ᠵᠣᠭᠰᠤᠭ᠎ᠠ ᠵᠢᠯᠤᠭ᠎ᠠ ᠦᠭᠡᠢ ᠶᠠᠭᠠᠷᠠᠤ ᠪᠠᠶᠢᠳᠠᠭ ᠨᠡᠶᠢᠭᠡᠮ ᠲᠣᠭᠤᠷᠢᠭ ᠤᠨ ᠠᠵᠢᠯᠲᠠᠨ — ᠱᠢᠷᠦ
ᠨᠡᠶᠢᠲᠡᠯᠡᠭᠰᠡᠨ ᠴᠠᠭ᠄
2021/2/26
     ᠨᠢᠳᠤᠨᠤᠨ ᠡᠪᠦᠯ ᠪᠦᠬᠦ ᠤᠯᠤᠰ ᠤᠨ ᠡᠯ᠎ᠡ ᠭᠠᠵᠠᠷ ᠣᠷᠤᠨ ᠢᠶᠠᠷ ᠰᠢᠨ᠎ᠡ ᠲᠢᠲᠢᠮᠯᠢᠭ ᠠᠭᠤᠰᠭᠢᠨ ᠦᠷᠪᠢᠰᠦᠯ ᠲᠠᠷᠬᠠᠢ ᠪᠤᠲᠠᠷᠬᠠᠢ ᠡᠭᠦᠰᠬᠦ ᠶᠢ ᠳᠠᠭᠠᠯᠳᠤᠨ᠂ ᠴᠠᠭᠠᠨ ᠰᠠᠷ᠎ᠠ ᠴᠦ ᠣᠶᠢᠷᠠᠲᠤᠵᠤ᠂ ᠨᠡᠶᠢᠭᠡᠮ ᠲᠣᠭᠤᠷᠢᠭ ᠤᠨ ᠠᠵᠢᠯ ᠣᠣᠯ ᠠᠴᠠ ᠪᠠᠨ ᠨᠡᠩ ᠢᠯᠡᠭᠦᠦ ᠶᠠᠭᠠᠷᠠᠤ ᠪᠣᠯᠤᠭᠰᠠᠨ ᠪᠠᠶᠢᠨ᠎ᠠ᠃ ᠬᠠᠷᠢᠨ ᠨᠡᠶᠢᠭᠡᠮ  ᠲᠣᠭᠤᠷᠢᠭ ᠤᠨ ᠠᠵᠢᠯ ᠢ ᠠᠷᠪᠠᠨ ᠲᠠᠪᠤᠨ ᠵᠢᠯ ᠬᠠᠯᠠᠰᠢᠷᠠᠯ ᠦᠭᠡᠢ ᠬᠢᠭᠡᠳ ᠢᠷᠡᠭᠰᠡᠨ ᠱᠢᠷᠤ ᠣᠶᠢᠷ᠎ᠠ ᠶᠢᠨ ᠬᠤᠭᠤᠴᠠᠭᠠᠨ ᠳᠤ ᠪᠣᠷᠪᠢ ᠪᠣᠰᠭᠢᠯ ᠦᠭᠡᠢ ᠪᠠᠷ ᠨᠡᠶᠢᠭᠡᠮ ᠲᠣᠭᠤᠷᠢᠭ᠂ ᠡᠯ᠎ᠡ ᠪᠠᠶᠢᠭᠤᠯᠤᠯᠭ᠎ᠠ᠂ ᠰᠠᠭᠤᠭᠠᠯᠢ ᠲᠣᠭᠤᠷᠢᠭ ᠤᠨ ᠬᠤᠭᠤᠷᠤᠨᠳᠤ ᠮᠣᠩᠭᠢᠨᠠᠵᠤ᠂ ᠦᠪᠡᠷ ᠤᠨ ᠲᠣᠬᠠᠶᠢᠯᠠᠭᠰᠠᠨ ᠠᠵᠢᠯ ᠳᠠᠭᠠᠨ ᠶᠠᠭᠠᠷᠠᠭᠰᠠᠭᠠᠷ ᠪᠠᠶᠢᠯ᠎ᠠ᠃
   ᠵᠢᠯ ᠤᠨ ᠡᠴᠦᠰ ᠪᠣᠯᠵᠤ᠂ ᠤᠳᠠᠯ ᠦᠭᠡᠢ ᠰᠢᠨᠡᠯᠡᠬᠦ ᠭᠡᠵᠦ ᠪᠠᠶᠢᠭ᠎ᠠ ᠤᠴᠢᠷ ᠠᠴᠠ᠂ ᠨᠡᠶᠢᠭᠡᠮ ᠲᠣᠭᠤᠷᠢᠭ ᠤᠨ ᠠᠵᠢᠯᠲᠠᠳ ᠳᠤᠭᠤᠶᠢᠯᠠᠩ ᠬᠤᠪᠢᠶᠠᠨ᠂ ᠭᠤᠯᠢᠷ ᠲᠣᠰᠤ ᠪᠤᠳᠠᠭ᠎ᠠ ᠵᠡᠷᠭᠡ ᠲᠣᠬᠢᠨᠢᠭᠤᠯᠭ᠎ᠠ ᠶᠢᠨ ᠪᠤᠳᠠᠰ ᠤᠳ ᠢ ᠰᠠᠭᠤᠭᠠᠯᠢ ᠠᠷᠠᠳ ᠤᠨ ᠭᠡᠷ ᠲᠤ ᠨᠢ ᠬᠦᠷᠭᠡᠵᠦ ᠶᠠᠭᠠᠷᠠᠯᠳᠤᠨ᠎ᠠ᠃ ᠡᠭᠦᠨ ᠳᠤ ᠤᠷᠠᠳ ᠤᠨ ᠡᠮᠦᠨᠡᠲᠦ ᠬᠤᠰᠢᠭᠤᠨ ᠤ ᠮᠣᠨᠠ ᠠᠭᠤᠯᠠ ᠪᠠᠯᠭᠠᠰᠤ ᠶᠢᠨ ᠦᠨᠳᠦᠰᠦᠲᠡᠨ ᠤ ᠨᠡᠶᠢᠭᠡᠮ  ᠲᠣᠭᠤᠷᠢᠭ ᠤᠨ ᠪᠣᠯᠭᠤᠭᠠᠨ ᠲᠣᠬᠢᠨᠢᠭᠤᠯᠭ᠎ᠠ ᠶᠢᠨ ᠡᠩᠨᠡᠭᠡᠨ ᠳᠤ ᠬᠡᠵᠢᠶᠡᠳᠡ ᠨᠢᠭᠡᠨ ᠢᠳᠡᠷ ᠨᠠᠰᠤᠨ ᠤ ᠡᠮᠡᠭᠳᠡᠢ ᠠᠵᠢᠯᠲᠠᠨ ᠤ ᠪᠠᠷ᠎ᠠ ᠬᠠᠷᠠᠭᠳᠠᠵᠤ᠂ ᠰᠠᠭᠤᠭᠠᠯᠢ ᠠᠷᠠᠳ  ᠲᠠᠢ ᠳᠣᠲᠤᠨᠤᠰᠤᠭ ᠢᠶᠠᠷ ᠶᠠᠷᠢᠯᠴᠠᠨ᠂ ᠲᠡᠳᠡᠨ ᠤ ᠲᠤᠰᠬᠠᠭᠰᠠᠨ ᠠᠰᠠᠭᠤᠳᠠᠯ ᠤᠳ ᠢ ᠨᠠᠷᠢᠨ ᠨᠢᠮᠪᠠᠢ ᠲᠡᠮᠳᠡᠭᠯᠡᠯ ᠳᠤ ᠪᠠᠨ ᠲᠡᠮᠳᠡᠭᠯᠡᠨ᠎ᠡ᠃ ᠡᠨᠡ ᠬᠦᠮᠦᠨ ᠢ ᠱᠢᠷᠤ ᠭᠡᠳᠡᠭ᠂ ᠡᠨᠡ ᠵᠢᠯ 51 ᠨᠠᠰᠤ ᠲᠠᠢ᠃2006 ᠣᠨ ᠳᠤ ᠠᠵᠢᠯ ᠤᠨ ᠲᠣᠬᠢᠷᠠᠭᠤᠯᠭ᠎ᠠ ᠪᠠᠷ ᠱᠢᠷᠤ ᠡᠷᠳᠡᠨᠢᠪᠤᠯᠠᠭ ᠰᠤᠮᠤ ᠠᠴᠠ ᠮᠣᠨᠠ ᠠᠭᠤᠯᠠ ᠬᠢᠮᠢ ᠶᠢᠨ ᠪᠣᠷᠳᠤᠭᠤᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠲᠤ ᠠᠵᠢᠯ ᠰᠢᠯᠵᠢᠵᠤ᠂ 2019 ᠣᠨ ᠳᠤ ᠦᠨᠳᠦᠰᠦᠲᠡᠨ ᠤ ᠨᠡᠶᠢᠭᠡᠮ ᠲᠣᠭᠤᠷᠢᠭ ᠤᠨ ᠠᠵᠢᠯ ᠪᠣᠯ ᠰᠠᠭᠤᠭᠠᠯᠢ ᠲᠣᠭᠤᠷᠢᠭ ᠢᠶᠠᠷ ᠨᠢᠭᠡᠴᠢ ᠪᠣᠯᠭᠠᠨ ᠣᠯᠠᠨ ᠲᠦᠮᠡᠨ ᠳᠤ ᠦᠢᠯᠡᠴᠢᠯᠡᠭᠡ ᠬᠠᠩᠭᠠᠳᠠᠭ ᠠᠵᠢᠯ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠨ ᠪᠣᠯ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠨᠢᠭᠡᠳᠦᠭᠡᠷ ᠹᠷᠤᠨᠲ ᠳᠤ ᠠᠵᠢᠯᠯᠠᠳᠠᠭ ᠬᠦᠮᠦᠰ ᠶᠤᠮ᠃ ᠱᠢᠷᠤ ᠨᠡᠶᠢᠭᠡᠮ ᠲᠣᠭᠤᠷᠢᠭ ᠤᠨ ᠠᠵᠢᠯ ᠢ ᠭᠠᠷᠳᠠᠵᠤ ᠬᠢᠭᠰᠡᠨ ᠴᠠᠭ ᠠᠴᠠ ᠪᠠᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠵᠦ ᠬᠦᠢᠴᠡᠳᠭᠡᠬᠦ ᠶᠢ ᠦᠪᠡᠷ ᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠣᠯᠭᠠᠨ᠂ ᠬᠡᠵᠢᠶ᠎ᠡ ᠬᠠᠮᠢᠭ᠎ᠠ ᠶᠠᠪᠤᠭᠰᠠᠨ ᠴᠦ ᠰᠡᠳᠭᠢᠯ ᠳᠤ ᠪᠠᠨ ᠣᠯᠠᠨ ᠲᠦᠮᠡᠨ ᠢ ᠪᠣᠳᠤᠵᠤ ᠰᠠᠨᠠᠵᠤ᠂ ᠨᠢᠭᠡᠨ ᠬᠢᠷᠢ ᠲᠡᠩᠴᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠪᠣᠯᠬᠤ ᠪᠠᠷ ᠴᠢᠷᠮᠠᠶᠢᠳᠠᠭ ᠠᠴᠠ15 ᠵᠢᠯ ᠤᠨ ᠲᠤᠷᠰᠢ ᠡᠭᠡᠯ ᠵᠢᠷ ᠤᠨ ᠠᠵᠢᠯᠲᠠᠨ ᠠᠴᠠ ᠪᠠᠨ ᠠᠯᠬᠤᠮ ᠠᠯᠬᠤᠮ ᠢᠶᠠᠷ ᠳᠡᠳ᠋ ᠱᠦᠵᠢ᠂ ᠡᠷᠬᠢᠯᠡᠭᠴᠢ ᠪᠣᠯᠤᠨ ᠳᠡᠪᠰᠢᠵᠤ᠂ ᠣᠳᠤ ᠮᠣᠨᠠ ᠠᠭᠤᠯᠠ ᠪᠠᠯᠭᠠᠰᠤ ᠶᠢᠨ ᠦᠨᠳᠦᠰᠦᠲᠡᠨ ᠤ ᠨᠡᠶᠢᠭᠡᠮ  ᠲᠣᠭᠤᠷᠢᠭ ᠤᠨ ᠬᠢᠨᠠᠯᠲᠠ ᠶᠢᠨ ᠵᠦᠪᠯᠡᠯ ᠤᠨ ᠡᠷᠬᠢᠯᠡᠭᠴᠢ ᠶᠢᠨ ᠲᠣᠰᠢᠶᠠᠯ ᠢ ᠬᠠᠷᠢᠭᠤᠴᠠᠵᠤ ᠪᠠᠶᠢᠨ᠎ᠠ᠃
    ᠬᠡᠳᠦᠶᠢᠪᠡᠷ ᠱᠢᠷᠦ50 ᠶᠢᠨ ᠳᠠᠪᠠᠭ᠎ᠠ ᠶᠢ ᠳᠠᠪᠠᠵᠤ᠂ ᠠᠯᠪᠠᠨ ᠭᠡᠷ ᠲᠤ ᠪᠠᠨ ᠠᠯᠪᠠᠯᠠᠵᠤ ᠰᠠᠭᠤᠵᠤ ᠪᠣᠯᠬᠤ ᠪᠣᠯᠪᠠᠴᠦ ᠲᠡᠷᠡ ᠲᠡᠭᠡᠵᠦ ᠬᠢᠭᠡ ᠦᠭᠡᠢ᠂ ᠬᠠᠷᠢᠨ ᠠᠶᠢᠯ ᠡᠷᠦᠬᠡ ᠪᠠᠷ ᠭᠦᠨᠵᠡᠭᠡᠶᠢᠷᠡᠨ ᠠᠷᠠᠳ  ᠤᠨ ᠪᠠᠶᠢᠳᠠᠯ ᠢ ᠣᠶᠢᠯᠭᠠᠬᠤ᠂ ᠳᠦᠷᠦ ᠶᠢᠨ ᠪᠣᠳᠤᠯᠭ᠎ᠠ ᠶᠢᠨ ᠤᠬᠠᠭᠤᠯᠭ᠎ᠠ ᠬᠢᠬᠦ᠂ ᠬᠦᠭᠰᠢᠨ ᠵᠡᠮᠳᠡᠭ ᠬᠦᠮᠦᠰ ᠢ ᠠᠩᠬᠠᠷᠤᠨ ᠬᠠᠯᠠᠮᠵᠢᠯᠠᠬᠤ᠂ ᠵᠦᠷᠢᠴᠡᠯ ᠮᠦᠷᠭᠦᠯᠳᠦᠭᠡᠨ ᠢ ᠡᠶᠡᠳᠡᠭᠦᠯᠬᠦ᠂ ᠨᠡᠶᠢᠭᠡᠮ ᠤᠨ ᠠᠮᠤᠷ ᠲᠦᠪᠰᠢᠨ ᠤ ᠠᠰᠠᠭᠤᠳᠠᠯ ᠵᠡᠷᠭᠡ ᠦᠰᠦᠨ ᠠᠴᠠ ᠣᠯᠠᠨ ᠤᠴᠢᠷ ᠶᠠᠪᠤᠳᠠᠯ ᠳᠤ ᠵᠣᠭᠰᠤᠭ᠎ᠠ ᠵᠢᠯᠤᠭ᠎ᠠ ᠦᠭᠡᠢ ᠮᠣᠩᠭᠢᠨᠠᠨ ᠶᠠᠭᠠᠷᠠᠵᠤ᠂ ᠣᠯᠠᠨ ᠲᠦᠮᠡᠨ ᠳᠤ ᠦᠢᠯᠡᠴᠢᠯᠡᠬᠦ ᠳᠠᠷᠬᠠᠨ ᠬᠠᠷᠢᠭᠤᠴᠠᠯᠭ᠎ᠠ ᠪᠠᠨ ᠪᠠᠲᠤ ᠰᠠᠬᠢᠭᠰᠠᠭᠠᠷ ᠪᠣᠢ᠃
 
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号