ᠤᠷᠠᠳ ᠤᠨ ᠡᠮᠦᠨᠡᠳᠦ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠠᠵᠤ ᠠᠬᠤᠶᠢᠯᠠᠯ ᠳᠤ ᠬᠦᠨᠵᠡᠬᠡᠶᠢᠷᠡᠨ ᠣᠰᠣᠨ ᠤ ᠬᠠᠤᠯᠢ ᠶᠢ ᠤᠬᠠᠭᠤᠯᠪᠠ
ᠨᠡᠶᠢᠲᠡᠯᠡᠭᠰᠡᠨ ᠴᠠᠭ᠄
2021/12/9
     ᠣᠶᠢᠷ᠎ᠠ ᠶᠢᠨ ᠡᠳᠦᠷ᠂  ᠤᠷᠠᠳ ᠤᠨ ᠡᠮᠦᠨᠡᠳᠦ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠶᠢᠨ ᠤᠰᠤᠨ ᠤ ᠶᠠᠪᠤᠳᠠᠯ ᠤᠨ ᠡᠬᠢ ᠰᠤᠷᠪᠤᠯᠵᠢ  ᠶᠢᠨ ᠬᠠᠮᠢᠶᠠᠷᠤᠯᠳᠠ ᠶᠢᠨ ᠨᠠᠮ ᠤᠨ ᠡᠬᠦᠷ ᠨᠢ ᠨᠠᠮ ᠤᠨ ᠬᠡᠰᠢᠬᠦᠨ ᠤᠯᠠᠨ ᠲᠦᠮᠡᠨ ᠢ ᠵᠤᠬᠢᠶᠠᠨ ᠪᠠᠶᠢᠭᠤᠯᠵᠤ᠂ ᠠᠵᠤ ᠠᠬᠤᠶᠢᠯᠠᠯ ᠳᠤ ᠬᠦᠨᠵᠡᠬᠡᠶᠢᠷᠡᠨ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠣᠯᠣᠰ ᠤᠨ ᠤᠰᠤᠨ ᠤ ᠬᠠᠤᠯᠢ﹀﹀᠂ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠣᠯᠣᠰ ᠤᠨ ᠬᠦᠷᠦᠰᠦ ᠰᠢᠷᠤᠢ ᠬᠠᠮᠠᠭᠠᠯᠠᠬᠤ  ᠬᠠᠤᠯᠢ﹀﹀᠂ ︿︿ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠷᠦᠰᠦ ᠰᠢᠷᠤᠢ ᠬᠠᠮᠠᠭᠠᠯᠠᠬᠤ ᠲᠦᠷᠢᠮ﹀﹀ ᠵᠡᠷᠭᠡ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠦᠷᠢᠮ ᠤᠨ ᠮᠡᠳᠡᠯᠬᠡ ᠶᠢ ᠤᠬᠠᠭᠤᠯᠵᠤ᠂  ᠡᠯ᠎ᠡ ᠦᠢᠯᠡᠳᠪᠦᠷᠢᠯᠡᠯ ᠤᠨ ᠪᠦᠳᠦᠬᠡᠨ ᠪᠠᠶᠢᠭᠤᠯᠤᠯᠳᠠ ᠶᠢᠨ ᠨᠢᠬᠡᠴᠢ ᠶᠢᠨ ᠬᠠᠤᠯᠢ ᠲᠦᠷᠢᠮ ᠶᠤᠰᠤᠭᠠᠷ ᠤᠰᠤ ᠠᠪᠬᠤ ᠦᠨᠡᠮᠯᠡᠯ᠂ ᠬᠦᠷᠦᠰᠦ ᠰᠢᠷᠤᠢ ᠶᠢ ᠬᠠᠮᠠᠭᠠᠯᠠᠬᠤ ᠲᠦᠰᠦᠯ ᠢ ᠬᠢᠨᠠᠨ ᠵᠦᠪᠰᠢᠶᠡᠷᠡᠵᠦ ᠵᠠᠰᠠᠭ ᠵᠠᠬᠢᠷᠭᠠᠨ ᠤ ᠵᠦᠪᠰᠢᠶᠠᠷᠠᠯ ᠦᠭᠬᠦ ᠲᠤᠭᠳᠠᠭᠠᠯ ᠵᠡᠷᠭᠡ ᠲᠦᠷᠦᠯ ᠵᠦᠢᠯ ᠢ ᠭᠤᠶᠤᠴᠢᠯᠠᠬᠤ ᠳᠤ ᠬᠠᠤᠯᠢ ᠴᠠᠭᠠᠵᠠ ᠶᠢᠨ ᠪᠠᠳᠤᠯᠠᠭ᠎ᠠ ᠶᠢ ᠬᠠᠩᠭᠠᠨ ᠦᠭᠴᠦ᠂ ᠡᠯ᠎ᠡ ᠦᠢᠯᠡᠳᠪᠦᠷᠢᠯᠡᠯ ᠤᠨ ᠪᠦᠳᠦᠬᠡᠨ ᠪᠠᠶᠢᠭᠤᠯᠤᠯᠳᠠ  ᠶᠢᠨ ᠨᠢᠬᠡᠴᠢ ᠶᠢᠨ ᠬᠠᠤᠯᠢ ᠴᠠᠭᠠᠵᠠ ᠶᠢᠨ ᠦᠵᠡᠯᠳᠡ᠂ ᠬᠠᠤᠯᠢ ᠴᠠᠭᠠᠵᠠ ᠶᠢᠨ ᠤᠬᠠᠮᠰᠠᠷ ᠢ ᠲᠡᠭᠡᠭᠰᠢᠯᠡᠬᠦᠯᠵᠦ᠂ ᠤᠰᠤᠨ ᠳᠤ ᠬᠤᠯᠪᠤᠭᠳᠠᠭᠰᠠᠨ ᠬᠠᠤᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠡᠬᠦᠰᠬᠦ ᠶᠢ ᠤᠷᠢᠳᠴᠢᠢᠯᠠᠨ ᠰᠡᠷᠬᠡᠶᠢᠯᠡᠭᠰᠡᠨ ᠪᠠ ᠪᠠᠭᠠᠰᠬᠠᠪᠠ᠃     ᠲᠤᠬᠠᠢ ᠶᠢᠨ ᠲᠠᠯᠠᠪᠤᠷ ᠲᠤ ᠡᠮᠦᠨᠡᠳᠦ ᠬᠤᠰᠢᠭᠤᠨ ᠤ ᠤᠰᠤᠨ ᠠᠰᠢᠭᠯᠠᠯᠳᠠ ᠶᠢᠨ ᠲᠤᠪᠴᠢᠶ᠎ᠠ ᠶᠢᠨ ᠠᠵᠢᠯᠳᠠᠳ ᠡᠯ᠎ᠡ ᠦᠢᠯᠡᠳᠪᠦᠷᠢᠯᠡᠯ ᠤᠨ ᠪᠦᠳᠦᠬᠡᠨ ᠪᠠᠶᠢᠭᠤᠯᠤᠯᠳᠠ ᠶᠢᠨ ᠨᠢᠬᠡᠴᠢ ᠶᠢᠨ ᠤᠰᠤᠨ ᠠᠰᠢᠭᠯᠠᠯᠳᠠ ᠶᠢᠨ ᠰᠠᠯᠠᠭ᠎ᠠ ᠮᠦᠴᠢᠷ ᠤᠨ ᠬᠠᠮᠢᠶᠠᠷᠤᠯᠳᠠ᠂ ᠬᠠᠤᠯᠢ ᠬᠡᠷᠡᠭᠵᠢᠬᠦᠯᠬᠦ ᠠᠵᠢᠯ ᠤᠨ ᠲᠤᠬᠠᠢ ᠰᠠᠨᠠᠯ ᠪᠠ ᠰᠠᠨᠠᠭᠤᠯᠭ᠎ᠠ ᠶᠢ ᠬᠦᠯᠢᠶᠡᠨ ᠠᠪᠴᠤ ᠰᠤᠨᠤᠰᠴᠤ᠂ ᠦᠢᠯᠡᠳᠪᠦᠷᠢᠯᠡᠯ ᠤᠨ ᠪᠦᠳᠦᠬᠡᠨ ᠪᠠᠶᠢᠭᠤᠯᠤᠯᠳᠠ ᠶᠢᠨ ᠨᠢᠬᠡᠴᠢ ᠶᠢᠨ ᠬᠦᠭᠵᠢᠯᠳᠡ ᠶᠢᠨ ᠲᠤᠮᠳᠠ ᠲᠤᠬᠢᠶᠠᠯᠳᠤᠭᠰᠠᠨ ᠬᠠᠤᠯᠢ ᠴᠠᠭᠠᠵᠠ ᠶᠢᠨ ᠮᠠᠳᠠᠭ ᠲᠦᠪᠡᠭ ᠲᠠᠢ ᠵᠦᠢᠯ ᠳᠤ ᠬᠠᠷᠢᠭᠤᠯᠳᠠ ᠦᠭᠴᠦ᠂ ᠬᠠᠤᠯᠢ ᠴᠠᠭᠠᠵᠠ ᠬᠠᠤᠯᠢ ᠲᠦᠷᠢᠮ ᠤᠨ ᠲᠠᠯ᠎ᠠ ᠶᠢᠨ ᠬᠤᠯᠪᠤᠭᠳᠠᠯ ᠪᠦᠬᠦᠢ ᠲᠤᠭᠳᠠᠭᠠᠯ ᠱᠠᠭᠠᠷᠳᠠᠯᠭ᠎ᠠ ᠶᠢ ᠤᠬᠠᠭᠤᠯᠤᠨ᠂ ᠤᠰᠤ ᠠᠪᠬᠤ ᠦᠨᠡᠮᠯᠡᠯ᠂ ᠬᠦᠷᠦᠰᠦ ᠰᠢᠷᠤᠢ ᠶᠢ ᠬᠠᠮᠠᠭᠠᠯᠠᠬᠤ ᠠᠵᠢᠯ ᠤᠨ ᠴᠤᠪᠤᠷᠠᠯ ᠢ ᠤᠯᠠᠮ ᠨᠢᠬᠡ ᠠᠯᠬᠤᠮ ᠲᠤᠳᠤᠷᠬᠠᠶᠢᠯᠠᠭᠰᠠᠨ ᠤ ᠬᠠᠮᠳᠤ ᠡᠯ᠎ᠡ ᠦᠢᠯᠡᠳᠪᠦᠷᠢᠯᠡᠯ ᠤᠨ ᠪᠦᠳᠦᠬᠡᠨ ᠪᠠᠶᠢᠭᠤᠯᠤᠯᠳᠠ ᠶᠢᠨ ᠨᠢᠬᠡᠴᠢ ᠳᠤ ︿︿ᠪᠦᠬᠦᠳᠡ ᠨᠠᠶᠢᠷᠠᠮᠳᠠᠬᠤ ᠲᠤᠮᠳᠠᠳᠤ ᠠᠷᠠᠳ ᠣᠯᠣᠰ ᠤᠨ ᠤᠰᠤᠨ ᠤ ᠬᠠᠤᠯᠢ﹀﹀ ᠂ ︿︿   ᠪᠦᠬᠦᠳᠡ ᠨᠠᠶᠢᠷᠠᠮᠳᠠᠬᠤ ᠲᠤᠮᠳᠠᠳᠤ ᠠᠷᠠᠳ ᠣᠯᠣᠰ ᠤᠨ ᠬᠦᠷᠦᠰᠦ ᠰᠢᠷᠤᠢ ᠬᠠᠮᠠᠭᠠᠯᠠᠬᠤ  ᠬᠠᠤᠯᠢ﹀﹀ ᠵᠡᠷᠭᠡ  ᠬᠠᠤᠯᠢ ᠴᠠᠭᠠᠵᠠ ᠬᠠᠤᠯᠢ ᠲᠦᠷᠢᠮ ᠤᠨ ᠲᠤᠬᠠᠢ ᠤᠬᠠᠭᠤᠯᠭ᠎ᠠ ᠶᠢᠨ  ᠪᠢᠴᠢᠭ ᠮᠠᠲ᠋ᠧᠷᠢᠶᠠᠯ ᠢ ᠲᠠᠷᠬᠠᠭᠠᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ