ᠴᠠᠰᠤ ᠲᠠᠢ ᠡᠳᠦᠷ ᠲᠤ ᠴᠠᠰᠤ ᠴᠡᠪᠡᠷᠯᠡᠬᠦ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠬᠢᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/8
ᠮᠤᠨᠠ ᠠᠭᠤᠯᠠ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠬᠠᠷᠢᠶ᠎ᠠ ᠡᠯ᠎ᠡ ᠰᠠᠯᠠᠭ᠎ᠠ ᠮᠥᠴᠢᠷ᠂ ᠬᠤᠰᠢᠭᠤᠨ ᠳᠤ ᠰᠠᠭᠤᠭ᠎ᠠ ᠡᠯ᠎ᠡ ᠨᠢᠭᠡᠴᠢ ᠳᠤ       ᠴᠠᠰᠤ ᠵᠣᠭᠰᠣᠭᠰᠠᠨ ᠤ ᠳᠠᠷᠠᠭ᠎ᠠ ᠲᠡᠷᠡ ᠳᠠᠷᠤᠶ ᠳᠤᠨᠢ ᠬᠤᠲᠠ ᠶᠢᠨ ᠲᠣᠭᠤᠷᠢᠭ ᠤᠨ ᠬᠤᠷᠠᠭᠰᠠᠨ ᠴᠠᠰᠤ ᠶᠢ ᠴᠡᠪᠡᠷᠯᠡᠵᠦ᠂ ᠬᠤᠲᠠ ᠶᠢᠨ ᠲᠣᠭᠤᠷᠢᠭ ᠤᠨ ᠬᠡᠪ ᠤᠨ ᠵᠠᠮ ᠬᠠᠷᠢᠯᠴᠠᠭᠠᠨ ᠤ ᠠᠵᠢᠯᠯᠠᠭᠠᠨ ᠢ ᠪᠠᠲᠤᠯᠠᠬᠤ ᠶᠢᠨ ᠬᠠᠮᠲᠤ᠂ ᠡᠮᠦᠨ᠎ᠡ ᠤᠮᠠᠷ᠎ᠠ ᠴᠢᠭᠯᠡᠯ᠂ ᠵᠡᠭᠦᠨ ᠪᠠᠷᠠᠭᠤᠨ ᠴᠢᠭᠯᠡᠯ ᠤᠨ ᠵᠡᠭᠡᠯᠢ ᠭᠤᠳᠤᠮᠵᠢ ᠶᠢᠨ ᠴᠠᠰᠤ ᠬᠠᠶᠢᠯᠬᠤ ᠪᠣᠳᠠᠲᠠᠶ ᠪᠠᠶᠢᠳᠠᠯ ᠢ ᠪᠣᠳᠤᠯᠭᠢᠯᠠᠵᠤ᠂  ᠴᠠᠰᠤ ᠲᠠᠢ ᠡᠳᠦᠷ ᠲᠤ  ᠴᠠᠰᠤ ᠠᠷᠢᠯᠭᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠨᠢ ᠴᠠᠰᠤ ᠵᠣᠭᠰᠣᠭᠰᠠᠨ ᠤ ᠳᠠᠷᠠᠭ᠎ᠠ ᠴᠠᠭ ᠲᠤᠬᠠᠶ ᠳᠤᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠢ ᠲᠣᠬᠢᠷᠠᠭᠤᠯᠵᠤ᠂ ᠮᠠᠰᠢᠨ ᠲᠥᠬᠦᠭᠡᠷᠦᠮᠵᠢ ᠶᠢ ᠵᠣᠬᠢᠰᠲᠠᠶ ᠳᠣᠭᠢᠷᠠᠭᠤᠯᠤᠨ ᠬᠤᠷᠠᠭᠰᠠᠨ ᠴᠠᠰᠤ ᠶᠢ ᠴᠡᠪᠡᠷᠯᠡᠬᠦ ᠬᠡᠷᠡᠭᠲᠡᠢ ᠃ ᠭᠤᠤᠯᠳᠠᠭᠤ ᠡᠮᠦᠨ᠎ᠡ ᠤᠮᠠᠷ᠎ᠠ ᠵᠦᠭ ᠶᠢᠨ ᠵᠡᠭᠡᠯᠢ ᠭᠤᠳᠤᠮᠵᠢ ᠶᠢᠨ ᠴᠠᠰᠤ ᠶᠢ ᠴᠡᠪᠡᠷᠯᠡᠬᠦ ᠠᠵᠢᠯ ᠢ ᠬᠠᠷᠢᠭᠤᠴᠠᠬᠤ ᠶᠢᠨ ᠬᠠᠮᠲᠤ᠂ ᠵᠡᠭᠦᠨ ᠪᠠᠷᠠᠭᠤᠨ ᠴᠢᠭᠯᠡᠯ ᠶᠢᠨ ᠵᠡᠭᠡᠯᠢ ᠭᠤᠳᠤᠮᠵᠢ ᠶᠢᠨ ᠳᠠᠭᠠᠭᠠᠴᠢᠯᠠᠭᠰᠠᠨ ᠨᠢᠭᠡᠴᠢ ᠶᠢ ᠬᠠᠪᠰᠤᠷᠤᠨ ᠴᠠᠰᠤ ᠴᠡᠪᠡᠷᠯᠡᠨ᠎ᠡ᠃      ᠬᠤᠶᠠᠷ᠂ ︽ᠡᠯ᠎ᠡ ᠨᠢᠭᠡᠴᠢ ᠶᠢᠨ ᠬᠤᠷᠠᠭᠰᠠᠨ ᠴᠠᠰᠤ ᠶᠢ ᠴᠡᠪᠡᠷᠯᠡᠬᠦ ᠳᠠᠭᠠᠭᠠᠴᠢᠯᠠᠯᠲᠠ ᠶᠢᠨ ᠵᠠᠮ ᠤᠨ ᠬᠡᠰᠡᠭ ᠤᠨ ᠨᠠᠷᠢᠨ ᠬᠦᠰᠦᠨᠦᠭᠲᠦ︾ ᠳᠤ ᠭᠤᠣᠯᠳᠠᠯᠭ᠎ᠠ ᠲᠠᠢ ᠵᠠᠮ ᠤᠨ ᠬᠡᠰᠡᠭ᠂ ᠴᠡᠪᠡᠷᠯᠡᠬᠦ ᠨᠢᠭᠡᠴᠢ ᠵᠡᠷᠭᠡ ᠶᠢ ᠲᠣᠳᠣᠷᠬᠠᠶ ᠲᠣᠭᠲᠠᠭᠠᠵᠠᠶ᠂ ᠡᠯ᠎ᠡ ᠨᠢᠭᠡᠴᠢ ᠨᠦᠭᠦᠳ ᠨᠠᠷᠢᠨ ᠬᠢᠨᠠᠮᠠᠭᠠᠶ ᠬᠠᠷᠢᠭᠤᠴᠠᠵᠤ᠂ ᠴᠠᠰᠤ ᠵᠣᠭᠰᠣᠭᠰᠠᠨ ᠤ ᠲᠠᠷᠠᠭ᠎ᠠ ᠲᠡᠷᠡ ᠳᠠᠷᠤᠶ ᠳᠤᠨᠢ ᠠᠵᠢᠯᠲᠠᠨ ᠢ ᠵᠣᠬᠢᠶᠠᠨ ᠪᠠᠶᠢᠭᠤᠯᠵᠤ ᠴᠡᠪᠡᠷᠯᠡᠭᠦᠯᠬᠦ ᠶᠢᠨ ᠬᠠᠮᠲᠤ ᠴᠡᠪᠡᠷᠯᠡᠭᠰᠡᠨ ᠶᠠᠰᠤ ᠴᠢᠨᠠᠷ ᠢ ᠪᠠᠲᠤᠯᠠᠬᠤ ᠬᠡᠷᠡᠭᠲᠡᠶ᠃ ᠴᠠᠰᠤ ᠴᠡᠪᠡᠷᠯᠡᠬᠦ ᠡᠭᠦᠷᠭᠡ ᠳᠤ ᠣᠷᠣᠭᠤᠯᠤᠭᠰᠠᠨ ᠦᠭᠡᠢ ᠬᠤᠶᠠᠳᠤᠭᠠᠷ ᠳᠡᠰ ᠤᠨ ᠨᠢᠭᠡᠴᠢ ᠶᠢ ᠡᠷᠬᠢᠯᠡᠨ ᠬᠠᠮᠢᠶᠠᠷᠬᠤ  ᠨᠢᠭᠡᠴᠢ ᠠᠴᠠ ᠬᠠᠷᠢᠭᠤᠴᠠᠨ ᠮᠡᠳᠡᠭᠳᠡᠬᠦ ᠪᠥᠭᠡᠳ ᠬᠠᠮᠲᠤ ᠪᠠᠷ ᠴᠠᠰᠤ ᠴᠡᠪᠡᠷᠯᠡᠬᠦ ᠠᠵᠢᠯ ᠢ ᠵᠣᠬᠢᠶᠠᠨ ᠪᠠᠶᠢᠭᠤᠯᠤᠨ᠎ᠠ᠃      ᠭᠤᠷᠪᠠ᠂ ᠮᠤᠨᠠ ᠠᠭᠤᠯᠠ ᠪᠠᠯᠭᠠᠰᠤ ᠶᠢᠨ ᠡᠯ᠎ᠡ ᠨᠡᠶᠢᠭᠡᠮ ᠲᠣᠭᠤᠷᠢᠭ ᠨᠢ ︽ᠡᠯ᠎ᠡ ᠨᠢᠭᠡᠴᠢ ᠶᠢᠨ ᠬᠤᠷᠠᠭᠰᠠᠨ ᠴᠠᠰᠤ ᠶᠢ ᠴᠡᠪᠡᠷᠯᠡᠬᠦ ᠳᠠᠭᠠᠭᠠᠴᠢᠯᠠᠯᠲᠠ ᠶᠢᠨ ᠵᠠᠮ ᠤᠨ ᠬᠡᠰᠡᠭ ᠤᠨ ᠨᠠᠷᠢᠨ ᠬᠦᠰᠦᠨᠦᠭᠲᠦ︾ ᠶᠣᠰᠣᠭᠠᠷ᠂ ᠴᠠᠰᠤ ᠵᠣᠭᠰᠣᠭᠰᠠᠨ ᠤ ᠳᠠᠷᠠᠭ᠎ᠠ ᠲᠡᠷᠡ ᠳᠠᠷᠤᠶ ᠳᠤᠨᠢ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠳᠠᠭᠠᠭᠠᠴᠢᠯᠠᠭᠰᠠᠨ ᠨᠢᠭᠡᠴᠢ ᠳᠤ ᠮᠡᠳᠡᠭᠳᠡᠵᠦ ᠴᠠᠰᠤ ᠶᠢ ᠴᠡᠪᠡᠷᠯᠡᠭᠦᠯᠬᠦ ᠶᠢᠨ ᠬᠠᠮᠲᠤ ᠬᠠᠷᠢᠶ᠎ᠠ ᠣᠷᠣᠨ ᠤ ᠪᠠᠨ ᠳᠣᠲᠣᠷᠠᠬᠢ ᠵᠠᠮ ᠤᠨ ᠬᠡᠰᠡᠭ ᠤᠨ ᠴᠠᠰᠤ ᠶᠢ ᠴᠡᠪᠡᠷᠯᠡᠬᠦ ᠠᠵᠢᠯ ᠢ ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠬᠤ ᠬᠡᠷᠡᠭᠲᠡᠶ᠃      ᠳᠥᠷᠪᠡ᠂ ᠳᠡᠯᠭᠡᠭᠦᠷ ᠫᠦᠰᠡ ᠶᠢᠨ ᠡᠭᠦᠳᠡᠨ ᠡᠮᠦᠨ᠎ᠡ ᠬᠤᠷᠠᠭᠰᠠᠨ ᠴᠠᠰᠤ ᠶᠢ ᠴᠡᠪᠡᠷᠯᠡᠨ ᠱᠦᠭᠦᠷᠳᠡᠬᠦ ᠶᠢ ᠮᠤᠨᠠ ᠠᠭᠤᠯᠠ ᠪᠠᠯᠭᠠᠰᠤ ᠶᠢᠨ ᠡᠯ᠎ᠡ ᠨᠡᠶᠢᠭᠡᠮ ᠲᠣᠭᠤᠷᠢᠭ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠠᠴᠠ ᠬᠤᠳᠠᠯᠳᠤᠭᠠᠴᠢᠳ ᠢ ᠰᠢᠮᠳᠠᠭᠤᠯᠵᠤ ᠪᠠᠶᠢᠭᠠᠳ ᠦᠪᠡᠷᠲᠡᠭᠡᠨ ᠴᠡᠪᠡᠷᠯᠡᠨ ᠱᠦᠭᠦᠷᠳᠡᠨ᠎ᠡ᠃      ᠲᠠᠪᠤ᠂ ᠬᠤᠰᠢᠭᠤᠨ ᠤ ᠨᠠᠮ ᠤᠨ ᠬᠤᠷᠢᠶ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠴᠠᠰᠤ ᠴᠡᠪᠡᠷᠯᠡᠬᠦ ᠠᠵᠢᠯ ᠢ ᠰᠢᠮᠳᠠᠭᠤᠯᠤᠨ ᠪᠠᠶᠢᠴᠠᠭᠠᠵᠤ᠂ ᠴᠠᠰᠤ ᠴᠡᠪᠡᠷᠯᠡᠬᠦ ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠵᠦ ᠳᠡᠶᠢᠯᠬᠦ ᠥᠬᠡᠶ ᠨᠢᠭᠡᠴᠢ ᠶᠢ ᠵᠠᠷᠯᠠᠨ ᠮᠡᠳᠡᠭᠳᠡᠨ᠎ᠡ᠃      ᠵᠢᠷᠭᠤᠭ᠎ᠠ᠂ ᠡᠯ᠎ᠡ ᠨᠢᠭᠡᠴᠢ ᠨᠦᠭᠦᠳ ᠬᠡᠷᠪᠡ ᠳᠠᠭᠠᠭᠠᠴᠢᠯᠠᠭᠰᠠᠨ ᠵᠠᠮ ᠤᠨ ᠬᠡᠰᠡᠭ ᠵᠡᠷᠭᠡ  ᠲᠠᠯ᠎ᠠ ᠪᠠᠷ ᠠᠰᠠᠭᠤᠨ  ᠯᠠᠪᠯᠠᠬᠤ ᠭᠡᠪᠡᠯ᠂ ᠵᠠᠰᠠᠭ ᠤᠨ ᠣᠷᠳᠣᠨ ᠤ ᠠᠯᠪᠠᠨ ᠭᠡᠷ ᠤᠨ 507 ᠠᠯᠪᠠᠨ ᠭᠡᠷ ᠲᠠᠢ ᠬᠠᠷᠢᠯᠴᠠᠨ᠎ᠠ᠂ ᠬᠠᠷᠢᠯᠴᠠᠬᠤ ᠤᠲᠠᠰᠤ᠄ 3262277᠂ 3212616᠃                                        ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ                                                     2021 ᠣᠨ ᠤ 12 ᠰᠠᠷ᠎ᠠ ᠶᠢᠨ 2 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ