ᠪᠠᠶᠠᠨᠬᠤᠸᠠ ᠪᠠᠯᠭᠠᠰᠤ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ
ᠨᠡᠶᠢᠲᠡᠯᠡᠭᠰᠡᠨ ᠴᠠᠭ᠄
2021/12/9
     ᠤᠶᠢᠷ᠎ᠠ ᠶᠢᠨ ᠡᠳᠦᠷ᠂  ᠪᠠᠶᠠᠨᠬᠤᠸᠠ ᠪᠠᠯᠭᠠᠰᠤ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠲᠦᠯᠦᠬᠡᠯᠡᠭᠴᠢ᠂ ᠪᠠᠶᠠᠨᠬᠤᠸᠠ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ ᠵᠢᠷᠠᠨᠬᠤᠶᠠᠷ ᠠᠴᠠ  ︿︿ᠰᠢ ᠲᠠᠢ ᠫᠢᠩ ᠶᠢᠨ ᠲᠤᠮᠳᠠᠳᠤ ᠣᠯᠣᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠠᠷᠪᠠᠨ ᠨᠢᠬᠡᠳᠦᠬᠡᠷ ᠤᠳᠠᠭᠠᠨ ᠤ ᠲᠦᠯᠦᠬᠡᠯᠡᠭᠴᠢᠳ ᠤᠨ ᠶᠡᠭᠡ ᠬᠤᠷᠠᠯ ᠲᠡᠭᠡᠷᠡᠬᠢ ᠮᠡᠳᠡᠬᠦᠯᠦᠯᠳᠡ﹀﹀᠂ ︿︿ᠲᠤᠮᠳᠠᠳᠤ ᠣᠯᠣᠰ ᠤᠨ ᠡᠪ ᠬᠠᠮᠳᠤ ᠨᠠᠮ ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠪᠠᠨ ᠠᠷᠪᠠᠨ ᠨᠢᠬᠡᠳᠦᠬᠡᠷ ᠤᠳᠠᠭᠠᠨ ᠤ ᠲᠦᠯᠦᠬᠡᠯᠡᠭᠴᠢᠳ ᠤᠨ ᠶᠡᠭᠡ ᠬᠤᠷᠠᠯ ᠤᠨ ᠲᠤᠮᠳᠠᠳᠤ ᠣᠯᠣᠰ ᠤᠨ ᠡᠪ ᠬᠠᠮᠳᠤ ᠨᠠᠮ  ᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠷᠢᠶ᠎ᠠ ᠶᠢᠨ ᠠᠷᠪᠠᠳᠤᠭᠠᠷ ᠤᠳᠠᠭᠠᠨ ᠤ ᠬᠤᠷᠠᠯ ᠤᠨ ᠮᠡᠳᠡᠬᠦᠯᠦᠯᠳᠡ ᠶᠢᠨ ᠲᠤᠬᠠᠢ ᠰᠡᠢᠳᠪᠦᠷᠢ﹀﹀  ᠤᠨ ᠬᠤᠯᠪᠤᠭᠳᠠᠯ ᠪᠦᠬᠦᠢ ᠠᠭᠤᠯᠭ᠎ᠠ ᠶᠢ ᠲᠦᠬᠦᠮ ᠤᠶᠢᠯᠠᠭᠠᠮᠵᠢᠳᠠᠢ ᠦᠬᠡ ᠬᠡᠯᠡᠯᠭᠡ ᠪᠠᠷ ᠪᠠᠯᠭᠠᠰᠤᠨ ᠤ ᠺᠠᠳ᠋ᠷ ᠨᠠᠷ ᠲᠤ ᠤᠬᠠᠭᠠᠤᠯᠤᠨ ᠲᠠᠶᠢᠯᠪᠤᠷᠢᠯᠠᠭᠰᠠᠨ ᠪᠦᠬᠡᠳ ᠦᠪᠡᠷ ᠤᠨ ᠲᠦᠷᠦᠭᠳᠡᠯ ᠢᠶᠠᠨ ᠶᠠᠷᠢᠭᠰᠠᠨ ᠪᠠᠶᠢᠨ᠎ᠠ᠃    ᠬᠤᠷᠠᠯ ᠳᠤ  ᠤᠷᠤᠯᠴᠠᠭᠰᠠᠳ ᠠᠴᠠ ᠰᠢ ᠲᠠᠢ ᠫᠢᠩ ᠶᠢᠨ ᠮᠡᠳᠡᠬᠦᠯᠦᠯᠳᠡ ᠪᠠ ᠠᠵᠢᠯ ᠤᠨ ᠳ᠋ᠦᠩᠨᠠᠯᠳᠡ ᠨᠢ ᠪᠤᠳᠠᠳᠠᠢ᠂ ᠠᠰᠠᠭᠤᠳᠠᠯ ᠤᠨ ᠵᠠᠳᠠᠯᠤᠯᠳᠠ ᠨᠢ ᠪᠤᠰᠤᠳᠴᠢ ᠪᠠᠶᠢᠵᠤ᠂ ᠮᠠᠨ ᠤ ᠤᠷᠤᠨ ᠤ ᠶᠡᠭᠡ ᠬᠠᠨᠳᠤᠰᠢ ᠶᠢ ᠠᠵᠢᠭᠯᠠᠬᠤ᠂ ᠶᠡᠭᠡ ᠲᠠᠯ᠎ᠠ ᠶᠢ ᠲᠦᠯᠦᠪᠵᠢᠬᠦᠯᠬᠦ᠂ ᠶᠡᠭᠡ ᠶᠠᠪᠤᠳᠠᠯ ᠢ ᠠᠳᠬᠤᠬᠤ ᠶᠡᠭᠡ ᠬᠠᠷᠠᠭ᠎ᠠ ᠶᠢ ᠬᠦᠢᠴᠡᠳ ᠢᠯᠡᠷᠡᠭᠦᠯᠦᠭᠰᠡᠨ ᠪᠠᠶᠢᠨ᠎ᠠ ᠬᠡᠵᠦ ᠦᠵᠡᠵᠡᠢ᠃ ᠦᠪᠡᠷᠳᠡᠬᠡᠨ ᠵᠠᠰᠠᠬᠤ ᠤᠷᠤᠨ ᠤ ᠠᠷᠪᠠᠨ ᠠᠷᠪᠠᠨ ᠨᠢᠬᠡᠳᠦᠬᠡᠷ ᠤᠳᠠᠭᠠᠨ ᠤ ᠨᠠᠮ ᠤᠨ ᠲᠦᠯᠦᠬᠡᠯᠡᠭᠴᠢᠳ  ᠤᠨ ᠬᠤᠷᠠᠯ ᠤᠨ ᠵᠤᠷᠢᠭ ᠰᠠᠨᠠᠭ᠎ᠠ ᠶᠢ ᠪᠤᠳᠠᠳᠠᠢ ᠠᠵᠢᠯ ᠤᠨ ᠲᠤᠮᠳᠠ ᠠᠭᠤᠰᠤᠯᠴᠠᠭᠤᠯᠵᠤ᠂ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠠᠷ  ᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠦ᠂ ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠤ᠂ ᠠᠭᠤᠤ ᠶᠡᠭᠡ ᠲᠤᠮᠳᠠᠳᠤ ᠶᠢᠨ ᠬᠦᠰᠡᠯ ᠢ ᠪᠡᠶᠡᠯᠡᠬᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠬᠡᠵᠦ ᠵᠤᠷᠢᠭ ᠢᠶᠠᠨ  ᠢᠯᠡᠳᠬᠡᠴᠡᠬᠡᠵᠡᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ