12 ᠰᠠᠷ᠎ᠠ ᠶᠢᠨ5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽2021 ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ︾ ᠤᠨ | ᠡᠬᠢᠯᠡᠯᠲᠡ ᠶᠢᠨ ᠶᠣᠰᠣᠯᠠᠯ ᠳᠡᠭᠡᠷ᠎ᠡ ᠪᠡᠭᠡᠵᠢᠩ ᠠᠴᠠ ᠸᠢᠳᠢᠣ᠋ ᠪᠠᠷ ᠪᠠᠶᠠᠷ ᠤᠨ ᠦᠭᠡ ᠬᠡᠯᠡᠪᠡ᠃ | 12 ᠰᠠᠷ᠎ᠠ ᠶᠢᠨ 5 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽2021 ᠼᠦᠩᠳᠦ᠋ ᠶᠢᠨ ᠤᠯᠠᠨ ᠤᠯᠤᠰ ᠤᠨ ᠶᠠᠷᠢᠶᠠᠨ ᠤ ᠲᠠᠪᠴᠠᠩ︾ ᠤᠨ | ᠡᠬᠢᠯᠡᠯᠲᠡ ᠶᠢᠨ ᠶᠣᠰᠣᠯᠠᠯ ᠳᠡᠭᠡᠷ᠎ᠡ ᠪᠡᠭᠡᠵᠢᠩ ᠠᠴᠠ ᠸᠢᠳᠢᠣ᠋ ᠪᠠᠷ ᠪᠠᠶᠠᠷ ᠤᠨ ᠦᠭᠡ ᠬᠡᠯᠡᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠬᠤᠸᠠᠩ ᠵᠢᠩ ᠸᠧᠨ ᠰᠡᠬᠦᠳᠡᠷᠯᠡᠪᠠ | ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠳᠤ᠂ ᠬᠥᠮᠦᠨ ᠲᠥᠷᠥᠯᠬᠢᠲᠡᠨ ᠶᠠᠭ ᠬᠤᠪᠣᠷᠬᠠᠨ ᠲᠣᠬᠢᠶᠠᠯᠳᠤᠬᠤ ᠣᠯᠠᠨ ᠵᠦᠢᠯ ᠤᠨ ᠬᠢᠮᠤᠷᠠᠯ ᠢ | ᠥᠩᠭᠡᠷᠡᠭᠡᠵᠦ ᠪᠠᠶᠢᠨ᠎ᠠ᠃ ᠲᠠᠰᠤᠷᠠᠯᠲᠠ ᠦᠭᠡᠢ ᠡᠬᠦᠰᠴᠤ ᠪᠠᠶᠢᠭ᠎ᠠ ᠪᠦᠬᠦ ᠪᠥᠮᠪᠥᠷᠴᠡᠭ ᠤᠨ ᠴᠢᠨᠠᠷᠲᠠᠢ ᠠᠰᠠᠭᠤᠳᠠᠯ ᠪᠣᠯᠤᠨ ᠥᠷᠢᠰᠥᠯᠳᠦᠭᠡᠨ ᠤ ᠡᠮᠦᠨ᠎ᠡ᠂ ᠪᠢᠳᠡ | ᠨᠡᠭᠡᠭᠡᠯᠲᠡᠲᠡᠢ ᠪᠠᠭᠲᠠᠭᠠᠮᠵᠢᠲᠠᠢ᠂ ᠵᠥᠪᠳᠡᠯᠴᠡᠨ ᠬᠠᠮᠲᠤᠷᠠᠯᠴᠠᠬᠤ ᠶᠢ ᠪᠠᠷᠢᠮᠲᠠᠯᠠᠵᠤ᠂ ᠤᠯᠠᠨ ᠲᠠᠯᠠᠲᠤ ᠦᠵᠡᠯ ᠢ ᠪᠠᠷᠢᠮᠲᠠᠯᠠᠨ ᠬᠠᠮᠠᠭᠠᠯᠠᠵᠤ᠂ ᠬᠥᠮᠦᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠪᠠᠯ ᠵᠣᠬᠢᠨ᠎ᠠ᠃ | — ᠪᠢᠳᠡ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠦᠶᠠ᠃ ᠤᠯᠠᠨ ᠲᠠᠯᠠᠲᠤ | ᠦᠵᠡᠯ ᠤᠨ ᠭᠤᠤᠯ ᠠᠭᠤᠯᠭ᠎ᠠ ᠪᠣᠯ ᠳᠡᠯᠡᠬᠡᠢ ᠳᠡᠭᠡᠷᠡᠬᠢ ᠤᠴᠢᠷ ᠶᠠᠪᠤᠳᠠᠯ ᠢ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ᠂ ᠳᠡᠯᠡᠬᠡᠢ ᠶᠢᠨ ᠢᠷᠡᠭᠡᠳᠦᠢ ᠬᠤᠪᠢ | ᠵᠠᠶᠠᠭ᠎ᠠ ᠶᠢ ᠡᠯ᠎ᠡ ᠤᠯᠤᠰ ᠬᠠᠮᠲᠤ ᠪᠠᠷ ᠡᠵᠡᠮᠳᠡᠬᠦ ᠶᠠᠪᠤᠳᠠᠯ ᠪᠣᠯᠤᠨ᠎ᠠ᠃ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠭᠰᠠᠨ ᠤᠯᠠᠨ | ᠤᠯᠤᠰ ᠤᠨ ᠰᠢᠰᠲ᠋ᠧᠮ᠂ ᠤᠯᠠᠨ ᠤᠯᠤᠰ ᠤᠨ ᠬᠠᠤᠯᠢ ᠪᠠᠷ ᠰᠠᠭᠤᠷᠢ ᠪᠣᠯᠭᠠᠭᠰᠠᠨ ᠤᠯᠠᠨ ᠤᠯᠤᠰ ᠤᠨ ᠡᠮᠬᠢ ᠵᠢᠷᠤᠮ ᠢ ᠡᠷᠡᠰ ᠬᠠᠮᠠᠭᠠᠯᠠᠵᠤ᠂ ᠤᠯᠠᠨ ᠤᠯᠤᠰ ᠤᠨ | ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠣᠯᠭᠠᠭᠰᠠᠨ ᠤᠯᠠᠨ ᠤᠯᠤᠰ ᠤᠨ ᠬᠠᠷᠢᠴᠠᠭᠠᠨ ᠤ ᠦᠨᠳᠦᠰᠦᠨ | ᠪᠠᠷᠢᠮᠵᠢᠶ᠎ᠠ ᠶᠢ ᠡᠷᠡᠰ ᠬᠠᠮᠠᠭᠠᠯᠠᠵᠤ᠂ ᠡᠩᠬᠡ ᠲᠠᠶᠢᠪᠤᠩ᠂ ᠬᠥᠭᠵᠢᠯᠲᠡ᠂ ᠲᠥᠪ ᠭᠤᠣᠯᠴᠢ᠂ ᠰᠢᠳᠤᠷᠭᠤ ᠶᠣᠰᠣ᠂ ᠠᠷᠠᠳᠴᠢᠯᠠᠯ᠂ ᠡᠷᠬᠡ ᠴᠢᠯᠥᠭᠡ ᠵᠡᠷᠭᠡ ᠪᠦᠬᠦ | ᠬᠥᠮᠦᠨ ᠲᠥᠷᠥᠯᠬᠢᠲᠡᠨ ᠤ ᠬᠠᠮᠲᠤ ᠶᠢᠨ ᠦᠷᠲᠡᠭ ᠢ ᠪᠠᠳᠠᠷᠠᠭᠤᠯᠤᠶ᠎ᠠ᠃ | — ᠪᠢᠳᠡ ᠴᠠᠭ ᠦᠶ᠎ᠡ ᠲᠠᠢ ᠵᠡᠷᠭᠡ ᠪᠠᠷ ᠤᠷᠤᠭᠰᠢᠯᠠᠵᠤ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠶᠠ | ᠃ ᠳᠡᠯᠡᠬᠡᠢ ᠶᠢᠨ ᠪᠠᠶᠢᠷᠢᠰᠢᠯ ᠤᠨ ᠬᠤᠪᠢᠷᠠᠯᠲᠠ ᠳᠤ ᠰᠠᠭᠤᠷᠢᠯᠠᠨ᠂ ᠥᠷᠭᠡᠨ ᠢᠶᠠᠷ ᠵᠥᠪᠳᠡᠯᠴᠠᠨ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠭᠰᠠᠨ ᠰᠠᠭᠤᠷᠢᠨ ᠳᠡᠭᠡᠷ᠎ᠡ | ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠢ ᠥᠭᠡᠷᠡᠴᠢᠯᠡᠨ ᠲᠡᠭᠦᠯᠳᠡᠷᠵᠢᠭᠦᠯᠦᠶᠠ᠃ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠤᠨ ᠶᠡᠭᠡ ᠴᠢᠭᠯᠡᠯ ᠢ | ᠪᠠᠷᠢᠮᠲᠠᠯᠠᠵᠤ᠂ ᠬᠥᠭᠵᠢᠵᠦ ᠪᠠᠶᠢᠭ᠎ᠠ ᠤᠯᠤᠰ ᠤᠳ ᠤᠨ ᠤᠯᠠᠨ ᠤᠯᠤᠰ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ | ᠳᠡᠭᠡᠭᠰᠢᠯᠡᠭᠦᠯᠵᠦ᠂ ᠪᠦᠬᠦ ᠪᠥᠮᠪᠥᠷᠴᠡᠭ ᠤᠨ ᠵᠠᠰᠠᠯᠲᠠ ᠶᠢᠨ ᠰᠢᠰᠲ᠋ᠧᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠴᠢᠷᠮᠠᠶᠢᠨ | ᠠᠬᠢᠭᠤᠯᠤᠶ᠎ᠠ᠃ | — ᠪᠢᠳᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠪᠥᠮᠪᠥᠷᠴᠡᠭ ᠤᠨ ᠬᠠᠮᠲᠤᠷᠠᠯᠴᠠᠭᠠᠨ ᠤ ᠵᠥᠪᠯᠡᠬᠦ ᠵᠦᠢᠯᠡᠰ ᠢ ᠰᠠᠶᠢᠲᠤᠷ | ᠨᠠᠶᠢᠳᠠᠪᠤᠷᠢᠵᠢᠭᠤᠯᠤᠶ᠎ᠠ᠃ ᠪᠢ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠴᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠡᠯ᠎ᠡ ᠲᠠᠯ᠎ᠠ ᠶᠢᠨ ᠬᠢᠨ ᠢᠳᠡᠪᠬᠢᠲᠡᠢ ᠣᠷᠣᠯᠴᠠᠬᠤ ᠶᠢ ᠬᠦᠰᠡᠵᠦ ᠪᠠᠶᠢᠨ᠎ᠠ᠃ ᠬᠥᠭᠵᠢᠯᠲᠡ ᠶᠢ ᠲᠡᠷᠢᠭᠦᠨ ᠳᠤ | ᠲᠠᠯᠪᠢᠬᠤ ᠶᠢ ᠪᠠᠷᠢᠮᠲᠠᠯᠠᠵᠤ᠂ ᠶᠠᠳᠠᠭᠤ ᠬᠦᠴᠢᠷᠳᠠᠯ ᠲᠠᠢ ᠬᠦᠮᠦᠨ ᠠᠮᠠ ᠶᠢ ᠪᠠᠭᠠᠰᠬᠠᠬᠤ᠂ ᠬᠢᠵᠢᠭ ᠲᠠᠢ ᠲᠡᠮᠡᠴᠡᠬᠦ ᠪᠠ ᠸᠠᠺᠼᠢᠨ᠂ ᠬᠦᠭᠵᠢᠯᠳᠡ ᠶᠢᠨ ᠪᠡᠯᠡ ᠮᠥᠩᠭᠦ | ᠶᠢ ᠬᠤᠷᠠᠮᠳᠤᠭᠤᠯᠬᠤ᠂ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ | ᠠᠬᠢᠭᠤᠯᠵᠤ᠂ ᠪᠦᠬᠦ ᠪᠥᠮᠪᠥᠷᠴᠡᠭ ᠤᠨ ᠬᠥᠭᠵᠢᠯᠲᠡ ᠶᠢᠨ ᠲᠡᠩᠴᠡᠭᠦᠷᠢᠲᠡᠢ ᠵᠣᠬᠢᠴᠠᠩᠭᠤᠢ ᠪᠠᠭᠲᠠᠭᠠᠮᠵᠢᠲᠠᠢ ᠰᠢᠨ᠎ᠡ ᠱᠠᠲᠤᠨ ᠳᠤ ᠣᠷᠣᠬᠤ ᠶᠢ ᠠᠬᠢᠭᠤᠯᠤᠶ᠎ᠠ ᠭᠡᠵᠤ | ᠴᠢᠬᠤᠯᠠᠴᠢᠯᠠᠵᠠᠢ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠨᠢᠬᠡᠨ ᠲᠡᠦᠬᠡᠨ ᠲᠤᠷᠰᠢᠯᠭ᠎ᠠ ᠪᠣᠯ ᠳᠠᠷᠤᠢ | ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠬᠥᠮᠦᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠶᠢ ᠢᠮᠠᠭᠲᠠ ᠠᠩᠬᠠᠷᠤᠬᠰᠠᠨ ᠶᠠᠪᠤᠲᠠᠯ | ᠪᠤᠯᠤᠨ᠎ᠠ᠃ ᠤᠯᠠᠨ ᠲᠠᠯᠠᠲᠤ ᠦᠵᠡᠯ ᠢ ᠳᠡᠮᠵᠢᠬᠦ ᠳᠤᠮᠳᠠᠳᠤ ᠤᠯᠤᠰ ᠤᠨ ᠵᠣᠷᠢᠭ ᠰᠦᠰᠦ ᠬᠤᠪᠢᠷᠠᠬᠤ ᠦᠭᠡᠢ᠂ ᠤᠯᠠᠨ ᠲᠠᠯᠠᠲᠤ ᠦᠵᠡᠯ ᠤᠨ ᠭᠤᠣᠯᠯᠠᠭᠴᠢ | ᠦᠷᠳᠡᠭ ᠪᠣᠯᠤᠨ ᠦᠨᠳᠦᠰᠦᠨ ᠵᠠᠷᠴᠢᠮ ᠢ ᠡᠷᠡᠰ ᠬᠠᠮᠠᠭᠠᠯᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠶᠢ ᠪᠠᠷᠢᠮᠲᠠᠯᠠᠵᠤ᠂ ᠠᠳᠠᠯᠢ ᠲᠠᠯ᠎ᠠ ᠪᠠᠨ | ᠡᠷᠢᠵᠦ ᠵᠥᠷᠢᠶ᠎ᠠ ᠲᠠᠢ ᠲᠠᠯ᠎ᠠ ᠪᠠᠨ ᠦᠯᠡᠳᠡᠭᠡᠬᠦ ᠶᠢ ᠪᠠᠷᠢᠮᠲᠠᠯᠠᠵᠤ᠂ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠬᠠᠮᠲᠤᠷᠠᠯᠴᠠᠨ ᠬᠥᠭᠵᠢᠬᠦ ᠶᠢ | ᠪᠠᠷᠢᠮᠲᠠᠯᠠᠵᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠣᠶᠤᠨ ᠤᠬᠠᠭᠠᠨ ᠪᠣᠯᠤᠨ ᠬᠦᠴᠦᠨ ᠴᠢᠳᠠᠯ ᠢᠶᠠᠨ ᠡᠷᠭᠦᠨ᠎ᠡ ᠭᠡᠵᠤ ᠴᠢᠬᠤᠯᠠᠴᠢᠯᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 5 ᠤ ᠴᠠᠬᠢᠯᠭᠠᠨ ᠮᠡᠳᠡᠭᠡ︶ |