ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠭᠦᠰᠭᠦ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/12/6
  ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠭᠦᠰᠭᠦ ᠬᠤᠷᠠᠯ ᠳᠡᠭᠡᠷᠡᠬᠢ ᠶᠠᠷᠢᠶ᠎ᠠ         ︵2021 ᠣᠨ ᠤ 11 ᠰᠠᠷ᠎ᠠ ᠶᠢᠨ 30 ᠤ ᠡᠳᠦᠷ︶      ᠱᠢ ᠲᠠᠢ ᠹᠧᠩ  ᠲᠥᠯᠥᠭᠡᠯᠡᠭᠴᠢᠳ ᠡ᠂ ᠨᠥᠬᠦᠳ ᠡ᠄     ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠤᠨ ᠳᠣᠲᠣᠨᠣ ᠬᠠᠯᠠᠮᠵᠢᠯᠠᠯ ᠳᠣᠣᠷ᠎ᠠ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠨᠢᠮᠪᠠᠢ ᠵᠢᠯᠤᠭᠤᠳᠤᠯᠭ᠎ᠠ ᠳᠣᠣᠷ᠎ᠠ᠂ ᠪᠦᠬᠦ ᠲᠥᠯᠥᠭᠡᠯᠡᠭᠴᠢ᠂ ᠬᠤᠷᠠᠯ ᠳᠤ ᠣᠷᠣᠯᠴᠠᠭᠰᠠᠨ ᠨᠥᠬᠦᠳ ᠪᠣᠯᠤᠨ ᠥᠷᠭᠡᠨ ᠤᠯᠠᠨ ᠠᠵᠢᠯᠳᠠᠨ ᠤ ᠬᠠᠮᠲᠤ ᠶᠢᠨ ᠴᠢᠷᠮᠠᠶᠢᠯᠭ᠎ᠠ ᠪᠠᠷ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠡᠳ ᠠᠮᠵᠢᠯᠲᠠ ᠲᠠᠢ ᠲᠡᠭᠦᠰᠭᠦ ᠪᠣᠯᠤᠯ᠎ᠠ᠃     ᠡᠨᠡ ᠤᠳᠠᠭ᠎ᠠ ᠶᠢᠨ ᠶᠡᠭᠡ ᠬᠤᠷᠠᠯ ᠮᠠᠰᠢ ᠠᠮᠵᠢᠯᠲᠠ ᠲᠠᠢ ᠬᠤᠷᠠᠯᠳᠤᠵᠤ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢ ᠪᠠᠳᠠᠷᠠᠭᠤᠯᠵᠤ᠂ ᠦᠷᠨᠢᠭᠦᠨ ᠵᠢᠪᠬᠤᠭᠠᠳᠤ ᠡᠷᠴᠢ ᠵᠣᠷᠢᠭ ᠢ ᠬᠥᠪᠴᠢᠯᠡᠵᠦ᠂ ᠮᠤᠷᠳᠠᠬᠤ ᠪᠠᠷ ᠪᠡᠯᠡᠬᠡᠨ ᠪᠤᠯᠤᠭᠰᠠᠨ ᠰᠢᠨ᠎ᠡ ᠳᠦᠷᠰᠦ ᠪᠠᠶᠢᠳᠠᠯ ᠢ ᠨᠡᠭᠡᠭᠡᠵᠦ᠂ ᠲᠤᠭ ᠢᠶᠠᠨ ᠥᠨᠳᠥᠷ ᠮᠠᠨᠳᠤᠭᠤᠯᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠪᠠᠷᠢᠮᠵᠢᠶᠠᠯᠠᠨ ᠬᠠᠷᠭᠤᠭᠤᠯᠵᠤ ᠨᠢᠭᠡᠳᠦᠯᠲᠡᠢ ᠪᠠᠶᠢᠬᠤ ᠶᠢ ᠪᠠᠷᠢᠮᠳᠠᠯᠠᠬᠰᠠᠨ ᠨᠢᠭᠡᠨ ᠤᠳᠠᠭᠠᠨ ᠤ ᠶᠡᠭᠡ ᠬᠤᠷᠠᠯ᠂ ᠦᠵᠡᠯ ᠰᠠᠨᠠᠭ᠎ᠠ ᠪᠠᠨ ᠨᠢᠭᠡᠳᠭᠡᠵᠦ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠵᠠᠮ ᠨᠡᠭᠡᠭᠡᠨ ᠰᠢᠨ᠎ᠡ ᠶᠢ ᠡᠭᠦᠳᠦᠭᠰᠡᠨ ᠨᠢᠭᠡᠨ ᠤᠳᠠᠭᠠᠨ ᠤ ᠶᠡᠭᠡ ᠬᠤᠷᠠᠯ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ ᠪᠦᠯᠬᠦᠮᠳᠡᠯ ᠠᠷᠠᠳᠴᠢᠯᠠᠯ ᠲᠠᠢ᠂ ᠰᠤᠷᠲᠠᠯ ᠴᠢᠬᠡᠴᠢ ᠣᠪᠣᠷ ᠲᠥᠪ ᠨᠢᠭᠡᠨ ᠤᠳᠠᠭᠠᠨ ᠤ ᠶᠡᠭᠡ ᠬᠤᠷᠠᠯ ᠪᠣᠯᠵᠠᠢ᠃     ᠶᠡᠭᠡ ᠬᠤᠷᠠᠯ ᠠᠴᠠ ᠦᠨᠡᠨᠴᠢ ᠰᠢᠳᠤᠷᠭᠤ᠂ ᠶᠡᠭᠡ ᠲᠠᠯ᠎ᠠ ᠶᠢ ᠡᠷᠬᠢᠮᠯᠡᠬᠦ ᠤᠯᠤᠰ ᠲᠦᠷᠦ ᠶᠢᠨ ᠱᠠᠭᠠᠷᠳᠠᠯᠭ᠎ᠠ ᠶᠢ ᠢᠮᠠᠭᠲᠠ ᠲᠤᠭᠤᠰᠢᠯᠠᠭᠤᠯᠵᠤ᠂ ᠬᠦᠨᠳᠦ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭᠠᠲᠤ ᠵᠣᠷᠢᠭ ᠰᠠᠨᠠᠭ᠎ᠠ ᠶᠢ ᠢᠮᠠᠭᠲᠠ ᠲᠤᠭᠤᠰᠢᠯᠠᠭᠤᠯᠵᠤ᠂ ᠲᠥᠯᠥᠭᠡᠯᠡᠭᠴᠢᠳ ᠪᠣᠯᠤᠨ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠲᠦ ᠴᠢᠨᠠᠷᠲᠠᠢ ᠠᠴᠢ ᠬᠤᠯᠪᠣᠭᠳᠠᠯ ᠤᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠤ᠂ ᠶᠡᠷᠦᠩᠬᠡᠶ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠣᠯᠤᠨ ᠠᠵᠢᠯᠯᠠᠭᠠᠨ ᠤ ᠬᠥᠲᠥᠯᠪᠦᠷᠢ ᠳᠤ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠤ᠂ ᠥᠪᠥᠷ ᠮᠣᠩᠭᠤᠯ ᠤᠨ ᠪᠦᠬᠦ ᠲᠠᠯ᠎ᠠ ᠶᠢᠨ ᠣᠳᠣᠬᠢᠴᠢᠯᠠᠯᠲᠠ ᠶᠢᠨ ᠠᠬᠢᠴᠠ ᠳᠤᠮᠳᠠᠬᠢ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠬᠦ ᠳᠤ ᠨᠠᠩ ᠡᠷᠡᠰ ᠪᠠᠲᠤ ᠤᠬᠠᠮᠰᠠᠷ ᠲᠠᠢ ᠪᠣᠯᠵᠤ᠂ ︽ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠴᠤᠴᠠᠯᠲᠠ ᠦᠭᠡᠢ ᠤᠷᠤᠭᠰᠢᠯᠠᠵᠤ᠂ ᠡᠴᠦᠰ ᠲᠤᠨᠢ ᠲᠤᠯᠲᠠᠯ᠎ᠠ ᠲᠡᠮᠡᠴᠡᠶ᠎ᠡ︾᠂ ︽ᠦᠷᠭᠦᠯᠵᠢᠯᠡᠨ ᠲᠡᠮᠡᠴᠡᠬᠦ ᠳᠤᠮᠳᠠ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠵᠦ᠂ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠵᠦ᠂ ᠥᠪᠥᠷ ᠮᠣᠩᠭᠤᠯ ᠤᠨ ᠴᠤᠭ ᠵᠢᠪᠬᠤᠭ᠎ᠠ ᠶᠢ ᠪᠠᠳᠠᠷᠠᠭᠤᠯᠤᠶ᠎ᠠ︾ ᠬᠡᠬᠦ ᠨᠢ ᠬᠤᠷᠠᠯ ᠤᠨ ᠲᠠᠯᠠᠪᠠᠢ ᠶᠢᠨ ᠳᠣᠲᠣᠨ᠎ᠠ ᠭᠠᠳᠠᠨ᠎ᠠ ᠳᠠᠭᠤᠷᠢᠰᠤᠭᠰᠠᠨ ᠭᠤᠣᠯ ᠬᠦᠭ ᠠᠶᠠᠰ ᠪᠣᠯᠵᠤ᠂ ᠤᠮᠠᠷᠠᠲᠤ ᠬᠢᠯᠢ ᠶᠢᠨ ᠭᠠᠵᠠᠷ ᠪᠤᠯᠭᠠᠨ ᠳᠤ ᠲᠠᠮᠵᠢᠭᠤᠯᠤᠬᠳᠠᠬᠰᠡᠨ ᠬᠠᠮᠤᠭ ᠤᠨ ᠬᠦᠴᠦᠷᠬᠡᠭ ᠳᠠᠭᠤᠨ ᠪᠤᠯᠵᠠᠢ᠃     ᠶᠡᠭᠡ ᠬᠤᠷᠠᠯ ᠨᠢ ᠢᠮᠠᠭᠲᠠ ᠰᠢᠨ᠎ᠡ ᠵᠠᠮ ᠢᠶᠠᠷ ᠵᠠᠮᠨᠠᠵᠤ᠂ ᠰᠢᠨ᠎ᠡ ᠪᠠᠶᠢᠳᠠᠯ ᠢ ᠨᠡᠭᠡᠭᠡᠬᠦ ᠡᠷᠡᠰ ᠪᠠᠲᠤ ᠢᠲᠡᠭᠡᠯ ᠪᠢᠰᠢᠷᠡᠯ ᠢᠶᠠᠷ ᠪᠢᠯᠬᠠᠵᠤ᠂ ᠢᠮᠠᠭᠲᠠ ᠳᠠᠬᠢᠨ ᠮᠤᠷᠳᠠᠵᠤ᠂ ᠵᠤᠷᠢᠬᠳᠠᠢ ᠪᠠᠷ ᠵᠠᠮ ᠨᠡᠭᠡᠭᠡᠨ ᠤᠷᠤᠭᠰᠢᠯᠠᠬᠤ ᠣᠮᠤᠭ ᠵᠣᠷᠢᠭ ᠢᠶᠠᠷ ᠪᠢᠯᠬᠠᠵᠤ᠂ ᠲᠥᠯᠥᠭᠡᠯᠡᠭᠴᠢᠳ ᠪᠣᠯᠤᠨ ᠪᠦᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠵᠠᠷᠢᠮ ᠴᠢᠬᠤᠯᠠ ᠶᠡᠭᠡ ᠠᠰᠠᠭᠤᠳᠠᠯ ᠳᠤ ᠨᠡᠩ ᠰᠡᠷᠭᠡᠭ ᠭᠦᠨᠵᠡᠭᠡᠶ ᠲᠠᠨᠢᠯᠲᠠ ᠲᠠᠢ ᠪᠣᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠥᠪᠥᠷ ᠮᠣᠩᠭᠤᠯ ᠶᠠᠮᠠᠷ ᠶᠠᠪᠤᠳᠠᠯ ᠬᠢᠬᠦ ᠪᠤᠢ᠂ ᠶᠠᠭᠠᠬᠢᠵᠤ ᠬᠢᠬᠦ ᠪᠤᠢ᠂ ᠶᠠᠮᠠᠷ ᠶᠠᠪᠤᠳᠠᠯ ᠢ ᠬᠢᠵᠦ ᠪᠤᠯᠬᠤ ᠪᠣᠶ᠂ ᠶᠠᠮᠠᠷ ᠶᠠᠪᠤᠳᠠᠯ ᠢ ᠬᠢᠵᠦ ᠪᠤᠯᠬᠤ ᠦᠭᠡᠢ ᠪᠤᠢ ᠭᠡᠳᠡᠭ ᠲᠤ ᠨᠠᠩ ᠣᠶᠤᠨᠴᠢ ᠪᠦᠬᠡᠳ ᠪᠣᠳᠠᠲᠠᠶ ᠶᠢ ᠡᠷᠬᠢᠮᠯᠡᠭᠰᠡᠨ ᠡᠵᠡᠮᠳᠡᠬᠦ ᠴᠢᠳᠠᠪᠦᠷᠢ ᠲᠠᠢ ᠪᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠤᠨ ᠦᠵᠡᠯ ᠰᠠᠨᠠᠭ᠎ᠠ ᠨᠡᠩ ᠨᠢᠭᠡᠳᠦᠯᠲᠡᠢ ᠪᠣᠯᠵᠤ᠂ ᠰᠡᠳᠭᠢᠮᠵᠢ ᠨᠠᠩ ᠲᠡᠭᠦᠯᠳᠡᠷᠵᠢᠵᠦ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠠᠶᠢᠭᠤᠯᠬᠤ ︽ᠵᠠᠮ ᠤᠨ ᠵᠢᠷᠤᠭ ᠲᠦᠰᠦᠪ︾ ᠨᠡᠩ ᠲᠣᠳᠣᠷᠬᠠᠢ ᠪᠣᠯᠵᠤ᠂ ︽ᠪᠠᠷᠢᠯᠭ᠎ᠠ ᠶᠢᠨ ᠵᠢᠷᠤᠭ ᠲᠦᠰᠦᠪ︾ ᠨᠠᠩ ᠪᠤᠳᠠᠳᠠᠢ ᠪᠣᠯᠵᠤ᠂ ᠣᠷᠣᠨ ᠳᠠᠶᠠᠭᠠᠷ ᠤᠨ ᠬᠠᠭᠤᠴᠢᠨ ᠵᠠᠮ ᠢᠶᠠᠨ ᠲᠦᠢᠯᠪᠤᠷᠢᠲᠠᠶ ᠲᠠᠶᠠᠭᠳᠠᠵᠤ᠂ ᠰᠢᠨ᠎ᠡ ᠵᠠᠮ ᠢᠶᠠᠷ ᠡᠷᠡᠰ ᠪᠠᠲᠤᠲᠠᠢ ᠰᠠᠶᠢᠲᠤᠷ ᠵᠠᠮᠨᠠᠬᠤ ᠦᠵᠡᠯ ᠰᠠᠨᠠᠭᠠᠨ ᠤ ᠬᠠᠮᠲᠤ ᠶᠢᠨ ᠲᠠᠨᠢᠯᠲᠠ ᠤᠷᠢᠳ ᠡᠮᠦᠨ᠎ᠡ ᠪᠠᠶᠢᠭ᠎ᠠ ᠦᠭᠡᠢ ᠳᠡᠭᠡᠭᠰᠢᠯᠡᠵᠦ᠂ ᠪᠦᠬᠦ ᠬᠦᠴᠦᠨ ᠢᠶᠠᠷ ᠢᠶᠠᠨ ᠪᠦᠲᠦᠴᠡ ᠳᠤ ᠲᠣᠬᠢᠷᠠᠭᠤᠯᠤᠯᠳᠠ ᠬᠢᠬᠦ᠂ ᠴᠢᠳᠠᠮᠵᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭᠠᠨ ᠤ ᠤᠬᠠᠮᠰᠠᠷ ᠤᠷᠢᠳ ᠡᠮᠦᠨ᠎ᠡ ᠪᠠᠶᠢᠭ᠎ᠠ ᠦᠭᠡᠢ ᠴᠢᠩᠭᠠᠷᠠᠪᠠ᠃     ᠤᠯᠠᠨ ᠢᠶᠠᠷ ᠢᠶᠠᠨ᠂ ᠡᠨᠡ ᠤᠳᠠᠭ᠎ᠠ ᠶᠢᠨ ᠶᠡᠭᠡ ᠬᠤᠷᠠᠯ ᠨᠢᠭᠡᠨ ᠰᠠᠶᠢᠨ ᠢᠯᠡᠳᠭᠡᠯ ᠢ ᠪᠦᠷᠢᠯᠳᠦᠭᠦᠯᠵᠦ᠂ ᠨᠢᠭᠡᠨ ᠰᠠᠶᠢᠨ ᠪᠠᠭ ᠢ ᠰᠤᠩᠭᠤᠨ ᠭᠠᠷᠭᠠᠵᠤ᠂ ᠴᠢᠬᠤᠯᠠ ᠶᠡᠭᠡ ᠠᠴᠢ ᠬᠤᠯᠪᠣᠭᠳᠠᠯ ᠲᠠᠢ᠂ ᠦᠯᠡᠮᠵᠢ ᠶᠡᠭᠡ ᠦᠷ᠎ᠡ ᠪᠦᠲᠦᠭᠡᠯ ᠣᠯᠵᠤ᠂ ᠯᠠᠪᠲᠠᠢ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠤ ᠭᠦᠨ ᠰᠠᠭᠤᠭᠳᠠᠯ ᠦᠯᠡᠳᠡᠭᠡᠵᠦ᠂ ᠯᠠᠪᠲᠠᠢ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠳᠤ ᠭᠦᠨᠵᠡᠭᠡᠢ ᠪᠥᠭᠡᠳ ᠠᠯᠤᠰ ᠬᠡᠳᠤ ᠶᠢᠨ ᠨᠥᠯᠥᠭᠡ ᠦᠵᠡᠭᠦᠯᠬᠦ ᠪᠣᠯᠤᠨ᠎ᠠ ᠭᠡᠵᠦ ᠨᠡᠶᠢᠳᠡᠮ ᠦᠵᠡᠵᠡᠭᠡᠭᠰᠡᠨ ᠪᠠᠶᠢᠨ᠎ᠠ᠃     ᠲᠥᠯᠥᠭᠡᠯᠡᠭᠴᠢᠳ ᠡ᠂ ᠨᠥᠬᠦᠳ ᠡ︕ ᠡᠨᠡ ᠤᠳᠠᠭ᠎ᠠ ᠶᠢᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠳᠤ ᠶᠡᠷᠦᠩᠬᠡᠢ ᠱᠦᠵᠢ ᠰᠢ ᠶᠢᠨ ᠫᠢᠩ ᠪᠣᠯᠤᠨ ᠨᠠᠮ ᠤᠨ ᠲᠥᠪ ᠬᠤᠷᠢᠶ᠎ᠠ ᠶᠢᠨ ᠨᠠᠨᠳᠢᠨ ᠬᠦᠰᠡᠯ ᠨᠠᠶᠢᠳᠠᠯᠭ᠎ᠠ ᠶᠢ ᠠᠴᠢᠶᠠᠯᠠᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠠᠭᠤᠯᠵᠤ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠪᠣᠯᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠶᠡᠭᠡ ᠬᠤᠷᠠᠯ ᠠᠴᠠ ᠲᠣᠭᠲᠠᠭᠠᠭᠰᠠᠨ ᠠᠤᠭ᠎ᠠ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠵᠤ᠂ ᠲᠤᠮᠤ ᠠᠯᠬᠤᠮ ᠢᠶᠠᠷ ᠤᠷᠤᠭᠰᠢᠯᠠᠵᠤ᠂ ᠵᠢᠷᠤᠭ ᠲᠥᠰᠦᠪ ᠢ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠬᠡᠳᠦ ᠶᠢᠨ ᠲᠦᠯᠦᠪ ᠢ ᠪᠣᠳᠠᠲᠤ ᠦᠵᠡᠮᠵᠢ ᠪᠣᠯᠭᠠᠨ ᠬᠤᠪᠢᠷᠠᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠶ᠎ᠠ᠃     ᠪᠢᠳᠡ ᠡᠷᠬᠡᠪᠰᠢ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠦᠶ᠋ᠯᠡᠳᠦᠯᠭᠡᠵᠢᠭᠦᠯᠵᠤ᠂ ᠨᠠᠮ ᠤᠨ ᠲᠥᠪ ᠬᠤᠷᠢᠶ᠎ᠠ ᠶᠢᠨ ᠵᠠᠷᠯᠢᠭ ᠢ ᠡᠷᠡᠰ ᠰᠤᠨᠤᠰᠴᠤ᠂ ᠨᠠᠮ ᠤᠨ ᠲᠥᠪ ᠬᠤᠷᠢᠶ᠎ᠠ ᠶᠢᠨ ᠵᠢᠯᠣᠭᠤᠳᠤᠯᠭ᠎ᠠ ᠶᠢ ᠲᠠᠭᠠᠵᠤ᠂ ᠨᠠᠮ ᠤᠨ ᠪᠦᠯᠬᠦᠮᠳᠡᠯ ᠨᠢᠭᠡᠳᠦᠯ ᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠰᠤᠯᠠᠷᠠᠭᠤᠯᠬᠤ᠂ ᠭᠠᠵᠢᠭᠤᠳᠠᠭᠤᠯᠬᠤ᠂ ᠦᠭᠡᠶᠢᠰᠭᠡᠬᠦ ᠠᠯᠢᠪᠠ ᠦᠭᠡ ᠶᠠᠷᠢᠶ᠎ᠠ ᠦᠢᠯᠡ ᠠᠵᠢᠯᠯᠠᠭ᠎ᠠ ᠲᠠᠢ ᠡᠷᠡᠰ ᠲᠡᠮᠡᠴᠡᠯ ᠬᠢᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠦᠩᠬᠡᠨ ᠲᠡᠭᠡᠷ᠎ᠡ ᠬᠦᠢᠴᠡᠳᠬᠡᠬᠦ᠂ ᠨᠦ᠋ᠬᠦᠴᠡᠯ ᠳᠤᠷᠠᠳᠬᠤ᠂ ᠳᠦᠭᠦᠮᠴᠢᠯᠡᠬᠦ᠂ ᠰᠤᠩᠭᠤᠯᠳᠠ ᠲᠠᠢ ᠬᠢᠬᠦ᠂ ᠦᠭᠡᠷᠡᠳᠦᠭᠦᠯᠬᠦ ᠦᠢᠯᠡ ᠠᠵᠢᠯᠯᠠᠭ᠎ᠠ ᠶᠢ ᠡᠷᠡᠰ ᠡᠰᠡᠷᠭᠦᠴᠡᠨ ᠵᠠᠯᠠᠷᠠᠭᠤᠯᠵᠤ᠂ ᠭᠤᠤᠯᠯᠠᠭᠴᠢ ᠳᠤ ᠦᠨᠡᠨᠴᠢ ᠰᠢᠳᠤᠷᠭᠤ ᠪᠠᠶᠢᠬᠤ᠂ ᠭᠤᠣᠯᠯᠠᠭᠴᠢ ᠶᠢ ᠬᠦᠷᠢᠶᠡᠯᠡᠬᠦ᠂ ᠭᠤᠤᠯᠯᠠᠭᠴᠢ ᠲᠠᠢ ᠨᠢᠭᠡᠳᠦᠯᠳᠠᠢ ᠪᠠᠶᠢᠬᠤ᠂ ᠭᠤᠤᠯᠯᠠᠭᠴᠢ ᠶᠢ ᠬᠠᠮᠠᠭᠠᠯᠠᠬᠤ ᠤᠯᠤᠰ ᠲᠥᠷᠥ ᠶᠢᠨ ᠤᠬᠠᠮᠰᠠᠷ ᠦᠵᠡᠯ ᠰᠠᠨᠠᠭᠠᠨ ᠤ ᠤᠬᠠᠮᠰᠠᠷ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠳᠠ ᠦᠭᠡᠢ ᠴᠢᠩᠭᠠᠳᠬᠠᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠤᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠤ᠂ ᠤᠯᠤᠰ ᠲᠦᠷᠦ ᠶᠢᠨ ᠲᠠᠯ᠎ᠠ ᠪᠠᠷ ᠬᠢ ᠪᠠᠳᠤ ᠵᠤᠭᠰᠤᠯᠳᠠ ᠪᠠ ᠪᠠᠳᠤ ᠴᠢᠩᠭ᠎ᠠ ᠪᠠᠶᠢᠬᠤ ᠪᠠᠶᠢᠳᠠᠯ ᠢᠶᠠᠷ ᠡᠯ᠎ᠠ ᠵᠦᠢᠯ ᠤᠨ ᠠᠵᠢᠯ ᠦᠢᠯᠡᠰ ᠤᠨ ᠤᠷᠤᠭᠰᠢᠳᠠᠢ ᠠᠬᠢᠵᠤ᠂ ᠡᠷᠡᠭᠦᠯ ᠢᠶᠠᠷ ᠬᠦᠭᠵᠢᠬᠦ ᠶᠢ ᠪᠠᠳᠤᠯᠠᠬᠤ ᠬᠡᠷᠡᠭᠳᠠᠢ᠃ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠳᠤ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠤᠯᠤᠰ ᠲᠥᠷᠥ ᠶᠢᠨ ᠬᠡᠪ ᠴᠢᠨᠠᠷ ᠢᠶᠠᠨ ᠲᠠᠰᠤᠷᠠᠯᠳᠡ ᠦᠭᠡᠢ ᠳᠠᠪᠲᠠᠨ ᠪᠣᠯᠪᠠᠰᠤᠷᠠᠭᠤᠯᠵᠤ᠂ ᠵᠥᠪ ᠪᠤᠷᠤᠭᠤ ᠠᠰᠠᠭᠤᠳᠠᠯ ᠤᠨ ᠡᠮᠦᠨ᠎ᠡ ᠡᠷᠬᠡᠪᠰᠢ ᠲᠤᠭ ᠲᠡᠮᠳᠡᠭ ᠲᠣᠳᠣᠷᠬᠠᠢ᠂ ᠲᠠᠷᠢᠬᠢ ᠲᠣᠯᠣᠭᠠᠢ ᠰᠡᠷᠭᠡᠭ᠂ ᠵᠣᠭᠰᠣᠯᠲᠠ ᠪᠠᠲᠤ ᠪᠠᠶᠢᠵᠤ᠂ ᠶᠠᠭᠠᠬᠢᠭᠰᠠᠨ ᠴᠤ ᠵᠡᠭᠦᠨᠰᠢ ᠪᠠᠷᠠᠭᠤᠨᠰᠢ ᠭᠤᠶᠢᠪᠢᠯᠵᠠᠵᠤ᠂ ︽ᠰᠠᠯᠬᠢᠨ ᠤ ᠠᠶ᠎ᠠ ᠶᠢ ᠬᠠᠷᠠᠬᠴᠢ︾ ᠪᠤᠯᠵᠤ ᠪᠣᠯᠬᠤ ᠦᠭᠡᠢ᠂ ᠶᠠᠭᠠᠬᠢᠭᠰᠠᠨ ᠴᠤ ᠢᠯᠡ ᠪᠠᠷ ᠲᠠᠭᠠᠵᠤ ᠳᠠᠯᠳᠠᠭᠤᠷ ᠡᠰᠡᠷᠭᠦᠴᠡᠵᠤ᠂ ︽ᠬᠤᠶᠠᠷ ᠨᠢᠭᠤᠷᠳᠠᠨ︾ ᠪᠤᠯᠵᠤ ᠪᠣᠯᠬᠤ ᠦᠭᠡᠢ᠂ ᠶᠠᠭᠠᠬᠢᠭᠰᠠᠨ ᠴᠤ ᠤᠪᠤᠷ ᠢᠶᠠᠨ ᠳᠤᠳᠤ ᠢᠯᠡᠷᠬᠡᠶᠢᠯᠡᠬᠦ ᠦᠭᠡᠢ᠂ ︽ᠠᠷᠭ᠎ᠠ ᠮᠡᠭᠡ︾ ᠭᠠᠷᠭᠠᠵᠤ ᠪᠣᠯᠬᠤ ᠦᠭᠡᠢ᠂ ᠶᠠᠭᠠᠬᠢᠭᠰᠠᠨ ᠴᠤ ᠬᠡᠨ ᠲᠠᠢ ᠴᠤ ᠦᠯᠦ ᠮᠠᠭᠤᠳᠠᠯᠴᠠᠬᠤ ︽ᠰᠠᠶᠢᠨ ᠬᠦᠮᠦᠨ︾ ᠪᠤᠯᠵᠤ ᠪᠣᠯᠬᠤ ᠦᠭᠡᠢ᠂ ᠵᠠᠷᠴᠢᠮ ᠪᠠ ᠵᠣᠭᠰᠣᠯᠲᠠ ᠶᠢᠨ ᠠᠰᠠᠭᠤᠳᠠᠯ ᠳᠡᠭᠡᠷ᠎ᠡ ᠨᠠᠮ ᠪᠣᠯᠤᠨ ᠠᠷᠠᠳ ᠲᠦᠮᠡᠨ ᠲᠠᠢ ᠢᠮᠠᠭᠳᠠ ᠰᠡᠳᠭᠢᠯ ᠨᠢᠭᠡᠳᠠᠢ ᠵᠤᠷᠢᠭ ᠨᠢᠭᠡᠳᠠᠢ ᠪᠠᠶᠢᠵᠤ᠂ ᠥᠴᠦᠬᠡᠨ ᠴᠤ ᠬᠤᠶᠢᠷᠭᠤᠰᠢᠵᠤ ᠪᠤᠯᠬᠤ ᠦᠭᠡᠢ᠂ ᠦᠴᠦᠬᠡᠨ ᠴᠤ ᠢᠯᠳᠠᠷ ᠬᠠᠶᠠᠵᠤ ᠪᠤᠯᠬᠤ ᠦᠭᠡᠢ᠃     ᠪᠢᠳᠡ ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠤᠶᠢᠯᠠᠭᠠᠨ ᠵᠤᠷᠢᠭᠳᠠᠢ ᠡᠬᠦᠷᠬᠡᠯᠡᠨ᠂ ︽ᠤᠯᠤᠰ ᠤᠨ ᠶᠡᠭᠡ ᠶᠠᠪᠤᠳᠠᠯ︾ ᠢ ᠢᠮᠠᠭᠲᠠ ᠪᠠᠲᠤ ᠴᠡᠭᠡᠵᠢᠯᠡᠵᠤ᠂ ᠢᠮᠠᠭᠲᠠ ᠶᠡᠭᠡ ᠲᠠᠯ᠎ᠠ ᠠᠴᠠ ᠰᠡᠳᠭᠢᠬᠦ ᠪᠠ ᠠᠵᠢᠯᠯᠠᠬᠤ ᠶᠢ ᠪᠠᠷᠢᠮᠳᠠᠯᠠᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠨᠡᠩ ᠪᠠᠳᠤ ᠴᠢᠩᠭ᠎ᠠ ᠤᠬᠠᠮᠰᠠᠷ᠂ ᠨᠡᠩ ᠡᠷᠡᠰ ᠬᠦᠴᠦᠳᠠᠢ ᠪᠠᠷ ᠡᠭᠦᠷᠭᠡᠯᠡᠵᠤ᠂ ᠰᠠᠶᠢᠳᠤᠷ ᠭᠦᠢᠴᠡᠳᠭᠡᠵᠤ᠂ ᠤᠯᠤᠰ ᠤᠨ ᠡᠨᠧᠷᠭᠢ ᠶᠢᠨ ᠠᠮᠤᠷ ᠲᠦᠪᠰᠢᠨ᠂ ᠠᠮᠤ ᠪᠤᠳᠠᠭᠠᠨ ᠤ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠤ᠂ ᠰᠠᠶᠢᠳᠤᠷ ᠭᠦᠢᠴᠡᠳᠭᠡᠵᠤ᠂ ᠤᠯᠤᠰ ᠤᠨ ᠬᠦᠷᠰᠢ ᠵᠡᠷᠭᠡᠯᠡᠳᠡᠭᠡ ᠶᠢ ᠡᠪᠯᠡᠨ ᠵᠠᠰᠠᠬᠤ ᠪᠠ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠦᠶ᠋ᠯᠡᠴᠢᠯᠡᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ ᠰᠠᠶᠢᠲᠤᠷ ᠭᠦᠶ᠋ᠴᠡᠳᠭᠡᠵᠤ᠂ ᠤᠯᠤᠰ ᠤᠨ ᠨᠢᠭᠡᠳᠦᠯ ᠪᠠ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠰᠠᠶᠢᠳᠤᠷ ᠭᠦᠢᠴᠡᠳᠭᠡᠵᠤ᠂ ᠡᠬᠡ ᠤᠯᠤᠰ ᠤᠨ ᠤᠮᠠᠷᠠᠲᠤ ᠬᠢᠯᠢ ᠶᠢ ᠰᠠᠬᠢᠨ ᠬᠠᠮᠠᠭᠠᠯᠠᠬᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠰᠠᠶᠢᠲᠤᠷ ᠭᠦᠶ᠋ᠴᠡᠳᠭᠡᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠪᠠᠳᠤᠯᠠᠵᠤ᠂ ᠥᠪᠥᠷ ᠮᠣᠩᠭᠤᠯ ᠤᠨ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠡᠩᠨᠡᠭᠡ ᠠᠴᠠ ᠪᠠᠨ ᠬᠤᠴᠣᠷᠬᠤ ᠦᠭᠡᠶ᠂ ᠪᠤᠷᠤᠭᠤ ᠴᠢᠭᠯᠡᠯ ᠢᠶᠠᠷ ᠶᠠᠪᠤᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠶ᠃     ᠪᠢᠳᠡ ᠡᠷᠬᠡᠪᠰᠢ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ ᠤᠯᠤᠰ ᠲᠥᠷᠥ ᠶᠢᠨ ᠤᠳᠤᠷᠢᠳᠤᠮᠵᠢ ᠪᠠ ᠥᠷᠲᠡᠭ ᠤᠨ ᠬᠥᠭᠡᠭᠡᠴᠡᠯᠳᠦᠯ ᠢ ᠪᠠᠲᠤᠳᠬᠠᠵᠤ᠂ ᠠᠵᠤ ᠠᠬᠤᠢ ᠶᠢᠨ ᠬᠥᠭᠵᠢᠯᠲᠡ ᠶᠢ ᠡᠬᠢ ᠪᠠᠶᠠᠯᠢᠭ ᠲᠤ ᠲᠦᠰᠢᠭᠯᠡᠬᠦ ᠬᠡᠯᠪᠡᠷᠢ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠡᠯᠪᠡᠷᠢ ᠲᠡᠶᠢᠰᠢ ᠬᠤᠪᠢᠷᠠᠭᠤᠯᠬᠤ᠂ ᠪᠦᠳᠦᠭᠦᠯᠢᠭ ᠪᠦᠬᠡᠳ ᠶᠡᠭᠡ ᠨᠡᠭᠦᠷᠡᠰᠦᠲᠥ᠋ᠷᠥᠭᠴᠢᠲᠦ ᠬᠡᠯᠪᠡᠷᠢ ᠠᠴᠠ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠳᠤ ᠬᠡᠯᠪᠡᠷᠢ ᠲᠡᠶᠢᠰᠢ ᠪᠠᠨ ᠬᠤᠪᠢᠷᠠᠭᠤᠯᠬᠤ᠂ ᠲᠠᠷᠠᠬᠠᠶ ᠪᠤᠲᠠᠷᠬᠠᠶ᠂ ᠦᠷ᠎ᠡ ᠠᠰᠢᠭ ᠳᠤᠤᠷ᠎ᠠ ᠬᠡᠯᠪᠡᠷᠢ ᠠᠴᠠ ᠡᠷᠴᠢᠮᠯᠢᠭ ᠥᠨᠳᠥᠷ ᠪᠦᠲᠦᠮᠵᠢᠲᠡᠶ ᠬᠡᠯᠪᠡᠷᠢ ᠲᠡᠶᠢᠰᠢ ᠬᠤᠪᠢᠷᠠᠭᠤᠯᠬᠤ ᠶᠢ ᠬᠦᠴᠦᠳᠠᠢ ᠠᠬᠢᠭᠤᠯᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠭᠦᠯᠬᠦ ᠱᠠᠭᠠᠷᠳᠠᠯᠭ᠎ᠠ ᠲᠠᠢ ᠵᠤᠬᠢᠴᠠᠬᠤ ᠦᠭᠡᠢ ᠴᠢᠨᠠᠭᠰᠢᠯᠠᠪᠠᠯ ᠲᠡᠭᠦᠨ ᠲᠠᠢ ᠵᠦᠷᠢᠴᠡᠯᠳᠦᠬᠦ ᠦᠵᠡᠯ ᠰᠠᠨᠠᠭ᠎ᠠ ᠦᠵᠡᠯᠳᠡ᠂ ᠦᠢᠯᠡ ᠠᠵᠢᠯᠯᠠᠭ᠎ᠠ᠂ ᠬᠦᠭᠵᠢᠯᠳᠡ ᠶᠢᠨ ᠵᠠᠭᠪᠤᠷ ᠲᠤ ᠡᠷᠡᠰ ᠲᠤᠬᠢᠷᠠᠭᠤᠯᠤᠯᠳᠠ ᠬᠢᠵᠤ᠂ ᠵᠠᠯᠠᠷᠠᠭᠤᠯᠬᠤ ᠪᠠ ᠲᠠᠶᠠᠭᠳᠠᠵᠤ᠂ ᠪᠠᠶᠢᠳᠠᠯ ᠪᠤᠳᠤᠯᠢᠶᠠᠨᠲᠠᠶ ᠠᠴᠠ ᠪᠣᠯᠵᠤ ᠴᠢᠭᠯᠡᠯ ᠢᠶᠠᠨ ᠠᠯᠳᠠᠵᠤ ᠶᠠᠭᠠᠬᠢᠭᠰᠠᠨ ᠴᠤ ᠪᠣᠯᠬᠤ ᠦᠭᠡᠢ᠂ ᠨᠢᠭᠡᠨ ᠴᠠᠭ ᠤᠨ ᠠᠰᠢᠭ᠂ ᠨᠢᠭᠡᠨ ᠴᠠᠭ ᠤᠨ ᠬᠦᠴᠢᠷᠳᠡᠯ ᠠᠴᠠ ᠪᠤᠯᠵᠤ ᠤᠯᠵᠤ ᠠᠯᠳᠠᠬᠤ ᠶᠢ ᠪᠤᠳᠤᠵᠤ ᠪᠤᠯᠬᠤ ᠦᠭᠡᠢ᠂ ᠶᠠᠭᠠᠬᠢᠬᠰᠠᠨ ᠴᠤ ᠠᠵᠤ ᠠᠬᠤᠢ ᠶᠢᠨ ᠨᠡᠮᠡᠭᠳᠡᠯ ᠤᠨ ᠬᠡᠯᠪᠡᠯᠵᠡᠯ ᠤᠨ ᠪᠠᠶᠢᠳᠠᠯ ᠳᠤ ᠬᠦᠳᠦᠯᠦᠭᠳᠡᠨ ᠶᠠᠪᠤᠵᠤ ᠪᠣᠯᠬᠤ ᠦᠭᠡᠢ᠂ ᠶᠠᠭᠠᠬᠢᠬᠰᠠᠨ ᠴᠤ ᠪᠤᠴᠠᠵᠤ ᠬᠠᠭᠤᠴᠢᠨ ᠵᠠᠮ ᠢᠶᠠᠷ ᠢᠶᠠᠨ ᠵᠠᠮᠨᠠᠬᠤ ᠬᠡᠰᠡᠨ ᠬᠡᠢ ᠬᠦᠰᠡᠯ ᠪᠠᠶᠢᠵᠤ ᠪᠣᠯᠬᠤ ᠦᠭᠡᠢ᠂ ᠶᠡᠭᠡ ᠬᠤᠷᠠᠯ ᠠᠴᠠ ᠴᠢᠬᠤᠯᠠᠴᠢᠯᠠᠭᠰᠠᠨ ︽ᠲᠠᠪᠤᠨ ᠡᠷᠬᠡᠪᠰᠢ︾ ᠶᠢᠨ ᠴᠢᠬᠤᠯᠠ ᠱᠠᠭᠠᠷᠳᠠᠯᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠮᠡᠳᠡᠬᠦᠶ ᠬᠢᠬᠦᠶ ᠶᠢ ᠨᠢᠭᠡᠳᠭᠡᠬᠦ᠂ ᠬᠡᠵᠢᠶᠡᠳᠡ ᠦᠯᠦ ᠬᠤᠪᠢᠷᠠᠬᠤ ᠶᠢ ᠪᠡᠶᠡᠯᠡᠭᠦᠯᠬᠦ ᠬᠡᠷᠡᠭᠳᠠᠢ᠃      ᠪᠢᠳᠡ ᠡᠷᠬᠡᠪᠰᠢ ᠰᠢᠷᠭᠠᠭᠤ ᠬᠠᠲᠠᠭᠤᠵᠢᠯᠲᠠᠢ ᠠᠵᠢᠯᠯᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠨᠢᠭᠡ ᠨᠢᠭᠡ ᠠᠰᠠᠭᠤᠳᠠᠯ ᠢᠶᠠᠷ ᠰᠢᠢᠳᠪᠦᠷᠢᠯᠡᠵᠤ᠂ ᠨᠢᠭᠡ ᠨᠢᠭᠡ ᠵᠦᠢᠯ ᠢᠶᠠᠷ ᠪᠣᠭᠤᠮᠲᠠ ᠰᠢᠪᠲᠤᠯᠵᠤ᠂ ᠨᠢᠭᠡ ᠨᠢᠭᠡ ᠵᠦᠢᠯ ᠢᠶᠠᠷ ᠨᠠᠶᠢᠳᠠᠪᠤᠷᠢᠵᠢᠭᠤᠯᠵᠤ᠂ ᠬᠢᠪᠡᠰᠦ ᠵᠣᠬᠢᠬᠤ ᠶᠠᠪᠤᠳᠠᠯ ᠳᠤ ᠡᠷᠬᠡᠪᠰᠢ ᠡᠭᠦᠷᠭᠡ ᠶᠢ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠡᠳᠦᠢ ᠬᠦᠴᠢᠷ ᠪᠠᠶᠢᠯ᠎ᠠ ᠴᠤ ᠭᠡᠰᠡᠨ ᠬᠢᠬᠦ ᠬᠡᠷᠡᠭᠲᠡᠢ︔ ᠬᠠᠷᠢᠭᠤᠴᠠᠪᠠᠰᠤ ᠵᠤᠬᠢᠬᠤ ᠬᠠᠷᠢᠭᠤᠴᠠᠯᠭ᠎ᠠ ᠳᠤ ᠡᠷᠬᠡᠪᠰᠢ ᠴᠡᠭᠡᠵᠢ ᠲᠦᠷᠢᠨ ᠭᠠᠷᠴᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠠᠷᠠᠰᠤ ᠮᠢᠬ᠎ᠠ ᠬᠤᠬᠵᠢᠷᠠᠬᠰᠠᠨ ᠴᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠶᠠᠭᠠᠬᠢᠭᠰᠠᠨ ᠴᠤ ᠭᠠᠷ ᠡᠷᠭᠢᠭᠦᠯᠦᠨ ᠵᠢᠭᠠᠵᠤ ᠲᠤᠬᠢᠭᠴᠢ᠂ ᠬᠠᠨᠴᠤᠢ ᠳᠤᠭᠲᠦ᠋ᠢᠯᠠᠨ ᠬᠠᠵᠠᠭᠤ ᠠᠴᠠ ᠨᠢ ᠬᠠᠷᠠᠭᠴᠢ᠂ ᠶᠠᠭᠤ ᠴᠤ ᠬᠢᠬᠦ ᠦᠬᠡᠢ ᠵᠠᠮ ᠤᠨ ᠬᠦᠮᠦᠨ ᠪᠤᠯᠵᠤ ᠪᠣᠯᠬᠤ ᠦᠭᠡᠢ᠃ ᠡᠷᠡᠯᠬᠡᠭᠯᠡᠨ ᠤᠷᠤᠭᠰᠢᠯᠠᠬᠤ ᠲᠦᠷᠰᠦ ᠪᠠᠶᠢᠳᠠᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠡᠷᠴᠢ ᠵᠣᠷᠢᠭ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠤᠷᠲᠠᠯ᠂ ᠰᠠᠨᠠᠬᠰᠠᠨ ᠳᠠᠭᠠᠨ ᠬᠦᠷᠬᠦ ᠪᠠᠷ ᠰᠢᠨᠳᠠᠷᠠᠰᠢ ᠦᠭᠡᠢ ᠴᠢᠷᠮᠠᠶᠢᠬᠤ᠂ ᠵᠣᠷᠢᠯᠭ᠎ᠠ ᠳᠠᠭᠠᠨ ᠬᠦᠷᠬᠦ ᠦᠭᠡᠢ ᠪᠣᠯ ᠵᠣᠭᠰᠣᠬᠤ ᠦᠭᠡᠢ ᠪᠠᠶᠢᠬᠤ ᠪᠠᠶᠢᠳᠠᠯ ᠢᠶᠠᠨ ᠢᠮᠠᠭᠲᠠ ᠪᠠᠲᠤᠯᠠᠵᠤ᠂ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠨᠡᠩ ᠶᠡᠭᠡ ᠦᠷ᠎ᠡ ᠪᠦᠲᠦᠭᠡᠯ ᠤᠯᠬᠤ᠂ ᠠᠮᠢ ᠠᠬᠤᠢ ᠶᠢᠨ ᠣᠷᠴᠢᠨ ᠲᠤᠭᠤᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠨᠡᠩ ᠶᠡᠭᠡ ᠦᠷ᠎ᠡ ᠪᠦᠲᠦᠮᠵᠢ ᠤᠯᠬᠤ᠂ ᠠᠷᠠᠳ ᠤᠯᠠᠨ ᠤ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠠᠵᠢᠯ ᠨᠡᠩ ᠶᠡᠭᠡ ᠠᠬᠢᠴᠠ ᠲᠠᠢ ᠪᠣᠯᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠥᠨᠳᠥᠷ ᠪᠦᠲᠦᠮᠵᠢᠲᠡᠶ ᠵᠠᠰᠠᠯᠲᠠ ᠨᠠᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠵᠤ᠂ ︽ᠬᠤᠶᠠᠷ ᠬᠠᠯᠬᠠᠪᠴᠢ︾ ᠶᠢ ᠨᠠᠩ ᠪᠠᠲᠤ ᠪᠠᠬᠢ ᠪᠣᠯᠭᠠᠵᠤ᠂ ︽ᠬᠤᠶᠠᠷ ᠰᠠᠭᠤᠷᠢᠨ︾ ᠤ ᠶᠠᠰᠤ ᠴᠢᠨᠠᠷ ᠢ ᠵᠡᠷᠭᠡ ᠪᠠᠷ ᠳᠡᠭᠡᠭᠰᠢᠯᠡᠭᠦᠯᠵᠦ᠂ ︽ᠨᠢᠭᠡ ᠪᠠᠬᠢᠯᠡᠯᠲᠡ︾ ᠶᠢᠨ ᠦᠢᠯᠡᠳᠦᠯ ᠢ ᠢᠯᠡᠷᠬᠡᠶ ᠪᠣᠯᠭᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠴᠢᠬᠤᠯᠠ ᠶᠡᠭᠡ ᠠᠯᠬᠤᠮ ᠢ ᠠᠯᠬᠤᠬᠤ ᠬᠡᠷᠡᠭᠲᠡᠢ᠃       ᠪᠢᠳᠡ ᠡᠷᠬᠡᠪᠰᠢ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠲᠤᠳᠬᠠᠵᠤ ᠠᠭᠤᠤ ᠦᠢᠯᠡᠰ ᠢ ᠴᠣᠭᠴᠠᠯᠠᠵᠤ᠂ ᠠᠷᠠᠳ ᠲᠦᠮᠡᠨ ᠢ ᠳᠡᠭᠡᠳᠦᠯᠡᠬᠦ᠂ ᠠᠷᠠᠳ ᠲᠦᠮᠡᠨ ᠳᠤ ᠨᠢᠬᠳᠠ ᠲᠦᠰᠢᠭᠯᠡᠬᠦ᠂ ᠠᠷᠠᠳ ᠲᠦᠮᠡᠨ ᠳᠤ ᠲᠠᠰᠤᠷᠠᠯᠲᠠ ᠦᠭᠡᠢ ᠪᠤᠶᠠᠨ ᠦᠶ᠋ᠯᠡᠳᠬᠦ᠂ ᠠᠷᠠᠳ ᠲᠦᠮᠡᠨ ᠤ ᠳᠤᠮᠳᠠ ᠪᠠᠲᠤ ᠦᠨᠳᠦᠰᠦᠯᠡᠬᠦ ᠶᠢ ᠢᠮᠠᠭᠲᠠ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠤᠨ ᠢᠷᠠᠭᠤ ᠠᠯᠳᠠᠷᠲᠤ ᠤᠯᠠᠮᠵᠢᠯᠠᠯ ᠢ ᠶᠡᠭᠡ ᠪᠠᠷ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠠᠮᠤᠭ ᠤᠨ ᠥᠷᠭᠡᠨ ᠳᠡᠯᠭᠡᠷ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠣᠨᠲ ᠢ ᠲᠠᠰᠤᠷᠠᠯᠲᠠ ᠦᠭᠡᠢ ᠪᠠᠬᠢᠵᠢᠭᠦᠯᠦᠨ ᠬᠥᠭᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ ᠢ ᠥᠷᠭᠡᠨ ᠢᠶᠠᠷ ᠨᠢᠭᠲᠠᠷᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠪᠠ ᠠᠷᠠᠳ ᠤᠨ ᠪᠦᠯᠬᠦᠮ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ ᠵᠢᠱᠢᠶ᠎ᠡ ᠦᠵᠡᠭᠦᠯᠵᠦ ᠳᠠᠭᠠᠭᠤᠯᠬᠤ ᠦᠶ᠋ᠯᠡᠳᠦᠯ ᠢ ᠭᠦᠶ᠋ᠴᠡᠳ ᠪᠠᠳᠠᠷᠠᠭᠤᠯᠵᠤ᠂ ᠦᠨᠳᠦᠰᠦᠨ ᠱᠠᠲᠤ ᠪᠠ ᠣᠯᠠᠨ ᠲᠦᠮᠡᠨ ᠤ ᠰᠢᠨ᠎ᠡ ᠶᠢ ᠡᠭᠦᠳᠦᠨ ᠦᠶ᠋ᠯᠡᠰ ᠪᠤᠰᠬᠠᠬᠤ ᠬᠠᠯᠠᠭᠤᠨ ᠰᠡᠳᠭᠢᠯᠭᠡ ᠶᠢ ᠭᠦᠶ᠋ᠴᠡᠳ ᠬᠥᠭᠵᠢᠭᠡᠵᠦ᠂ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢ ᠶᠡᠭᠡ ᠬᠤᠷᠠᠯ ᠠᠴᠠ ᠲᠤᠬᠳᠠᠭᠠᠬᠰᠠᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ᠂ ᠲᠣᠭᠲᠠᠭᠰᠠᠨ ᠬᠠᠷᠠᠯᠲᠠ ᠡᠭᠦᠷᠭᠡ ᠳᠡᠭᠡᠷ᠎ᠡ ᠦᠨᠡᠨ ᠬᠦ ᠨᠢᠭᠲᠠᠷᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠢᠭᠡ ᠰᠡᠳᠭᠢᠯ ᠨᠢᠭᠡ ᠵᠤᠷᠢᠭ ᠢᠶᠠᠷ ᠬᠥᠭᠵᠢᠯᠲᠡ ᠶᠢ ᠰᠦᠪᠡᠭᠴᠢᠯᠡᠵᠦ᠂ ᠠᠯᠬᠤᠮ ᠨᠢᠭᠡᠲᠡᠶ ᠪᠠᠷ ᠠᠵᠢᠯᠯᠠᠬᠤ ᠬᠡᠷᠡᠭᠲᠡᠢ᠃     ᠪᠢᠳᠡ ᠡᠷᠬᠡᠪᠰᠢ ᠨᠠᠮ ᠢ ᠪᠦᠬᠦ ᠲᠠᠯ᠎ᠠ ᠪᠠᠷ ᠴᠢᠩᠭ᠎ᠠ ᠰᠠᠶᠢᠳᠤᠷ ᠬᠠᠮᠢᠶᠠᠷᠴᠤ᠂ ᠡᠭᠦᠷᠢᠳᠡ ᠵᠤᠭᠰᠤᠰᠢ ᠦᠭᠡᠢ ᠪᠠᠶᠢᠬᠤ ᠬᠤᠷᠴᠠ ᠰᠡᠷᠭᠡᠭ ᠪᠠᠶᠢᠳᠠᠯ ᠪᠠ ᠡᠷᠡᠰ ᠪᠠᠲᠤ ᠵᠤᠷᠢᠭ ᠢᠶᠠᠨ ᠢᠮᠠᠭᠲᠠ ᠪᠠᠲᠤᠯᠠᠵᠤ᠂ ᠰᠤᠯᠠᠷᠠᠵᠤ ᠠᠪᠬᠤ ᠲᠠᠯᠪᠢᠭᠤᠷᠠᠵᠤ ᠦᠵᠡᠬᠦ ᠰᠡᠳᠭᠢᠯᠭᠡ ᠪᠠ ᠨᠢᠭᠡᠨᠲᠡ ᠲᠦᠢᠯ ᠳᠠᠭᠠᠨ ᠲᠤᠯᠲᠠᠯ᠎ᠠ ᠴᠢᠩᠭᠠᠷᠠᠪᠠ ᠭᠡᠬᠦ ᠰᠡᠳᠭᠢᠯᠭᠡ ᠶᠢ ᠡᠷᠡᠰ ᠲᠡᠪᠴᠢᠵᠦ᠂ ᠵᠣᠷᠢᠭᠲᠠᠶ ᠪᠠᠷ ᠠᠰᠠᠭᠤᠳᠠᠯ ᠳᠤ ᠰᠢᠭᠤᠳ ᠬᠠᠨᠳᠤᠵᠤ᠂ ᠵᠣᠷᠢᠭᠲᠠᠶ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ᠂ ᠴᠢᠩᠭ᠎ᠠ ᠪᠠᠶᠢᠬᠤ ᠱᠠᠭᠠᠷᠳᠠᠯᠭ᠎ᠠ ᠶᠢ ᠨᠠᠮ ᠢ ᠬᠠᠮᠢᠶᠠᠷᠴᠤ ᠨᠠᠮ ᠢ ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠲᠠ ᠳᠤᠲᠠᠭᠳᠠᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠡᠷᠴᠢᠮ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠰᠤᠯᠠ ᠶᠡᠷᠦᠮᠳᠡᠭ ᠪᠤᠯᠬᠤ᠂ ᠳᠤᠷ᠎ᠠ ᠲᠡᠪᠡ ᠶᠢᠨ ᠪᠤᠯᠬᠤ᠂ ᠪᠦᠳᠦᠭᠦᠯᠢᠭ ᠪᠤᠯᠬᠤ᠂ ᠠᠷᠠᠯᠵᠢᠶᠠᠨ ᠤ ᠰᠢᠨᠵᠢ ᠲᠠᠢ ᠪᠤᠯᠬᠤ ᠵᠡᠷᠭᠡ ᠠᠰᠠᠭᠤᠳᠠᠯ ᠢ ᠬᠦᠴᠦᠯᠡᠨ ᠰᠢᠶ᠋ᠳᠪᠦᠷᠢᠯᠡᠵᠦ᠂ ︽ᠳᠥᠷᠪᠡᠨ ᠰᠤᠷᠲᠠᠯ︾ ᠢ ᠥᠴᠦᠬᠡᠨ ᠴᠦ ᠰᠤᠯᠠᠷᠠᠭᠤᠯᠤᠯ ᠥᠬᠡᠶ ᠵᠠᠯᠠᠷᠠᠭᠤᠯᠤᠨ ᠵᠠᠰᠠᠵᠤ ᠂ ᠢᠯᠵᠠᠷᠠᠯ ᠢ ᠥᠴᠦᠬᠡᠨ ᠴᠦ ᠢᠯᠳᠠᠷ ᠬᠠᠶᠠᠬᠤ ᠦᠭᠡᠢ ᠪᠠᠷ ᠵᠠᠯᠬᠠᠭᠠᠨ ᠰᠢᠢᠳᠭᠡᠵᠦ᠂ ᠢᠯᠵᠠᠷᠠᠯ ᠤᠨ ᠬᠡᠮᠵᠢᠶ᠎ᠡ ᠶᠢ ᠬᠦᠴᠦᠲᠡᠢ ᠪᠠᠭᠠᠰᠬᠠᠵᠤ᠂ ᠢᠯᠵᠡᠷᠡᠯ ᠤᠨ ᠨᠡᠮᠡᠭᠳᠡᠯ ᠢ ᠬᠤᠷᠢᠭᠯᠠᠵᠤ᠂ ᠬᠤᠤᠷᠳᠦ ᠬᠠᠪᠤᠳᠠᠷ ᠢ ᠡᠷᠡᠰ ᠬᠤᠰᠤᠨ ᠠᠪᠴᠤ᠂ ᠬᠤᠣᠷ ᠤᠨ ᠡᠬᠢ ᠶᠢ ᠠᠷᠢᠯᠭᠠᠬᠤ᠂ ᠲᠠᠷᠬᠠᠭᠰᠠᠨ ᠬᠤᠣᠷ ᠢ ᠡᠷᠡᠰ ᠴᠡᠪᠡᠷᠯᠡᠵᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠨᠢᠭᠡ ᠯᠡ ᠠᠮᠢᠰᠬᠤᠭ᠎ᠠ ᠪᠠᠷ ᠥᠪᠥᠷ ᠮᠣᠩᠭᠤᠯ ᠤᠨ ᠤᠯᠤᠰ ᠲᠥᠷᠥ ᠶᠢᠨ ᠠᠮᠢ ᠠᠬᠤᠶ ᠶᠢ ᠪᠥᠬᠦ ᠲᠠᠯ᠎ᠠ ᠪᠠᠷ ᠳᠠᠬᠢᠨ ᠴᠣᠭᠴᠠᠯᠠᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃      ᠲᠥᠯᠥᠭᠡᠯᠡᠭᠴᠢᠳ ᠡ᠂ ᠨᠥᠬᠦᠳ ᠡ︕ ᠠᠵᠠ ᠪᠠᠷ ᠪᠠᠳᠠᠷᠠᠯᠳᠤ ᠡᠷᠢᠨ ᠳᠤ ᠳᠤᠬᠢᠶᠠᠬᠰᠠᠨ ᠪᠠᠶᠢᠨ᠎ᠠ᠂ ᠴᠠᠭ ᠦᠶ᠎ᠠ ᠳᠤ ᠦᠯᠦ ᠣᠰᠣᠯᠳᠠᠶ᠎ᠠ︔ ᠡᠭᠦᠷᠭᠡ ᠬᠠᠷᠢᠭᠤᠴᠠᠯᠭ᠎ᠠ ᠮᠥᠷᠥᠨ ᠲᠡᠭᠡᠷ᠎ᠡ ᠲᠠᠯᠪᠢᠭᠳᠠᠵᠤ ᠪᠠᠶᠢᠨ᠎ᠠ᠂ ᠡᠭᠦᠷᠭᠡ ᠬᠠᠷᠢᠭᠤᠴᠠᠯᠭ᠎ᠠ ᠳᠠᠭᠠᠨ ᠦᠯᠦ ᠤᠰᠤᠯᠳᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠷᠡᠮᠡᠬᠡᠶᠢᠯᠡᠨ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠵᠢᠳᠬᠦᠯ ᠲᠡᠮᠡᠴᠡᠯ ᠢᠶᠠᠷ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠦᠨᠡᠨ ᠪᠣᠳᠠᠲᠠᠢ ᠠᠵᠢᠯᠯᠠᠵᠤ ᠰᠠᠶᠢᠨ ᠰᠠᠶᠢᠬᠠᠨ ᠢᠷᠡᠭᠡᠳᠦᠢ ᠶᠢ ᠴᠣᠭᠴᠠᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠵᠤ᠂ ᠨᠡᠩ ᠢᠲᠡᠭᠡᠯ ᠲᠡᠭᠦᠯᠳᠡᠷ᠂ ᠨᠡᠩ ᠲᠤᠷᠪᠢᠯᠢᠭ ᠬᠦᠴᠦᠳᠡᠢ ᠠᠯᠬᠤᠭ᠎ᠠ ᠪᠠᠷ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠯᠭᠠᠯᠲᠠ ᠳᠤ ᠤᠷᠤᠯᠴᠠᠬᠤ ᠰᠢᠨ᠎ᠡ ᠵᠠᠮ ᠢᠶᠠᠷ ᠰᠠᠶᠢᠲᠤᠷ ᠵᠠᠮᠨᠠᠶ᠎ᠠ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ