢᠯᠯᠠᠭ᠎ᠠ ᠶᠢ ᠥᠷᠨᠢᠭᠦᠯᠵᠦ ᠬᠥᠯᠥᠰᠥᠨ | ᠠᠵᠢᠯᠴᠢᠨ ᠤ ᠴᠠᠯᠢᠩ ᠢ ᠤᠳᠠᠭᠠᠰᠢᠷᠠᠭᠤᠯᠤᠨ ᠥᠷᠢᠲᠦᠵᠦ ᠪᠠᠶᠢᠭ᠎ᠠ ᠪᠠᠶᠢᠳᠠᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ | ᠢᠯᠠᠩᠭᠤᠶ᠎ᠠ ᠵᠠᠰᠠᠭ ᠤᠨ ᠣᠷᠳᠣᠨ ᠤ ᠴᠢᠨᠠᠷᠲᠠᠶ ᠪᠡᠯᠡ ᠣᠷᠣᠭᠤᠯᠤᠯᠲᠠ ᠪᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠲᠥᠷᠥᠯ ᠵᠦᠢᠯ ᠢᠶᠠᠷ ᠭᠤᠣᠯᠳᠠᠯᠭ᠎ᠠ | ᠪᠣᠯᠭᠠᠨ᠂ ᠬᠥᠯᠥᠰᠥᠨ ᠠᠵᠢᠯᠴᠢᠨ ᠤ ᠴᠠᠯᠢᠩ ᠤᠨ ᠲᠤᠰᠬᠠᠶ ᠲᠠᠩᠰᠠᠨ ᠡᠷᠦᠬᠡ ᠳᠤ ᠲᠣᠭᠠᠴᠠᠭ᠎ᠠ ᠬᠢᠭᠰᠡᠨ ᠪᠠᠶᠢᠳᠠᠯ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ | ᠳᠠᠭᠠᠭᠠᠴᠢᠯᠠᠭᠰᠠᠨ ᠨᠢᠭᠡᠴᠢ ᠠᠴᠠ ᠣᠷᠣᠯᠠᠨ ᠲᠠᠷᠬᠠᠭᠠᠬᠤ ᠵᠡᠷᠭᠡ ᠪᠠᠲᠤᠯᠠᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠬᠠᠷᠭᠤᠭᠤᠯᠤᠨ | ᠪᠠᠶᠢᠴᠠᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠬᠢᠨᠠᠨ ᠪᠤᠳᠤᠯᠳᠠ ᠶᠢᠨ ᠬᠢᠨᠠᠯᠲᠠ ᠶᠢ ᠴᠢᠩᠭᠠᠳᠬᠠᠬᠤ ᠬᠡᠷᠡᠭᠲᠡᠶ᠃ ᠴᠠᠯᠢᠩ ᠥᠷᠢᠲᠦᠭᠰᠡᠨ ᠦᠢᠯᠡ | ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠬᠡᠵᠦ᠂ ᠲᠤᠰᠢᠶᠠᠯ ᠳᠤ ᠪᠠᠨ ᠣᠰᠣᠯᠳᠠᠵᠤ ᠬᠠᠷᠢᠭᠤᠴᠠᠯᠭ᠎ᠠ ᠠᠯᠳᠠᠭᠰᠠᠨ ᠠᠯᠪᠠᠨ ᠲᠤᠰᠢᠶᠠᠯᠲᠠᠨ ᠢ | ᠵᠠᠷᠯᠠᠨ ᠮᠡᠳᠡᠭᠳᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠬᠥᠯᠥᠰᠥᠨ ᠠᠵᠢᠯᠴᠢᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠪᠣᠳᠠᠲᠠᠢ ᠪᠠᠷ ᠬᠠᠮᠠᠭᠠᠯᠠᠬᠤ | ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠲᠦᠷᠭᠡᠨ ᠠᠬᠢᠴᠠ ᠲᠠᠢ ᠪᠣᠯᠵᠣ᠂ ᠠᠵᠢᠯᠲᠠᠨ ᠠᠵᠢᠯᠴᠢᠨ᠂ ᠬᠥᠯᠥᠰᠥᠨ ᠠᠵᠢᠯᠴᠢᠨ᠂ ᠶᠠᠳᠠᠭᠤ ᠬᠦᠴᠢᠷᠳᠡᠯᠲᠡᠶ ᠬᠥᠳᠡᠯᠮᠦᠷᠢ | ᠬᠦᠴᠦᠨ ᠵᠡᠷᠭᠡ ᠶᠢᠨ ᠨᠥᠬᠦᠪᠥᠷᠢ ᠶᠢᠨ ᠴᠢᠨᠠᠷᠲᠠᠶ ᠪᠣᠯᠪᠠᠰᠤᠷᠠᠯ ᠢ 1 ᠳ᠋ᠦᠩᠰᠢᠭᠤᠷ ᠰᠢᠬᠠᠮ ᠬᠥᠮᠦᠨ ᠤᠳᠠᠭ᠎ᠠ ᠥᠷᠨᠢᠭᠦᠯᠵᠦ᠂ ᠢᠯᠠᠩᠭᠤᠶ᠎ᠠ ᠠᠵᠢᠯ ᠠᠯᠳᠠᠯᠲᠠ ᠶᠢᠨ | ᠳᠠᠭᠠᠳᠬᠠᠯ ᠤᠨ ᠰᠠᠭᠤᠷᠢ ᠮᠥᠩᠭᠦ ᠶᠢ ᠬᠡᠷᠡᠭᠯᠡᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠬᠡᠷᠡᠭᠵᠢᠭᠦᠯᠦᠭᠰᠡᠨ ᠨᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠪᠠᠳᠠᠷᠠᠭᠤᠯᠤᠭᠰᠠᠨ ᠪᠠᠶᠢᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠪᠠᠷᠢᠮᠲᠠᠯᠠᠵᠤ᠂ ᠵᠠᠬ᠎ᠠ | ᠳᠡᠯᠭᠡᠭᠦᠷ ᠤᠨ ᠬᠡᠷᠡᠭᠴᠡᠭᠡ ᠳᠤ ᠵᠣᠬᠢᠴᠠᠭᠤᠯᠤᠨ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠨᠢᠭᠡ ᠳᠤ᠂ ᠡᠯ᠎ᠡ ᠲᠥᠷᠥᠯ ᠤᠨ ᠠᠵᠢᠯ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ | ᠪᠣᠯᠪᠠᠰᠤᠷᠠᠯ ᠤᠨ ᠪᠠᠶᠢᠭᠤᠯᠤᠮᠵᠢ ᠶᠢᠨ ᠪᠣᠯᠪᠠᠰᠤᠷᠠᠯ ᠥᠷᠨᠢᠭᠦᠯᠬᠦ ᠶᠢ ᠳᠡᠮᠵᠢᠵᠦ᠂ ᠠᠵᠤ ᠠᠬᠤᠶᠢᠯᠠᠯ ᠤᠨ ᠪᠣᠯᠪᠠᠰᠤᠷᠠᠯ ᠤᠨ ᠭᠤᠤᠯ ᠴᠣᠭᠴᠠ ᠶᠢᠨ ᠦᠢᠯᠡᠳᠦᠯ ᠢ | ᠪᠠᠳᠠᠷᠠᠭᠤᠯᠤᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠢ ᠴᠢᠩᠭᠠᠳᠬᠠᠵᠤ᠂ ᠠᠵᠢᠯᠲᠠᠨ ᠠᠵᠢᠯᠴᠢᠨ ᠤ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠬᠤᠶᠠᠷ ᠲᠤ᠂ ᠲᠥᠪ ᠤᠨ ᠲᠥᠰᠦᠪ ᠤᠨ ᠳᠣᠲᠣᠷ᠎ᠠ ᠣᠯᠠᠨ ᠨᠡᠶᠢᠲᠡ ᠶᠢᠨ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠤᠨ ᠪᠦᠳᠦᠭᠡᠨ ᠪᠠᠶᠢᠭᠤᠯᠤᠯᠲᠠ ᠵᠡᠷᠭᠡ ᠳᠠᠬᠢ ᠪᠡᠯᠡ ᠣᠷᠣᠭᠤᠯᠤᠯᠲᠠ ᠶᠢᠨ ᠳᠡᠮᠵᠢᠯᠭᠡ ᠶᠢ ᠴᠢᠩᠭᠠᠳᠬᠠᠨ᠎ᠠ᠃ ᠪᠣᠯᠪᠠᠰᠤᠷᠠᠯ ᠤᠨ ᠵᠠᠷᠤᠳᠠᠯ ᠢ ᠭᠠᠶᠢᠯᠢ | ᠲᠤᠰᠢᠶᠠᠬᠤ ᠠᠴᠠ ᠡᠮᠦᠨ᠎ᠡ ᠰᠠᠭᠤᠳᠬᠠᠨ ᠬᠠᠰᠤᠬᠤ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠤᠨ᠎ᠠ᠃ ᠪᠣᠯᠪᠠᠰᠤᠷᠠᠯ ᠳᠤ ᠬᠡᠷᠡᠭᠯᠡᠬᠦ ᠬᠠᠮᠢᠶ᠎ᠠ ᠪᠥᠬᠦᠶ | ᠪᠡᠯᠡᠳᠬᠡᠮᠵᠢ ᠶᠢ ᠬᠤᠳᠠᠯᠳᠤᠨ ᠠᠪᠬᠤ ᠳᠤ ᠭᠠᠶᠢᠯᠢ ᠲᠠᠲᠠᠪᠤᠷᠢ ᠶᠢᠨ ᠳᠡᠮᠵᠢᠯᠭᠡ ᠦᠵᠡᠭᠦᠯᠦᠨ᠎ᠡ᠃ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢ | ᠦᠷᠭᠦᠯᠵᠢᠯᠡᠨ ᠬᠡᠷᠡᠭᠯᠡᠵᠦ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠬᠦ ᠶᠢ | ᠰᠤᠳᠤᠯᠤᠨ᠎ᠠ᠃ ᠭᠤᠷᠪᠠ ᠳᠤ᠂ ᠲᠡᠷᠢᠭᠦᠨ ᠤ ᠦᠢᠯᠡᠳᠬᠡᠯ ᠤᠨ ᠦᠢᠯᠡᠰ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠳᠡᠭᠡᠳᠦ ᠮᠡᠷᠭᠡᠵᠢᠯ ᠤᠨ | ᠴᠢᠳᠠᠪᠤᠷᠢᠲᠠᠨ ᠤ ᠬᠦᠮᠦᠵᠢᠭᠦᠯᠦᠯ ᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ | ᠤᠯᠬᠤ ᠪᠠ ᠠᠳᠠᠯ ᠦᠢᠯᠡᠰ ᠴᠣᠭᠴᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠯᠥᠰᠥᠨ ᠠᠵᠢᠯᠴᠢᠨ ᠢ 3000 ᠲᠦᠮᠡᠨ ᠬᠥᠮᠦᠨ ᠤᠳᠠᠭ᠎ᠠ ᠠᠴᠠ ᠳᠡᠭᠡᠭᠰᠢ | ᠪᠣᠯᠪᠠᠰᠤᠷᠠᠯ ᠳᠤ ᠣᠷᠣᠯᠴᠠᠭᠤᠯᠤᠨ᠎ᠠ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠳᠤ ᠬᠠᠨᠳᠤᠭᠤᠯᠤᠭᠰᠠᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ | ᠪᠣᠯᠪᠠᠰᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |