ᠤᠷᠠᠳ ᠤᠨ ᠡᠮᠦᠨᠡᠳᠦ ᠬᠤᠰᠢᠭᠤᠨ ᠤ ᠲᠠᠷᠢᠶᠠᠯᠠᠩ ᠤᠨ ᠬᠦᠭᠵᠢᠬᠦᠯᠦᠯᠳᠠ ᠶᠢᠨ ᠪᠠᠩᠭᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠦᠵᠢᠯ  ᠢ ᠦᠷᠨᠢᠬᠦᠯᠪᠡ
ᠨᠡᠶᠢᠲᠡᠯᠡᠭᠰᠡᠨ ᠴᠠᠭ᠄
2021/12/6
     ᠤᠶᠢᠷ᠎ᠠ ᠶᠢᠨ ᠡᠳᠦᠷ᠂ ᠲᠠᠷᠢᠶᠠᠯᠠᠩ ᠤᠨ  ᠬᠦᠭᠵᠢᠬᠦᠯᠦᠯᠳᠠ ᠶᠢᠨ ᠪᠠᠩᠭᠢ ᠶᠢᠨ ᠡᠮᠦᠨᠡᠳᠦ ᠬᠤᠰᠢᠭᠤᠨ ᠳᠠᠬᠢ ᠰᠠᠯᠪᠤᠷᠢ ᠪᠠᠩᠭᠢ ᠨᠢ ᠲᠡᠭᠡᠳᠦ ᠱᠠᠳᠤᠨ ᠤ ᠪᠠᠩᠭᠢ ᠶᠢᠨ ᠨᠢᠬᠡᠳᠦᠯᠳᠡᠢ ᠪᠠᠶᠢᠷᠢᠯᠠᠭᠤᠯᠳᠠ ᠶᠤᠰᠤᠭᠠᠷ᠂ ︿︿ᠬᠠᠮᠢᠶᠠᠷᠤᠯᠳᠠ ᠶᠢ ᠴᠢᠩᠭᠠᠳᠬᠠᠵᠤ᠂ ᠬᠦᠮᠦᠵᠢᠯ ᠢ ᠠᠳᠬᠤᠵᠤ᠂ ᠠᠮᠤᠷ ᠲᠦᠪᠰᠢᠨ ᠢ ᠪᠠᠳᠤᠯᠠᠵᠤ﹀﹀᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠦᠮᠦᠵᠢᠯ ᠢ ᠦᠷᠨᠢᠬᠦᠯᠵᠦ᠂ ᠬᠦᠮᠦᠨ ᠪᠦᠬᠦᠨ ᠠᠮᠤᠷ ᠲᠦᠪᠰᠢᠨ ᠢ ᠡᠷᠬᠢᠮᠯᠡᠬᠦ᠂ ᠬᠦᠮᠦᠨ ᠪᠦᠬᠦᠨ ᠠᠮᠤᠷ ᠲᠦᠪᠰᠢᠨ ᠢ ᠬᠠᠮᠢᠶᠠᠷᠬᠤ᠂ ᠬᠦᠮᠦᠨ ᠪᠦᠬᠦᠨ ᠬᠠᠤᠯᠢ ᠰᠠᠬᠢᠯᠭ᠎ᠠ ᠶᠢ ᠰᠠᠬᠢᠬᠤ﹀﹀ ᠤᠬᠢ ᠰᠠᠶᠢᠨ ᠠᠭᠤᠷ ᠠᠮᠢᠰᠬᠤᠯ ᠢ ᠪᠤᠢ ᠪᠤᠯᠭᠠᠪᠠ᠃ ᠲᠤᠰ ᠪᠠᠩᠭᠢ ᠨᠢ ᠠᠵᠢᠯᠳᠠᠳ ᠢ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯᠳᠡ ᠶᠢ ᠤᠯᠠᠮ ᠨᠢᠬᠡ ᠠᠯᠬᠤᠮ ᠴᠢᠩᠭᠠᠷᠠᠭᠤᠯᠵᠤ᠂ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠬᠦ ᠠᠵᠢᠯᠯᠠᠭ᠎ᠠ ᠠᠴᠠ ᠬᠤᠯᠠ ᠵᠠᠶᠢᠯᠠᠭᠤᠯᠬᠤ ᠶᠢᠨ ᠲᠦᠯᠦᠬᠡ ᠵᠠᠮ ᠬᠠᠷᠢᠯᠴᠠᠭᠠᠨ ᠤ ᠬᠦᠮᠦᠵᠢᠯ ᠤᠨ ᠠᠵᠢᠯᠯᠠᠭ᠎ᠠ ᠶᠢ ᠦᠷᠨᠢᠬᠦᠯᠪᠡ᠂ ᠨᠢᠬᠡ ᠳᠤ ᠡᠷᠡᠬᠦᠦ ᠶᠢᠨ ᠬᠠᠤᠯᠢ᠂ ᠵᠠᠰᠠᠮᠠᠯ ᠵᠠᠮ ᠵᠠᠮ ᠬᠠᠷᠢᠯᠴᠠᠭᠠᠨ ᠤ ᠬᠠᠤᠯᠢ  ᠵᠡᠷᠭᠡ ᠵᠠᠮ ᠬᠠᠷᠢᠯᠴᠠᠭᠠᠨ ᠤ ᠪᠢᠴᠢᠭ ᠮᠠᠲ᠋ᠧᠷᠢᠶᠠᠯ᠂ ᠨᠡᠶᠢᠳᠡᠯᠢᠭ ᠬᠡᠷᠡᠭ ᠤᠨ ᠵᠢᠱᠢᠶ᠎ᠠ ᠶᠢᠨ ᠮᠡᠳᠡᠭᠦᠯᠦᠯᠳᠡ ᠶᠢ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠰᠤᠷᠤᠯᠴᠠᠵᠤ᠂ ︿︿ᠨᠢᠭᠡᠳᠦᠬᠡᠷ ᠭᠠᠷ﹀﹀ ᠠᠮᠤᠷ ᠲᠦᠪᠰᠢᠨ ᠤ ᠬᠢᠴᠢᠶᠡᠯ ᠤᠷᠤᠭᠰᠠᠨ ᠪᠦᠬᠡᠳ ᠵᠠᠮ ᠬᠠᠷᠢᠯᠴᠠᠭᠠᠨ ᠤ ᠠᠮᠤᠷ ᠲᠦᠢᠪᠰᠢᠨ ᠤ ᠰᠡᠷᠡᠮᠵᠢᠯᠡᠬᠦᠯᠬᠦ ᠬᠦᠮᠦᠵᠢᠯ ᠤᠨ ᠹᠢᠯᠢᠮ ᠦᠵᠡᠬᠦᠯᠪᠡ᠃ ᠬᠤᠶᠠᠷ ᠲᠤ ᠲᠤᠬᠠᠢ ᠶᠢᠨ ᠭᠠᠵᠠᠷ ᠤᠨ ᠲᠤᠳᠤᠭᠠᠳᠤ ᠶᠢ ᠬᠠᠮᠠᠭᠠᠯᠠᠬᠤ ᠬᠠᠤᠯᠢ ᠬᠡᠷᠡᠭᠵᠢᠬᠦᠯᠬᠦ ᠰᠠᠯᠠᠭ᠎ᠠ ᠮᠦᠴᠢᠷ ᠲᠠᠢ ᠬᠠᠷᠢᠯᠴᠠᠨ ᠵᠤᠯᠭᠠᠯᠳᠤᠬᠤ ᠠᠵᠢᠯ ᠢ ᠰᠠᠶᠢᠳᠤᠷ ᠬᠢᠵᠦ᠂ ᠠᠵᠢᠯᠳᠠᠳ ᠤᠨ ᠦᠢᠯᠡ ᠠᠵᠢᠯᠯᠠᠭ᠎ᠠ ᠶᠢ ᠵᠢᠷᠤᠮᠵᠢᠭᠤᠯᠪᠠ᠃ ᠭᠤᠷᠪᠠ ᠳᠤ ︿︿ᠵᠠᠮ ᠬᠠᠷᠢᠯᠴᠠᠭᠠᠨ ᠤ ᠬᠠᠷᠢᠭᠤᠴᠠᠯᠭ᠎ᠠ ᠶᠢᠨ ᠪᠢᠴᠢᠭ﹀﹀ ᠢ ᠲᠤᠭᠳᠠᠭᠠᠵᠤ᠂ ᠵᠠᠰᠠᠮᠠᠯ ᠵᠠᠮ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ  ᠪᠤᠳᠠᠳᠠᠶᠢᠵᠢᠭᠤᠯᠵᠤ᠂ ᠠᠮᠤᠷ ᠲᠦᠪᠰᠢᠨ ᠲᠡᠷᠭᠡ ᠵᠢᠯᠤᠭᠤᠳᠬᠤ ᠦᠵᠡᠯᠳᠡ ᠶᠢ ᠪᠠᠳᠤᠵᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯᠳᠡ ᠶᠢ  ᠴᠢᠩᠭᠠᠳᠬᠠᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ