ᠤᠷᠠᠳ ᠤᠨ ᠡᠮᠦᠨᠡᠳᠦ ᠬᠤᠰᠢᠭᠤ 3.2  ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ 26.5 ᠲᠦᠮᠡᠨ ᠮᠤ᠋ ᠪᠠᠷᠢᠮᠵᠢᠶᠠᠵᠢᠭᠤᠯᠤᠭᠰᠠᠨ ᠲᠠᠷᠢᠶᠠᠨ ᠭᠠᠵᠠᠷ ᠢ ᠠᠬᠢᠭᠤᠯᠪᠠ
ᠨᠡᠶᠢᠲᠡᠯᠡᠭᠰᠡᠨ ᠴᠠᠭ᠄
2021/12/8
      ᠤᠶᠢᠷ᠎ᠠ ᠶᠢᠨ ᠵᠢᠯ ᠳᠤ᠂ ᠤᠷᠠᠳ ᠤᠨ ᠡᠮᠦᠨᠡᠳᠦ ᠬᠤᠰᠢᠭᠤ ᠦᠨᠳᠦᠷ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠢᠮᠠᠭᠳᠠ ᠠᠮᠤ ᠪᠤᠳᠠᠭᠠᠨ ᠤ ᠤᠨᠠᠯᠳᠠ ᠶᠢ ᠯᠠᠪᠳᠠᠭᠤᠨ ᠢᠶᠠᠷ ᠨᠡᠮᠡᠭᠳᠡᠬᠦᠯᠬᠦ ᠠᠷᠭ᠎ᠠ ᠪᠠᠷᠢᠯ ᠪᠤᠯᠭᠠᠵᠤ᠂ ︿︿ᠠᠮᠤ ᠪᠤᠳᠠᠭᠠᠨ ᠤ ᠬᠠᠩᠭᠠᠯᠭ᠎ᠠ ᠶᠢ ᠪᠠᠳᠤᠯᠠᠬᠤ ᠳᠤ ᠭᠠᠵᠠᠷ ᠰᠢᠷᠤᠢ ᠳᠤ ᠲᠦᠰᠢᠭᠯᠡᠬᠦ ᠰᠢᠨᠵᠢᠯᠠᠬᠦ ᠤᠬᠠᠭᠠᠨ ᠳᠤ ᠲᠦᠰᠢᠭᠯᠡᠬᠦ﹀﹀ ᠪᠠᠶᠢᠯᠳᠤᠬᠤ ᠪᠤᠳᠤᠯᠭ᠎ᠠ ᠶᠢ ᠬᠦᠨᠵᠡᠬᠡᠢ ᠬᠡᠷᠡᠭᠵᠢᠬᠦᠯᠵᠦ᠂ ᠰᠠᠭᠤᠷᠢ ᠪᠠᠨ ᠪᠠᠳᠤᠳᠬᠠᠵᠤ᠂ ᠤᠷᠤᠨ ᠨᠤᠳᠤᠭ  ᠲᠤ ᠲᠤᠬᠢᠷᠠᠭᠤᠯᠬᠤ ᠦᠨᠳᠦᠰᠦᠨ ᠵᠡᠷᠴᠢᠮ ᠢ  ᠴᠢᠩᠭ᠎ᠠ ᠪᠠᠷᠢᠮᠳᠠᠯᠠᠨ᠂ ᠪᠠᠷᠢᠮᠵᠢᠶᠠᠳᠤ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠡᠮᠬᠢ ᠵᠢᠷᠤᠮ ᠲᠠᠢ ᠶᠠᠪᠤᠭᠳᠠᠭᠤᠯᠪᠠ᠃     ᠡᠨᠡ ᠵᠢᠯ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠦᠴᠦᠨ ᠪᠦᠬᠦᠢ ᠲᠡᠮᠵᠢᠯᠬᠡ ᠦᠵᠡᠬᠦᠯᠵᠦ᠂ ᠦᠨᠳᠦᠷ ᠪᠠᠷᠢᠮᠵᠢᠶᠠᠳᠤ ᠲᠠᠷᠢᠶᠠᠨ ᠭᠠᠵᠠᠷ  ᠤᠨ ᠪᠦᠳᠦᠬᠡᠨ ᠪᠠᠶᠢᠭᠤᠯᠤᠯᠳᠠ ᠶᠢ  ᠬᠢᠵᠦ᠂ ᠲᠦᠷᠦᠯ ᠵᠦᠢᠯ ᠢ ᠪᠠᠷᠠᠭᠠᠭᠰᠠᠨ ᠤ ᠲᠠᠷᠠᠭ᠎ᠠ ᠲᠠᠷᠢᠶᠠᠨ ᠭᠠᠵᠠᠷ ᠤᠨ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠨᠢ ᠬᠠᠮᠤᠭ ᠶᠡᠭᠡ ᠬᠡᠪᠴᠢᠶ᠎ᠠ ᠪᠠᠷ ᠨᠡᠮᠡᠭᠳᠡᠬᠦ ᠪᠤᠯᠤᠨ᠎ᠠ᠃ ᠦᠨᠦ ᠵᠢᠯ ᠡᠮᠦᠨᠡᠳᠦ ᠬᠤᠰᠢᠭᠤ ᠵᠢᠷᠭᠤᠭᠠᠨ ᠪᠠᠷᠢᠮᠵᠢᠶᠠᠵᠢᠭᠰᠠᠨ ᠲᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠬᠢᠵᠦ᠂ ᠨᠡᠶᠢᠳᠡ 3.2 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠤᠷᠤᠭᠤᠯᠵᠤ᠂ ᠶᠡᠷᠦᠩᠭᠡᠢ ᠪᠦᠳᠦᠬᠡᠨ ᠪᠠᠶᠢᠭᠤᠯᠤᠯᠳᠠ ᠶᠢᠨ ᠶᠡᠷᠦᠩᠭᠡᠢ ᠲᠠᠯᠠᠪᠠᠢ ᠨᠢ 26.5 ᠲᠦᠮᠡᠨ ᠮᠤ᠋ ᠪᠠᠶᠢᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ