ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠭᠤᠷᠪᠠᠨ ᠲᠦᠷᠦᠯ ᠤᠨ ᠠᠷᠭ᠎ᠠ ᠠᠪᠴᠢᠯ ᠠᠪᠴᠤ᠂ ᠨᠠᠮᠤᠷ ᠡᠪᠦᠯ ᠤᠨ ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠲᠤᠰᠬᠠᠢ ᠲᠦᠷᠦᠯ ᠤᠨ ᠴᠡᠭᠴᠡᠯᠡᠨ ᠵᠠᠰᠠᠯᠳᠠ ᠶᠢᠨ ᠠᠵᠢᠯᠯᠠᠭ᠎ᠠ ᠶᠠᠪᠤᠭᠳᠠᠭᠤᠯᠪᠠ
ᠨᠡᠶᠢᠲᠡᠯᠡᠭᠰᠡᠨ ᠴᠠᠭ᠄
2021/12/8
     ᠨᠠᠮᠤᠷ ᠡᠪᠦᠯ ᠪᠤᠯ ᠬᠡᠬᠡᠷ᠎ᠡ ᠶᠢᠨ ᠠᠮᠢᠳᠠᠨ ᠢ ᠠᠩᠨᠠᠵᠤ ᠰᠠᠷᠢᠭᠠᠯᠠᠬᠤ ᠵᠡᠷᠭᠡ ᠬᠠᠤᠯᠢ ᠪᠤᠰᠤ  ᠦᠢᠯᠡ ᠠᠵᠢᠯᠯᠠᠭ᠎ᠠ ᠤᠯᠠᠨ ᠭᠠᠷᠳᠠᠭ ᠤᠯᠠᠷᠢᠯ ᠪᠤᠯᠤᠨ᠎ᠠ᠃ ᠡᠨᠡᠬᠦ ᠠᠵᠢᠯᠯᠠᠭ᠎ᠠ ᠳᠤ ᠬᠦᠨᠳᠦ ᠴᠤᠬᠢᠯᠳᠠ ᠦᠭᠬᠦ ᠶᠢᠨ ᠲᠦᠯᠦᠬᠡ 2021 ᠤᠨ ᠤ 9 ᠰᠠᠷ᠎ᠠ ᠠᠴᠠ ᠡᠬᠢᠯᠡᠨ  ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ  ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠤᠯᠠᠨ ᠠᠷᠭ᠎ᠠ ᠬᠡᠮᠵᠢᠶ᠎ᠡ ᠠᠪᠴᠤ ᠨᠠᠮᠤᠷ ᠡᠪᠦᠯ ᠤᠨ ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠲᠤᠰᠬᠠᠢ ᠲᠦᠷᠦᠯ  ᠤᠨ ᠴᠡᠭᠴᠡᠯᠡᠨ ᠵᠠᠰᠠᠯᠳᠠ ᠶᠢᠨ ᠠᠵᠢᠯᠯᠠᠭ᠎ᠠ ᠶᠠᠪᠤᠭᠳᠠᠭᠤᠯᠪᠠ᠃    ᠨᠢᠬᠡ ᠳᠤ ᠤᠬᠠᠭᠤᠯᠤᠯ  ᠤᠨ ᠬᠦᠴᠦᠨ ᠢᠶᠠᠨ ᠨᠡᠮᠡᠭᠳᠡᠬᠦᠯᠵᠦ᠂ ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠤᠬᠢ ᠰᠠᠶᠢᠨ ᠠᠭᠤᠷ ᠠᠮᠢᠰᠬᠤᠯ ᠢ ᠪᠤᠢ ᠪᠤᠯᠭᠠᠪᠠ᠃ ᠬᠤᠶᠠᠷ ᠲᠤ᠂ ᠬᠠᠤᠯᠢ ᠬᠡᠷᠡᠭᠵᠢᠬᠦᠯᠬᠦ ᠳᠤ ᠬᠢᠨᠠᠯᠳᠠ ᠲᠠᠯᠪᠢᠬᠤ ᠪᠠᠨ ᠴᠢᠩᠭᠠᠳᠬᠠᠵᠤ᠂ ᠰᠦᠯᠵᠢᠶᠡᠨ ᠲᠡᠭᠡᠷ᠎ᠡ ᠪᠠ ᠰᠦᠯᠵᠢᠶᠠᠨ ᠭᠠᠳᠠᠨ᠎ᠠ ᠬᠡᠬᠡᠷ᠎ᠡ ᠶᠢᠨ ᠠᠮᠢᠳᠠᠨ ᠠᠷᠠᠯᠵᠢᠶᠠᠯᠠᠬᠤ ᠦᠢᠯᠡ ᠠᠵᠢᠯᠯᠠᠭ᠎ᠠ ᠶᠢ ᠴᠢᠩᠭ᠎ᠠ ᠡᠵᠡᠮᠰᠢᠨ ᠬᠠᠮᠢᠶᠠᠷᠪᠠ᠃ ᠭᠤᠷᠪᠠ ᠳᠤ ᠬᠡᠬᠡᠷ᠎ᠡ ᠶᠢᠨ ᠠᠮᠢᠳᠠᠨ ᠢ ᠠᠪᠤᠷᠠᠨ ᠲᠡᠳᠬᠦᠬᠦ ᠶᠢ ᠠᠩᠬᠠᠷᠤᠨ ᠬᠠᠯᠠᠮᠵᠢᠯᠠᠵᠤ ᠂ ᠬᠡᠬᠡᠷ᠎ᠡ ᠶᠢᠨ ᠠᠮᠢᠳᠠᠨ ᠢ ᠬᠠᠮᠠᠭᠠᠯᠠᠬᠤ ᠰᠠᠭᠤᠷᠢᠨ ᠭᠠᠵᠠᠷ ᠲᠤ ᠬᠦᠷᠴᠦ ᠪᠠᠶᠢᠴᠠᠭᠠᠨ ᠦᠵᠡᠪᠡ᠃    ᠲᠠᠷᠠᠭᠠᠴᠢ ᠶᠢᠨ ᠠᠯᠬᠤᠮ ᠳᠤ  ᠤᠷᠠᠳ ᠤᠨ ᠡᠮᠦᠨᠡᠳᠦ ᠬᠤᠰᠢᠭᠤᠨ ᠤ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠨᠢ ᠦᠨᠳᠦᠷ ᠲᠠᠷᠤᠯᠳᠠ ᠶᠢᠨ ᠪᠠᠶᠢᠳᠠᠯ ᠢᠶᠠᠨ ᠢᠮᠠᠭᠳᠠ ᠪᠠᠷᠢᠮᠳᠠᠯᠠᠵᠤ᠂ ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠬᠠᠤᠯᠢ ᠴᠠᠭᠠᠴᠠ ᠬᠠᠤᠯᠢ ᠲᠦᠷᠢᠮ ᠶᠤᠰᠤᠭᠠᠷ᠂ ᠵᠠᠰᠠᠭ ᠵᠠᠬᠢᠷᠭᠠᠨ  ᠤ ᠬᠠᠤᠯᠢ ᠬᠡᠷᠡᠭᠵᠢᠬᠦᠯᠬᠦ ᠬᠦᠴᠦᠯᠢᠭ ᠢᠶᠠᠨ ᠲᠠᠰᠤᠷᠠᠯᠳᠠ ᠦᠬᠡᠢ ᠶᠡᠭᠡᠳᠬᠡᠵᠦ᠂ ᠭᠡᠭᠡᠷ᠎ᠡ ᠶᠢᠨ ᠠᠮᠢᠳᠠᠨ ᠤ ᠲᠤᠬᠠᠢ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ  ᠶᠢ ᠡᠷᠡᠰ ᠪᠠᠶᠢᠴᠠᠭᠠᠨ ᠰᠡᠢᠳᠪᠦᠷᠢᠯᠡᠵᠦ᠂ ᠭᠡᠭᠡᠷ᠎ᠡ ᠶᠢᠨ ᠠᠮᠢᠳᠠᠨ ᠢ ᠬᠠᠮᠠᠭᠠᠯᠠᠬᠤ ᠦᠢᠯᠡᠳᠦᠯ ᠢᠶᠠᠨ ᠦᠨᠡᠨᠬᠦ ᠬᠦᠢᠴᠡᠳᠬᠡᠵᠦ᠂ ᠭᠡᠭᠡᠷ᠎ᠡ ᠶᠢᠨ ᠠᠮᠢᠳᠠᠨ ᠳᠤ ᠵᠢᠩᠭᠢᠨᠢ ︿︿ᠲᠤᠯᠠᠭᠠᠨ ᠪᠦᠯᠢᠶᠡᠨ ᠬᠡᠷ﹀﹀ ᠪᠠᠶᠢᠭᠤᠯᠵᠤ ᠦᠭᠬᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ