ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 3 ᠤ ᠴᠠᠬᠢᠯᠭᠠᠨ ᠮᠡᠳᠡᠭᠡ ︵ᠰᠤᠷᠪᠤᠯᠵᠢᠯᠠᠭᠴᠢ ᠵᠧᠩ ᠮᠢᠩ ᠳ᠋ᠡ︶ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 12 ᠰᠠᠷ᠎ᠠ ᠶᠢᠨ 3 ᠤ ᠡᠳᠦᠷ ᠯᠠᠤᠰ ᠤᠨ ᠠᠷᠠᠳ ᠤᠨ ᠬᠤᠪᠢᠰᠬᠠᠯᠲᠤ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠲᠦᠩᠯᠦ᠋ᠨ ᠲᠠᠢ ᠸᠢᠳᠢᠣ᠋ ᠠᠭᠤᠯᠵᠠᠯᠲᠠ ᠬᠢᠪᠡ᠃ | ᠰᠢ ᠶᠢᠨ ᠫᠢᠩ᠂ ᠡᠨᠡ ᠵᠢᠯ ᠪᠣᠯ ᠳᠤᠮᠳᠠᠳᠤ ᠯᠠᠤᠰ ᠤᠨ ᠬᠠᠷᠢᠯᠴᠠᠭ᠎ᠠ ᠪᠠᠶᠢᠭᠤᠯᠤᠭᠰᠠᠨ 60 ᠵᠢᠯ ᠤᠨ ᠤᠢ ᠵᠢᠴᠢ ᠳᠤᠮᠳᠠᠳᠤ ᠯᠠᠤᠰ ᠤᠨ ᠨᠥᠬᠦᠷᠯᠡᠯ ᠤᠨ ᠵᠢᠯ | ᠪᠣᠯᠤᠨ᠎ᠠ᠃ 60 ᠵᠢᠯ ᠤᠨ ᠲᠤᠷᠰᠢ᠂ ᠳᠤᠮᠳᠠᠳᠤ ᠯᠠᠤᠰ ᠤᠨ ᠬᠠᠷᠢᠯᠴᠠᠭ᠎ᠠ ᠳᠡᠯᠡᠬᠡᠢ ᠶᠢᠨ ᠲᠤᠭᠲᠠᠪᠦᠷᠢ ᠦᠭᠡᠢ ᠪᠠᠶᠢᠳᠠᠯ ᠤᠨ ᠰᠢᠯᠭᠠᠯᠲᠠ ᠶᠢ ᠳᠠᠭᠠᠭᠠᠵᠤ᠂ ᠶᠠᠪᠤᠬᠤ | ᠲᠤᠳᠤᠮ ᠪᠠᠬᠢᠵᠢᠵᠦ᠂ ᠶᠠᠪᠤᠬᠤ ᠲᠤᠳᠤᠮ ᠰᠢᠨᠡᠳᠴᠦ ᠴᠢᠳᠠᠭᠰᠠᠨ ᠤ ᠵᠠᠩᠭᠢᠯᠠᠭ᠎ᠠ ᠨᠢ ᠬᠤᠶᠠᠷ ᠲᠠᠯ᠎ᠠ ᠪᠠᠷ ᠢᠶᠠᠨ ᠬᠠᠮᠲᠤ ᠶᠢᠨ ᠬᠦᠰᠡᠯᠡᠩ ᠢᠶᠠᠨ ᠪᠠᠲᠤ ᠰᠠᠬᠢᠵᠤ᠂ | ᠬᠠᠷᠢᠯᠴᠠᠨ ᠢᠲᠡᠭᠡᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠤᠪᠢ ᠵᠠᠶᠠᠭ᠎ᠠ ᠪᠠᠨ ᠬᠠᠮᠲᠤᠳᠬᠠᠭᠰᠠᠨ ᠳᠤ ᠪᠠᠶᠢᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠯᠠᠤᠰ ᠴᠦᠮ ᠡᠪ ᠬᠠᠮᠲᠤ ᠨᠠᠮ ᠤᠨ ᠤᠳᠤᠷᠢᠳᠤᠯᠭ᠎ᠠ ᠪᠣᠯᠤᠨ ᠨᠡᠶᠢᠭᠡᠮ ᠵᠢᠷᠤᠮ ᠤᠨ ᠴᠢᠭᠯᠡᠯ ᠢ ᠪᠠᠷᠢᠮᠲᠠᠯᠠᠵᠤ ᠪᠠᠶᠢᠨ᠎ᠠ᠂ ᠡᠨᠡ | ᠪᠣᠯ ᠬᠤᠶᠠᠷ ᠤᠯᠤᠰ ᠤᠨ ᠬᠠᠷᠢᠯᠴᠠᠭᠠᠨ ᠤ ᠮᠥᠨ ᠴᠢᠨᠠᠷ ᠤᠨ ᠣᠨᠴᠠᠯᠢᠭ ᠪᠣᠯᠤᠨ᠎ᠠ᠃ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠭᠠᠳᠠᠭᠠᠳᠤ ᠣᠷᠴᠢᠨ ᠨᠦᠬᠦᠴᠡᠯ | ᠵᠢᠴᠢ ᠲᠤᠰ ᠲᠤᠰ ᠤᠨ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠡᠷᠬᠡ | ᠬᠠᠲᠠᠭᠤᠵᠢᠯᠲᠠᠢ ᠡᠭᠦᠷᠭᠡ ᠶᠢᠨ ᠡᠮᠦᠨ᠎ᠡ᠂ ᠳᠤᠮᠳᠠᠳᠤ ᠯᠠᠤᠰ ᠨᠡᠶᠢᠭᠡᠮ ᠵᠢᠷᠤᠮ ᠤᠨ ᠬᠠᠮᠲᠤ ᠶᠢᠨ ᠦᠢᠯᠡᠰ ᠢ ᠬᠠᠮᠠᠭᠠᠯᠠᠬᠤ ᠤᠯᠤᠰ ᠲᠦᠷᠦ ᠪᠠ ᠪᠠᠶᠢᠯᠳᠤᠬᠤ | ᠪᠤᠳᠤᠯᠭ᠎ᠠ ᠶᠢᠨ ᠦᠨᠳᠦᠷᠴᠡ ᠳᠤ ᠵᠣᠭᠰᠣᠵᠤ᠂ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ | ᠡᠪᠳᠡᠷᠡᠰᠢ ᠦᠭᠡᠢ ᠪᠠᠲᠤ ᠪᠠᠬᠢ ᠳᠤᠮᠳᠠᠳᠤ ᠯᠠᠤᠰ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠦᠷᠭᠦᠯᠵᠢᠯᠡᠨ ᠪᠠᠶᠢᠭᠤᠯᠬᠤ ᠬᠡᠷᠡᠭᠲᠡᠢ᠃ | ᠬᠤᠶᠠᠷ ᠲᠠᠯ᠎ᠠ ᠪᠠᠷ ᠢᠶᠠᠨ ᠳᠤᠮᠳᠠᠳᠤ ᠯᠠᠤᠰ ᠤᠨ ᠤᠯᠤᠰ ᠲᠦᠷᠦ ᠪᠣᠯᠤᠨ ᠪᠠᠶᠢᠭᠤᠯᠤᠯ ᠤᠨ ᠠᠮᠤᠷ ᠲᠦᠪᠰᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠢ᠃ | ᠳᠤᠮᠳᠠᠳᠤ ᠶᠢᠨ ᠲᠠᠯ᠎ᠠ ᠳᠤᠷᠠᠲᠠᠶ᠎ᠠ ᠯᠠᠤᠰ ᠤᠨ ᠲᠠᠯ᠎ᠠ ᠲᠠᠢ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠬᠢᠯᠡᠬᠦ | ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠯᠠᠤᠰ ᠤᠨ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠢᠯᠡᠰ ᠲᠤ ᠴᠢᠳᠠᠯ ᠤᠨ ᠬᠢᠷᠢ ᠪᠠᠷ ᠢᠶᠠᠨ | ᠳᠡᠮᠵᠢᠯᠭᠡ ᠪᠠ ᠬᠠᠪᠰᠤᠷᠤᠯᠭ᠎ᠠ ᠬᠠᠩᠭᠠᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠯᠠᠤᠰ ᠤᠨ ᠠᠵᠤ ᠠᠬᠤᠢ ᠶᠢᠨ ᠬᠤᠩᠭᠢᠯ ᠤᠨ ᠬᠠᠮᠲᠤᠷᠠᠯᠴᠠᠭᠠᠨ ᠤ ᠬᠤᠯᠪᠣᠭᠠᠲᠤ | ᠵᠥᠪᠯᠡᠯ ᠤᠨ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠳᠤᠮᠳᠠᠳᠤ ᠯᠠᠤᠰ ᠤᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ | ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠳᠦᠭᠡᠨ ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠳᠤᠮᠳᠠᠳᠤ ᠯᠠᠤᠰ ᠤᠨ ᠲᠡᠮᠦᠷ | ᠵᠠᠮ ᠡᠨᠡ ᠡᠳᠦᠷ ᠲᠡᠷᠭᠡ ᠨᠡᠪᠲᠡᠷᠡᠵᠦ᠂ ᠯᠠᠤᠰ ᠤᠨ ︽ᠡᠬᠡ ᠬᠠᠭᠤᠷᠠᠶ ᠶᠢᠨ ᠬᠤᠯᠪᠣᠭᠠᠲᠤ ᠤᠯᠤᠰ︾ ᠪᠣᠯᠬᠤ ᠬᠦᠰᠡᠯ ᠤᠳᠠᠯ ᠦᠭᠡᠶ ᠪᠡᠶᠡᠯᠡᠭᠳᠡᠬᠦ ᠪᠣᠯᠤᠨ᠎ᠠ᠃ | ᠪᠢᠳᠡ ︽ᠬᠠᠲᠠᠭᠤ ᠨᠡᠪᠲᠡᠷᠡᠯᠴᠡᠭᠡ︾ ᠶᠢ ᠪᠡᠶᠡᠯᠡᠭᠦᠯᠬᠦ ᠪᠠᠷ ᠪᠠᠷᠠᠬᠤ ᠥᠬᠡᠶ ᠪᠠᠰᠠ ︽ᠵᠥᠭᠡᠯᠡᠨ ᠨᠡᠪᠲᠡᠷᠡᠯᠴᠡᠭᠡ︾ ᠶᠢ ᠰᠠᠶᠢᠲᠤᠷ ᠠᠳᠬᠤᠵᠤ᠂ ᠲᠡᠮᠦᠷ ᠵᠠᠮ ᠤᠨ | ᠲᠠᠷᠠᠭᠠᠴᠢ ᠶᠢᠨ ᠡᠵᠡᠩᠨᠡᠯᠲᠡ ᠬᠠᠮᠠᠭᠠᠯᠠᠯᠳᠠ ᠪᠠ ᠠᠮᠤᠷ ᠲᠦᠪᠰᠢᠨ ᠤ ᠪᠠᠲᠤᠯᠠᠭ᠎ᠠ ᠶᠢ ᠰᠠᠶᠢᠲᠤᠷ ᠬᠢᠵᠦ᠂ ᠴᠢᠨᠠᠷ ᠰᠠᠶᠢᠲᠠᠶ᠂ ᠦᠷᠭᠦᠯᠵᠢᠯᠡᠬᠦ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠲᠡᠮᠦᠷ ᠵᠠᠮ ᠳᠠᠭᠠᠤ ᠶᠢᠨ ᠠᠵᠤ ᠠᠬᠤᠶ ᠶᠢᠨ ᠪᠦᠰᠡ ᠶᠢ ᠪᠣᠶ ᠪᠣᠯᠭᠠᠬᠤ ᠬᠡᠷᠡᠭᠲᠡᠶ᠃ ᠰᠢᠨ᠎ᠡ ᠬᠡᠯᠪᠡᠷᠢ ᠶᠢᠨ ᠰᠠᠭᠤᠷᠢ | ᠲᠥᠬᠦᠭᠡᠷᠦᠮᠵᠢ ᠶᠢᠨ ᠲᠦᠷᠦᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠳᠤᠮᠳᠠᠳᠤ ᠯᠠᠤᠰ ᠤᠨ ᠡᠨᠧᠷᠭᠢ ᠶᠢᠨ ᠬᠤᠯᠪᠣᠯᠳᠤᠨ ᠨᠡᠪᠲᠡᠷᠡᠯᠴᠡᠬᠦ ᠲᠦᠪᠰᠢᠨ ᠢ | ᠳᠡᠭᠡᠭᠰᠢᠯᠡᠭᠦᠯᠵᠦ᠂ ᠬᠥᠳᠡᠭᠡ ᠠᠵᠤ ᠠᠬᠤᠢ᠂ ᠠᠵᠤ ᠠᠬᠤᠢ ᠶᠢᠨ ᠨᠡᠭᠡᠭᠡᠯᠳᠠ ᠶᠢᠨ ᠣᠷᠣᠨ᠂ ᠮᠥᠩᠭᠦᠨ ᠭᠦᠢᠯᠭᠡᠭᠡ ᠵᠡᠷᠭᠡ ᠬᠦᠷᠢᠶ᠎ᠠ ᠴᠠᠷᠠᠭᠠᠨ ᠳᠠᠬᠢ | ᠬᠠᠮᠲᠤᠷᠠᠯᠴᠠᠭ᠎ᠠ ᠶᠢ ᠴᠢᠩᠭᠠᠳᠬᠠᠬᠤ ᠬᠡᠷᠡᠭᠲᠡᠢ ᠬᠡᠵᠡᠢ᠃ | ᠰᠢ ᠶᠢᠨ ᠫᠢᠩ᠂ ᠠᠷᠠᠳ ᠲᠦᠮᠡᠨ ᠳᠤ ᠦᠢᠯᠡᠴᠢᠯᠡᠬᠦ ᠪᠣᠯ ᠳᠤᠮᠳᠠᠳᠤ ᠯᠠᠤᠰ ᠬᠤᠶᠠᠷ ᠨᠠᠮ ᠤᠨ ᠬᠠᠮᠲᠤ ᠶᠢᠨ ᠵᠣᠷᠢᠯᠲᠠ ᠮᠥᠨ᠂ ᠳᠤᠮᠳᠠᠳᠤ ᠯᠠᠤᠰ ᠤᠨ | ᠬᠠᠷᠢᠯᠴᠠᠭ᠎ᠠ ᠴᠤ ᠠᠷᠠᠳ ᠲᠦᠮᠡᠨ ᠢ ᠳᠡᠭᠡᠳᠦᠯᠡᠬᠦ ᠶᠢ ᠲᠤᠪᠤᠶᠢᠯᠭᠠᠵᠥ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠨᠡᠩ ᠰᠠᠶᠢᠨ ᠠᠰᠢᠭ ᠬᠦᠷᠲᠡᠭᠡᠶ᠎ᠠ᠃ | ᠳᠤᠮᠳᠠᠳᠤ ᠤᠯᠤᠰ ᠦᠷᠭᠦᠯᠵᠢᠯᠡᠨ ᠯᠠᠤᠰ ᠲᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ᠂ ᠬᠢᠵᠢᠭ ᠲᠠᠢ ᠲᠡᠮᠡᠴᠡᠬᠦ ᠡᠳ᠋ ᠪᠣᠳᠠᠰ ᠵᠡᠷᠭᠡ ᠶᠢᠨ ᠳᠡᠮᠵᠢᠯᠭᠡ ᠬᠠᠩᠭᠠᠵᠤ᠂ | ᠡᠮᠴᠢᠯᠡᠭᠡ᠂ ᠬᠥᠳᠡᠭᠡ ᠲᠣᠰᠬᠤᠨ ᠤ ᠶᠠᠳᠠᠭᠤ ᠶᠢ ᠲᠡᠳᠬᠦᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠯᠠᠭᠤᠴᠤᠳ᠂ ᠰᠣᠶᠣᠯ᠂ ᠣᠷᠣᠨ ᠨᠤᠲᠤᠭ ᠤᠨ | ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠵᠢᠷᠭᠠᠯᠲᠤ ᠲᠦᠷᠦᠭᠳᠡᠯ ᠢ ᠨᠡᠮᠡᠭᠳᠡᠭᠦᠯᠦᠨ᠎ᠡ᠃ | ᠳᠤᠮᠳᠠᠳᠤ ᠤᠯᠤᠰ ᠳᠤᠷᠠᠲᠠᠶ᠎ᠠ ᠯᠠᠤᠰ ᠤᠨ ᠲᠠᠯ᠎ᠠ ᠲᠠᠢ ᠬᠠᠮᠲᠤ ᠪᠠᠷ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ᠂ ᠪᠦᠬᠦ ᠪᠥᠮᠪᠥᠷᠴᠡᠭ ᠤᠨ | ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠨᠡᠩ | ᠨᠢᠭᠳᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ᠂ ᠬᠥᠭᠵᠢᠯ | ᠴᠡᠴᠡᠭᠯᠡᠯ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃ | ᠲᠦᠩᠯᠦ᠋ᠨ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠲᠡᠦᠬᠡᠲᠦ ᠴᠢᠨᠠᠷᠲᠠᠢ ᠴᠢᠬᠤᠯᠠ | ᠦᠷ᠎ᠡ ᠪᠦᠲᠦᠭᠡᠯ ᠣᠯᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠲᠡᠷᠢᠭᠦᠯᠡᠭᠴᠢ ᠰᠢ ᠶᠢᠨ ᠫᠢᠩ᠂ ᠳᠤᠮᠳᠠᠳᠤ ᠤᠯᠤᠰ ᠤᠨ ᠨᠠᠮ᠂ ᠵᠠᠰᠠᠭ ᠤᠨ ᠣᠷᠳᠣᠨ ᠪᠣᠯᠤᠨ | ᠠᠷᠠᠳ ᠲᠦᠮᠡᠨ ᠤ ᠤᠷᠳᠤ ᠬᠤᠭᠤᠴᠠᠭᠠᠨ ᠤ ᠲᠤᠷᠰᠢ ᠯᠠᠤᠰ ᠲᠤ ᠡᠷᠬᠢᠮ ᠨᠠᠨᠳᠢᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠪᠢ | ᠲᠡᠷᠢᠭᠦᠯᠡᠭᠴᠢ ᠰᠢ ᠶᠢᠨ ᠫᠢᠩ ᠤᠨ ᠯᠠᠤᠰ ᠳᠤᠮᠳᠠᠳᠤ ᠶᠢᠨ ᠬᠤᠶᠠᠷ ᠨᠠᠮ ᠬᠤᠶᠠᠷ ᠤᠯᠤᠰ ᠤᠨ ᠬᠠᠷᠢᠯᠴᠠᠭ᠎ᠠ ᠶᠢᠨ ᠲᠤᠬᠠᠢ ᠳᠡᠭᠡᠳᠦ ᠬᠡᠮᠵᠢᠶᠡᠨ ᠤ ᠦᠨᠡᠯᠡᠯᠲᠡ ᠪᠣᠯᠤᠨ | ᠬᠤᠶᠠᠷ ᠲᠠᠯ᠎ᠠ ᠶᠢᠨ ᠬᠠᠷᠢᠯᠴᠠᠭᠠᠨ ᠤ ᠬᠥᠭᠵᠢᠯᠲᠡ ᠶᠢᠨ ᠲᠤᠬᠠᠢ ᠳᠤᠷᠠᠳᠤᠭᠰᠠᠨ ᠴᠢᠬᠤᠯᠠ ᠰᠠᠨᠠᠯ ᠢ ᠪᠦᠷᠢᠮᠦᠰᠦᠨ ᠵᠥᠪᠰᠢᠶᠡᠷᠡᠨ᠎ᠡ᠃ ᠲᠡᠷᠢᠭᠦᠯᠡᠭᠴᠢ ᠰᠢ ᠶᠢᠨ | ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢᠨ ᠠᠴᠢ ᠪᠠᠷ ᠯᠠᠤᠰ ᠳᠤᠮᠳᠠᠳᠤ ᠶᠢᠨ ᠲᠡᠮᠤᠷ ᠵᠠᠮ ᠢ ᠪᠠᠶᠢᠭᠤᠯᠤᠨ ᠲᠡᠷᠬᠡ | ᠨᠡᠪᠳᠡᠷᠡᠵᠤ᠂ ᠯᠠᠤᠰ ᠤᠨ ᠠᠷᠠᠳ ᠲᠦᠮᠡᠨ ᠤ ᠲᠡᠮᠤᠷ ᠵᠠᠮ ᠤᠨ ᠵᠡᠭᠦᠳᠦ ᠡᠴᠦᠰ ᠲᠡᠭᠡᠨ ᠪᠡᠶᠡᠯᠡᠭᠳᠡᠪᠡ᠃ ᠯᠠᠤᠰ ᠤᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠲᠠᠢ | ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠤ᠂ ᠯᠠᠤᠰ ᠳᠤᠮᠳᠠᠳᠤ ᠶᠢᠨ ᠲᠡᠮᠤᠷ | ᠵᠠᠮ ᠤᠨ ᠠᠵᠤ ᠠᠬᠤᠢ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠠ ᠪᠠᠷ ᠪᠠᠳᠠᠷᠠᠭᠤᠯᠵᠤ᠂ ᠯᠠᠤᠰ ᠳᠤᠮᠳᠠᠳᠤ ᠶᠢᠨ ᠠᠵᠤ ᠠᠬᠤᠢ ᠶᠢᠨ ᠬᠠᠮᠲᠤᠷᠠᠯᠴᠠᠭ᠎ᠠ ᠨᠡᠩ | ᠤᠯᠠᠨ ᠦᠷ᠎ᠡ ᠪᠦᠲᠦᠭᠡᠯ ᠤᠯᠬᠤ ᠶᠢ ᠠᠬᠢᠭᠤᠯᠤᠨ᠎ᠠ᠃ ᠳᠤᠮᠳᠠᠳᠤ ᠤᠯᠤᠰ ᠪᠣᠯ ᠢᠮᠠᠭᠲᠠ ᠳᠡᠯᠡᠬᠡᠢ ᠶᠢᠨ ᠪᠠ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ | ᠬᠠᠮᠠᠭᠠᠯᠠᠬᠤ ᠴᠢᠬᠤᠯᠠ ᠲᠤᠯᠭᠠᠭᠤᠷᠢ ᠪᠤᠯᠵᠤ᠂ ᠢᠮᠠᠭᠲᠠ ᠡᠩᠬᠡ ᠲᠠᠶᠢᠪᠤᠩ ᠨᠥᠬᠦᠷᠰᠡᠭ ᠪᠠᠶᠢᠬᠤ ᠭᠠᠳᠠᠭᠠᠳᠤ ᠬᠠᠷᠢᠯᠴᠠᠭᠠᠨ ᠤ ᠲᠦᠷᠤ ᠶᠢᠨ ᠪᠤᠳᠤᠯᠭ᠎ᠠ ᠶᠢ | ᠬᠡᠷᠡᠭᠵᠢᠭᠦᠯᠵᠦ᠂ ᠳᠡᠯᠡᠬᠡᠢ ᠨᠡᠶᠢᠲᠡ ᠶᠢᠨ ᠥᠷᠭᠡᠨ ᠵᠥᠪᠰᠢᠶᠡᠷᠡᠯ ᠢ ᠤᠯᠤᠭᠰᠠᠨ ᠪᠥᠭᠡᠳ ᠶᠠᠭ ᠨᠡᠩ ᠤᠯᠠᠨ ᠡᠩᠬᠡ ᠲᠠᠶᠢᠪᠤᠩ ᠢ ᠡᠷᠬᠢᠮᠯᠡᠳᠡᠭ ᠳᠡᠯᠡᠬᠡᠢ ᠶᠢᠨ ᠡᠯ᠎ᠡ | ᠤᠯᠤᠰ ᠤᠨ ᠡᠷᠡᠰ ᠪᠠᠲᠤ ᠳᠡᠮᠵᠢᠯᠭᠡ ᠶᠢ ᠣᠯᠵᠤ ᠪᠠᠶᠢᠨ᠎ᠠ᠃ ᠳᠤᠮᠳᠠᠳᠤ ᠤᠯᠤᠰ ᠤᠨ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠦᠢ ᠶᠣᠰᠣᠨ ᠤ | ᠵᠣᠭᠰᠣᠯᠲᠠ ᠶᠢ ᠯᠠᠤᠰ ᠤᠨ ᠲᠠᠯ᠎ᠠ ᠡᠷᠡᠰ ᠳᠡᠮᠵᠢᠵᠦ᠂ ᠳᠤᠮᠳᠠᠳᠤ ᠤᠯᠤᠰ ᠤᠨ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠢ | ᠠᠮᠵᠢᠯᠲᠠ ᠲᠠᠢ ᠡᠷᠬᠢᠯᠡᠬᠦ ᠶᠢ ᠡᠷᠡᠰ ᠳᠡᠮᠵᠢᠨ᠎ᠠ᠃ ᠯᠠᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠤᠯᠠᠨ ᠤᠯᠤᠰ ᠤᠨ ᠬᠡᠷᠡᠭ ᠶᠠᠪᠤᠳᠠᠯ ᠳᠠᠬᠢ ᠤᠯᠤᠯᠴᠠᠭ᠎ᠠ | ᠬᠠᠮᠵᠢᠯᠴᠠᠭ᠎ᠠ ᠪᠠᠨ ᠴᠢᠩᠭᠠᠳᠬᠠᠵᠤ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠ ᠳᠤᠮᠳᠠᠳᠤ ᠤᠯᠤᠰ ᠤᠨ ᠪᠦᠬᠦ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ ᠡᠩᠬᠡ ᠲᠠᠶᠢᠪᠤᠩ᠂ ᠲᠣᠭᠲᠠᠭᠤᠨ᠂ ᠬᠥᠭᠵᠢᠯᠲᠡ ᠶᠢ | ᠬᠠᠮᠠᠭᠠᠯᠠᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃ | ᠳ᠋ᠢᠩ ᠰᠢᠤᠸᠠᠢ ᠰᠢᠶᠠᠩ᠂ ᠯᠢᠦ ᠾᠧ᠂ ᠾᠧ ᠯᠢ ᠹᠧᠩ ᠨᠡᠷ ᠣᠷᠣᠯᠴᠠᠵᠠᠢ᠃ | |