ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠭᠤᠴᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠨᠡᠩ ᠰᠠᠶᠢᠲᠤᠷ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/12/9
      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 12 ᠰᠠᠷ᠎ᠠ ᠶᠢᠨ 6 ᠤ ᠦᠳᠡ ᠶᠢᠨ ᠬᠤᠶᠢᠨ᠎ᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠬᠤ ᠲᠤᠬᠠᠢ ᠭᠤᠴᠢᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠮᠠᠨ ᠤ ᠤᠯᠤᠰ ᠶᠠᠭ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢᠨ ᠪᠠᠶᠢᠳᠠᠯ ᠲᠦᠷᠭᠡᠳᠴᠦ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠪᠡᠷᠬᠡ ᠬᠠᠲᠠᠭᠤᠵᠢᠯᠲᠠᠢ ᠪᠥᠭᠡᠳ ᠨᠦᠰᠡᠷ ᠬᠦᠨᠳᠦ ᠪᠠᠶᠢᠵᠤ᠂ ᠭᠠᠳᠠᠭᠠᠳᠤ ᠨᠡᠬᠡᠬᠡᠯᠳᠡ ᠶᠢ ᠭᠦᠨᠵᠡᠭᠡᠢ ᠠᠬᠢᠭᠤᠯᠬᠤ ᠳᠤ᠂ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠤ ᠳᠤ ᠠᠰᠢᠭᠲᠠᠢ ᠪᠠᠶᠢᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠴᠢᠬᠤᠯᠠᠲᠠᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠡᠷᠡᠰ ᠭᠤᠶᠢᠪᠢᠰᠢ ᠥᠬᠡᠶ ᠵᠠᠮᠨᠠᠵᠤ᠂ ᠬᠠᠤᠯᠢᠵᠢᠯ ᠤᠨ ᠬᠦᠷᠢᠶᠡᠨ ᠤ ᠲᠣᠪᠣᠶᠢᠮ᠎ᠠ ᠠᠰᠠᠭᠤᠳᠠᠯ ᠢ ᠰᠢᠶᠳᠪᠦᠷᠢᠯᠡᠬᠦ ᠪᠠᠷ ᠬᠦᠴᠦᠯᠡᠬᠦ ᠴᠡᠭ ᠢᠶᠠᠨ ᠪᠣᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠵᠤ᠂ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠴᠢᠳᠠᠪᠤᠷᠢ ᠪᠣᠯᠤᠨ ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠬᠦᠴᠦᠲᠡᠶ ᠬᠠᠤᠯᠢᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠳᠤᠮᠳᠠᠳᠤ ᠤᠯᠤᠰ ᠤᠨ ᠬᠠᠤᠯᠢ ᠶᠢᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠰᠢᠤᠢ ᠰᠢᠶᠠᠨ ᠮᠢᠩ ᠨᠥᠬᠦᠷ ᠡᠨᠡ ᠠᠰᠠᠭᠤᠳᠠᠯ ᠤᠨ ᠲᠤᠬᠠᠢ ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠴᠠᠢ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶ᠎ᠠ ᠶᠢᠨ ᠨᠥᠬᠦᠳ ᠲᠡᠭᠦᠨ ᠤ ᠲᠠᠶᠢᠯᠪᠤᠷᠢᠯᠠᠯᠲᠠ ᠶᠢ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃      ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠳᠤ ᠣᠷᠣᠭᠤᠯᠤᠨ ᠬᠦᠴᠦᠲᠡᠢ ᠠᠬᠢᠭᠤᠯᠵᠤ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠲᠤᠬᠠᠢ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠬᠳᠠᠭᠠᠵᠤ᠂ ᠲᠥᠪ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠬᠤᠷᠢᠶ᠎ᠠ ᠶᠢ ᠪᠠᠶᠢᠭᠤᠯᠵᠤ᠂ ᠨᠠᠮ ᠠᠴᠠ ᠬᠠᠤᠯᠢ ᠲᠣᠭᠲᠠᠭᠠᠬᠤ ᠶᠢ ᠤᠳᠤᠷᠢᠳᠬᠤ᠂ ᠬᠠᠤᠯᠢ ᠬᠡᠷᠡᠭᠵᠢᠭᠦᠯᠬᠦ ᠶᠢ ᠪᠠᠲᠤᠯᠠᠬᠤ᠂ ᠬᠠᠤᠯᠢ ᠪᠠᠷᠢᠬᠤ ᠶᠢ ᠳᠡᠮᠵᠢᠬᠦ᠂ ᠲᠦᠷᠦᠭᠦᠯᠡᠨ ᠬᠠᠤᠯᠢ ᠶᠢ ᠰᠠᠬᠢᠬᠤ ᠲᠦᠷᠢᠮ ᠢ ᠲᠡᠭᠦᠯᠳᠡᠷᠵᠢᠭᠦᠯᠵᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠡᠷᠦᠩᠬᠡᠢ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠪᠡ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠬᠦᠳᠡ ᠬᠤᠷᠠᠯ ᠠᠴᠠ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠳᠦᠯᠬᠢᠨ ᠠᠬᠢᠭᠤᠯᠬᠤ ᠶᠢᠨ ᠶᠡᠷᠦᠩᠬᠡᠢ ᠬᠠᠷᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠵᠤ᠂ ᠨᠡᠶᠢᠭᠡᠮ ᠵᠢᠷᠤᠮ ᠤᠨ ᠬᠠᠤᠯᠢᠵᠢᠯ ᠤᠨ ᠤᠯᠤᠰ ᠢ ᠪᠦᠳᠤᠭᠡᠨ ᠪᠠᠶᠢᠭᠤᠯᠬᠤ ᠶᠠᠪᠤᠳᠠᠯ ᠪᠣᠯᠤᠨ᠎ᠠ ᠭᠡᠵᠦ ᠲᠣᠳᠣᠷᠬᠠᠢ ᠳᠤᠷᠠᠳᠤᠨ ᠭᠠᠷᠭᠠᠪᠠ᠃ ᠪᠢᠳᠡ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠭᠡᠬᠦ ᠡᠨᠡ ᠬᠦ ᠶᠡᠷᠦᠩᠬᠡᠢ ᠭᠠᠷᠳᠠᠴᠠ ᠶᠢ ᠠᠳᠬᠤᠵᠤ᠂ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠭᠡᠬᠦ ᠶᠢ ᠪᠠᠷᠢᠮᠲᠠᠯᠠᠨ᠂ ᠬᠠᠤᠯᠢ ᠶᠤᠰᠤᠭᠠᠷ ᠤᠯᠤᠰ ᠢ ᠵᠠᠰᠠᠬᠤ᠂ ᠬᠠᠤᠯᠢ ᠶᠣᠰᠣᠭᠠᠷ ᠲᠦᠷᠦ ᠪᠠᠷᠢᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠬᠠᠮᠲᠤ ᠪᠠᠷ ᠠᠬᠢᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠤᠯᠤᠰ᠂ ᠬᠠᠤᠯᠢᠵᠢᠯ ᠤᠨ ᠵᠠᠰᠠᠭ ᠤᠨ ᠣᠷᠳᠣᠨ᠂ ᠬᠠᠤᠯᠢᠵᠢᠯ ᠤᠨ ᠨᠡᠶᠢᠭᠡᠮ ᠢ ᠨᠢᠭᠡ ᠴᠤᠬᠴᠠᠵᠢᠭᠤᠯᠤᠨ ᠪᠦᠳᠦᠬᠡᠨ ᠪᠠᠶᠢᠭᠤᠯᠬᠤ ᠶᠢ ᠪᠠᠷᠢᠮᠲᠠᠯᠠᠨ᠂ ᠬᠠᠤᠯᠢᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ᠂ ᠬᠠᠤᠯᠢᠵᠢᠯ ᠢ ᠬᠡᠷᠡᠭᠵᠢᠭᠦᠯᠬᠦ ᠰᠢᠰᠲ᠋ᠧᠮ᠂ ᠬᠠᠤᠯᠢᠵᠢᠯ ᠤᠨ ᠬᠢᠨᠠᠯᠲᠠ ᠲᠠᠯᠪᠢᠬᠤ ᠰᠢᠰᠲ᠋ᠧᠮ᠂ ᠬᠠᠤᠯᠢᠵᠢᠯ ᠤᠨ ᠪᠠᠲᠤᠯᠠᠭ᠎ᠠ ᠶᠢᠨ ᠰᠢᠰᠲ᠋ᠧᠮ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠶᠢ ᠤᠯᠪᠠ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠪᠢᠳᠡ ᠨᠢᠭᠡᠨᠲᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠰᠢᠨ᠎ᠡ ᠠᠶᠠᠨ ᠳᠤ ᠮᠣᠷᠳᠠᠯ᠎ᠡ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠴᠣᠭᠴᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠠᠷᠠᠳ ᠤᠯᠠᠨ ᠤ ᠠᠷᠠᠳᠴᠢᠯᠠᠯ᠂ ᠬᠠᠤᠯᠢᠵᠢᠯ᠂ ᠲᠥᠪ ᠭᠤᠣᠯᠴᠢ᠂ ᠰᠢᠳᠤᠷᠭᠤ ᠶᠣᠰᠣ᠂ ᠠᠮᠤᠷ ᠲᠦᠪᠰᠢᠨ᠂ ᠣᠷᠴᠢᠨ ᠲᠣᠭᠤᠷᠢᠨ ᠵᠡᠷᠭᠡ ᠳᠠᠬᠢ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠱᠠᠭᠠᠷᠳᠠᠯᠭ᠎ᠠ ᠶᠢ ᠬᠠᠩᠭᠠᠵᠤ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠳᠤ ᠴᠦᠮ ᠬᠠᠤᠯᠢᠵᠢᠯ ᠤᠨ ᠪᠠᠶᠢᠭᠤᠯᠤᠯᠲᠠ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠪᠠᠶᠢᠭᠤᠯᠬᠤ ᠳᠤ᠂ ᠠᠵᠢᠯ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠰᠢᠰᠲ᠋ᠧᠮ ᠤᠨ ᠦᠵᠡᠯᠲᠡ ᠶᠢ ᠪᠠᠷᠢᠮᠲᠠᠯᠠᠵᠤ᠂ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠶᠢᠨ ᠵᠥᠪ ᠴᠢᠭᠯᠡᠯ ᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠤᠨᠤᠯ ᠢ ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠭᠡᠬᠦ ᠡᠨᠡ ᠬᠦ ᠲᠤᠬᠳᠠᠮᠠᠯ ᠴᠢᠨᠠᠷ ᠢ ᠪᠠᠲᠤ ᠡᠵᠡᠮᠳᠡᠵᠦ᠂ ᠤᠯᠤᠰ ᠲᠦᠷᠦ ᠪᠠ ᠬᠠᠤᠯᠢᠵᠢᠯ᠂ ᠥᠭᠡᠷᠡᠴᠢᠯᠡᠯᠲᠡ ᠪᠠ ᠬᠠᠤᠯᠢᠵᠢᠯ᠂ ᠬᠠᠤᠯᠢ ᠪᠠᠷ ᠤᠯᠤᠰ ᠢᠶᠠᠨ ᠵᠠᠰᠠᠬᠤ ᠪᠠ ᠶᠣᠰᠣ ᠰᠤᠷᠲᠠᠬᠤᠨ ᠢᠶᠠᠷ ᠤᠯᠤᠰ ᠢᠶᠠᠨ ᠵᠠᠰᠠᠬᠤ᠂ ᠬᠠᠤᠯᠢ ᠪᠠᠷ ᠤᠯᠤᠰ ᠢᠶᠠᠨ ᠵᠠᠰᠠᠬᠤ ᠪᠠ ᠲᠦᠷᠢᠮ ᠶᠤᠰᠤᠭᠠᠷ ᠨᠠᠮ ᠢ ᠵᠠᠰᠠᠬᠤ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠶᠢ ᠪᠠᠲᠤᠯᠠᠬᠤ ᠵᠡᠷᠭᠡ ᠴᠢᠬᠤᠯᠠ ᠶᠡᠭᠡ ᠠᠰᠠᠭᠤᠳᠠᠯ ᠤᠨ ᠲᠠᠯ᠎ᠠ ᠲᠡᠭᠡᠷ᠎ᠡ ᠲᠠᠷᠢᠬᠢ ᠲᠣᠯᠣᠭᠠᠢ ᠣᠨᠴᠠᠭᠠᠢ ᠰᠡᠷᠬᠡᠭ᠂ ᠵᠣᠭᠰᠣᠯᠲᠠ ᠲᠤᠶᠢᠯ ᠤᠨ ᠪᠠᠲᠤ ᠪᠠᠶᠢᠬᠤ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠬᠠᠤᠯᠢᠵᠢᠯ ᠨᠢ ᠠᠷᠠᠳ ᠲᠦᠮᠡᠨ ᠤ ᠲᠥᠯᠥᠭᠡ ᠪᠠᠶᠢᠬᠤ᠂ ᠠᠷᠠᠳ ᠲᠦᠮᠡᠨ ᠳᠤ ᠲᠦᠰᠢᠭᠯᠡᠬᠦ᠂ ᠠᠷᠠᠳ ᠲᠦᠮᠡᠨ ᠳᠤ ᠪᠤᠶᠠᠨ ᠦᠢᠯᠡᠳᠬᠦ᠂ ᠠᠷᠠᠳ ᠲᠦᠮᠡᠨ ᠢ ᠬᠠᠮᠠᠭᠠᠯᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠰᠢᠭ ᠲᠤᠰᠠ ᠶᠢ ᠢᠯᠡᠷᠡᠭᠦᠯᠬᠦ᠂ ᠠᠷᠠᠳ ᠲᠦᠮᠡᠨ ᠤ ᠬᠦᠰᠡᠯ ᠡᠷᠡᠮᠡᠯᠵᠡᠯ ᠢ ᠲᠤᠰᠬᠠᠬᠤ᠂ ᠠᠷᠠᠳ ᠲᠦᠮᠡᠨ ᠤ ᠡᠷᠬᠡ ᠠᠰᠢᠭ ᠢ ᠬᠠᠮᠠᠭᠠᠯᠠᠬᠤ᠂ ᠠᠷᠠᠳ ᠲᠦᠮᠡᠨ ᠤ ᠵᠤᠯ ᠵᠢᠷᠭᠠᠯ ᠢ ᠨᠡᠮᠡᠭᠳᠡᠭᠦᠯᠬᠦ ᠶᠢ ᠬᠠᠤᠯᠢᠵᠢᠯ  ᠤᠨ ᠰᠢᠰᠲ᠋ᠧᠮ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃      ᠰᠢ ᠶᠢᠨ ᠫᠢᠩ᠂ ᠤᠯᠤᠰ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠳᠤ ᠪᠣᠳᠠᠰ ᠤᠨ ᠠᠮᠤᠷ ᠲᠦᠪᠰᠢᠨ᠂ ᠠᠮᠢ ᠠᠬᠤᠢ ᠶᠢᠨ ᠪᠣᠯᠪᠠᠰᠤᠨ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠴᠢᠬᠤᠯᠠ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠤᠯᠤᠰ ᠤᠨ ᠵᠠᠰᠠᠯᠲᠠ ᠳᠤ ᠪᠠᠴᠢᠮ ᠱᠠᠭᠠᠷᠳᠠᠭᠳᠠᠬᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠳᠤ ᠵᠠᠪᠠᠯ ᠪᠠᠶᠢᠬᠤ ᠴᠢᠬᠤᠯᠠᠳᠠᠢ ᠬᠠᠤᠯᠢ ᠴᠠᠭᠠᠵᠠ ᠶᠢᠨ ᠲᠦᠷᠢᠮ ᠢ ᠴᠢᠷᠮᠠᠶᠢᠨ ᠪᠦᠷᠢᠨᠰᠢᠬᠦᠯᠬᠦ ᠬᠡᠷᠡᠭᠲᠡᠢ᠃ ᠲᠦᠷᠢᠮ ᠶᠣᠰᠣᠭᠠᠷ ᠨᠠᠮ ᠢ ᠵᠠᠰᠠᠬᠤ ᠶᠢᠨ ᠨᠠᠮ ᠪᠣᠯᠤᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠠᠬᠢ ᠤᠯᠤᠰ ᠲᠦᠷᠦ ᠶᠢᠨ ᠪᠠᠲᠤᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠬᠠᠤᠯᠢ ᠴᠠᠭᠠᠵᠠ ᠪᠣᠯᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠬᠠᠷᠢᠯᠴᠠᠨ ᠨᠥᠬᠦᠴᠡᠯᠳᠦᠬᠦ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠬᠠᠤᠯᠢ ᠲᠣᠭᠲᠠᠭᠠᠬᠤ ᠴᠢᠨᠠᠷ ᠴᠢᠨᠰᠠᠭ᠎ᠠ ᠭᠡᠬᠦ ᠡᠨᠡ ᠬᠦ ᠵᠠᠩᠭᠢᠯᠠᠭ᠎ᠠ ᠶᠢ ᠠᠳᠬᠤᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠭᠦᠨᠵᠡᠭᠡᠢ ᠠᠬᠢᠭᠤᠯᠵᠤ᠂ ᠬᠠᠤᠯᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠨᠠᠶᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠵᠤ᠂ ᠬᠠᠤᠯᠢ ᠲᠣᠭᠲᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠠᠤᠯᠢ ᠲᠣᠭᠲᠠᠭᠠᠬᠤ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠬᠠᠤᠯᠢ ᠲᠣᠭᠲᠠᠭᠠᠬᠤ ᠪᠠᠶᠢᠭᠤᠯᠤᠮᠵᠢ ᠪᠠ ᠠᠵᠢᠯ ᠤᠨ ᠰᠠᠯᠠᠭ᠎ᠠ ᠮᠥᠴᠢᠷ ᠬᠠᠤᠯᠢ ᠲᠣᠭᠲᠠᠭᠠᠬᠤ ᠲᠡᠰ ᠲᠠᠷᠠᠭᠠᠯᠠᠯ ᠢ ᠵᠢᠷᠤᠮᠯᠠᠨ᠂ ᠬᠠᠤᠯᠢ ᠲᠣᠭᠲᠠᠭᠠᠬᠤ ᠡᠷᠬᠡ ᠶᠢᠨ ᠬᠢᠵᠠᠭᠠᠷ ᠢ ᠴᠢᠩᠭ᠎ᠠ ᠰᠠᠬᠢᠵᠤ᠂ ᠡᠷᠬᠡ ᠠᠴᠠ ᠪᠠᠨ ᠳᠠᠪᠠᠵᠤ ᠬᠠᠤᠯᠢ ᠲᠣᠭᠲᠠᠭᠠᠬᠤ᠂ ᠳᠠᠪᠬᠤᠷᠳᠠᠭᠤᠯᠤᠨ ᠬᠠᠤᠯᠢ ᠲᠣᠭᠲᠠᠭᠠᠬᠤ᠂ ᠰᠣᠬᠤᠷ ᠪᠠᠯᠠᠢ ᠪᠠᠷ ᠬᠠᠤᠯᠢ ᠲᠣᠭᠲᠠᠭᠠᠬᠤ ᠠᠴᠠ ᠦᠨᠡᠨ ᠬᠦ ᠵᠠᠶᠢᠯᠠᠰᠭᠢᠵᠦ᠂ ᠰᠠᠯᠠᠭ᠎ᠠ ᠮᠥᠴᠢᠷ ᠤᠨ ᠠᠰᠢᠭ ᠲᠤᠰᠠ ᠪᠠ ᠣᠷᠣᠨ ᠨᠤᠲᠤᠭ ᠤᠨ ᠬᠠᠮᠠᠭᠠᠯᠠᠬᠤ ᠦᠵᠡᠯ ᠤᠨ ᠨᠥᠯᠥᠭᠡ ᠶᠢ ᠪᠦᠲᠦᠮᠵᠢᠲᠡᠢ ᠰᠡᠷᠭᠡᠶᠢᠯᠡᠬᠦ ᠬᠡᠷᠡᠭᠲᠡᠢ᠃ ᠬᠠᠤᠯᠢ ᠴᠠᠭᠠᠵᠠ ᠶᠢᠨ ᠡᠮᠦᠨ᠎ᠡ ᠬᠥᠮᠦᠨ ᠪᠦᠬᠦᠨ ᠡᠷᠬᠡ ᠲᠡᠭᠰᠢ ᠪᠠᠶᠢᠬᠤ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠬᠦᠯᠵᠤ᠂ ᠤᠯᠤᠰ ᠤᠨ ᠬᠠᠤᠯᠢ ᠲᠦᠷᠢᠮ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠵᠥᠷᠢᠴᠡᠭᠰᠡᠨ ᠠᠯᠢᠪᠠ ᠠᠵᠢᠯᠯᠠᠭ᠎ᠠ ᠠᠴᠠ ᠡᠷᠬᠡᠪᠰᠢ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠳᠤᠷᠢᠳᠬᠤ ᠺᠠᠳ᠋ᠷᠴᠤᠳ ᠴᠥᠮ ᠬᠠᠤᠯᠢ ᠪᠠᠷᠢᠬᠤ ᠪᠠᠶᠢᠭᠤᠯᠭ᠎ᠠ ᠶᠢᠨ ᠡᠷᠬᠡ ᠲᠤᠰᠢᠶᠠᠯ ᠢᠶᠠᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠡᠷᠡᠭᠵᠢᠭᠦᠯᠬᠦ ᠶᠢ ᠲᠤᠭ ᠲᠡᠮᠳᠡᠭ ᠲᠣᠳᠣᠷᠬᠠᠢ ᠪᠠᠷ ᠳᠡᠮᠵᠢᠵᠤ᠂ ᠡᠷᠬᠡ ᠲᠤᠰᠢᠶᠠᠯ ᠢᠶᠠᠨ ᠠᠰᠢᠭᠯᠠᠨ ᠬᠠᠤᠯᠢ ᠪᠠᠷᠢᠬᠤ ᠶᠢ ᠬᠠᠷᠰᠢᠯᠠᠬᠤ᠂ ᠬᠡᠷᠡᠭ ᠶᠠᠪᠤᠳᠠᠯ ᠳᠤ ᠭᠠᠷ ᠲᠦᠷᠦᠭᠦ ᠶᠢ ᠶᠠᠭᠠᠬᠢᠭᠰᠠᠨ ᠴᠤ ᠵᠥᠪᠰᠢᠶᠡᠷᠡᠬᠦ ᠦᠭᠡᠢ ᠭᠡᠵᠤ ᠴᠢᠬᠤᠯᠠᠴᠢᠯᠠᠪᠠ᠃      ᠰᠢ ᠶᠢᠨ ᠫᠢᠩ᠂ ᠬᠠᠤᠯᠢᠵᠢᠯ ᠤᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠲᠦᠷᠢᠮ ᠨᠢᠭᠡᠪᠦᠷᠢ᠂ ᠬᠠᠤᠯᠢ ᠬᠡᠷᠡᠭᠵᠢᠭᠦᠯᠬᠦ ᠲᠣᠭᠲᠠᠭᠠᠯ ᠨᠢᠭᠡᠪᠦᠷᠢ᠂ ᠬᠠᠤᠯᠢ ᠴᠠᠭᠠᠵᠠ ᠶᠢᠨ ᠬᠡᠷᠡᠭ ᠨᠢᠭᠡᠪᠦᠷᠢ ᠲᠤᠮᠳᠠ ᠴᠦᠮ ᠠᠷᠠᠳ ᠤᠯᠠᠨ ᠳᠤ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠬᠠᠷᠠᠯᠲᠠ ᠶᠢᠨ ᠲᠤᠭᠤᠷᠢᠨ ᠳᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠨ ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠥᠪ ᠭᠤᠣᠯᠴᠢ ᠥᠨᠳᠥᠷ ᠪᠦᠲᠦᠮᠵᠢᠲᠡᠢ ᠡᠷᠬᠡ ᠰᠦᠷᠳᠤ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠲᠦᠷᠢᠮ ᠢ ᠲᠦᠷᠭᠡᠳᠭᠡᠨ ᠪᠠᠶᠢᠭᠤᠯᠬᠤ ᠬᠡᠷᠡᠭᠲᠡᠢ᠃ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣᠨ ᠤ ᠬᠠᠤᠯᠢᠵᠢᠯ ᠤᠨ ᠪᠠᠲᠤᠯᠠᠭ᠎ᠠ ᠶᠢᠨ ᠲᠦᠷᠢᠮ ᠢ ᠪᠦᠷᠢᠨᠰᠢᠬᠦᠯᠵᠤ᠂ ᠬᠠᠤᠯᠢ ᠬᠡᠷᠡᠭᠵᠢᠭᠦᠯᠬᠦ ᠡᠷᠬᠡ᠂ ᠬᠠᠤᠯᠢ ᠪᠠᠷᠢᠬᠤ ᠡᠷᠬᠡ᠂ ᠬᠢᠨᠠᠨ ᠪᠠᠶᠢᠴᠠᠭᠠᠬᠤ ᠡᠷᠬᠡ ᠶᠢᠨ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠵᠤ᠂ ᠡᠷᠬᠡ ᠶᠢᠨ ᠬᠢᠵᠠᠭᠠᠷᠯᠠᠯ ᠪᠠ ᠬᠢᠨᠠᠯᠲᠠ ᠲᠠᠯᠪᠢᠬᠤ ᠶᠢ ᠪᠦᠷᠢᠨᠰᠢᠬᠦᠯᠬᠦ ᠬᠡᠷᠡᠭᠲᠡᠢ᠃ ᠰᠢᠰᠲ᠋ᠧᠮ ᠨᠢ ᠪᠦᠷᠢᠨ ᠲᠡᠭᠦᠯᠳᠡᠷ᠂ ᠵᠢᠷᠤᠮᠵᠢᠩᠭᠤᠢ ᠪᠥᠭᠡᠳ ᠥᠨᠳᠥᠷ ᠪᠦᠲᠦᠮᠵᠢᠲᠡᠢ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠶᠢᠨ ᠬᠢᠵᠠᠭᠠᠷᠯᠠᠬᠤ ᠬᠢᠨᠠᠯᠲᠠ ᠲᠠᠯᠪᠢᠬᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠬᠠᠤᠯᠢ ᠲᠣᠭᠲᠠᠭᠠᠬᠤ ᠡᠷᠬᠡ᠂ ᠬᠠᠤᠯᠢ ᠬᠡᠷᠡᠭᠵᠢᠭᠦᠯᠬᠦ ᠡᠷᠬᠡ᠂ ᠬᠢᠨᠠᠨ ᠪᠠᠶᠢᠴᠠᠭᠠᠬᠤ ᠡᠷᠬᠡ᠂ ᠬᠠᠤᠯᠢ ᠪᠠᠷᠢᠬᠤ ᠡᠷᠬᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ᠂ ᠰᠢᠭᠦᠨ ᠲᠠᠰᠤᠯᠬᠤ ᠪᠠᠶᠢᠭᠤᠯᠭ᠎ᠠ᠂ ᠬᠠᠤᠯᠢ ᠴᠠᠭᠠᠵᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠤ᠂ ᠲᠠᠩᠨᠠᠬᠤ ᠡᠷᠬᠡ᠂ ᠪᠠᠶᠢᠴᠠᠭᠠᠬᠤ ᠡᠷᠬᠡ᠂ ᠰᠢᠭᠦᠨ ᠲᠠᠰᠤᠯᠬᠤ ᠡᠷᠬᠡ᠂ ᠬᠡᠷᠡᠭᠵᠢᠬᠦᠯᠬᠦ ᠡᠷᠬᠡ ᠶᠢᠨ ᠬᠠᠷᠢᠯᠴᠠᠨ ᠬᠢᠵᠠᠭᠠᠷᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠬᠠᠤᠯᠢᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢᠴᠢ᠂ ᠠᠯᠪᠠᠨ ᠭᠡᠷᠡᠴᠢᠯᠡᠭᠡ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ᠂ ᠬᠥᠨᠳᠡᠯᠡᠨ ᠠᠴᠠ ᠲᠠᠰᠤᠯᠬᠤ᠂ ᠡᠶᠡᠳᠡᠭᠦᠯᠬᠦ ᠵᠡᠷᠭᠡ ᠬᠠᠤᠯᠢ ᠴᠠᠭᠠᠵᠠ ᠶᠢᠨ ᠦᠢᠯᠡᠴᠢᠯᠡᠭᠡᠨ ᠤ ᠡᠩᠨᠡᠭᠡ ᠶᠢ ᠲᠦᠷᠭᠡᠳᠭᠡᠨ ᠬᠥᠭᠵᠢᠭᠦᠯᠵᠦ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠠᠵᠢᠯᠳᠠᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠨᠠᠮ ᠳᠠᠭᠠᠨ ᠦᠨᠡᠨᠴᠢ ᠰᠢᠳᠤᠷᠭᠤ᠂ ᠤᠯᠤᠰ ᠣᠷᠣᠨ ᠳᠠᠭᠠᠨ ᠦᠨᠡᠨᠴᠢ ᠰᠢᠳᠤᠷᠭᠤ᠂ ᠠᠷᠠᠳ ᠲᠦᠮᠡᠨ ᠳᠡᠭᠡᠨ ᠦᠨᠡᠨᠴᠢ ᠰᠢᠳᠤᠷᠭᠤ᠂ ᠬᠠᠤᠯᠢ ᠴᠠᠭᠠᠵᠠ ᠳᠤ ᠦᠨᠡᠨᠴᠢ ᠰᠢᠳᠤᠷᠭᠤ ᠨᠡᠶᠢᠭᠡᠮ ᠵᠢᠷᠤᠮ ᠤᠨ ᠬᠠᠤᠯᠢᠵᠢᠯ ᠤᠨ ᠠᠵᠢᠯ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠦᠷᠢᠶᠡᠨ ᠳᠠᠬᠢ ᠢᠯᠵᠢᠷᠡᠯ ᠤᠨ ᠬᠡᠷᠡᠭ ᠲᠤ ᠦᠷᠭᠦᠯᠵᠢᠯᠡᠨ ᠬᠠᠤᠯᠢ ᠶᠣᠰᠣᠭᠠᠷ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠤᠯᠤᠰ ᠤᠨ ᠳᠣᠲᠣᠭᠠᠳᠤ ᠶᠢᠨ ᠬᠠᠤᠯᠢᠵᠢᠯ ᠪᠣᠯᠤᠨ ᠭᠠᠳᠠᠭᠠᠳᠤ ᠳᠤ ᠬᠤᠯᠪᠣᠭᠳᠠᠬᠤ ᠬᠠᠤᠯᠢᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠪᠠᠷᠢᠮᠲᠠᠯᠠᠵᠤ᠂ ᠭᠠᠳᠠᠭᠠᠳᠤ ᠳᠤ ᠬᠤᠯᠪᠣᠭᠳᠠᠬᠤ ᠬᠦᠷᠢᠶᠡᠨ ᠤ ᠬᠠᠤᠯᠢ ᠲᠣᠭᠲᠠᠭᠠᠯᠲᠠ ᠶᠢ ᠴᠢᠩᠭᠠᠳᠬᠠᠵᠤ᠂ ᠮᠠᠨ ᠤ ᠤᠯᠤᠰ ᠤᠨ ᠬᠠᠤᠯᠢ ᠴᠠᠭᠠᠵᠠ ᠶᠢᠨ ᠬᠡᠪᠴᠢᠶᠡᠨ ᠠᠴᠠ ᠭᠠᠳᠠᠨ᠎ᠠ ᠬᠡᠷᠡᠭᠯᠡᠬᠦ ᠳᠤ ᠲᠤᠬᠢᠷᠠᠬᠤ ᠬᠠᠤᠯᠢ ᠴᠠᠭᠠᠵᠠ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠮᠲᠤᠷᠠᠯᠴᠠᠭ᠎ᠠ ᠶᠢ ᠥᠷᠭᠡᠳᠭᠡᠬᠦ ᠶᠢ ᠬᠤᠶᠠᠷ ᠲᠠᠯ᠎ᠠ ᠶᠢᠨ ᠪᠠ ᠤᠯᠠᠨ ᠲᠠᠯ᠎ᠠ ᠶᠢᠨ ᠬᠠᠷᠢᠯᠴᠠᠭ᠎ᠠ ᠶᠢᠨ ᠪᠠᠶᠢᠭᠤᠯᠤᠯᠲᠠ ᠶᠢᠨ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠭᠠᠳᠠᠭᠠᠳᠤ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠦᠢᠯᠡᠳᠦᠯ ᠴᠢᠳᠠᠮᠵᠢ ᠶᠢ ᠳᠡᠭᠡᠭᠰᠢᠯᠡᠭᠦᠯᠵᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠰᠢ ᠶᠢᠨ ᠫᠢᠩ᠂ ᠬᠠᠤᠯᠢᠵᠢᠯ ᠤᠨ ᠤᠨᠤᠯ ᠤᠨ ᠰᠤᠳᠤᠯᠭᠠᠨ ᠪᠣᠯᠤᠨ ᠤᠬᠠᠭᠤᠯᠭ᠎ᠠ ᠶᠢ ᠴᠢᠩᠭᠠᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠬᠠᠤᠯᠢ ᠶᠢᠨ ᠤᠬᠠᠭᠠᠨ ᠤ ᠰᠢᠨᠵᠢᠯᠡᠭᠡᠨ ᠤ ᠰᠢᠰᠲ᠋ᠧᠮ᠂ ᠡᠷᠳᠡᠮ ᠰᠢᠨᠵᠢᠯᠡᠭᠡᠨ ᠤ ᠰᠢᠰᠲ᠋ᠧᠮ᠂ ᠦᠭᠡ ᠬᠡᠯᠡᠬᠦ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠦᠵᠡᠯ ᠰᠠᠨᠠᠭ᠎ᠠ ᠶᠢ ᠡᠯ᠎ᠡ ᠬᠠᠤᠯᠢ ᠶᠢᠨ ᠤᠬᠠᠭᠠᠨ ᠤ ᠰᠢᠨᠵᠢᠯᠡᠭᠡᠨ ᠤ ᠰᠠᠯᠠᠭᠠᠨ ᠤ ᠵᠢᠭᠠᠬᠤ ᠮᠠᠲ᠋ᠧᠷᠢᠶᠠᠯ ᠢ ᠨᠠᠶᠢᠷᠠᠭᠤᠯᠤᠨ ᠪᠢᠴᠢᠬᠦ ᠪᠠ ᠵᠢᠭᠠᠨ ᠰᠤᠷᠭᠠᠬᠤ ᠠᠵᠢᠯ ᠤᠨ ᠳᠤᠮᠳᠠ ᠨᠠᠶᠢᠳᠠᠪᠤᠷᠢᠵᠢᠭᠤᠯᠵᠤ᠂ ᠡᠷᠡᠰ ᠪᠠᠲᠤ ᠬᠦᠰᠡᠯᠡᠩ ᠢᠲᠡᠭᠡᠯ ᠵᠣᠷᠢᠭ ᠲᠠᠢ᠂ ᠤᠯᠤᠰ ᠣᠷᠣᠨ ᠢᠶᠠᠨ ᠬᠠᠶᠢᠷᠠᠯᠠᠬᠤ ᠪᠠᠲᠤ ᠴᠢᠩᠭ᠎ᠠ ᠬᠠᠶᠢᠷ᠎ᠠ ᠰᠡᠳᠭᠢᠯᠭᠡ ᠲᠠᠢ᠂ ᠬᠠᠤᠯᠢ ᠶᠢᠨ ᠤᠬᠠᠭᠠᠨ ᠤ ᠦᠨᠳᠦᠰᠦ ᠰᠠᠭᠤᠷᠢ ᠨᠢ ᠯᠠᠪᠳᠠᠭᠤᠨ ᠪᠠᠲᠤᠲᠠᠢ ᠬᠠᠤᠯᠢᠵᠢᠯ ᠤᠨ ᠴᠢᠳᠠᠪᠤᠷᠢᠲᠠᠨ ᠢ ᠨᠡᠩ ᠤᠯᠠᠨ ᠬᠥᠮᠦᠵᠢᠭᠦᠯᠬᠦ ᠪᠠᠷ ᠴᠢᠷᠮᠠᠶᠢᠬᠤ ᠬᠡᠷᠡᠭᠲᠡᠢ᠃ ᠬᠠᠤᠯᠢᠴᠢ ᠶᠢᠨ ᠡᠩᠨᠡᠭᠡᠨ ᠤ ᠤᠯᠤᠰ ᠲᠦᠷᠦ ᠶᠢᠨ ᠵᠢᠯᠤᠭᠤᠳᠤᠮᠵᠢ ᠶᠢ ᠴᠢᠩᠭᠠᠳᠬᠠᠵᠤ᠂ ᠥᠷᠭᠡᠨ ᠤᠯᠠᠨ ᠬᠠᠤᠯᠢᠴᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠬᠦᠷᠢᠶᠡᠯᠡᠬᠦ᠂ ᠮᠠᠨ ᠤ ᠤᠯᠤᠰ ᠤᠨ ᠨᠡᠶᠢᠭᠡᠮ ᠵᠢᠷᠤᠮ ᠤᠨ ᠬᠠᠤᠯᠢᠵᠢᠯ ᠢ ᠬᠦᠷᠢᠶᠡᠯᠡᠬᠦ ᠵᠡᠷᠭᠡ ᠠᠵᠢᠯ ᠡᠷᠬᠢᠯᠡᠬᠦ ᠦᠨᠳᠦᠰᠦᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠨᠠᠮ ᠪᠠ ᠠᠷᠠᠳ ᠲᠦᠮᠡᠨ ᠰᠡᠳᠭᠢᠯ ᠬᠠᠨᠤᠮᠵᠢᠲᠠᠢ ᠰᠠᠶᠢᠨ ᠬᠠᠤᠯᠢᠴᠢ ᠪᠣᠯᠬᠤ ᠪᠠᠷ ᠴᠢᠷᠮᠠᠶᠢᠬᠤ ᠶᠢ ᠬᠥᠮᠦᠵᠢᠭᠦᠯᠦᠨ ᠵᠢᠯᠣᠭᠤᠳᠬᠤ ᠬᠡᠷᠡᠭᠲᠡᠢ᠃ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠠᠬᠢᠭᠤᠯᠬᠤ ᠪᠠᠷ ᠰᠠᠭᠤᠷᠢ ᠢᠨᠵᠧᠨᠧᠷᠢᠩ ᠪᠣᠯᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠶᠢ ᠠᠬᠢᠭᠤᠯᠵᠤ᠂ ᠥᠷᠭᠡᠨ ᠤᠯᠠᠨ ᠲᠦᠮᠡᠨ ᠤ ᠤᠬᠠᠮᠰᠠᠷ ᠠᠴᠠ ᠪᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠲᠤᠯᠭᠠᠷᠠᠪᠠᠯ ᠬᠠᠤᠯᠢ ᠴᠠᠭᠠᠵᠠ ᠶᠢᠨ ᠪᠠᠶᠢᠭᠤᠯᠭ᠎ᠠ ᠶᠢ ᠡᠷᠢᠬᠦ᠂ ᠠᠰᠠᠭᠤᠳᠠᠯ ᠢ ᠰᠢᠢᠳᠪᠦᠷᠢᠯᠡᠬᠦ ᠳᠤ ᠬᠠᠤᠯᠢ ᠴᠠᠭᠠᠵᠠ ᠳᠤ ᠲᠦᠰᠢᠭᠯᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ᠃ ᠮᠠᠨ ᠤ ᠤᠯᠤᠰ ᠤᠨ ᠬᠠᠤᠯᠢᠵᠢᠯ ᠤᠨ ᠰᠢᠰᠲ᠋ᠧᠮ ᠤᠨ ᠪᠠᠶᠢᠭᠤᠯᠤᠯᠲᠠ ᠪᠠ ᠬᠠᠤᠯᠢᠵᠢᠯ ᠤᠨ ᠦᠢᠯᠡᠳᠦᠯᠭᠡ ᠶᠢᠨ ᠲᠤᠷᠰᠢᠯᠭ᠎ᠠ ᠶᠢ ᠳ᠋ᠦᠩᠨᠡᠵᠦ᠂ ᠮᠠᠨ ᠤ ᠤᠯᠤᠰ ᠤᠨ ᠰᠢᠯᠢᠳᠡᠭ ᠤᠯᠠᠮᠵᠢᠯᠠᠯᠲᠤ ᠬᠠᠤᠯᠢᠵᠢᠯ ᠤᠨ ᠰᠣᠶᠣᠯ ᠢ ᠲᠡᠯᠭᠡᠷᠡᠭᠦᠯᠦᠨ ᠲᠠᠶᠢᠯᠪᠦᠷᠢᠯᠠᠵᠤ᠂ ᠳᠤᠮᠳᠠᠳᠤ ᠤᠯᠤᠰ ᠤᠨ ᠬᠠᠤᠯᠢᠵᠢᠯ ᠤᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠴᠢᠬᠤᠯᠠ ᠶᠡᠭᠡ ᠪᠠᠶᠢᠷᠢᠯᠠᠭᠤᠯᠤᠯᠲᠠ᠂ ᠴᠢᠬᠤᠯᠠ ᠡᠭᠦᠷᠭᠡ᠂ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠬᠡᠷᠡᠭᠲᠡᠢ᠃ ᠡᠯ᠎ᠡ ᠹᠷᠣᠨᠲ ᠡᠯ᠎ᠡ ᠰᠠᠯᠠᠭ᠎ᠠ ᠮᠥᠴᠢᠷ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 7 ᠤ ᠴᠠᠬᠢᠯᠭᠠᠨ ᠮᠡᠳᠡᠭᠡ︶
ᠢᠷᠡᠯᠲᠡ᠄ ᠦᠪᠦᠷ ᠮᠣᠩᠭᠤᠯ ᠤᠨ ᠵᠠᠰᠠᠭ  ᠤᠨ ᠣᠷᠳᠤᠨ ᠤ ᠮᠣᠩᠭᠤᠯ ᠰᠦᠯᠵᠢᠶ᠎ᠡ