ᠨᠢᠳᠤᠨᠤᠨ ᠡᠪᠦᠯ ᠪᠦᠬᠦ ᠤᠯᠤᠰ ᠤᠨ ᠡᠯ᠎ᠡ ᠭᠠᠵᠠᠷ ᠣᠷᠤᠨ ᠢᠶᠠᠷ ᠰᠢᠨ᠎ᠡ ᠲᠢᠲᠢᠮᠯᠢᠭ ᠠᠭᠤᠰᠭᠢᠨ ᠦᠷᠪᠢᠰᠦᠯ ᠲᠠᠷᠬᠠᠢ ᠪᠤᠲᠠᠷᠬᠠᠢ ᠡᠭᠦᠰᠬᠦ ᠶᠢ ᠳᠠᠭᠠᠯᠳᠤᠨ᠂ | ᠴᠠᠭᠠᠨ ᠰᠠᠷ᠎ᠠ ᠴᠦ ᠣᠶᠢᠷᠠᠲᠤᠵᠤ᠂ ᠨᠡᠶᠢᠭᠡᠮ ᠲᠣᠭᠤᠷᠢᠭ ᠤᠨ ᠠᠵᠢᠯ ᠣᠣᠯ ᠠᠴᠠ ᠪᠠᠨ ᠨᠡᠩ ᠢᠯᠡᠭᠦᠦ ᠶᠠᠭᠠᠷᠠᠤ ᠪᠣᠯᠤᠭᠰᠠᠨ ᠪᠠᠶᠢᠨ᠎ᠠ᠃ ᠬᠠᠷᠢᠨ ᠨᠡᠶᠢᠭᠡᠮ | ᠲᠣᠭᠤᠷᠢᠭ ᠤᠨ ᠠᠵᠢᠯ ᠢ ᠠᠷᠪᠠᠨ ᠲᠠᠪᠤᠨ ᠵᠢᠯ ᠬᠠᠯᠠᠰᠢᠷᠠᠯ ᠦᠭᠡᠢ ᠬᠢᠭᠡᠳ ᠢᠷᠡᠭᠰᠡᠨ ᠱᠢᠷᠤ ᠣᠶᠢᠷ᠎ᠠ ᠶᠢᠨ ᠬᠤᠭᠤᠴᠠᠭᠠᠨ ᠳᠤ ᠪᠣᠷᠪᠢ ᠪᠣᠰᠭᠢᠯ ᠦᠭᠡᠢ ᠪᠠᠷ ᠨᠡᠶᠢᠭᠡᠮ | ᠲᠣᠭᠤᠷᠢᠭ᠂ ᠡᠯ᠎ᠡ ᠪᠠᠶᠢᠭᠤᠯᠤᠯᠭ᠎ᠠ᠂ ᠰᠠᠭᠤᠭᠠᠯᠢ ᠲᠣᠭᠤᠷᠢᠭ ᠤᠨ ᠬᠤᠭᠤᠷᠤᠨᠳᠤ ᠮᠣᠩᠭᠢᠨᠠᠵᠤ᠂ ᠦᠪᠡᠷ ᠤᠨ ᠲᠣᠬᠠᠶᠢᠯᠠᠭᠰᠠᠨ ᠠᠵᠢᠯ ᠳᠠᠭᠠᠨ ᠶᠠᠭᠠᠷᠠᠭᠰᠠᠭᠠᠷ ᠪᠠᠶᠢᠯ᠎ᠠ᠃ | | | | | | | ᠵᠢᠯ ᠤᠨ ᠡᠴᠦᠰ ᠪᠣᠯᠵᠤ᠂ ᠤᠳᠠᠯ ᠦᠭᠡᠢ ᠰᠢᠨᠡᠯᠡᠬᠦ ᠭᠡᠵᠦ ᠪᠠᠶᠢᠭ᠎ᠠ ᠤᠴᠢᠷ ᠠᠴᠠ᠂ ᠨᠡᠶᠢᠭᠡᠮ ᠲᠣᠭᠤᠷᠢᠭ ᠤᠨ ᠠᠵᠢᠯᠲᠠᠳ ᠳᠤᠭᠤᠶᠢᠯᠠᠩ ᠬᠤᠪᠢᠶᠠᠨ᠂ ᠭᠤᠯᠢᠷ | ᠲᠣᠰᠤ ᠪᠤᠳᠠᠭ᠎ᠠ ᠵᠡᠷᠭᠡ ᠲᠣᠬᠢᠨᠢᠭᠤᠯᠭᠠ ᠶᠢᠨ ᠪᠤᠳᠠᠰ ᠤᠳ ᠢ ᠰᠠᠭᠤᠭᠠᠯᠢ ᠠᠷᠠᠳ ᠤᠨ ᠭᠡᠷ ᠲᠤ ᠨᠢ ᠬᠦᠷᠭᠡᠵᠦ ᠶᠠᠭᠠᠷᠠᠯᠳᠤᠨ᠎ᠠ᠃ ᠡᠭᠦᠨ ᠳᠤ ᠤᠷᠠᠳ ᠤᠨ ᠡᠮᠦᠨᠡᠲᠦ | ᠬᠤᠰᠢᠭᠤᠨ ᠤ ᠮᠣᠨᠠ ᠠᠭᠤᠯᠠ ᠪᠠᠯᠭᠠᠰᠤ ᠶᠢᠨ ᠦᠨᠳᠦᠰᠦᠲᠡᠨ ᠤ ᠨᠡᠶᠢᠭᠡᠮ ᠲᠣᠭᠤᠷᠢᠭ ᠤᠨ ᠪᠣᠯᠭᠤᠭᠠᠨ ᠲᠣᠬᠢᠨᠢᠭᠤᠯᠭᠠ ᠶᠢᠨ ᠡᠩᠨᠡᠭᠡᠨ ᠳᠤ ᠬᠡᠵᠢᠶᠡᠳᠡ ᠨᠢᠭᠡᠨ | ᠢᠳᠡᠷ ᠨᠠᠰᠤᠨ ᠤ ᠡᠮᠡᠭᠳᠡᠢ ᠠᠵᠢᠯᠲᠠᠨ ᠤ ᠪᠠᠷ᠎ᠠ ᠬᠠᠷᠠᠭᠳᠠᠵᠤ᠂ ᠰᠠᠭᠤᠭᠠᠯᠢ ᠠᠷᠠᠳ ᠲᠠᠢ ᠳᠣᠲᠤᠨᠤᠰᠤᠭ ᠢᠶᠠᠷ ᠶᠠᠷᠢᠯᠴᠠᠨ᠂ ᠲᠡᠳᠡᠨ ᠤ ᠲᠤᠰᠬᠠᠭᠰᠠᠨ | ᠠᠰᠠᠭᠤᠳᠠᠯ ᠤᠳ ᠢ ᠨᠠᠷᠢᠨ ᠨᠢᠮᠪᠠᠢ ᠲᠡᠮᠳᠡᠭᠯᠡᠯ ᠳᠤ ᠪᠠᠨ ᠲᠡᠮᠳᠡᠭᠯᠡᠨ᠎ᠡ᠃ ᠡᠨᠡ ᠬᠦᠮᠦᠨ ᠢ ᠱᠢᠷᠤ ᠭᠡᠳᠡᠭ᠂ ᠡᠨᠡ ᠵᠢᠯ 51 ᠨᠠᠰᠤ ᠲᠠᠢ᠃2006 ᠣᠨ ᠳᠤ | ᠠᠵᠢᠯ ᠤᠨ ᠲᠣᠬᠢᠷᠠᠭᠤᠯᠭ᠎ᠠ ᠪᠠᠷ ᠱᠢᠷᠤ ᠡᠷᠳᠡᠨᠢᠪᠤᠯᠠᠭ ᠰᠤᠮᠤ ᠠᠴᠠ ᠮᠣᠨᠠ ᠠᠭᠤᠯᠠ ᠬᠢᠮᠢ ᠶᠢᠨ ᠪᠣᠷᠳᠤᠭᠤᠷ ᠤᠨ ᠦᠢᠯᠡᠳᠪᠦᠷᠢ ᠶᠢᠨ ᠨᠡᠶᠢᠭᠡᠮ ᠲᠣᠭᠤᠷᠢᠭ ᠲᠤ ᠠᠵᠢᠯ | ᠰᠢᠯᠵᠢᠵᠤ᠂ 2019 ᠣᠨ ᠳᠤ ᠦᠨᠳᠦᠰᠦᠲᠡᠨ ᠤ ᠨᠡᠶᠢᠭᠡᠮ ᠲᠣᠭᠤᠷᠢᠭ ᠤᠨ ᠠᠵᠢᠯ ᠪᠣᠯ ᠰᠠᠭᠤᠭᠠᠯᠢ ᠲᠣᠭᠤᠷᠢᠭ ᠢᠶᠠᠷ ᠨᠢᠭᠡᠴᠢ ᠪᠣᠯᠭᠠᠨ ᠣᠯᠠᠨ ᠲᠦᠮᠡᠨ ᠳᠤ | ᠦᠢᠯᠡᠴᠢᠯᠡᠭᠡ ᠬᠠᠩᠭᠠᠳᠠᠭ ᠠᠵᠢᠯ ᠪᠠᠶᠢᠵᠤ᠂ ᠨᠡᠶᠢᠭᠡᠮ ᠲᠣᠭᠤᠷᠢᠭ ᠤᠨ ᠠᠵᠢᠯᠲᠠᠨ ᠪᠣᠯ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ | ᠨᠢᠭᠡᠳᠦᠭᠡᠷ ᠹᠷᠤᠨᠲ ᠳᠤ ᠠᠵᠢᠯᠯᠠᠳᠠᠭ ᠬᠦᠮᠦᠰ ᠶᠤᠮ᠃ ᠱᠢᠷᠤ ᠨᠡᠶᠢᠭᠡᠮ ᠲᠣᠭᠤᠷᠢᠭ ᠤᠨ ᠠᠵᠢᠯ ᠢ ᠭᠠᠷᠳᠠᠵᠤ ᠬᠢᠭᠰᠡᠨ ᠴᠠᠭ ᠠᠴᠠ ᠪᠠᠨ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠶᠢ ᠪᠡᠶᠡᠯᠡᠭᠦᠯᠵᠦ ᠬᠦᠢᠴᠡᠳᠭᠡᠬᠦ ᠶᠢ ᠦᠪᠡᠷ ᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠪᠣᠯᠭᠠᠨ᠂ ᠬᠡᠵᠢᠶ᠎ᠡ ᠬᠠᠮᠢᠭ᠎ᠠ ᠶᠠᠪᠤᠭᠰᠠᠨ ᠴᠦ | ᠰᠡᠳᠭᠢᠯ ᠳᠤ ᠪᠠᠨ ᠣᠯᠠᠨ ᠲᠦᠮᠡᠨ ᠢ ᠪᠣᠳᠤᠵᠤ ᠰᠠᠨᠠᠵᠤ᠂ ᠨᠢᠭᠡᠨ ᠬᠢᠷᠢ ᠲᠡᠩᠴᠡᠭᠰᠡᠨ ᠨᠡᠶᠢᠭᠡᠮ ᠲᠣᠭᠤᠷᠢᠭ ᠤᠨ ᠠᠵᠢᠯᠲᠠᠨ ᠪᠣᠯᠬᠤ ᠪᠠᠷ ᠴᠢᠷᠮᠠᠶᠢᠳᠠᠭ ᠠᠴᠠ15 | ᠵᠢᠯ ᠤᠨ ᠲᠤᠷᠰᠢ ᠡᠭᠡᠯ ᠵᠢᠷ ᠤᠨ ᠠᠵᠢᠯᠲᠠᠨ ᠠᠴᠠ ᠪᠠᠨ ᠠᠯᠬᠤᠮ ᠠᠯᠬᠤᠮ ᠢᠶᠠᠷ ᠳᠡᠳ᠋ ᠱᠦᠵᠢ᠂ ᠡᠷᠬᠢᠯᠡᠭᠴᠢ ᠪᠣᠯᠤᠨ ᠳᠡᠪᠰᠢᠵᠤ᠂ ᠣᠳᠤ ᠮᠣᠨᠠ ᠠᠭᠤᠯᠠ | ᠪᠠᠯᠭᠠᠰᠤ ᠶᠢᠨ ᠦᠨᠳᠦᠰᠦᠲᠡᠨ ᠤ ᠨᠡᠶᠢᠭᠡᠮ ᠲᠣᠭᠤᠷᠢᠭ ᠤᠨ ᠬᠢᠨᠠᠯᠲᠠ ᠶᠢᠨ ᠵᠦᠪᠯᠡᠯ ᠤᠨ ᠡᠷᠬᠢᠯᠡᠭᠴᠢ ᠶᠢᠨ ᠲᠣᠰᠢᠶᠠᠯ ᠢ ᠬᠠᠷᠢᠭᠤᠴᠠᠵᠤ ᠪᠠᠶᠢᠨ᠎ᠠ᠃ | | | | | | | | ᠬᠡᠳᠦᠶᠢᠪᠡᠷ ᠱᠢᠷᠦ50 ᠶᠢᠨ ᠳᠠᠪᠠᠭ᠎ᠠ ᠶᠢ ᠳᠠᠪᠠᠵᠤ᠂ ᠠᠯᠪᠠᠨ ᠭᠡᠷ ᠲᠤ ᠪᠠᠨ ᠠᠯᠪᠠᠯᠠᠵᠤ ᠰᠠᠭᠤᠵᠤ ᠪᠣᠯᠬᠤ ᠪᠣᠯᠪᠠᠴᠦ ᠲᠡᠷᠡ ᠲᠡᠭᠡᠵᠦ ᠬᠢᠭᠡ ᠦᠭᠡᠢ᠂ ᠬᠠᠷᠢᠨ | ᠠᠶᠢᠯ ᠡᠷᠦᠬᠡ ᠪᠠᠷ ᠭᠦᠨᠵᠡᠭᠡᠶᠢᠷᠡᠨ ᠠᠷᠠᠳ ᠤᠨ ᠪᠠᠶᠢᠳᠠᠯ ᠢ ᠣᠶᠢᠯᠭᠠᠬᠤ᠂ ᠳᠦᠷᠦ ᠶᠢᠨ ᠪᠣᠳᠤᠯᠭ᠎ᠠ ᠶᠢᠨ ᠤᠬᠠᠭᠤᠯᠭ᠎ᠠ ᠬᠢᠬᠦ᠂ ᠬᠦᠭᠰᠢᠨ ᠵᠡᠮᠳᠡᠭ ᠬᠦᠮᠦᠰ ᠢ | ᠠᠩᠬᠠᠷᠤᠨ ᠬᠠᠯᠠᠮᠵᠢᠯᠠᠬᠤ᠂ ᠵᠦᠷᠢᠴᠡᠯ ᠮᠦᠷᠭᠦᠯᠳᠦᠭᠡᠨ ᠢ ᠡᠶᠡᠳᠡᠭᠦᠯᠬᠦ᠂ ᠨᠡᠶᠢᠭᠡᠮ ᠤᠨ ᠠᠮᠤᠷ ᠲᠦᠪᠰᠢᠨ ᠤ ᠠᠰᠠᠭᠤᠳᠠᠯ ᠵᠡᠷᠭᠡ ᠦᠰᠦᠨ ᠠᠴᠠ ᠣᠯᠠᠨ ᠤᠴᠢᠷ | ᠶᠠᠪᠤᠳᠠᠯ ᠳᠤ ᠵᠣᠭᠰᠤᠭ᠎ᠠ ᠵᠢᠯᠤᠭ᠎ᠠ ᠦᠭᠡᠢ ᠮᠣᠩᠭᠢᠨᠠᠨ ᠶᠠᠭᠠᠷᠠᠵᠤ᠂ ᠣᠯᠠᠨ ᠲᠦᠮᠡᠨ ᠳᠤ ᠦᠢᠯᠡᠴᠢᠯᠡᠬᠦ ᠳᠠᠷᠬᠠᠨ ᠬᠠᠷᠢᠭᠤᠴᠠᠯᠭ᠎ᠠ ᠪᠠᠨ ᠪᠠᠲᠤ ᠰᠠᠬᠢᠭᠰᠠᠭᠠᠷ ᠪᠣᠢ᠃ | | | | | |