ᠤᠷᠠᠳ ᠤᠨ ᠡᠮᠦᠨᠡᠳᠦ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ  ︿︿ᠬᠤᠶᠠᠷ ᠢ ᠬᠠᠰᠤᠬᠤ﹀﹀ ᠠᠵᠢᠯ ᠪᠤᠳᠠᠳᠤ ᠦᠷ᠎ᠡ ᠪᠦᠳᠦᠮᠵᠢ ᠤᠯᠪᠠ
ᠨᠡᠶᠢᠲᠡᠯᠡᠭᠰᠡᠨ ᠴᠠᠭ᠄
2021/12/6
    ︿︿ᠬᠤᠶᠠᠷ ᠢ ᠬᠠᠰᠤᠬᠤ﹀﹀ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠤ ᠲᠠᠷᠠᠭ᠎ᠠ᠂ ᠡᠮᠦᠨᠡᠳᠦ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ  ᠨᠢ ᠰᠤᠷᠭᠠᠨ ᠬᠦᠮᠦᠵᠢᠯ ᠤᠨ ᠭᠤᠤᠯ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠰᠡᠳᠬᠢᠮᠵᠢ ᠪᠠᠨ ᠬᠤᠪᠢᠷᠠᠭᠤᠯᠵᠤ᠂ ᠰᠢᠨ᠎ᠡ ᠠᠷᠭ᠎ᠠ ᠠᠪᠴᠢᠯ ᠢ ᠡᠭᠦᠳᠦᠨ᠂ ᠪᠤᠳᠠᠳᠠᠢ ᠠᠷᠭ᠎ᠠ ᠭᠠᠷᠭᠠᠵᠤ᠂  ︿︿ᠬᠤᠶᠠᠷ ᠢ ᠬᠠᠰᠤᠬᠤ﹀﹀ ᠠᠵᠢᠯ ᠢ ᠯᠠᠪᠳᠠᠭᠤᠨ ᠪᠠᠳᠤᠳᠠᠢ ᠶᠠᠪᠤᠭᠳᠠᠭᠤᠯᠪᠠ᠃    ᠰᠤᠷᠭᠠᠭᠤᠯᠢ ᠠᠴᠠ ᠲᠠᠰᠬᠠᠯ ᠢ ᠢᠯᠡ ᠨᠡᠶᠢᠳᠡᠯᠡᠬᠦ᠂ ᠲᠠᠰᠬᠠᠯ ᠢ ᠪᠠᠶᠢᠴᠠᠭᠠᠨ ᠦᠵᠡᠬᠦ ᠲᠦᠷᠢᠮ ᠢ ᠪᠠᠶᠢᠭᠤᠯᠵᠤ᠂ ᠵᠢᠭᠠᠨ ᠰᠤᠷᠭᠠᠯᠳᠠ ᠶᠢᠨ ᠭᠠᠵᠠᠷ ᠠᠴᠠ ᠲᠠᠰᠬᠠᠯ ᠤᠨ ᠶᠡᠷᠦᠩᠭᠡᠢ ᠬᠡᠮᠵᠢᠶ᠎ᠡ ᠶᠢ ᠠᠳᠬᠤᠵᠤ ᠪᠠᠶᠢᠴᠠᠭᠠᠨ ᠦᠵᠡᠬᠦ ᠠᠴᠠ ᠭᠠᠳᠠᠨ᠎ᠠ᠂ ᠭᠠᠷᠠᠭ ᠲᠤ ᠬᠤᠶᠠᠷ ᠤᠳᠠᠭ᠎ᠠ ᠲᠠᠰᠬᠠᠯ ᠤᠨ ᠴᠢᠨᠠᠷ ᠪᠠ ᠲᠠᠰᠬᠠᠯ ᠢ ᠵᠠᠰᠠᠭᠰᠠᠨ ᠪᠠᠶᠢᠳᠠᠯ ᠢ ᠪᠠᠶᠢᠴᠠᠭᠠᠨ ᠦᠵᠡᠪᠡ᠃ ᠭᠤᠷᠪᠠᠳᠤᠭᠠᠷ ᠪᠠᠭ᠎ᠠ ᠰᠤᠷᠭᠠᠭᠤᠯᠢ ᠪᠠᠰᠠ ︿︿ᠬᠤᠶᠠᠷ ᠢ ᠬᠠᠰᠤᠬᠤ﹀﹀ ᠱᠠᠭᠠᠷᠳᠠᠯᠭ᠎ᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠬᠤ ᠶᠢᠨ ᠲᠦᠯᠦᠬᠡ 5+2 ᠶᠢᠨ ᠵᠠᠭᠪᠤᠷ ᠢ ᠬᠡᠷᠡᠭᠵᠢᠬᠦᠯᠵᠦ᠂ ᠲᠠᠮᠢᠷ ᠤᠩᠰᠢᠯᠭ᠎ᠠ ᠤᠷᠠᠯᠢᠭ  ᠵᠡᠷᠭᠡ ᠬᠢᠴᠢᠶᠠᠯ ᠤᠨ ᠲᠠᠷᠠᠭᠠᠬᠢ ᠦᠢᠯᠡᠴᠢᠯᠡᠬᠡᠨ ᠤ ᠲᠤᠷ᠎ᠠ ᠰᠤᠨᠢᠷᠬᠠᠯ ᠤᠨ ᠠᠩᠭᠢ ᠪᠠᠶᠢᠭᠤᠯᠵᠤ᠂ ᠰᠤᠷᠤᠭᠴᠢᠳ ᠤᠨ ᠠᠳᠠᠯᠢ ᠪᠤᠰᠤ ᠱᠠᠭᠠᠷᠳᠠᠯᠭ᠎ᠠ ᠶᠢ ᠬᠠᠩᠭᠠᠪᠠ᠃ ᠨᠠᠶᠢᠳᠠ 52 ᠲᠦᠷᠦᠯ ᠤᠨ ᠬᠢᠦᠴᠢᠶᠡᠯ ᠤᠨ ᠭᠠᠳᠠᠨᠠᠬᠢ ᠬᠦᠳᠡᠯᠬᠡᠬᠡᠨ ᠦᠷᠨᠢᠬᠦᠯᠵᠦ᠂ ᠰᠤᠷᠭᠠᠭᠤᠯᠢ ᠶᠢᠨ  ᠲᠤᠰᠬᠠᠢ ᠮᠡᠷᠭᠡᠵᠢᠯ ᠲᠠᠢ ᠪᠠᠭᠰᠢᠨᠠᠷ ᠬᠠᠪᠰᠤᠷᠠᠨ ᠵᠢᠯᠤᠭᠤᠳᠤᠭᠴᠢ ᠪᠤᠯᠬᠤ ᠪᠠᠷ ᠪᠠᠷᠠᠬᠤ ᠦᠬᠡᠢ  ᠰᠤᠷᠤᠭᠴᠢᠳ ᠤᠨ ᠲᠤᠷ᠎ᠠ ᠰᠤᠨᠢᠷᠬᠠᠯ ᠢ ᠦᠨᠳᠦᠰᠦᠯᠡᠨ ᠰᠤᠷᠭᠠᠭᠤᠯᠢ ᠶᠢᠨ ᠭᠠᠳᠠᠨ᠎ᠠ ᠠᠴᠠ 11 ᠲᠤᠰᠬᠠᠢ ᠮᠡᠷᠬᠡᠵᠢᠯ ᠤᠨ ᠪᠠᠭᠰᠢ ᠤᠷᠢᠨ ᠵᠢᠯᠤᠭᠤᠳᠤᠭᠤᠯᠤᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ