ᠤᠷᠠᠳ ᠤᠨ ᠡᠮᠦᠨᠡᠲᠦ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ᠄ ︽ᠬᠤᠶᠠᠷ ᠢ ᠬᠦᠩᠭᠡᠷᠡᠭᠦᠯᠬᠦ︾  ᠶᠢ ᠢᠳᠡᠪᠬᠢᠲᠡᠢ ᠲᠣᠭᠤᠰᠢᠯᠠᠭᠤᠯᠵᠤ  ᠰᠣᠷᠣᠭᠴᠢᠳ ᠢ ᠪᠠᠶᠠᠷ ᠬᠦᠷ ᠲᠠᠢ ᠰᠣᠷᠣᠯᠴᠠᠭᠤᠯᠵᠣ ᠪᠠᠶᠢᠨ᠎ᠠ
ᠨᠡᠶᠢᠲᠡᠯᠡᠭᠰᠡᠨ ᠴᠠᠭ᠄
2021/12/8
      ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠠᠴᠠ ᠨᠠᠰᠢ᠂ ᠤᠷᠠᠳ ᠤᠨ ᠡᠮᠦᠨᠡᠲᠦ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠰᠣᠷᠭᠠᠭᠤᠯᠢ ᠶᠢᠨ ᠪᠣᠳᠠᠲᠠᠢ ᠲᠠᠢ ᠪᠠᠨ ᠣᠶᠠᠯᠳᠣᠭᠤᠯᠵᠣ᠂ ᠰᠡᠳᠬᠢᠴᠡ ᠪᠠᠨ ᠬᠤᠪᠢᠷᠠᠭᠤᠯᠤᠨ᠂ ᠵᠢᠭᠠᠨ ᠰᠣᠷᠭᠠᠯᠲᠠ ᠶᠢᠨ ᠠᠷᠭ᠎ᠠ ᠠᠪᠴᠠᠯ ᠢᠶᠠᠨ ᠰᠢᠨᠡᠴᠢᠯᠡᠵᠦ᠂ ︽ᠬᠤᠶᠠᠷ ᠢ ᠬᠦᠩᠭᠡᠷᠡᠭᠦᠯᠬᠦ︾ ᠠᠵᠢᠯ ᠢ ᠯᠠᠪᠳᠠᠭᠤᠨ ᠪᠠᠲᠤᠲᠠᠶ ᠥᠷᠨᠢᠭᠦᠯᠬᠦ ᠶᠢ ᠠᠬᠢᠭᠤᠯᠤᠨ᠂ ᠰᠣᠷᠣᠭᠴᠢᠳ ᠢ ᠪᠠᠶᠠᠷ ᠬᠦᠷ ᠲᠠᠢ ᠰᠣᠷᠣᠯᠴᠠᠭᠤᠯᠵᠣ ᠪᠠᠶᠢᠨ᠎ᠠ᠃      ᠭᠠᠷᠠᠭ ᠪᠦᠷᠢ ᠶᠢᠨ ᠭᠤᠷᠪᠠᠨ ᠪᠣᠯ ᠣᠷᠠᠳ ᠤᠨ ᠡᠮᠦᠨᠡᠲᠤ ᠬᠤᠰᠢᠭᠤᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠳᠠᠰᠬᠠᠯ ᠥᠬᠡᠶ ᠡᠳᠦᠷ ᠪᠣᠯᠤᠨ᠎ᠠ᠂ ᠡᠨᠡ ᠡᠳᠦᠷ ᠤᠨ ᠣᠷᠣᠶ ᠶᠢᠨ ᠬᠢᠴᠢᠶᠡᠯ ᠳᠤ ᠰᠤᠷᠤᠭᠴᠢᠳ ᠦᠪᠡᠷ ᠥᠪᠡᠷ ᠤᠨ ᠳᠤᠷ᠎ᠠ ᠪᠠᠬ᠎ᠠ ᠪᠠᠨ ᠦᠨᠳᠦᠰᠦᠯᠡᠨ ᠬᠡᠯᠡ ᠶᠠᠷᠢᠶ᠎ᠠ᠂ ᠪᠡᠶ᠎ᠡ ᠶᠢᠨ ᠲᠠᠮᠢᠷ᠂ ᠣᠳᠬ᠎ᠠ ᠤᠷᠠᠯᠢᠭ ᠤᠨ ᠬᠢᠴᠢᠶᠡᠯ᠂ ᠣᠶᠤᠨ ᠣᠬᠠᠭᠠᠨ ᠢ ᠰᠣᠷᠢᠭᠰᠡᠨ ᠬᠢᠴᠢᠶᠡᠯ ᠵᠡᠷᠭᠡ ᠳᠥᠷᠪᠡᠨ ᠶᠡᠭᠡ ᠲᠥᠷᠥᠯ ᠤᠨ 90 ᠭᠠᠷᠤᠶ ᠵᠦᠢᠯ ᠤᠨ ᠠᠭᠤᠯᠭ᠎ᠠ ᠲᠠᠢ ᠬᠢᠴᠢᠶᠡᠯ ᠢ ᠰᠣᠩᠭᠤᠨ ᠰᠣᠷᠴᠣ ᠰᠣᠷᠣᠯᠭ᠎ᠠ ᠶᠢᠨ ᠴᠢᠯᠡᠭᠡ ᠪᠠᠨ ᠲᠠᠶᠢᠯᠵᠤ ᠪᠠᠶᠠᠰᠣᠯᠴᠠᠳᠠᠭ ᠪᠠᠶᠢᠨ᠎ᠠ᠃      ᠤᠯᠤᠰ ᠠᠴᠠ ︽ᠬᠤᠶᠠᠷ ᠢ ᠬᠦᠩᠭᠡᠷᠡᠭᠦᠯᠬᠦ︾ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠤᠭᠴᠢᠳ ᠤᠨ ᠳᠠᠰᠬᠠᠯ ᠤᠨ ᠳᠠᠷᠤᠭᠠᠰᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢ ᠰᠠᠨᠠᠭᠠᠴᠢᠯᠠᠪᠠ᠃ ᠣᠷᠠᠳ ᠤᠨ ᠡᠮᠦᠨᠡᠲᠤ ᠬᠤᠰᠢᠭᠤᠨ ᠤ  ᠭᠤᠷᠪᠠᠳᠤᠭᠠᠷ ᠪᠠᠭ᠎ᠠ ᠰᠤᠷᠭᠠᠭᠤᠯᠢ ᠴᠣ᠋ ᠡᠨᠡ ᠬᠦ ᠱᠠᠭᠠᠷᠳᠠᠯᠭ᠎ᠠ ᠶᠢ ᠪᠠᠲᠣ ᠪᠠᠷᠢᠮᠲᠠᠯᠠᠨ ᠰᠣᠷᠣᠭᠴᠢᠳ ᠲᠤ ᠲᠣᠬᠢᠷᠠᠭᠰᠠᠨ  ︽ᠬᠤᠶᠠᠷ  ᠪᠣᠯᠬᠤ ᠦᠭᠡᠢ᠂ ᠨᠢᠭᠡ ᠶᠢ ᠠᠭᠤᠴᠢᠯᠠᠬᠤ ᠥᠬᠡᠶ︾ ᠲᠣᠭᠲᠠᠭᠠᠯ ᠢ ᠲᠣᠷᠠᠳᠪᠠ᠃ ᠡᠨᠡ ᠨᠢ ᠳᠠᠷᠣᠢ᠂ ᠰᠤᠷᠤᠭᠴᠢᠳ ᠬᠡᠷ ᠤᠨ ᠳᠠᠰᠬᠠᠯ ᠢᠶᠠᠨ ᠬᠡᠷ ᠲᠡᠭᠡᠨ ᠠᠪᠠᠴᠢᠵᠤ ᠬᠢᠵᠤ ᠪᠤᠯᠬᠤ ᠦᠭᠡᠢ︔ ᠰᠤᠷᠤᠭᠴᠢᠳ ᠬᠢᠴᠢᠶᠡᠯ ᠤᠨ ᠳᠠᠰᠬᠠᠯ ᠢᠶᠠᠨ ᠬᠡᠷ ᠲᠡᠭᠡᠨ ᠠᠪᠠᠴᠢᠵᠤ ᠬᠢᠵᠣ ᠪᠣᠯᠬᠤ ᠥᠬᠡᠶ᠂ ᠬᠡᠷᠪᠡ ︽ᠬᠤᠶᠠᠷ ᠪᠣᠯᠬᠤ ᠦᠭᠡᠢ︾ ᠲᠣᠭᠲᠠᠭᠠᠯ ᠢ ᠵᠦᠷᠢᠴᠡᠪᠡᠯ ︽ᠣᠭᠲᠣ ᠠᠭᠤᠴᠢᠯᠠᠬᠤ ᠥᠬᠡᠶ︾ ᠬᠡᠰᠡᠨ ᠪᠠᠶᠢᠨ᠎ᠠ᠃      ᠣᠷᠠᠳ ᠤᠨ ᠡᠮᠦᠨᠡᠲᠤ ᠬᠤᠰᠢᠭᠤᠨ ᠤ ᠭᠤᠷᠪᠠᠳᠤᠭᠠᠷ ᠪᠠᠭ᠎ᠠ ᠰᠣᠷᠭᠠᠭᠤᠯᠢ ᠶᠢᠨ ᠬᠢᠨ ᠳᠠᠰᠬᠠᠯ ᠤᠨ ᠬᠡᠮᠵᠢᠶ᠎ᠡ ᠶᠢ ᠪᠠᠭᠠᠰᠬᠠᠭᠰᠠᠨ ᠪᠣᠯᠪᠠᠴᠤ ᠳᠠᠰᠬᠠᠯ ᠤᠨ ᠶᠠᠰᠤ ᠴᠢᠨᠠᠷ ᠢ ᠬᠠᠷᠢᠨ ᠰᠠᠶᠢᠲᠣᠷ ᠳᠡᠭᠡᠭᠰᠢᠯᠡᠭᠦᠯᠬᠦ ᠬᠡᠷᠡᠭᠲᠡᠶ ᠬᠡᠮᠡᠨ ᠱᠠᠭᠠᠷᠳᠠᠪᠠ᠃ ᠡᠨᠡ ᠨᠢ ᠳᠠᠷᠤᠶ ᠪᠠᠭᠰᠢ ᠶᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠠᠨᠳᠤᠯᠭᠠᠲᠤ ᠴᠢᠨᠠᠷᠲᠠᠶ ᠳᠠᠰᠬᠠᠯ ᠪᠠᠶᠢᠷᠢᠯᠠᠭᠤᠯᠬᠤ ᠶᠢ ᠱᠠᠭᠠᠷᠳᠠᠵᠤ᠂ ᠲᠠᠰ ᠬᠤᠪᠢᠶᠠᠨ ᠳᠠᠰᠬᠠᠯ ᠬᠢᠯᠬᠡᠬᠦ᠂ ᠣᠨᠴᠠᠯᠢᠭ ᠲᠠᠢ ᠳᠠᠰᠬᠠᠯ ᠬᠢᠯᠬᠡᠬᠦ ᠪᠠ ᠡᠩ ᠤᠨ ᠳᠠᠰᠬᠠᠯ ᠬᠢᠯᠬᠡᠬᠦ ᠶᠢ ᠤᠶᠠᠯᠳᠤᠭᠤᠯᠬᠤ ᠬᠡᠯᠪᠡᠷᠢ ᠪᠠᠷ ᠰᠣᠷᠣᠭᠴᠢᠳ ᠤᠨ ᠪᠠᠶᠢᠳᠠᠯ ᠳᠤᠨᠢ ᠲᠣᠬᠢᠷᠠᠭᠤᠯᠤᠨ ᠵᠢᠭᠠᠨ ᠰᠤᠷᠭᠠᠵᠤ᠂ ᠳᠠᠷᠤᠭᠠᠰᠤ ᠶᠢ ᠬᠦᠩᠭᠡᠷᠡᠭᠦᠯᠦᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠪᠠᠷ ᠲᠣᠭᠲᠠᠪᠠ᠃ ᠡᠭᠦᠨ ᠤ ᠬᠠᠮᠲᠤ ᠪᠠᠰᠠ ︽5 + 2︾ ᠬᠢᠴᠢᠶᠡᠯ ᠤᠨ ᠭᠠᠳᠠᠨᠠᠬᠢ ᠦᠢᠯᠡᠴᠢᠯᠡᠭᠡᠨ ᠤ ᠵᠠᠭᠪᠤᠷ ᠢ ᠬᠡᠷᠡᠭᠵᠢᠬᠦᠯᠦᠨ᠂ ᠳᠠᠰᠬᠠᠯ ᠤᠨ ᠬᠠᠪᠰᠤᠷᠤᠨ ᠵᠢᠯᠣᠭᠤᠳᠣᠯᠭ᠎ᠠ ᠪᠠ ᠨᠡᠶᠢᠭᠡᠮ ᠤᠨ ᠠᠵᠢᠯᠯᠠᠭ᠎ᠠ ᠶᠢ ᠤᠶᠠᠯᠳᠤᠭᠤᠯᠵᠤ᠂ ᠰᠤᠷᠤᠭᠴᠢᠳ ᠢ ᠶᠣᠰᠣ ᠮᠣᠷᠠᠯ ᠲᠠᠢ ᠣᠶᠤᠨ ᠤᠬᠠᠭᠠᠨ ᠬᠤᠣᠰᠯᠠᠭᠰᠠᠨ ᠪᠡᠶ᠎ᠡ ᠮᠠᠬᠠᠪᠣᠳ ᠡᠷᠡᠭᠦᠯ ᠴᠢᠬᠢᠷᠠᠭ ᠬᠦᠳᠡᠯᠮᠦᠷᠢᠴᠢ ᠪᠠᠶᠢᠬᠤ ᠵᠡᠷᠭᠡ ᠣᠯᠠᠨ ᠲᠠᠯ᠎ᠠ ᠶᠢᠨ ᠬᠥᠭᠵᠢᠯᠲᠡ ᠶᠢ ᠪᠠᠲᠣᠯᠠᠬᠤ ᠶᠢ ᠵᠤᠷᠢᠭᠰᠠᠨ ᠪᠠᠶᠢᠨ᠎ᠠ᠃    ᠣᠳᠣᠬᠠᠨ ᠳᠤ᠂ ᠣᠷᠠᠳ ᠤᠨ ᠡᠮᠦᠨᠡᠲᠤ ᠬᠤᠰᠢᠭᠤᠨ ᠤ ᠭᠤᠷᠪᠠᠳᠣᠭᠠᠷ ᠪᠠᠭ᠎ᠠ ᠰᠣᠷᠭᠠᠭᠤᠯᠢ ︽ᠬᠤᠶᠠᠷ ᠢ  ᠬᠦᠩᠭᠡᠷᠡᠭᠦᠯᠬᠦ︾ ᠠᠵᠢᠯ ᠢ ᠲᠣᠭᠲᠠᠭᠤᠨ ᠢᠶᠠᠷ ᠶᠠᠪᠣᠭᠳᠠᠭᠤᠯᠵᠣ᠂ ᠴᠡᠴᠡᠭ ᠪᠦᠬᠦᠨ ᠢ ᠵᠡᠷᠭᠡ ᠪᠠᠷ ᠳᠡᠯᠭᠡᠷᠡᠭᠦᠯᠬᠦ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠣᠷᠴᠢᠨ ᠨᠢ ᠬᠡᠦᠬᠡᠳ ᠨᠢᠭᠡᠪᠦᠷᠢ ᠶᠢ ᠪᠠᠶᠠᠷ ᠬᠥᠷ ᠲᠠᠢ ᠪᠠᠷ ᠰᠤᠷᠤᠯᠴᠠᠭᠤᠯᠵᠤ᠂ ᠪᠠᠶᠠᠷ ᠬᠥᠷ ᠲᠠᠢ ᠪᠠᠷ ᠥᠰᠬᠡᠨ ᠪᠤᠶᠢᠵᠢᠭᠤᠯᠵᠤ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ