ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/12/6
 ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠥᠬᠦᠳᠡ ᠬᠤᠷᠠᠯ ᠳᠡᠭᠡᠷᠡᠬᠢ ᠶᠠᠷᠢᠶ᠎ᠠ                                   ︵2021 ᠣᠨ ᠤ 11 ᠰᠠᠷ᠎ᠠ ᠶᠢᠨ 30 ᠤ ᠡᠳᠦᠷ︶                                                  ᠱᠢ ᠲᠠᠢ ᠹᠧᠩ ᠨᠥᠬᠦᠳ ᠡ᠄        ᠰᠠᠶ᠋ᠢᠬᠠᠨ ᠲᠡᠭᠦᠰᠦᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢ ᠰᠣᠩᠭᠤᠨ ᠭᠠᠷᠭᠠᠵᠠᠢ᠃ ᠰᠠᠶ᠋ᠢᠬᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠠᠩᠬᠠᠳᠤᠭᠠᠷ ᠪᠦᠬᠦᠳᠡ ᠬᠤᠷᠠᠯ ᠠᠴᠠ ᠪᠠᠰᠠ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠣᠯᠤᠨ ᠱᠦᠵᠢ᠂ ᠳᠡᠳ᠋ ᠱᠦᠵᠢ ᠶᠢ ᠰᠣᠩᠭᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠩᠬᠠᠳᠤᠭᠠᠷ ᠪᠦᠬᠦᠳᠡ ᠬᠤᠷᠠᠯ ᠤᠨ ᠰᠣᠩᠭᠤᠭᠤᠯᠢ ᠶᠢᠨ ᠦᠷ᠎ᠡ ᠳ᠋ᠦᠩ ᠢ ᠪᠠᠲᠤᠯᠠᠪᠠ᠃ ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠢᠲᠡᠭᠡᠯ ᠨᠠᠶᠢᠲᠠᠯᠭ᠎ᠠ᠂ ᠪᠦᠬᠦ ᠣᠷᠣᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠢᠲᠡᠭᠡᠯ ᠨᠠᠶᠢᠲᠠᠯᠭ᠎ᠠ ᠮᠥᠨ᠃ ᠠᠳᠡ ᠪᠢ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ᠂ ᠤᠯᠠᠨ ᠤ ᠢᠲᠡᠭᠡᠯ ᠪᠣᠯᠤᠨ ᠳᠡᠮᠵᠢᠯᠭᠡ ᠳᠤ ᠴᠢᠩ ᠰᠡᠳᠭᠢᠯ ᠠᠴᠠ ᠪᠠᠨ ᠲᠠᠯᠠᠷᠬᠠᠵᠤ ᠪᠠᠶᠢᠨ᠎ᠠ︕      ᠠᠵᠢᠯ ᠤᠨ ᠬᠤᠪᠢᠷᠠᠯᠲᠠ ᠪᠠ ᠨᠠᠰᠤᠨ ᠤ ᠰᠢᠯᠲᠠᠭᠠᠨ ᠠᠴᠠ ᠪᠣᠯᠵᠣ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠵᠠᠷᠢᠮ ᠨᠥᠬᠦᠳ ᠳᠠᠭᠢᠵᠤ ᠰᠢᠨ᠎ᠡ ᠨᠢᠭᠡ ᠬᠤᠭᠤᠴᠠᠭᠠᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠲᠤ ᠣᠷᠣᠬᠤ ᠥᠬᠡᠶ ᠪᠣᠯᠪᠠ᠃ ᠡᠳᠡᠭᠡᠷ ᠨᠥᠬᠦᠳ ᠲᠤᠰᠢᠶᠠᠯ ᠳᠤ ᠪᠠᠶᠢᠬᠤ ᠬᠤᠭᠤᠴᠠᠭᠠᠨ ᠳᠠᠭᠠᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠥᠪᠥᠷ ᠮᠣᠩᠭᠤᠯ ᠤᠨ ᠬᠥᠭᠵᠢᠯᠲᠡ ᠳᠤ ᠶᠡᠭᠡ ᠬᠡᠮᠵᠢᠶᠡᠨ ᠤ ᠤᠶᠤᠨ ᠤᠬᠠᠭᠠᠨ ᠢᠶᠠᠨ ᠰᠢᠪᠬᠠᠵᠦ᠂ ᠴᠢᠬᠤᠯᠠ ᠬᠤᠪᠢ ᠨᠡᠮᠡᠷᠢ ᠦᠵᠡᠭᠦᠯᠵᠡᠢ᠃ ᠪᠢᠳᠡ ᠡᠳᠡᠭᠡᠷ ᠨᠥᠬᠦᠳ ᠲᠤ ᠴᠢᠩ ᠰᠡᠳᠭᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠭᠦᠯᠦᠶ᠎ᠡ︕       ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠳᠡᠭᠡᠷ᠎ᠡ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠭᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠥᠩᠭᠡᠷᠡᠭᠰᠡᠨ ᠲᠠᠪᠤᠨ ᠵᠢᠯ ᠤᠨ ᠠᠵᠢᠯ ᠪᠠ ᠠᠮᠵᠢᠯᠲᠠ ᠪᠦᠲᠦᠮᠵᠢ ᠶᠢ ᠪᠦᠬᠦ ᠲᠠᠯ᠎ᠠ ᠪᠠᠷ ᠳ᠋ᠦᠩᠨᠡᠵᠦ᠂ ᠨᠡᠶᠢᠭᠡᠮ ᠵᠢᠷᠤᠮᠲᠦ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠵᠠᠮ ᠳᠠᠬᠢ ᠥᠪᠥᠷ ᠮᠣᠩᠭᠤᠯ ᠤᠨ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠡᠬᠢᠯᠡᠯᠲᠡ ᠶᠢᠨ ᠱᠠᠲᠤᠨ ᠤ ᠬᠠᠷᠠᠯᠲᠠ ᠡᠭᠦᠷᠭᠡ ᠶᠢ ᠲᠣᠳᠣᠷᠬᠠᠢ ᠳᠤᠷᠠᠳᠴᠤ᠂ ᠥᠪᠡᠷᠲᠡᠭᠡᠨ ᠵᠠᠰᠠᠬᠤ ᠣᠷᠣᠨ ᠤ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠰᠦᠪ ᠢ ᠵᠢᠷᠤᠭᠯᠠᠵᠦ᠂ ᠪᠦᠬᠦ ᠣᠷᠣᠨ ᠳᠠᠶᠠᠭᠠᠷ ᠤᠨ ᠰᠢᠨ᠎ᠡ ᠠᠶᠠᠨ ᠳᠤ ᠡᠷᠡᠮᠡᠭᠡᠶᠢᠯᠡᠨ ᠤᠷᠤᠬᠰᠢᠯᠠᠨ᠂ ᠰᠢᠨ᠎ᠡ ᠴᠠᠭ ᠦᠶ᠎ᠠ ᠳᠤ ᠭᠠᠪᠢᠶ᠎ᠠ ᠪᠠᠶᠢᠭᠤᠯᠬᠤ ᠳᠤ ᠢᠲᠡᠭᠡᠯ ᠢ ᠨᠢ ᠪᠠᠲᠤᠳᠬᠠᠵᠦ᠂ ᠬᠦᠴᠦᠷᠬᠡᠭ ᠶᠡᠭᠡ ᠬᠦᠴᠦᠨ ᠢ ᠨᠢᠭᠲᠠᠷᠠᠭᠤᠯᠪᠠ᠃ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠭᠡᠵᠦ᠂ ᠰᠢᠨ᠎ᠡ ᠭᠠᠷᠤᠭ᠎ᠠ ᠳᠤ ᠰᠠᠭᠤᠷᠢᠯᠠᠨ᠂ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠲᠦᠷᠢ ᠲᠥᠷᠬᠦ ᠶᠢ ᠱᠤᠭᠤᠵᠤ᠂ ᠡᠭᠦᠷᠢᠳᠡ ᠦᠯᠦ ᠴᠠᠯᠠᠭᠠᠶᠢᠷᠠᠬᠤ ᠤᠶᠤᠨ ᠰᠠᠨᠠᠭᠠᠨ ᠤ ᠳᠦᠷᠰᠦ ᠪᠠᠶᠢᠳᠠᠯ ᠪᠣᠯᠤᠨ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠢᠶᠠᠷ᠂ ᠰᠢᠨ᠎ᠡ ᠰᠢᠯᠭᠠᠯᠲᠠ ᠳᠤ ᠣᠷᠣᠯᠴᠠᠬᠤ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠵᠤ᠂ ᠨᠠᠮ ᠪᠣᠯᠤᠨ ᠠᠷᠠᠳ ᠲᠦᠮᠡᠨ ᠳᠤ ᠲᠠᠭᠠᠰᠢᠶᠠᠭᠳᠠᠭᠰᠠᠨ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠪᠠᠷ ᠴᠢᠷᠮᠠᠶᠢᠬᠤ ᠬᠡᠷᠡᠭᠲᠡᠢ᠃ ᠪᠥᠬᠦᠳᠡ ᠬᠤᠷᠠᠯ ᠠᠴᠠ ᠨᠠᠮᠠᠶᠢ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠪᠠᠷ ᠰᠣᠩᠭᠤᠪᠠ᠂ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠶ ᠭᠡᠳᠡᠭ ᠢ ᠪᠢ ᠭᠦᠨᠵᠡᠭᠡᠶ ᠣᠶᠢᠯᠠᠭᠠᠵᠤ ᠪᠠᠶᠢᠨ᠎ᠠ᠃ ᠪᠢ ᠤᠯᠠᠨ ᠲᠠᠢ ᠬᠠᠮᠲᠤ ᠪᠠᠷ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠪᠠᠷ ᠡᠭᠦᠷᠭᠡ ᠬᠠᠷᠢᠭᠤᠴᠠᠯᠭ᠎ᠠ ᠡᠭᠦᠷᠭᠡᠯᠡᠵᠦ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠭᠡᠵᠦ᠂ ᠰᠢᠷᠭᠠᠭᠤ ᠠᠵᠢᠯᠯᠠᠵᠤ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠪᠣᠯᠤᠨ ᠺᠠᠳ᠋ᠷ ᠤᠯᠠᠨ ᠲᠦᠮᠡᠨ ᠳᠤ ᠴᠢᠩᠭ᠎ᠠ ᠲᠦᠰᠢᠭᠯᠡᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠨᠠᠮ ᠪᠣᠯᠤᠨ ᠠᠷᠠᠳ ᠲᠦᠮᠡᠨ ᠤ ᠢᠲᠡᠭᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠃      ᠳᠣᠣᠷ᠎ᠠ ᠪᠢ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠬᠡᠳᠦᠨ ᠰᠠᠨᠠᠯ ᠶᠠᠷᠢᠶ᠎ᠠ᠃      ᠨᠢᠭᠡᠳᠦᠭᠡᠷ ᠲᠤ᠂ ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠴᠢᠨᠠᠷ ᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠡᠨᠡ ᠪᠣᠯ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠯᠤᠰ ᠲᠦᠷᠦ ᠶᠢᠨ ᠤᠷᠢᠲᠠᠯ ᠮᠥᠨ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠭᠠᠰᠢ᠂ ᠮᠠᠨ ᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠷᠢᠳ ᠡᠮᠦᠨ᠎ᠡ ᠭᠠᠷᠤᠭ᠎ᠠ ᠦᠭᠡᠢ ᠠᠶᠤᠯ ᠲᠦᠭᠰᠢᠭᠦᠷᠢ ᠥᠷᠢᠰᠥᠯᠳᠦᠭᠡᠨ ᠤ ᠳᠤᠮᠳᠠ ᠡᠷᠡᠮᠡᠬᠡᠶᠢᠯᠡᠨ ᠤᠷᠤᠭᠰᠢᠯᠠᠵᠤ᠂ ᠤᠷᠳᠤ ᠬᠤᠭᠤᠴᠠᠭ᠎ᠠ ᠪᠠᠷ ᠬᠤᠷᠠᠮᠳᠤᠭᠰᠠᠨ ᠵᠥᠷᠢᠴᠡᠯ ᠬᠦᠴᠢᠷᠳᠡᠯ ᠤᠨ ᠳᠤᠮᠳᠠ ᠡᠷᠡᠮᠡᠬᠡᠶᠢᠯᠡᠨ ᠤᠷᠤᠭᠰᠢᠯᠠᠵᠤ ᠰᠢᠪᠲᠤᠯᠤᠯᠲᠠ ᠭᠠᠷᠭᠠᠵᠤ ᠴᠢᠳᠠᠭᠰᠠᠨ ᠤ ᠦᠨᠳᠦᠰᠦ ᠨᠢ ︽ᠬᠤᠶᠠᠷ ᠢ ᠲᠣᠭᠲᠠᠭᠠᠬᠤ︾᠂ ︽ᠬᠤᠶᠠᠷ ᠢ ᠬᠠᠮᠠᠭᠠᠯᠠᠬᠤ︾ ᠬᠦᠴᠦᠷᠬᠡᠭ ᠶᠡᠭᠡ ᠤᠯᠤᠰ ᠲᠦᠷᠦ ᠶᠢᠨ ᠤᠳᠤᠷᠢᠳᠬᠤ ᠬᠦᠴᠦᠨ ᠪᠣᠯᠤᠨ ᠦᠵᠡᠯ ᠰᠠᠨᠠᠭᠠᠨ ᠤ ᠬᠦᠳᠦᠯᠥᠨ ᠳᠠᠭᠠᠭᠤᠯᠬᠤ ᠬᠦᠴᠦᠨ ᠳᠤ ᠪᠤᠢ᠃ ᠪᠢᠳᠡ ᠡᠷᠬᠡᠪᠰᠢ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠬᠤ︾ ᠶᠢᠨ ᠰᠢᠶ᠋ᠳᠪᠦᠷᠢᠯᠡᠭᠴᠢ ᠴᠢᠨᠠᠷᠲᠠᠶ ᠠᠴᠢ ᠬᠤᠯᠪᠣᠭᠳᠠᠯ ᠪᠠ ᠦᠶ᠋ᠯᠡᠳᠦᠯᠭᠡ ᠶᠢᠨ ᠴᠢᠨᠠᠷᠲᠠᠶ ᠱᠠᠭᠠᠷᠳᠠᠯᠭ᠎ᠠ ᠶᠢ ᠦᠨᠡᠨ ᠬᠦ ᠰᠡᠳᠭᠢᠯ ᠳᠡᠭᠡᠨ ᠰᠢᠩᠭᠡᠭᠡᠵᠦ ᠂ ᠦᠶ᠋ᠯᠡ ᠠᠵᠢᠯᠯᠠᠭ᠎ᠠ ᠳᠠᠭᠠᠨ ᠢᠯᠡᠷᠡᠬᠦᠯᠵᠦ᠂ ᠣᠯᠠᠨ ᠲᠦᠮᠡᠨ ᠳᠤ ᠬᠥᠮᠦᠵᠢᠯ ᠬᠦᠷᠲᠡᠭᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠠᠷ ᠬᠠᠮᠤᠭ ᠤᠨ ᠳᠡᠭᠡᠳᠦ ᠤᠯᠤᠰ ᠲᠥᠷᠥ ᠶᠢᠨ ᠱᠠᠭᠠᠷᠳᠠᠯᠭ᠎ᠠ᠂ ᠬᠠᠮᠤᠭ ᠤᠨ ᠳᠡᠭᠡᠳᠦ ᠤᠯᠤᠰ ᠲᠥᠷᠥ ᠶᠢᠨ ᠰᠠᠬᠢᠯᠭ᠎ᠠ ᠪᠠᠲᠤ᠂ ᠬᠠᠮᠤᠭ ᠤᠨ ᠳᠡᠭᠡᠳᠦ ᠤᠯᠤᠰ ᠲᠥᠷᠥ ᠶᠢᠨ ᠡᠭᠦᠷᠭᠡ ᠪᠣᠯᠭᠠᠵᠤ᠂ ᠨᠢᠭᠡᠳᠦᠯᠲᠡᠶ ᠦᠵᠡᠯ ᠰᠠᠨᠠᠭ᠎ᠠ᠂ ᠪᠠᠲᠤ ᠴᠢᠩᠭ᠎ᠠ ᠲᠣᠭᠲᠠᠯ ᠬᠦᠴᠦᠨ᠂ ᠰᠢᠨᠵᠢᠯᠡᠬᠦ ᠤᠬᠠᠭᠠᠨᠴᠢ ᠲᠦᠷᠢᠮ᠂ ᠴᠢᠩᠭ᠎ᠠ ᠲᠣᠳᠣᠷᠬᠠᠶ ᠰᠠᠬᠢᠯᠭ᠎ᠠ ᠪᠠᠲᠤ ᠪᠠᠷ ᠤᠯᠤᠰ ᠲᠦᠷᠦ ᠶᠢᠨ ᠦᠨᠡᠨᠴᠢ ᠰᠢᠳᠤᠷᠭᠤ ᠶᠢ ᠦᠶ᠋ᠯᠡᠳᠦᠯᠭᠡᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠴᠤᠴᠠᠯᠲᠠ ᠥᠬᠡᠶ ᠤᠷᠤᠭᠰᠢᠯᠠᠵᠤ᠂ ᠡᠴᠦᠰ ᠲᠤᠨᠢ ᠲᠤᠯᠲᠠᠯ᠎ᠠ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠶ᠋ᠯ ᠤᠨ ᠠᠵᠢᠯ ᠦᠶ᠋ᠯᠡᠰ ᠤᠨ ᠠᠯᠤᠰ ᠢ ᠵᠣᠷᠢᠨ ᠯᠠᠪᠳᠠᠭᠤᠨ ᠪᠠᠳᠤᠳᠠᠢ ᠤᠷᠤᠬᠰᠢᠯᠠᠬᠤ ᠶᠢ ᠪᠠᠲᠤᠯᠠᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠪᠣᠯ ᠪᠣᠳᠠᠲᠠᠢ ᠦᠢᠯᠡᠳᠦᠯᠭᠡ ᠮᠥᠨ᠂ ᠠᠮᠠᠨ ᠳᠡᠭᠡᠷ᠎ᠡ ᠪᠠᠨ ᠬᠡᠯᠡᠭᠡᠳ ᠯᠡ ᠪᠠᠶᠢᠵᠤ ᠪᠣᠯᠬᠤ ᠦᠭᠡᠢ᠃ ᠤᠯᠤᠰ ᠲᠦᠷᠦ ᠶᠢᠨ ᠦᠨᠡᠨᠴᠢ ᠰᠢᠳᠤᠷᠭᠤ ᠪᠠᠶᠢᠬᠤ ᠪᠠᠨ ᠨᠠᠮ ᠪᠣᠯᠤᠨ ᠤᠯᠤᠰ ᠤᠨ ᠶᠡᠭᠡ ᠲᠠᠯ᠎ᠠ ᠳᠤ ᠰᠠᠭᠤᠷᠢᠯᠠᠨ ᠥᠪᠥᠷ ᠮᠣᠩᠭᠤᠯ ᠤᠨ ᠬᠠᠷᠢᠭᠤᠴᠠᠯᠭ᠎ᠠ ᠶᠢ ᠡᠭᠦᠷᠭᠡᠯᠡᠬᠦ᠂ ᠥᠪᠥᠷ ᠮᠣᠩᠭᠤᠯ ᠳᠤ ᠬᠦᠴᠦᠨ ᠴᠢᠳᠠᠯ ᠢᠶᠠᠨ ᠡᠷᠭᠦᠬᠦ ᠳᠡᠭᠡᠷ᠎ᠡ ᠢᠯᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ︽ᠲᠠᠪᠤᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ︾ ᠶᠢ ᠭᠦᠢᠴᠡᠳᠭᠡᠬᠦ ᠳᠡᠭᠡᠷ᠎ᠡ ᠨᠠᠶᠢᠳᠠᠪᠤᠷᠢᠵᠢᠭᠤᠯᠵᠤ᠂ ᠤᠯᠤᠰ ᠤᠨ ᠶᠡᠭᠡ ᠲᠠᠯ᠎ᠠ᠂ ᠤᠯᠤᠰ ᠤᠨ ᠴᠢᠬᠤᠯᠠ ᠶᠠᠪᠤᠳᠠᠯ᠂ ᠤᠯᠤᠰ ᠤᠨ ᠶᠡᠭᠡ ᠶᠠᠪᠤᠳᠠᠯ᠂ ᠤᠯᠤᠰ ᠤᠨ ᠶᠡᠭᠡ ᠪᠤᠳᠤᠯᠭ᠎ᠠ ᠶᠢ ᠴᠠᠭ ᠢᠮᠠᠭᠲᠠ ᠠᠵᠢᠭᠯᠠᠵᠤ᠂ ᠰᠡᠳᠭᠢᠵᠦ᠂ ᠦᠢᠯᠡᠳᠦᠯᠭᠡᠵᠢᠭᠦᠯᠵᠦ᠂ ᠶᠡᠭᠡ ᠲᠠᠯ᠎ᠠ ᠶᠢ ᠨᠡᠩ ᠰᠠᠶᠢᠲᠤᠷ ᠲᠠᠭᠠᠬᠤ ᠪᠠ ᠦᠢᠯᠡᠴᠢᠯᠡᠬᠦ ᠳᠤᠮᠳᠠ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠭᠤᠤᠯᠳᠠᠯᠭ᠎ᠠ ᠶᠢᠨ ᠳᠤᠳᠤᠷᠠᠬᠢ ᠭᠤᠤᠯᠳᠠᠯᠭ᠎ᠠ᠂ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠡᠭᠦᠨ ᠤ ᠳᠣᠲᠣᠷᠠᠬᠢ ᠤᠯᠤᠰ ᠲᠦᠷᠦ ᠶᠢᠨ ᠪᠠᠷᠢᠮᠵᠢᠶ᠎ᠠ ᠪᠣᠯᠤᠨ ᠤᠯᠤᠰ ᠲᠦᠷᠦ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠡᠯ᠎ᠡ ᠵᠦᠢᠯ ᠤᠨ ᠠᠵᠢᠯ ᠳᠠᠭᠠᠨ ᠪᠦᠷᠢᠨ ᠪᠦᠲᠦᠨ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠥᠬᠦᠴᠡᠯ ᠲᠤᠷᠠᠳᠬᠤ ᠦᠭᠡᠢ᠂ ᠦᠭᠡᠷᠡᠳᠤᠭᠦᠯᠦᠨ ᠬᠤᠪᠢᠷᠠᠭᠤᠯᠬᠤ ᠦᠭᠡᠢ᠂ ᠳᠡᠷᠡ ᠬᠡᠪ ᠢᠶᠠᠷ ᠨᠢ ᠪᠠᠶᠢᠯᠭᠠᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠥᠪᠥᠷ ᠮᠣᠩᠭᠤᠯ ᠳᠤ ᠬᠦᠴᠦᠲᠡᠢ ᠪᠦᠲᠦᠮᠵᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠤᠶᠠᠳᠤᠭᠠᠷ ᠲᠤ᠂ ᠠᠷᠠᠳ ᠤᠨ ᠲᠥᠯᠥᠭᠡ ᠭᠡᠬᠦ ᠴᠢᠩ ᠦᠨᠡᠨᠴᠢ ᠡᠭᠡᠯ ᠪᠣᠷᠣᠭᠵᠢᠭᠤᠨ ᠬᠠᠶᠢᠷ᠎ᠠ ᠰᠡᠳᠭᠢᠯᠭᠡ ᠶᠢ ᠢᠮᠠᠭᠲᠠ ᠪᠠᠷᠢᠮᠲᠠᠯᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯᠤᠨ ᠦᠨᠳᠦᠰᠦᠨ ᠵᠣᠷᠢᠯᠲᠠ ᠶᠢ ᠭᠤᠶᠢᠪᠢᠰᠢ ᠦᠭᠡᠢ ᠦᠢᠯᠡᠳᠦᠯᠭᠡᠵᠢᠭᠦᠯᠬᠦ ᠬᠡᠷᠡᠭᠲᠡᠢ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠳᠠᠷᠤᠢ ᠮᠠᠨ ᠤ ᠲᠡᠮᠡᠴᠡᠬᠦ ᠬᠠᠷᠠᠯᠲᠠ ᠮᠥᠨ᠂ ᠠᠷᠠᠳ ᠲᠦᠮᠡᠨ ᠢ ᠵᠤᠯ ᠵᠢᠷᠭᠠᠯ ᠲᠠᠢ ᠠᠮᠢᠳᠤᠷᠠᠭᠤᠯᠬᠤ ᠪᠣᠯ ᠮᠠᠨ ᠤ ᠠᠯᠢᠪᠠ ᠠᠵᠢᠯ ᠤᠨ ᠵᠤᠷᠢᠯᠳᠠ ᠪᠠ ᠳᠤᠰᠤᠯᠳᠠ ᠮᠥᠨ᠃ ᠰᠢᠨ᠎ᠡ ᠬᠥᠭᠵᠢᠯᠲᠡ ᠶᠢᠨ ᠱᠠᠲᠤᠨ ᠳᠤ ᠤᠷᠤᠭᠰᠠᠨ ᠤ ᠳᠠᠷᠠᠭ᠎ᠠ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶᠢᠨ ᠰᠠᠶᠢᠬᠠᠨ ᠠᠮᠢᠳᠤᠷᠠᠯ ᠳᠤ ᠨᠠᠩ ᠥᠨᠳᠥᠷ ᠬᠦᠰᠡᠯ ᠡᠷᠡᠮᠡᠯᠵᠡᠯ ᠲᠠᠢ ᠪᠣᠯᠵᠣ᠂ ᠮᠠᠨ ᠤ ᠣᠷᠣᠨ ᠤ ᠠᠷᠠᠳ ᠤᠨ ᠠᠮᠢᠳᠤᠷᠠᠯ ᠤᠨ ᠠᠵᠢᠯ ᠪᠣᠯᠤᠨ ᠨᠡᠶᠢᠭᠡᠮ ᠤᠨ ᠪᠠᠶᠢᠭᠤᠯᠤᠯᠲᠠ ᠨᠢ ᠣᠶᠢᠯᠠᠭᠠᠭᠳᠠᠬᠤᠨ᠂ ᠠᠷᠭ᠎ᠠ ᠬᠡᠮᠵᠢᠶ᠎ᠡ᠂ ᠲᠣᠭᠲᠠᠴᠠ ᠵᠡᠷᠭᠡ ᠲᠠᠯ᠎ᠠ ᠪᠠᠷ ᠪᠠᠰᠠ ᠪᠠᠭ᠎ᠠ ᠪᠤᠰᠤ ᠵᠥᠷᠢᠶ᠎ᠡ ᠣᠷᠣᠰᠢᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤᠮᠳᠠ ᠴᠢᠨᠠᠷ ᠰᠠᠶᠢᠲᠠᠢ ᠠᠮᠢᠳᠤᠷᠠᠯ ᠢ ᠴᠣᠭᠴᠠᠯᠠᠬᠤ ᠶᠢᠨ ᠲᠣᠭᠤᠷᠢᠨ ᠳᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠬᠦ ᠲᠤᠬᠠᠢ ᠠᠯᠢ ᠣᠯᠠᠨ ᠴᠢᠬᠤᠯᠠ ᠶᠡᠭᠡ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃ ᠪᠢᠳᠡ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ᠂ ᠠᠷᠠᠳ ᠲᠦᠮᠡᠨ ᠢ ᠦᠨᠡᠨ ᠬᠦ ᠠᠮᠤᠷ ᠲᠠᠶᠢᠪᠤᠩ ᠠᠵᠤ ᠲᠥᠷᠥᠭᠦᠯᠬᠦ᠂ ᠠᠮᠤᠷ ᠲᠦᠪᠰᠢᠨ ᠠᠶᠤᠯ ᠲᠦᠭᠰᠢᠭᠦᠷᠢ ᠬᠠᠯᠠᠭᠤᠨ ᠬᠦᠢᠲᠡᠨ ᠢ ᠨᠢ ᠰᠡᠳᠭᠢᠯ ᠳᠡᠭᠡᠨ ᠪᠤᠳᠤᠬᠤ᠂ ᠠᠷᠠᠳ ᠲᠦᠮᠡᠨ ᠳᠤ ᠪᠤᠶᠠᠨ ᠦᠶ᠋ᠯᠡᠳᠬᠦ ᠶᠢ ᠬᠠᠮᠤᠭ ᠤᠨ ᠴᠢᠬᠤᠯᠠ ᠵᠠᠰᠠᠭ ᠤᠨ ᠠᠵᠢᠯ ᠤᠨ ᠬᠢᠷᠢ ᠪᠦᠲᠦᠮᠵᠢ᠂ ᠬᠠᠮᠤᠭ ᠤᠨ ᠦᠨᠳᠦᠰᠦᠨ ᠡᠭᠦᠷᠭᠡ ᠬᠠᠷᠢᠭᠤᠴᠠᠯᠭ᠎ᠠ ᠪᠤᠯᠭᠠᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠣᠨᠣᠴᠢᠯᠠᠯᠳᠠ᠂ ᠤᠯᠠᠨ ᠨᠡᠶᠢᠲᠡ ᠶᠢᠨ ᠦᠢᠯᠡᠴᠢᠯᠡᠭᠡ ᠶᠢᠨ ᠠᠳᠠᠯᠢ ᠲᠡᠭᠰᠢᠴᠢᠯᠡᠯᠳᠡ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠬᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ᠠᠵᠤ ᠠᠬᠤᠶ ᠶᠢᠨ ᠬᠥᠭᠵᠢᠯᠲᠡ ᠶᠢᠨ ᠠᠷᠠᠳ ᠤᠨ ᠠᠮᠢᠳᠤᠷᠠᠯ ᠤᠨ ᠤᠳᠤᠷᠢᠳᠤᠮᠵᠢ ᠶᠢ ᠨᠠᠩ ᠳᠣᠪᠤᠶᠢᠯᠭᠠᠵᠦ᠂ ᠮᠡᠳᠡᠭᠡ ᠵᠠᠩᠭᠢᠵᠢᠯᠲᠠ ᠶᠢᠨ ᠣᠳᠣᠬᠢᠴᠢᠯᠠᠯᠲᠠ ᠶᠢᠨ ᠠᠷᠭ᠎ᠠ ᠪᠠᠷᠢᠯ ᠢ ᠠᠰᠢᠭᠯᠠᠨ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ ᠨᠡᠩ ᠴᠢᠬᠤᠯᠠᠴᠢᠯᠠᠵᠦ᠂ ᠣᠯᠠᠨ ᠲᠦᠮᠡᠨ ᠤ ᠠᠩᠬᠠᠷᠴᠤ ᠪᠠᠶᠢᠭ᠎ᠠ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ᠂ ᠤᠷᠤᠨ ᠰᠠᠭᠤᠴᠠ᠂ ᠨᠠᠰᠤᠵᠢᠯ ᠤᠨ ᠠᠰᠠᠷᠠᠮᠵᠢ᠂ ᠢᠳᠡᠭᠡᠨ ᠤ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠪᠣᠳᠠᠲᠠᠶ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠠᠵᠦ᠂ ᠨᠢᠭᠡᠳ ᠨᠢᠭᠡ ᠪᠠᠷ ᠵᠠᠯᠭᠠᠨ ᠬᠢᠵᠦ᠂ ᠨᠢᠭᠡ ᠵᠢᠯ ᠨᠢᠭᠡ ᠵᠢᠯ ᠢᠶᠠᠷ ᠴᠢᠷᠮᠠᠶᠢᠨ ᠠᠵᠢᠯᠯᠠᠵᠤ᠂ ᠣᠯᠠᠨ ᠲᠦᠮᠡᠨ ᠢ ᠳᠠᠭᠠᠭᠤᠯᠤᠨ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠶᠢ ᠪᠡᠶᠡᠯᠡᠭᠦᠯᠬᠦ ᠪᠠᠷ ᠯᠠᠪᠳᠠᠭᠤᠨ ᠪᠠᠲᠤᠲᠠᠶ ᠤᠷᠤᠭᠰᠢᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ᠂ ᠰᠥᠨᠥᠭᠡᠬᠦ ᠳᠠᠶᠢᠯᠠᠯᠳᠤᠭᠠᠨ ᠢ ᠰᠠᠶᠢᠲᠤᠷ ᠬᠢᠬᠦ ᠶᠢ ᠣᠳᠣᠬᠠᠨ ᠤ ᠶᠡᠭᠡ ᠶᠠᠪᠤᠳᠠᠯ ᠴᠢᠬᠤᠯᠠ ᠶᠠᠪᠤᠳᠠᠯ ᠪᠣᠯᠭᠠᠨ ᠠᠳᠬᠤᠵᠤ᠂ ᠬᠢᠵᠢᠭ ᠤᠨ ᠪᠠᠶᠢᠳᠠᠯ ᠤᠨ ᠲᠠᠷᠬᠠᠨ ᠳᠡᠯᠭᠡᠷᠡᠬᠦ ᠵᠠᠮ ᠢ ᠡᠷᠡᠰ ᠲᠠᠰᠤᠯᠵᠤ᠂ ᠬᠢᠵᠢᠭ ᠤᠨ ᠪᠠᠶᠢᠳᠠᠯ ᠲᠠᠬᠢᠨ ᠡᠭᠦᠰᠭᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠢ᠃ ᠠᠷᠠᠳ ᠤᠨ ᠰᠡᠳᠭᠢᠯ ᠪᠣᠯ ᠬᠠᠮᠤᠭ ᠤᠨ ᠶᠡᠭᠡ ᠤᠯᠤᠰ ᠲᠦᠷᠦ ᠮᠥᠨ᠂ ᠰᠢᠳᠤᠷᠭᠤ ᠶᠣᠰᠣ ᠪᠣᠯ ᠬᠠᠮᠤᠭ ᠤᠨ ᠬᠦᠴᠦᠷᠬᠡᠭ ᠬᠦᠴᠦᠨ ᠮᠥᠨ᠃ ᠠᠷᠠᠳ ᠲᠦᠮᠡᠨ ᠪᠣᠯ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ᠶᠢᠨ ᠬᠠᠮᠤᠭ ᠤᠨ ᠶᠡᠭᠡ ᠢᠲᠡᠭᠡᠯ ᠵᠣᠷᠢᠭ ᠮᠥᠨ᠂ ᠤᠯᠠᠨ ᠲᠦᠮᠡᠨ ᠠᠴᠠ ᠬᠥᠨᠳᠡᠶᠢᠷᠡᠭᠰᠡᠨ ᠠᠴᠠ ᠪᠤᠯᠵᠤ ᠡᠴᠦᠰ ᠲᠡᠭᠡᠨ ᠤᠯᠠᠨ ᠲᠦᠮᠡᠨ ᠤ ᠰᠡᠳᠬᠢᠯ ᠢ ᠠᠯᠳᠠᠬᠤ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠦ ᠶᠡᠷᠦᠩᠬᠡᠢ ᠱᠦᠵᠢ ᠰᠢ ᠶᠢᠨ ᠫᠢᠩ ᠪᠢᠳᠡᠨ ᠳᠤ ᠰᠠᠨᠠᠭᠤᠯᠤᠭᠰᠠᠨ ᠶᠤᠮ᠃ ᠰᠢᠨ᠎ᠡ ᠠᠶᠠᠨ ᠵᠠᠮ ᠳᠤ᠂ ᠪᠢᠳᠡ ᠡᠷᠬᠡᠪᠰᠢ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠡᠭᠦᠷᠢᠳᠡ ᠪᠠᠲᠤᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢ ᠭᠦᠨᠵᠡᠭᠡᠢ ᠦᠢᠯᠡᠳᠦᠯᠭᠡᠵᠢᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠦᠨᠡᠨ ᠰᠡᠳᠭᠢᠯ ᠠᠴᠠ ᠪᠠᠨ ᠰᠣᠨᠣᠰᠴᠤ᠂ ᠤᠯᠠᠨ ᠲᠦᠮᠡᠨ ᠤ ᠠᠮᠢᠳᠤᠷᠠᠯ ᠢ ᠦᠨᠡᠨ ᠰᠡᠳᠭᠢᠯ ᠠᠴᠠ ᠪᠠᠨ ᠬᠠᠯᠠᠮᠵᠢᠯᠠᠵᠤ᠂ ᠤᠯᠠᠨ ᠲᠦᠮᠡᠨ ᠤ ᠪᠠᠴᠢᠮᠳᠠᠵᠦ ᠬᠦᠴᠢᠷᠳᠡᠵᠦ ᠵᠣᠪᠠᠨᠢᠵᠦ ᠬᠦᠰᠡᠵᠦ ᠪᠠᠶᠢᠭ᠎ᠠ ᠵᠦᠢᠯ ᠢ ᠰᠢᠢᠳᠪᠦᠷᠢᠯᠡᠬᠦ ᠶᠢ ᠲᠡᠷᠢᠭᠦᠨ ᠴᠢᠬᠤᠯᠠ ᠶᠡᠭᠡ ᠶᠠᠪᠤᠳᠠᠯ ᠪᠣᠯᠭᠠᠵᠤ᠂ ᠠᠷᠠᠳ ᠤᠨ ᠠᠮᠢᠳᠤᠷᠠᠯ ᠤᠨ ᠵᠣᠪᠠᠭᠤᠷᠢ ᠵᠦᠳᠡᠭᠦᠷᠢ ᠪᠠ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠴᠢᠬᠤᠯᠠ ᠡᠭᠦᠷᠭᠡ ᠪᠣᠯᠭᠠᠵᠤ᠂ ᠪᠠᠭ᠎ᠠ ᠶᠠᠪᠤᠳᠠᠯ ᠪᠠ ᠨᠠᠷᠢᠨ ᠵᠦᠢᠯᠡᠰ ᠠᠴᠠ ᠭᠠᠷᠳᠠᠨ᠂ ᠬᠠᠮᠤᠭ ᠤᠨ ᠬᠦᠴᠢᠷᠳᠡᠯ ᠲᠠᠢ ᠤᠯᠠᠨ ᠲᠦᠮᠡᠨ ᠪᠠ ᠬᠠᠮᠤᠭ ᠤᠨ ᠲᠤᠪᠤᠶᠢᠮ᠎ᠠ ᠠᠰᠠᠭᠤᠳᠠᠯ ᠠᠴᠠ ᠭᠠᠷᠳᠠᠨ ᠠᠳᠬᠤᠵᠤ᠂ ᠢᠮᠠᠭᠲᠠ ᠠᠷᠠᠳ ᠤᠯᠠᠨ ᠲᠠᠢ ᠪᠤᠳᠤᠯ ᠰᠠᠨᠠᠯ ᠢᠶᠠᠨ ᠨᠢᠭᠡᠳᠭᠡᠨ ᠬᠦᠴᠦᠨ ᠴᠢᠳᠠᠯ ᠢᠶᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ ᠬᠡᠷᠡᠭᠲᠡᠢ᠃ ᠦᠨᠳᠦᠰᠦᠲᠡᠨ ᠤ ᠭᠠᠵᠠᠷ ᠣᠷᠣᠨ ᠤ ᠺᠠᠳ᠋ᠷᠴᠤᠳ ᠲᠤ ᠲᠠᠯᠪᠢᠬᠤ ᠨᠠᠮ ᠤᠨ ᠲᠥᠪ ᠬᠤᠷᠢᠶ᠎ᠠ ᠶᠢᠨ ︽ᠲᠦᠷᠪᠡᠨ ᠣᠨᠴᠠᠭᠠᠢ︾ ᠢᠯᠠᠩᠭᠤᠶ᠎ᠠ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠠᠶᠢᠷᠠᠯᠠᠬᠤ ᠬᠠᠶᠢᠷ᠎ᠠ ᠰᠡᠳᠭᠢᠯᠭᠡ ᠣᠨᠴᠠᠭᠠᠢ ᠴᠢᠩ ᠦᠨᠡᠨᠴᠢ ᠱᠠᠭᠠᠷᠳᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠤᠯᠠᠨ ᠲᠦᠮᠡᠨ ᠢ ᠦᠨᠡᠨ ᠰᠡᠳᠭᠢᠯ ᠠᠴᠠ ᠪᠠᠨ ᠬᠦᠨᠳᠦᠳᠭᠡᠵᠦ᠂ ᠤᠯᠠᠨ ᠲᠦᠮᠡᠨ ᠢ ᠬᠠᠶᠢᠷᠠᠯᠠᠨ᠂ ᠤᠯᠠᠨ ᠲᠦᠮᠡᠨ ᠳᠤ ᠠᠴᠢ ᠬᠠᠷᠢᠭᠤᠯᠠᠵᠤ᠂ ᠤᠯᠠᠨ ᠲᠦᠮᠡᠨ ᠤ ᠡᠮᠦᠨ᠎ᠡ ᠥᠪᠡᠷ ᠤᠨ ᠬᠢ ᠪᠠᠨ ᠯᠡ ᠵᠥᠪ ᠭᠡᠬᠦ᠂ ᠣᠮᠤᠭ ᠰᠦᠷ ᠢᠶᠠᠷ ᠢᠶᠠᠨ ᠪᠤᠰᠤᠳ ᠢ ᠰᠦᠷᠳᠡᠭᠦᠯᠬᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠶᠢᠬᠤᠷᠬᠤ ᠦᠭᠡᠢ ᠪᠠᠶᠢᠬᠤ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ ᠪᠠ ᠡᠵᠡᠯᠡᠨ ᠠᠪᠬᠤ ᠶᠢ ᠨᠡᠩ ᠴᠤ ᠵᠥᠪᠰᠢᠶᠡᠷᠡᠬᠦ ᠦᠭᠡᠢ᠂ ᠥᠨᠢ ᠡᠭᠦᠷᠢᠳᠡ ᠠᠷᠠᠳ ᠲᠦᠮᠡᠨ ᠤ ᠰᠢᠳᠤᠷᠭᠤ ᠦᠢᠯᠡᠴᠢᠯᠡᠭᠴᠢ ᠪᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠨᠠᠮ ᠳᠠᠭᠠᠨ ᠢᠲᠡᠭᠡᠯ ᠨᠠᠶᠢᠳᠠᠪᠤᠷᠢ ᠪᠠᠶᠢᠬᠤ ᠶᠢ ᠳᠡᠮᠡᠴᠡᠨ ᠤᠯᠬᠤ ᠪᠠ ᠨᠡᠮᠡᠭᠳᠡᠭᠦᠯᠬᠦ ᠬᠡᠷᠡᠭᠲᠡᠢ᠃      ᠭᠤᠷᠪᠠᠳᠤᠭᠠᠷ ᠲᠤ᠂ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠠᠵᠢᠯ ᠤᠨ ᠰᠤᠷᠲᠠᠯ ᠢ ᠢᠮᠠᠭᠲᠠ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠪᠣᠳᠠᠲᠠᠢ ᠠᠵᠢᠯᠯᠠᠪᠠᠯ ᠰᠠᠶ᠋ᠢ ᠠᠭᠤᠤ ᠦᠢᠯᠡᠰ ᠢ ᠪᠦᠲᠦᠭᠡᠵᠦ ᠴᠢᠳᠠᠨ᠎ᠠ᠂ ᠴᠢᠷᠮᠠᠶᠢᠨ ᠲᠡᠮᠡᠴᠡᠪᠡᠯ ᠰᠠᠶ᠋ᠢ ᠬᠦᠰᠡᠯ ᠵᠡᠭᠦᠳᠦ ᠪᠠᠨ ᠳᠡᠷᠬᠡᠯᠰᠢᠬᠦᠯᠵᠦ ᠴᠢᠳᠠᠨ᠎ᠠ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠵᠠᠩᠭᠢᠯᠠᠭ᠎ᠠ ᠨᠢ ᠪᠣᠳᠠᠲᠠᠢ ᠠᠵᠢᠯᠯᠠᠵᠦ᠂ ᠴᠢᠷᠮᠠᠶᠢᠨ ᠳᠡᠮᠡᠴᠡᠬᠦ ᠳᠤ ᠲᠦᠰᠢᠭᠯᠡᠨ᠎ᠡ᠃ ᠪᠢᠳᠡ ᠠᠵᠢᠯ ᠬᠢᠵᠦ ᠦᠢᠯᠡᠰ ᠪᠤᠰᠬᠠᠬᠤ ᠬᠠᠷᠢᠭᠤᠴᠠᠯᠭᠠᠲᠤ ᠰᠡᠳᠭᠢᠯᠭᠡ᠂ ᠴᠠᠭ ᠪᠢᠳᠡᠨ ᠢ ᠬᠦᠯᠢᠶᠡᠳᠡᠭ ᠦᠬᠡᠢ ᠬᠡᠬᠦ ᠲᠤᠯᠭᠠᠮ ᠰᠡᠳᠭᠢᠯᠭᠡ᠂ ᠤᠷᠤᠭᠰᠢᠯᠠᠬᠤ ᠦᠭᠡᠢ ᠪᠣᠯ ᠤᠬᠤᠷᠢᠬᠤ ᠳᠠᠷᠤᠯᠲᠠᠳᠤ ᠰᠡᠳᠭᠢᠯᠭᠡ ᠪᠠᠨ ᠦᠨᠡᠨ ᠬᠦ ᠴᠢᠩᠭᠠᠳᠬᠠᠵᠤ᠂ ︽ᠪᠤᠰᠤᠳ ᠠᠴᠠ ᠬᠤᠪᠢ ᠳᠠᠬᠢᠨ ᠴᠢᠷᠮᠠᠶᠢᠬᠤ︾ ᠡᠷᠴᠢ ᠵᠣᠷᠢᠭ ᠢᠶᠠᠷ ᠬᠠᠨᠴᠤᠢ ᠰᠢᠮᠠᠯᠠᠨ᠂ ᠬᠦᠴᠦᠨ ᠢᠶᠠᠨ ᠰᠢᠪᠬᠠᠨ᠂ ᠠᠯᠬᠤᠴᠠ ᠪᠠ ᠲᠦᠷᠭᠡᠳᠭᠡᠨ ᠴᠢᠷᠮᠠᠶᠢᠨ ᠠᠵᠢᠯᠯᠠᠵᠤ᠂ ᠲᠣᠭᠲᠠᠭᠰᠠᠨ ᠬᠠᠷᠠᠯᠲᠠ ᠲᠡᠶᠢᠰᠢ ᠯᠠᠪᠳᠠᠭᠤᠨ ᠪᠠᠲᠤᠲᠠᠢ ᠤᠷᠤᠭᠰᠢᠯᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠦᠨᠡᠨ ᠬᠦ ᠠᠳᠬᠤᠵᠤ ᠪᠣᠳᠠᠲᠠᠢ ᠬᠢᠬᠦ ᠭᠡᠳᠡᠭ ᠨᠢ ᠰᠣᠬᠤᠷ ᠪᠠᠯᠠᠢ ᠪᠠᠷ ᠬᠢᠵᠦ ᠳᠤᠷ᠎ᠠ ᠪᠠᠷ ᠢᠶᠠᠨ ᠬᠢᠬᠦ ᠶᠠᠪᠤᠳᠠᠯ ᠪᠢᠰᠢ᠂ ᠬᠠᠷᠢᠨ ᠵᠢᠮ᠎ᠡ ᠶᠣᠰᠣ ᠶᠢ ᠵᠢᠷᠤᠮᠯᠠᠬᠤ᠂ ᠬᠠᠤᠯᠢ ᠴᠠᠭᠠᠵᠠ ᠰᠠᠬᠢᠯᠭ᠎ᠠ ᠪᠠᠲᠤ ᠶᠢ ᠵᠢᠷᠤᠮᠯᠠᠬᠤ ᠤᠷᠢᠲᠠᠯ ᠳᠣᠣᠷ᠎ᠠ ᠤᠴᠢᠷ ᠶᠠᠪᠤᠳᠠᠯ ᠢ ᠪᠦᠲᠦᠭᠡᠵᠦ᠂ ᠬᠢᠯᠠᠷᠠᠳᠠᠯ᠎ᠠ ᠰᠠᠶᠢᠨ ᠬᠢᠬᠦ ᠶᠠᠪᠤᠳᠠᠯ ᠪᠣᠯᠤᠨ᠎ᠠ᠃ ᠡᠨᠡ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠤᠨ ᠨᠢᠭᠡᠨ ᠢᠯᠡ ᠲᠣᠳᠣ ᠣᠨᠴᠠᠯᠢᠭ ᠭᠡᠪᠡᠯ᠂ ᠶᠠᠭᠤ ᠬᠢᠪᠡᠯ ᠵᠣᠬᠢᠬᠤ᠂ ᠶᠠᠭᠤ ᠶᠢ ᠬᠢᠵᠦ ᠪᠤᠯᠬᠤ ᠦᠬᠡᠢ ᠲᠤᠬᠠᠢ ᠲᠣᠳᠣᠷᠬᠠᠢ ᠵᠠᠭᠠᠭ ᠲᠣᠭᠲᠠᠭᠠᠵᠤ᠂ ᠤᠯᠠᠭᠠᠨ ᠱᠤᠭᠤᠮ ᠲᠣᠭᠲᠠᠭᠠᠭᠰᠠᠨ ᠪᠠᠶᠢᠨ᠎ᠠ᠃ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠤᠨ ︽ᠭᠤᠷᠪᠠ ᠶᠢ ᠬᠤᠪᠢᠷᠠᠭᠤᠯᠬᠤ︾᠂ ᠰᠢᠨ᠎ᠡ ᠡᠨᠧᠷᠭᠢ ᠶᠢ ᠬᠥᠭᠵᠢᠭᠦᠯᠬᠦ ︽ᠬᠤᠶᠠᠷ ᠢ ᠤᠷᠢᠳ ᠢᠶᠠᠷ ᠬᠢᠬᠦ︾᠂ ︽ᠬᠤᠶᠠᠷ ᠢ ᠳᠠᠪᠠᠭᠤᠯᠬᠤ︾᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ︽ᠲᠠᠪᠤᠨ ᠰᠢᠰᠲ᠋ᠧᠮ︾ ᠢ ᠪᠦᠷᠢᠨᠰᠢᠬᠦᠯᠬᠦ ᠵᠡᠷᠭᠡ ᠬᠠᠷᠠᠯᠲᠠ ᠱᠠᠭᠠᠷᠳᠠᠯᠭ᠎ᠠ ᠳᠤ ᠴᠢᠭᠯᠡᠭᠦᠯᠦᠨ᠂ ᠪᠠᠷᠢᠨ ᠬᠡᠷᠡᠭᠵᠢᠭᠦᠯᠵᠦ᠂ ᠪᠤᠰᠢᠭᠤ ᠱᠠᠯᠠᠮᠠᠭᠠᠶ ᠬᠢᠵᠤ᠂ ᠬᠦᠴᠦᠨ ᠢᠶᠠᠨ ᠵᠣᠬᠢᠶᠠᠨ ᠪᠠᠶᠢᠭᠤᠯᠵᠤ ᠲᠥᠪᠯᠡᠷᠡᠭᠦᠯᠦᠨ ᠪᠣᠭᠤᠮᠲᠠ ᠰᠢᠪᠲᠤᠯᠬᠤ ᠬᠡᠷᠡᠭᠲᠡᠶ᠂ ᠠᠯᠠᠩ ᠰᠠᠯᠠᠩ ᠪᠠᠶᠢᠵᠤ᠂ ᠬᠤᠶᠢᠷᠭᠤᠰᠢᠷᠠᠵᠦ ᠤᠳᠠᠭᠠᠰᠢᠷᠠᠵᠤ ᠪᠣᠯᠬᠤ ᠥᠬᠡᠶ᠂ ᠠᠯᠢ ᠲᠦᠷᠭᠡᠨ ᠢᠶᠠᠷ ᠪᠣᠳᠠᠲᠠᠶ ᠠᠵᠢᠯᠯᠠᠭ᠎ᠠ ᠠᠪᠴᠤ᠂ ᠡᠷᠲᠡᠬᠡᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠰᠢᠨ᠎ᠡ ᠵᠠᠮ ᠢᠶᠠᠷ ᠰᠠᠶᠢᠲᠤᠷ ᠵᠠᠮᠨᠠᠬᠤ ︽ᠲᠠᠪᠤᠨ ᠡᠷᠬᠡᠪᠰᠢ︾᠂ ︽ᠭᠤᠷᠪᠠ ᠶᠢ ᠲᠠᠬᠢᠨ ᠬᠢᠵᠦ ᠪᠣᠯᠬᠤ ᠦᠭᠡᠢ︾ ᠪᠠ ᠦᠨᠳᠦᠰᠦᠲᠡᠨ ᠤ ᠠᠵᠢᠯ ᠤᠨ ︽ᠭᠤᠷᠪᠠ ᠶᠢ ᠶᠠᠭᠠᠬᠢᠭᠰᠠᠨ ᠴᠤ ᠬᠢᠵᠦ ᠪᠣᠯᠬᠤ ᠦᠭᠡᠢ︾᠂ ︽ᠨᠢᠭᠡ ᠶᠢ ᠶᠠᠭᠠᠬᠢᠭᠰᠠᠨ ᠴᠤ ᠵᠦᠪᠰᠢᠶᠡᠷᠡᠬᠦ ᠦᠭᠡᠢ︾ ᠵᠡᠷᠭᠡ ᠠᠵᠢᠯ ᠤᠨ ᠱᠠᠭᠠᠷᠳᠠᠯᠭ᠎ᠠ ᠶᠢ ᠴᠢᠩᠭ᠎ᠠ ᠶᠣᠰᠣ ᠪᠠ ᠬᠠᠲᠠᠭᠤ ᠪᠠᠷᠢᠮᠵᠢᠶ᠎ᠠ ᠪᠣᠯᠭᠠᠨ ᠲᠣᠭᠲᠠᠭᠠᠨ ᠨᠠᠶᠢᠳᠠᠪᠤᠷᠢᠵᠢᠭᠤᠯᠵᠤ᠂ ᠬᠡᠯᠡᠭᠰᠡᠨ ᠳᠡᠭᠡᠨ ᠰᠠᠭᠤᠵᠤ ᠡᠴᠦᠰ ᠲᠤᠨᠢ ᠲᠤᠯᠲᠠᠯ᠎ᠠ ᠴᠢᠩᠭ᠎ᠠ ᠬᠠᠮᠢᠶᠠᠷᠴᠤ᠂ ︽ᠶᠤᠰᠤ ᠵᠦᠢ ᠨᠢ ᠶᠤᠰᠤ ᠵᠦᠢ ᠪᠠᠷ ᠢᠶᠠᠨ᠂ ᠠᠵᠢᠯ ᠬᠢᠬᠦ ᠨᠢ ᠠᠵᠢᠯ ᠬᠢᠬᠦ ᠪᠠᠷ ᠢᠶᠠᠨ︾ ᠪᠠᠶᠢᠬᠤ ᠪᠠᠶᠢᠳᠠᠯ ᠲᠠᠬᠢᠨ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠦᠨᠡᠨ ᠬᠦ ᠠᠳᠬᠤᠵᠤ ᠪᠣᠳᠠᠲᠠᠢ ᠠᠵᠢᠯᠯᠠᠬᠤ ᠳᠤ ᠡᠷᠬᠡᠪᠰᠢ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠰᠢᠢᠳᠪᠦᠷᠢᠯᠡᠬᠦ ᠳᠤᠮᠳᠠ ᠠᠵᠢᠯ ᠤᠨ ᠬᠠᠨᠳᠤᠯᠭᠠᠲᠤ ᠴᠢᠨᠠᠷ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠢ᠃ ᠣᠶᠢᠷ᠎ᠠ ᠶᠢᠨ ᠬᠡᠳᠦᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠮᠠᠨ ᠤ ᠣᠷᠣᠨ ᠴᠢᠨᠠᠷ ᠰᠠᠶᠢᠲᠠᠶ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ᠂ ᠥᠨᠳᠥᠷ ᠲᠦᠪᠰᠢᠨ ᠪᠦᠬᠦᠢ ᠬᠠᠮᠠᠭᠠᠯᠠᠯᠳᠠ ᠬᠢᠬᠦ᠂ ᠴᠢᠨᠠᠷᠯᠢᠭ ᠠᠮᠢᠳᠤᠷᠠᠯ᠂ ᠥᠨᠳᠥᠷ ᠪᠦᠲᠦᠮᠵᠢᠲᠡᠶ ᠵᠠᠰᠠᠯᠲᠠ ᠬᠢᠬᠦ ᠶᠢᠨ ᠲᠣᠪᠤᠶᠢᠮ᠎ᠠ ᠪᠣᠭᠤᠮᠢ ᠶᠢ ᠰᠢᠶ᠋ᠳᠪᠦᠷᠢᠯᠡᠬᠦ ᠲᠠᠯ᠎ᠠ ᠪᠠᠷ ᠨᠢᠭᠡᠨᠲᠡ ᠰᠢᠪᠲᠤᠯᠤᠯᠲᠠ ᠭᠠᠷᠭᠠᠭᠰᠠᠨ ᠪᠣᠯᠪᠠᠴᠤ ᠵᠠᠷᠢᠮ ᠭᠦᠨ ᠳᠠᠪᠬᠤᠷᠭ᠎ᠠ ᠶᠢᠨ ᠵᠥᠷᠢᠴᠡᠯ ᠠᠰᠠᠭᠤᠳᠠᠯ ᠮᠥᠨ ᠬᠦ ᠲᠣᠪᠤᠶᠢᠮ᠎ᠠ ᠪᠠᠶᠢᠨ᠎ᠠ᠂ ᠢᠯᠠᠩᠭᠤᠶ᠎ᠠ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠳᠤ ᠪᠠᠰᠠ ᠪᠠᠶᠢᠭᠤᠯᠤᠮᠵᠢ ᠶᠢᠨ ᠴᠢᠨᠠᠷᠲᠠᠶ ᠬᠠᠷᠰᠢ ᠰᠠᠭᠠᠳ᠂ ᠲᠣᠭᠲᠠᠴᠠ ᠶᠢᠨ ᠴᠢᠨᠠᠷᠲᠠᠶ ᠲᠦᠭᠵᠢᠷᠡᠯ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠤᠲᠠᠭᠳᠠᠯ ᠴᠥᠭᠡᠨ ᠪᠤᠰᠤ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠨᠢ ᠢᠯᠡ ᠴᠢᠨᠠᠷ ᠲᠠᠢ ᠮᠥᠷᠲᠡᠭᠡᠨ ᠳᠠᠯᠳᠠ ᠴᠢᠨᠠᠷ ᠲᠠᠢ ᠪᠠᠶᠢᠵᠤ᠂ ᠨᠡᠶᠢᠲᠡᠯᠢᠭ ᠴᠢᠨᠠᠷ ᠲᠠᠢ ᠮᠥᠷᠲᠡᠭᠡᠨ ᠥᠪᠡᠷᠮᠢᠴᠡ ᠴᠢᠨᠠᠷ ᠲᠠᠢ ᠪᠠᠶᠢᠵᠤ᠂ ᠬᠤᠷᠠᠮᠳᠤᠭᠰᠠᠨ ᠮᠥᠷᠲᠡᠭᠡᠨ ᠪᠠᠰᠠ ᠰᠢᠨ᠎ᠡ ᠪᠠᠷ ᠪᠤᠢ ᠪᠣᠯᠤᠭᠰᠠᠨ ᠪᠠᠶᠢᠵᠤ᠂ ᠠᠰᠠᠭᠤᠳᠠᠯ ᠳᠤ ᠰᠡᠷᠭᠡᠭ ᠪᠠᠶᠢᠬᠤ ᠶᠢ ᠴᠠᠭ ᠢᠮᠠᠭᠲᠠ ᠪᠠᠲᠤᠯᠠᠵᠤ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ᠂ ᠦᠨᠡᠨ ᠬᠦ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠵᠠᠶᠢᠯᠠᠬᠤ ᠦᠭᠡᠢ᠂ ᠳᠠᠯᠳᠠᠯᠠᠬᠤ ᠦᠭᠡᠢ᠂ ᠲᠦᠯᠬᠢᠯᠴᠡᠬᠦ ᠦᠭᠡᠢ ᠪᠠᠶᠢᠵᠤ᠂ ᠨᠢᠭᠡᠳ ᠨᠢᠭᠡ ᠪᠠᠷ ᠰᠢᠢᠳᠪᠦᠷᠢᠯᠡᠨ᠂ ᠨᠢᠭᠡᠳ ᠨᠢᠭᠡ ᠪᠠᠷ ᠰᠢᠪᠲᠤᠯᠵᠤ᠂ ᠠᠰᠠᠭᠤᠳᠠᠯ ᠳᠤ ᠰᠢᠭᠤᠳ ᠬᠠᠨᠳᠤᠬᠤ᠂ ᠪᠡᠷᠬᠡ ᠰᠡᠳᠦᠪ ᠢ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠪᠠᠷ ᠠᠵᠢᠯ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠲᠡᠢ᠃      ᠳᠥᠷᠪᠡᠳᠦᠭᠡᠷ ᠲᠤ᠂ ᠪᠦᠯᠬᠦᠮᠳᠡᠨ ᠳᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠷᠢᠮᠳᠠᠯᠠᠵᠦ᠂ ᠡᠯ᠎ᠡ ᠬᠦᠷᠢᠶ᠎ᠡ ᠡᠯ᠎ᠡ ᠲᠠᠯ᠎ᠠ ᠶᠢᠨ ᠠᠵᠢᠯ ᠢ ᠴᠥᠮ ᠰᠢᠨ᠎ᠡ ᠲᠦᠪᠰᠢᠨ ᠳᠤ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠬᠤ ᠬᠡᠷᠡᠭᠲᠡᠢ᠃ ᠨᠢᠭᠡ ᠦᠶ᠎ᠡ ᠶᠢᠨ ᠬᠥᠮᠦᠨ ᠳᠤ ᠨᠢᠭᠡ ᠦᠶ᠎ᠡ ᠶᠢᠨ ᠬᠥᠮᠦᠨ ᠤ ᠡᠭᠦᠷᠭᠡ ᠪᠠᠶᠢᠳᠠᠭ᠂ ᠨᠢᠭᠡ ᠬᠤᠭᠤᠴᠠᠭᠠᠨ ᠤ ᠤᠳᠤᠷᠢᠳᠬᠤ ᠪᠠᠭ ᠲᠤ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠬᠠᠷᠢᠭᠤᠴᠠᠯᠭ᠎ᠠ ᠪᠠᠶᠢᠳᠠᠭ᠃ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠮᠠᠨ ᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢᠨ ᠴᠢᠬᠤᠯᠠ ᠲᠡᠦᠬᠡᠨ ᠴᠠᠭ ᠮᠥᠴᠡ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠠᠭᠤᠯᠵᠠᠷ ᠤᠨ ᠴᠢᠬᠤᠯᠠ ᠶᠡᠭᠡ ᠲᠡᠦᠬᠡᠨ ᠵᠠᠩᠭᠢᠯᠠᠭ᠎ᠠ ᠶᠢᠨ ᠦᠶ᠎ᠡ ᠳᠤ ᠪᠤᠢ ᠪᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠢ ᠡᠬᠢᠯᠡᠭᠦᠯᠵᠦ᠂ ᠰᠢᠨ᠎ᠡ ᠠᠶᠠᠨ ᠢᠶᠠᠨ ᠡᠬᠢᠯᠡᠭᠦᠯᠬᠦ ᠲᠡᠦᠬᠡᠨ ᠵᠠᠩᠭᠢᠯᠠᠭ᠎ᠠ ᠶᠢᠨ ᠦᠶ᠎ᠡ ᠳᠤ ᠪᠤᠢ ᠪᠤᠯᠵᠤ᠂ ᠡᠭᠦᠷᠭᠡ ᠦᠩᠬᠡ ᠬᠡᠷᠡᠯᠳᠡᠢ᠂ ᠬᠠᠷᠢᠭᠤᠴᠠᠯᠭ᠎ᠠ ᠬᠦᠨᠳᠦ ᠶᠡᠭᠡ ᠪᠠᠶᠢᠳᠠᠭ᠃ ᠪᠢᠳᠡ ᠬᠤᠪᠢᠰᠬᠠᠯ ᠤᠨ ᠬᠦᠰᠡᠯᠡᠩ ᠶᠠᠭᠤᠨ ᠠᠴᠠ ᠴᠤ ᠡᠷᠬᠢᠮ ᠪᠠᠶᠢᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠠᠵᠢᠯ ᠬᠢᠵᠦ ᠦᠢᠯᠡᠰ ᠪᠤᠰᠬᠠᠬᠤ ᠣᠷᠭᠢᠯᠤᠮ᠎ᠠ ᠰᠡᠳᠭᠢᠯᠭᠡ ᠪᠣᠯᠭᠠᠨ ᠬᠤᠪᠢᠷᠠᠭᠤᠯᠵᠤ᠂ ᠨᠠᠮ ᠪᠣᠯᠤᠨ ᠠᠷᠠᠳ ᠲᠦᠮᠡᠨ ᠤ ᠢᠲᠡᠭᠡᠯ ᠬᠦᠨᠳᠦ ᠨᠠᠶᠢᠳᠠᠯᠭ᠎ᠠ ᠶᠢ ᠰᠢᠷᠭᠠᠭᠤ ᠬᠠᠲᠠᠭᠤᠵᠢᠯᠲᠠᠢ ᠲᠡᠮᠡᠴᠡᠬᠦ ᠡᠷᠴᠢ ᠵᠣᠷᠢᠭ ᠪᠣᠯᠭᠠᠨ ᠬᠤᠪᠢᠷᠠᠭᠤᠯᠵᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠳᠠᠭᠠᠭᠤᠯᠤᠨ ᠪᠦᠯᠬᠦᠮᠳᠡᠨ ᠲᠡᠮᠡᠴᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠢᠳᠡᠪᠬᠢᠲᠡᠢ ᠪᠠᠷ ᠬᠤᠪᠢ ᠨᠡᠮᠡᠷᠢ ᠦᠵᠡᠭᠦᠯᠵᠦ᠂ ᠡᠨᠡ ᠬᠦ ᠠᠭᠤᠤ ᠶᠡᠭᠡ ᠴᠠᠭ ᠦᠶ᠎ᠡ ᠳᠤ ᠦᠨᠡᠨ ᠬᠦ ᠵᠣᠷᠢᠭᠤᠯᠵᠤ᠂ ᠡᠨᠡ ᠬᠦ ᠠᠭᠤᠤ ᠶᠡᠭᠡ ᠴᠠᠭ ᠦᠶ᠎ᠡ ᠳᠤ ᠣᠰᠣᠯᠳᠠᠬᠤ ᠦᠭᠡᠢ ᠪᠠᠶᠢᠬᠤ ᠬᠡᠷᠡᠭᠲᠡᠢ᠃ ᠪᠦᠯᠬᠦᠮᠳᠡᠯ ᠠᠴᠠ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ᠂ ᠦᠶ᠋ᠯᠡᠳᠪᠦᠷᠢᠯᠡᠯ ᠤᠨ ᠬᠦᠴᠦᠨ ᠤᠨᠳᠤᠷᠤᠨ᠎ᠠ᠃ ᠪᠢᠳᠡ ᠡᠭᠦᠷᠭᠡ ᠬᠠᠷᠢᠭᠤᠴᠠᠯᠭ᠎ᠠ ᠶᠢ ᠬᠠᠮᠳᠤ ᠪᠠᠷ ᠡᠬᠦᠷᠬᠡᠯᠡᠬᠦ᠂ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠣᠯᠳᠠᠰᠢ ᠦᠭᠡᠢ ᠠᠵᠠ ᠲᠣᠬᠢᠶᠠᠯ ᠢ ᠬᠤᠪᠢ ᠳᠠᠬᠢᠨ ᠨᠠᠨᠳᠢᠩᠨᠠᠵᠤ᠂ ᠴᠠᠭ ᠢᠮᠠᠭᠲᠠ ᠨᠠᠮ ᠤᠨ ᠦᠶ᠋ᠯᠡᠰ ᠢᠶᠠᠷ ᠭᠤᠤᠯ ᠪᠤᠯᠭᠠᠵᠤ᠂ ᠪᠦᠬᠦ ᠣᠷᠣᠨ ᠤ ᠶᠡᠭᠡ ᠲᠠᠯ᠎ᠠ ᠪᠠᠷ ᠭᠤᠣᠯ ᠪᠣᠯᠭᠠᠬᠤ᠂ ᠠᠷᠠᠳ ᠲᠦᠮᠡᠨ ᠤ ᠠᠰᠢᠭ ᠲᠤᠰᠠ ᠶᠢ ᠴᠢᠬᠤᠯᠠᠴᠢᠯᠠᠬᠤ᠂ ᠰᠡᠳᠭᠢᠯ ᠨᠢᠭᠡᠳᠦᠨ᠂ ᠬᠦᠴᠦ ᠪᠠᠨ ᠬᠠᠮᠲᠤᠳᠬᠠᠨ᠂ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠭᠰᠠᠨ ᠰᠠᠭᠤᠷᠢᠨ ᠳᠡᠭᠡᠷ᠎ᠡ ᠪᠦᠯᠬᠦᠮᠳᠡᠯ ᠢ ᠨᠠᠷᠢᠨ ᠨᠢᠮᠪᠠᠶ ᠬᠠᠮᠠᠭᠠᠯᠠᠵᠤ᠂ ᠤᠬᠠᠮᠰᠠᠷ ᠠᠴᠠ ᠪᠠᠨ ᠪᠦᠯᠬᠦᠮᠳᠡᠯ ᠢ ᠴᠢᠩᠭᠠᠳᠬᠠᠨ᠂ ᠲᠦᠷᠦᠭᠦᠯᠡᠨ ᠪᠦᠯᠬᠦᠮᠳᠡᠯ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠯᠬᠦᠮᠳᠡᠯ ᠢᠶᠠᠷ ᠪᠦᠬᠦ ᠣᠷᠣᠨ ᠳᠠᠶᠠᠭᠠᠷ ᠤᠨ ᠲᠠᠯ᠎ᠠ ᠲᠠᠯ᠎ᠠ ᠶᠢᠨ ᠪᠦᠯᠬᠦᠮᠳᠡᠯ ᠢ ᠲᠠᠶᠢᠴᠢᠯᠠᠵᠤ᠂ ᠰᠡᠳᠬᠢᠯ ᠨᠢᠬᠡᠳᠦᠨ ᠦᠢᠯᠡᠰ ᠤᠷᠤᠭᠰᠢᠳᠠᠢ᠂ ᠲᠦᠷᠦ ᠶᠢᠨ ᠪᠤᠳᠤᠯᠭ᠎ᠠ ᠲᠦᠮᠡᠨ ᠤ ᠰᠡᠳᠬᠢᠯ ᠳᠤ ᠨᠡᠶᠢᠴᠡᠭᠰᠡᠨ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠬᠤ ᠰᠠᠶᠢᠨ ᠰᠠᠶᠢᠬᠠᠨ ᠪᠠᠶᠢᠳᠠᠯ ᠢ ᠪᠠᠬᠢᠵᠢᠬᠦᠯᠦᠨ ᠬᠦᠭᠵᠢᠬᠦᠯᠵᠦ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ᠂ ᠠᠭᠤᠤ ᠶᠡᠭᠡ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠬᠦ ᠣᠶᠤᠨ ᠤᠬᠠᠭᠠᠨ ᠪᠠ ᠬᠦᠴᠦᠨ ᠴᠢᠳᠠᠯ ᠢ ᠬᠠᠮᠤᠭ ᠤᠨ ᠶᠡᠭᠡ ᠬᠡᠮᠵᠢᠶ᠎ᠡ ᠪᠠᠷ ᠨᠢᠭᠲᠠᠷᠠᠭᠤᠯᠬᠤ ᠬᠡᠷᠡᠭᠳᠡᠢ᠃ ᠰᠢᠨ᠎ᠡ ᠶᠢ ᠡᠭᠦᠳᠬᠦ ᠪᠣᠯ ᠰᠢᠨ᠎ᠡ ᠴᠠᠭ ᠦᠶ᠎ᠡ ᠶᠢᠨ ᠭᠤᠣᠯ ᠬᠦᠭ ᠠᠶᠠᠰ ᠪᠠ ᠬᠠᠮᠤᠭ ᠤᠨ ᠴᠢᠩᠭ᠎ᠠ ᠲᠠᠭᠤᠨ ᠮᠥᠨ᠂ ᠬᠥᠭᠵᠢᠯᠲᠡ ᠶᠢ ᠬᠦᠳᠦᠯᠦᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ᠃ ᠪᠢᠳᠡ ᠥᠪᠥᠷ ᠮᠣᠩᠭᠤᠯ ᠤᠨ ᠰᠢᠨ᠎ᠡ ᠶᠢ ᠡᠬᠦᠳᠬᠦ ᠡᠬᠢ ᠪᠠᠶᠠᠯᠢᠭ ᠳᠤᠲᠠᠮᠠᠭ᠂ ᠰᠢᠨ᠎ᠡ ᠶᠢ ᠡᠭᠦᠳᠬᠦ ᠠᠭᠤᠷ ᠠᠮᠢᠰᠬᠤᠯ ᠬᠦᠷᠦᠯᠴᠡᠬᠦ ᠦᠭᠡᠢ ᠪᠠᠶᠢᠬᠤ ᠪᠣᠳᠠᠲᠤ ᠪᠠᠶᠢᠳᠠᠯ ᠠᠴᠠ ᠡᠭᠦᠰᠴᠦ᠂ ᠲᠦᠷᠦᠭᠦᠯᠡᠨ ᠦᠵᠡᠯ ᠰᠠᠨᠠᠭ᠎ᠠ ᠪᠠᠨ ᠴᠢᠯᠥᠭᠡᠯᠡᠬᠦ᠂ ᠲᠠᠷᠢᠬᠢ ᠲᠣᠯᠣᠭᠠᠶ ᠪᠠᠨ ᠰᠡᠭᠡᠭᠡᠷᠡᠭᠦᠯᠬᠦ ᠤᠷᠤᠰᠬᠠᠯ ᠢ ᠡᠬᠢᠯᠡᠬᠦᠯᠵᠦ᠂ ᠰᠢᠨ᠎ᠡ ᠴᠠᠭ ᠦᠶ᠎ᠡ ᠰᠢᠨ᠎ᠡ ᠬᠥᠭᠵᠢᠯᠲᠡ ᠶᠢᠨ ᠱᠠᠲᠤᠨ ᠳᠤ ᠵᠣᠬᠢᠴᠠᠬᠤ ᠦᠭᠡᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠬᠦ ᠦᠭᠡᠢ ᠦᠵᠡᠯ ᠰᠠᠨᠠᠭ᠎ᠠ ᠣᠶᠢᠯᠠᠭᠠᠭᠳᠠᠬᠤᠨ᠂ ᠦᠢᠯᠡ ᠠᠵᠢᠯᠯᠠᠭᠠᠨ ᠤ ᠬᠡᠯᠪᠡᠷᠢ᠂ ᠬᠥᠭᠵᠢᠯᠲᠡ ᠶᠢᠨ ᠵᠠᠭᠪᠤᠷ ᠢ ᠡᠷᠡᠰ ᠲᠠᠶᠠᠭᠳᠠᠵᠤ᠂ ᠳᠦᠭᠦᠮ ᠴᠤᠯᠭᠤᠢ ᠡᠬᠢ ᠪᠠᠶᠠᠯᠢᠭ ᠵᠡᠷᠭᠡ ᠡᠯᠧᠮᠧᠨ᠋ᠲ ᠤᠨ ᠣᠷᠣᠭᠤᠯᠤᠯᠲᠠ ᠳᠤ ᠲᠦᠰᠢᠭᠯᠡᠨ ᠠᠵᠤ ᠠᠬᠤᠢ ᠶᠢᠨ ᠨᠡᠮᠡᠭᠳᠡᠯ ᠢ ᠲᠤᠯᠭᠠᠭᠤᠷᠢᠯᠠᠬᠤ ᠠᠷᠭ᠎ᠠ ᠵᠠᠮ ᠳᠤ ᠲᠦᠰᠢᠭᠯᠡᠬᠦ ᠠᠴᠠ ᠦᠨᠡᠨ ᠬᠦ ᠠᠩᠭᠢᠵᠢᠷᠠᠬᠤ ᠬᠡᠷᠡᠭᠲᠡᠢ᠃ ᠰᠢᠨ᠎ᠡ ᠶᠢ ᠡᠭᠦᠳᠬᠦ ᠶᠢ ᠣᠳᠣᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢᠨ ᠪᠦᠬᠦ ᠲᠠᠯ᠎ᠠ ᠶᠢᠨ ᠭᠤᠣᠯ ᠪᠠᠶᠢᠷᠢᠨ ᠳᠤ ᠦᠨᠡᠨ ᠬᠦ ᠲᠠᠯᠪᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠪᠤᠯᠭᠠᠵᠤ᠂ ᠬᠤᠪᠢᠷᠠᠯᠲᠠ ᠶᠢ ᠲᠠᠨᠢᠵᠤ ᠬᠤᠪᠢᠷᠠᠯᠲᠠ ᠶᠢ ᠠᠷᠭᠠᠴᠠᠭᠠᠬᠤ ᠬᠤᠪᠢᠷᠠᠭᠤᠯᠬᠤ ᠳᠤᠮᠳᠠ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠭᠤᠴᠢᠨ ᠢ ᠤᠷᠬᠢᠵᠦ ᠰᠢᠨ᠎ᠡ ᠶᠢ ᠭᠠᠷᠭᠠᠵᠤ᠂ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠦᠭᠵᠢᠬᠡᠬᠦ ᠬᠡᠷᠡᠭᠳᠡᠢ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠬᠦ ᠪᠣᠯ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ ᠶᠢᠨ ᠬᠠᠮᠤᠭ ᠤᠨ ᠰᠠᠶᠢᠨ ᠲᠠᠶᠢᠯᠪᠤᠷᠢᠯᠠᠯᠲᠠ ᠮᠥᠨ᠃ ᠪᠢᠳᠡ ᠡᠷᠬᠡ ᠪᠣᠯ ᠳᠠᠷᠤᠢ ᠬᠠᠷᠢᠭᠤᠴᠠᠯᠭ᠎ᠠ᠂ ᠠᠵᠢᠯ ᠤᠨ ᠪᠠᠶᠢᠷᠢ ᠪᠣᠯ ᠳᠠᠷᠤᠢ ᠡᠭᠦᠷᠭᠡ ᠮᠥᠨ ᠭᠡᠳᠡᠭ ᠢ ᠪᠠᠲᠤ ᠴᠡᠭᠡᠵᠢᠯᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠨ᠂ ᠴᠢᠳᠠᠮᠠᠭᠠᠶ ᠪᠠᠷ ᠬᠠᠷᠢᠭᠤᠴᠠᠯᠭ᠎ᠠ ᠡᠭᠦᠷᠭᠡᠯᠡᠬᠦ ᠴᠢᠳᠠᠪᠤᠷᠢ ᠬᠡᠪ ᠴᠢᠨᠠᠷ ᠢ ᠪᠣᠯᠪᠠᠰᠤᠷᠠᠭᠤᠯᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠲᠡᠮᠡᠴᠡᠯ ᠤᠨ ᠵᠣᠷᠢᠭ ᠰᠠᠨᠠᠭ᠎ᠠ ᠶᠢ ᠪᠠᠷᠢᠮᠲᠠᠯᠠᠨ᠂ ᠬᠦᠴᠢᠷ ᠠᠴᠠ ᠵᠠᠶᠢᠯᠠᠬᠤ ᠥᠬᠡᠶ᠂ ᠬᠠᠷᠢᠭᠤᠴᠠᠯᠭ᠎ᠠ ᠠᠴᠠ ᠵᠠᠶᠢᠯᠠᠬᠤ ᠥᠬᠡᠶ ᠪᠠᠶᠢᠵᠤ᠂ ᠭᠠᠯ ᠬᠠᠯᠠᠭᠤᠨ ᠣᠷᠭᠢᠯᠤᠮ᠎ᠠ ᠰᠡᠳᠭᠢᠯᠭᠡ ᠪᠠᠷ ᠠᠵᠢᠯ ᠬᠢᠵᠦ ᠦᠶ᠋ᠯᠡᠰ ᠪᠤᠰᠬᠠᠵᠤ᠂ ᠡᠷᠡᠰ ᠬᠠᠲᠠᠭᠤ ᠰᠥᠰᠥ ᠵᠣᠷᠢᠭ ᠢᠶᠠᠷ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠰᠠᠶᠢᠨ ᠳᠦᠷᠰᠦ ᠪᠠᠶᠢᠳᠠᠯ᠂ ᠴᠢᠳᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠬᠤ ᠦᠨᠡᠨ ᠡᠷᠳᠡᠮ ᠴᠢᠳᠠᠪᠤᠷᠢ ᠪᠠᠷ ᠡᠯ᠎ᠡ ᠵᠦᠶ᠋ᠯ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ᠃      ᠲᠠᠪᠤᠳᠤᠭᠠᠷ ᠲᠤ᠂ ᠠᠷᠢᠭᠤᠨ ᠴᠢᠬᠡᠴᠢ ᠤᠯᠤᠰ ᠲᠦᠷᠦ ᠶᠢᠨ ᠤᠤᠷ ᠴᠢᠨᠠᠷ ᠢ ᠢᠮᠠᠭᠲᠠ ᠪᠠᠷᠢᠮᠳᠠᠯᠠᠵᠦ᠂ ᠲᠥᠪ ᠰᠤᠷᠲᠠᠯ ᠲᠠᠢ᠂ ᠠᠷᠢᠭᠤᠨ ᠴᠢᠬᠡᠴᠢ ᠬᠡᠪ ᠳᠠᠭᠤᠷᠢᠶᠠᠯ ᠪᠣᠯᠬᠤ ᠶᠢ ᠤᠬᠠᠮᠰᠠᠷ ᠠᠴᠠ ᠪᠠᠨ ᠬᠢᠬᠦ ᠬᠡᠷᠡᠭᠲᠡᠢ᠃ ᠤᠢᠢᠷ᠎ᠠ ᠶᠢᠨ ᠬᠤᠶᠠᠷ ᠵᠢᠯ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠢᠯᠵᠠᠷᠡᠯ ᠢ ᠵᠠᠯᠬᠠᠭᠠᠨ ᠰᠢᠢᠳᠭᠡᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤᠯᠵᠤ ᠬᠠᠷᠠᠨ᠂ ᠰᠡᠳᠭᠢᠯ ᠳᠡᠭᠡᠨ ᠴᠡᠭᠡᠵᠢᠯᠡᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠢᠲᠡᠭᠡᠯ ᠡᠳᠦᠷ ᠢᠷᠡᠬᠦᠶ᠎ᠡ ᠨᠡᠮᠡᠭᠳᠡᠵᠦ᠂ ᠰᠢᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠴᠤ ᠨᠡᠩ ᠤᠯᠠᠨ ᠰᠢᠨ᠎ᠡ ᠬᠦᠰᠡᠯ ᠡᠷᠡᠮᠡᠯᠵᠡᠯ ᠲᠠᠯᠪᠢᠵᠠᠢ᠃ ᠭᠡᠰᠢᠭᠦᠳ ᠪᠣᠯ ᠪᠦᠬᠦ ᠣᠷᠣᠨ ᠤ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠳᠣᠲᠣᠷᠠᠬᠢ ᠵᠠᠩᠭᠢᠯᠠᠭ᠎ᠠ ᠶᠢᠨ ᠴᠥᠭᠡᠨ ᠲᠣᠭᠠᠲᠠᠨ ᠪᠣᠯᠤᠨ᠎ᠠ᠂ ᠦᠭᠡ ᠶᠠᠷᠢᠶ᠎ᠠ ᠦᠢᠯᠡ ᠠᠵᠢᠯᠯᠠᠭ᠎ᠠ ᠨᠢ ᠴᠥᠮ ︽ᠵᠦᠭᠯᠡᠭᠦᠷ︾ ᠤᠨ ᠦᠢᠯᠡᠳᠦᠯ ᠦᠵᠡᠭᠦᠯᠵᠦ ᠪᠠᠶᠢᠳᠠᠭ᠂ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠦᠷᠢᠮ ᠤᠳ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠬᠡᠷᠡᠭᠲᠡᠢ᠂ ᠪᠠᠢ ᠰᠢᠶᠠᠩ ᠴᠢᠶᠦ᠋ᠨ᠂ ᠰᠢᠩ ᠶᠦᠨ᠂ ᠶᠦᠨ ᠭᠤᠸᠠᠩ ᠵᠦᠩ᠂ ᠶᠦᠨ ᠭᠦᠩ ᠮᠢᠨ᠂ ᠮᠠ ᠮᠢᠩ᠂ ᠰᠦᠩ ᠯᠢᠶᠠᠩ ᠵᠡᠷᠭᠡ ᠬᠥᠮᠦᠰ ᠤᠨ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠬᠡᠷᠡᠭ ᠢᠶᠠᠷ ᠡᠰᠡᠷᠭᠦ ᠲᠠᠯ᠎ᠠ ᠶᠢᠨ ᠲᠣᠯᠢ ᠪᠤᠯᠭᠠᠵᠤ᠂ ᠪᠡᠶ᠎ᠡ ᠪᠠᠷ ᠢᠶᠠᠨ ᠲᠦᠷᠦᠬᠦᠯᠡᠨ ᠨᠠᠮ ᠤᠨ ᠳᠣᠲᠣᠷᠠᠬᠢ ᠨᠥᠬᠦᠳ ᠤᠨ ᠬᠠᠷᠢᠯᠴᠠᠭᠠᠨ ᠤ ᠳᠤᠮᠳᠠᠬᠢ ᠪᠣᠯᠬᠢᠴᠢᠯᠠᠬᠰᠠᠨ᠂ ᠠᠰᠢᠭ ᠲᠤᠰᠠᠴᠢᠯᠠᠬᠰᠠᠨ ᠦᠵᠡᠭᠳᠡᠯ ᠢ ᠡᠰᠡᠷᠬᠦᠴᠡᠨ ᠬᠤᠷᠢᠬᠯᠠᠵᠤ ᠂ ᠪᠡᠶ᠎ᠡ ᠪᠠᠷ ᠢᠶᠠᠨ ᠲᠦᠷᠦᠭᠦᠯᠡᠨ ᠡᠷᠭᠦᠨ ᠮᠠᠭᠲᠠᠬᠤ᠂ ᠳᠣᠣᠷᠠᠰᠢᠶᠠᠨ ᠪᠢᠯᠳᠠᠤᠴᠢᠯᠠᠬᠤ ᠵᠡᠷᠭᠡ ᠦᠢᠯᠡ ᠠᠵᠢᠯᠯᠠᠭ᠎ᠠ ᠶᠢ ᠡᠰᠡᠷᠬᠦᠴᠡᠨ ᠬᠤᠷᠢᠬᠯᠠᠵᠤ᠂ ᠪᠡᠶ᠎ᠡ ᠪᠠᠷ ᠢᠶᠠᠨ ᠲᠦᠷᠦᠬᠦᠯᠡᠨ ᠢᠳᠡᠵᠦ ᠤᠤᠭᠤᠬᠤ ︽ᠬᠤᠭᠤᠯᠠᠨ ᠤ ᠰᠣᠶᠣᠯ︾᠂ ᠲᠠᠲᠠᠯᠴᠠᠨ ᠴᠢᠩᠭᠠᠭᠠᠯᠳᠤᠬᠰᠠᠨ ︽ᠪᠦᠯᠬᠦᠮ ᠤᠨ ᠰᠣᠶᠣᠯ︾ ᠢ ᠡᠰᠡᠷᠬᠦᠴᠡᠨ ᠬᠤᠷᠢᠬᠯᠠᠵᠤ᠂ ᠲᠦᠪ ᠴᠢᠭᠡᠴᠢ᠂ ᠶᠣᠰᠣ ᠳᠦᠷᠢᠮ ᠢ ᠨᠠᠮ ᠤᠨ ᠳᠣᠲᠣᠭᠠᠳᠤ ᠶᠢᠨ ᠨᠥᠬᠦᠳ ᠤᠨ ᠬᠠᠷᠢᠴᠠᠭᠠᠨ ᠤ ᠰᠢᠨ᠎ᠡ ᠬᠡᠪ ᠪᠠᠶᠢᠳᠠᠯ ᠪᠤᠯᠭᠠᠬᠤ ᠬᠡᠷᠡᠭᠳᠡᠢ᠃ ᠨᠢᠮᠭᠡᠨ ᠮᠥᠰᠥᠨ ᠳᠡᠭᠡᠷ᠎ᠡ ᠬᠢᠰᠭᠢᠬᠦ ᠮᠡᠲᠦ᠂ ᠭᠦᠨ ᠬᠦᠪ ᠤᠨ ᠢᠷᠮᠡᠭ ᠳᠡᠭᠡᠷ᠎ᠡ ᠠᠯᠬᠤᠬᠤ ᠮᠡᠲᠦ ᠰᠣᠨᠣᠷ ᠰᠡᠷᠡᠮᠵᠢ ᠲᠠᠢ ᠪᠠᠶᠢᠬᠤ ᠶᠢ ᠢᠮᠠᠭᠲᠠ ᠪᠠᠷᠢᠮᠲᠠᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠪᠠᠷᠢᠮᠵᠢᠶ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠤᠨ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠰᠠᠬᠢᠵᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠬᠢ ᠳᠣᠲᠦᠨᠦ ᠴᠢᠬᠡᠴᠢ ᠬᠠᠷᠢᠴᠠᠭ᠎ᠠ ᠶᠢ ᠪᠠᠶᠢᠭᠤᠯᠤᠨ᠂ ᠭᠡᠷ ᠤᠨ ᠰᠤᠷᠭᠠᠯ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠨᠠᠶᠢᠷ ᠲᠠᠯ᠎ᠠ ᠶᠢᠨ ᠳᠤᠮᠳᠠ ᠨᠢᠭᠤᠭᠳᠠᠵᠤ ᠪᠠᠶᠢᠭ᠎ᠠ ︽ᠤᠨᠠᠭᠤᠯᠢ︾ ᠪᠠ ︽ᠬᠤᠮᠣᠷᠭᠠᠯᠠᠨ ᠠᠪᠠᠯᠠᠬᠤ︾ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠲᠥᠪ ᠭᠤᠣᠯᠴᠢ ᠪᠠᠷ ᠡᠷᠬᠡ ᠪᠠᠨ ᠬᠡᠷᠡᠭᠯᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠯᠡᠵᠦ᠂ ᠠᠷᠢᠭᠤᠨ ᠴᠢᠬᠡᠴᠢ ᠪᠠᠷ ᠡᠷᠬᠡ ᠪᠠᠨ ᠬᠡᠷᠡᠭᠯᠡᠵᠦ᠂ ᠶᠠᠭᠠᠬᠢᠭᠰᠠᠨ ᠴᠤ ᠣᠨᠴᠠ ᠡᠷᠬᠡ ᠶᠠᠪᠤᠭᠤᠯᠬᠤ ᠦᠬᠡᠢ᠂ ᠶᠠᠭᠠᠬᠢᠭᠰᠠᠨ ᠴᠤ ᠡᠷᠬᠡ ᠪᠠᠨ ᠠᠰᠢᠭᠯᠠᠨ ᠠᠮᠢ ᠪᠠᠨ ᠪᠣᠷᠳᠣᠬᠤ ᠦᠭᠡᠢ᠂ ᠡᠷᠡᠰ ᠭᠤᠶᠢᠪᠢᠰᠢ ᠦᠬᠡᠢ ᠪᠠᠷ ᠠᠷᠢᠭᠤᠨ ᠴᠢᠬᠡᠴᠢ ᠰᠤᠷᠲᠠᠯ ᠢ ᠴᠥᠬᠦᠷᠡᠰᠢ ᠦᠭᠡᠢ ᠬᠠᠳᠠᠭᠠᠯᠠᠵᠤ᠂ ᠠᠷᠢᠭᠤᠨ ᠴᠢᠬᠡᠴᠢ ᠶᠢᠨ ᠰᠡᠷᠬᠡᠶᠢᠯᠡᠯᠳᠡ ᠶᠢᠨ ᠱᠤᠭᠤᠮ ᠢ ᠪᠠᠳᠤ ᠴᠤᠬᠴᠠᠯᠠᠬᠤ ᠬᠡᠷᠡᠭᠳᠡᠢ᠃ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︽ᠨᠢᠭᠡᠳᠦᠭᠡᠷ ᠭᠠᠷ︾ ᠪᠣᠯᠤᠨ ᠤᠳᠤᠷᠢᠳᠬᠤ ᠪᠠᠭ ᠲᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠶᠢ ᠪᠡᠶ᠎ᠡ ᠪᠠᠷ ᠢᠶᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠢᠨᠠᠯᠲᠠ ᠲᠠᠯᠪᠢᠬᠤ ᠲᠦᠷᠢᠮ ᠢ ᠲᠦᠷᠦᠭᠦᠯᠡᠨ ᠬᠡᠷᠡᠭᠵᠢᠭᠦᠯᠵᠦ᠂ ᠬᠢᠨᠠᠯᠲᠠ ᠬᠢᠵᠠᠭᠠᠷᠯᠠᠯ ᠢ ᠬᠦᠯᠢᠶᠡᠬᠦ ᠳᠤᠮᠳᠠ ᠡᠷᠬᠡ ᠪᠠᠨ ᠬᠡᠷᠡᠭᠯᠡᠬᠦ ᠡᠨᠡ ᠬᠦ ᠪᠣᠭᠤᠮᠲᠠ ᠶᠢ ᠴᠢᠩᠭ᠎ᠠ ᠰᠠᠬᠢᠬᠤ ᠪᠠᠷ ᠪᠠᠷᠠᠬᠤ ᠦᠭᠡᠢ᠂ ᠪᠠᠰᠠ ᠰᠠᠨᠠᠭᠠᠴᠢᠯᠠᠭ᠎ᠠ ᠠᠴᠠ ᠪᠠᠨ ᠬᠢᠨᠠᠯᠲᠠ ᠲᠠᠯᠪᠢᠬᠤ᠂ ᠬᠠᠷᠢᠯᠴᠠᠨ ᠬᠢᠨᠠᠯᠲᠠ ᠲᠠᠯᠪᠢᠬᠤ ᠤᠬᠠᠮᠰᠠᠷ ᠢᠶᠠᠨ ᠴᠢᠩᠭᠠᠳᠬᠠᠵᠤ᠂ ︽ᠰᠠᠶᠢᠨ ᠬᠥᠮᠦᠨ︾ ᠪᠣᠯᠬᠤ ᠦᠭᠡᠢ᠂ ᠵᠠᠷᠴᠢᠮ ᠦᠭᠡᠢ ᠡᠶ᠎ᠡ ᠡᠪ ᠢ ᠬᠥᠭᠡᠭᠡᠴᠡᠯᠳᠦᠬᠦ ᠦᠭᠡᠢ ᠪᠠᠶᠢᠵᠤ᠂ ᠬᠠᠮᠲᠤ ᠪᠠᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠳᠠᠪᠲᠠᠨ ᠪᠣᠯᠪᠠᠰᠤᠷᠠᠭᠤᠯᠬᠤ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠬᠦᠷᠬᠡᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠨᠠᠮ ᠳᠤ ᠰᠠᠨᠠᠭᠤᠯᠤᠬᠰᠠᠨ ︽ᠬᠥᠮᠦᠨ ᠦᠬᠦᠵᠦ ᠵᠠᠰᠠᠭ ᠮᠥᠬᠦᠬᠦ︾ ᠲᠤᠬᠠᠢ ᠰᠡᠷᠡᠮᠵᠢᠯᠡᠬᠦᠯᠦᠯ ᠢ ᠴᠠᠬ ᠢᠮᠠᠬᠳᠠ ᠰᠡᠷᠡᠮᠵᠢᠯᠡᠵᠦ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠳᠠ᠂ ᠣᠪᠣᠷ ᠰᠤᠷᠲᠠᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠶ ᠰᠡᠷᠭᠡᠭ ᠲᠠᠨᠢᠯᠲᠠ ᠲᠠᠢ ᠪᠠᠶᠢᠬᠤ ᠶᠢ ᠪᠠᠳᠤᠯᠠᠵᠤ᠂ ᠨᠢᠭᠡᠨᠳᠡ ᠴᠢᠩᠭ᠎ᠠ ᠪᠤᠯᠤᠬᠰᠠᠨ᠂ ᠲᠦᠢᠯ ᠳᠠᠭᠠᠨ ᠲᠤᠯᠳᠠᠯ᠎ᠠ ᠴᠢᠩᠭᠠᠷᠠᠬᠰᠠᠨ ᠬᠡᠬᠦ ᠤᠷᠮ᠎ᠠ ᠰᠡᠳᠬᠢᠯᠬᠡ ᠪᠤᠢ ᠪᠤᠯᠬᠤ ᠶᠢ ᠡᠷᠡᠰ ᠬᠤᠷᠢᠬᠯᠠᠵᠤ᠂ ᠢᠯᠵᠠᠷᠠᠯ ᠢ ᠴᠢᠩᠭ᠎ᠠ ᠵᠠᠯᠬᠠᠭᠠᠨ ᠰᠢᠢᠳᠭᠡᠬᠦ ︽ᠱᠤᠷᠠᠭ︾ ᠢ ᠨᠡᠩ ᠴᠢᠩᠭᠠᠯᠠᠵᠤ᠂ ︽ᠭᠤᠷᠪᠠᠨ ᠪᠣᠯᠬᠤ ᠦᠭᠡᠢ︾ ᠶᠢ ᠨᠢᠭᠡ ᠴᠤᠬᠴᠠᠵᠢᠭᠤᠯᠤᠨ ᠠᠬᠢᠭᠤᠯᠬᠤ ᠲᠥᠪᠯᠡᠷᠡᠩᠭᠦᠢ ᠦᠢᠯᠡᠳᠦᠯ ᠢ ᠨᠡᠩ ᠭᠦᠢᠴᠡᠳ ᠪᠠᠳᠠᠷᠠᠭᠤᠯᠵᠤ᠂ ᠬᠠᠳᠠᠭᠠᠯᠠᠯᠲᠠ ᠶᠢᠨ ᠬᠡᠮᠵᠢᠶ᠎ᠡ ᠶᠢ ᠬᠦᠴᠦᠲᠡᠶ ᠪᠠᠭᠠᠰᠬᠠᠵᠤ᠂ ᠨᠡᠮᠡᠭᠳᠡᠯ ᠢ ᠬᠤᠷᠢᠬᠯᠠᠵᠤ᠂ ᠬᠤᠤᠷᠳᠦ ᠬᠠᠪᠤᠳᠠᠷ᠂ ᠬᠤᠣᠷ ᠤᠨ ᠡᠬᠢ ᠰᠤᠷᠪᠤᠯᠵᠢ᠂ ᠲᠠᠷᠬᠠᠭᠠᠭᠰᠠᠨ ᠬᠤᠣᠷ ᠢ ᠡᠷᠡᠰ ᠠᠷᠢᠯᠭᠠᠵᠤ᠂ ᠪᠥᠬᠦ ᠣᠷᠣᠨ ᠤ ᠤᠯᠤᠰ ᠲᠥᠷᠥ ᠶᠢᠨ ᠠᠮᠢ ᠠᠬᠤᠶ ᠶᠢ ᠪᠥᠬᠦ ᠲᠠᠯ᠎ᠠ ᠪᠠᠷ ᠳᠠᠬᠢᠨ ᠪᠠᠶᠢᠭᠤᠯᠬᠤ ᠶᠢ ᠲᠦᠷᠭᠡᠳᠭᠡᠨ ᠠᠬᠢᠭᠤᠯᠵᠤ᠂ ᠦᠨᠳᠦᠰᠦᠨ ᠠᠴᠠ ᠨᠢ ᠰᠠᠶᠢᠵᠢᠷᠠᠭᠤᠯᠬᠤ ᠬᠡᠷᠡᠭᠳᠡᠢ᠃      ᠨᠥᠬᠦᠳ ᠡ᠂ ᠰᠢᠨ᠎ᠡ ᠤᠳᠤᠷᠢᠳᠬᠤ ᠪᠠᠭ ᠰᠢᠨ᠎ᠡ ᠳᠦᠷᠰᠦ ᠪᠠᠶᠢᠳᠠᠯ ᠲᠠᠢ ᠪᠠᠶᠢᠵᠤ᠂ ᠰᠢᠨ᠎ᠡ ᠠᠶᠠᠨ ᠰᠢᠨ᠎ᠡ ᠵᠢᠳᠬᠦᠯ ᠴᠢᠷᠮᠠᠶᠢᠯᠭ᠎ᠠ ᠶᠢ ᠤᠷᠢᠶᠠᠯᠠᠵᠤ ᠪᠠᠶᠢᠨ᠎ᠠ ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠡᠶᠢᠭᠡᠮ ᠵᠢᠷᠤᠮᠳᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠳᠤ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ