ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠬᠡ ᠠᠯᠬᠤᠮ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2021/12/9
    12 ᠰᠠᠷᠠᠶᠢᠨ 6  ᠤ ᠡᠳᠦᠷ᠂  ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ  ᠤᠨ ᠬᠤᠷᠠᠯ ᠬᠢᠵᠦ᠂ ︿︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠦᠢᠯᠡᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠴᠢᠮ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭᠠᠴᠠᠭᠠᠬᠤ ᠲᠦᠰᠦᠪ﹀﹀ ᠢ ᠤᠯᠠᠮᠵᠢᠯᠠᠨ ᠰᠤᠷᠤᠯᠴᠠᠵᠤ᠂ ᠪᠦᠬᠦ ᠰᠢᠰᠲ᠋ᠧᠮ ᠳᠤ ᠲᠠᠬᠢᠨ ᠪᠠᠶᠢᠷᠢᠯᠠᠭᠤᠯᠤᠨ ᠲᠤᠬᠢᠷᠠᠭᠤᠯᠤᠯᠳᠠ ᠬᠢᠪᠠ᠃ ᠲᠤᠪᠴᠢᠶᠠᠨ ᠤ ᠨᠠᠮ ᠤᠨ ᠲᠤᠭᠤᠶᠢᠯᠠᠩ ᠤᠨ ᠪᠦᠷᠢᠯᠳᠦᠬᠦᠨ ᠡᠯ᠎ᠡ ᠬᠤᠶᠠᠳᠤᠭᠠᠷ ᠲᠠᠰ ᠤᠨ ᠨᠢᠬᠡᠴᠢ ᠶᠢᠨ ᠬᠠᠷᠢᠭᠤᠴᠠᠯᠭᠠᠳᠠᠨ᠂ ᠪᠠᠶᠢᠭᠤᠯᠭ᠎ᠠ ᠶᠢᠨ ᠡᠯ᠎ᠡ ᠰᠠᠯᠠᠭ᠎ᠠ  ᠲᠠᠰᠤᠭ ᠤᠨ ᠠᠵᠢᠯᠳᠠᠨ ᠵᠡᠷᠭᠡ 30 ᠭᠠᠷᠤᠢ ᠬᠦᠮᠦᠰ ᠤᠷᠤᠯᠴᠠᠵᠠᠢ᠃    ᠬᠤᠷᠠᠯ ᠠᠴᠠ ᠡᠯ᠎ᠡ ᠬᠤᠶᠠᠳᠤᠭᠠᠷ ᠲᠠᠰ ᠤᠨ ᠨᠢᠬᠡᠴᠢ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠤᠳᠤᠷᠢᠳᠬᠤ ᠲᠤᠭᠤᠶᠢᠯᠠᠩ ᠡᠷᠬᠡᠪᠰᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯ ᠬᠦᠴᠦᠨ ᠤ ᠦᠢᠯᠡᠳᠦᠯ ᠢᠶᠠᠨ ᠬᠦᠢᠴᠡᠳ ᠪᠠᠳᠠᠷᠠᠭᠤᠯᠵᠤ᠂ ᠬᠤᠯᠪᠤᠭᠳᠠᠯ ᠪᠦᠬᠦᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠠᠪᠴᠢᠯ ᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠬᠤᠰᠢᠭᠤᠨ ᠤ ᠪᠠᠶᠢᠷᠢᠯᠠᠭᠤᠯᠤᠯᠳᠠ ᠲᠤᠬᠢᠷᠠᠭᠤᠯᠤᠯᠳᠠ ᠪᠠ ᠠᠵᠢᠯ ᠤᠨ ᠱᠠᠭᠠᠷᠳᠠᠯᠭ᠎ᠠ ᠶᠤᠰᠤᠭᠠᠷ᠂ ᠡᠯ᠎ᠡ ᠲᠦᠷᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠷᠭ᠎ᠠ ᠠᠪᠴᠢᠯ ᠢ ᠭᠤᠶᠢᠪᠢᠰᠢ ᠦᠬᠡᠢ ᠨᠠᠶᠢᠳᠠᠪᠤᠷᠢᠵᠢᠭᠤᠯᠬᠤ ᠶᠢ ᠱᠠᠭᠠᠷᠳᠠᠭᠰᠠᠨ ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ