︿︿ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ﹀﹀ ᠶᠢᠨ ᠠᠵᠢᠯ ᠤᠨ ᠡᠷᠭᠢᠴᠡᠭᠦᠯᠦᠯ | | ᠥᠩᠭᠡᠷᠡᠭᠰᠡᠨ ᠲᠠᠪᠤᠨ ᠵᠢᠯ ᠢ ᠡᠷᠭᠢᠴᠡᠭᠦᠯᠬᠦᠶ᠎ᠡ᠂ ᠪᠢᠳᠡ ᠶᠡᠷᠦ ᠪᠤᠰᠤ ᠶᠢᠨ ᠥᠩᠭᠡᠷᠡᠯᠲᠡ ᠶᠢ ᠥᠩᠭᠡᠷᠡᠭᠦᠯᠪᠡ᠃ ᠨᠠᠷᠢᠨ ᠪᠤᠳᠤᠯᠢᠶᠠᠨᠲᠠᠶ ᠪᠥᠭᠡᠳ ᠬᠦᠨᠳᠦ | ᠬᠡᠴᠡᠭᠦᠦ ᠬᠤᠷᠸ᠎ᠠ ᠠᠵᠤ ᠠᠬᠤᠶ ᠶᠢᠨ ᠪᠠᠶᠢᠳᠠᠯ ᠪᠣᠯᠤᠨ ᠡᠯ᠎ᠡ ᠵᠦᠢᠯ ᠤᠨ ᠰᠢᠨ᠎ᠡ ᠬᠠᠭᠤᠴᠢᠨ ᠵᠥᠷᠢᠴᠡᠯ ᠲᠠᠪᠬᠤᠴᠠᠨ ᠰᠤᠯᠢᠪᠴᠠᠵᠤ ᠪᠠᠶᠢᠭ᠎ᠠ ᠪᠠᠶᠢᠳᠠᠯ ᠳᠤ ᠬᠠᠨᠳᠣᠨ | ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠬᠤᠰᠢᠭᠤᠨ ᠤ ᠠᠷᠠᠳ ᠤᠨ ᠵᠠᠰᠠᠭ | ᠤᠨ ᠣᠷᠳᠣᠨ ᠨᠢ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠲᠠᠭᠠᠭᠤᠯᠵᠤ᠂ ᠰᠢ ᠶᠢᠨ ᠫᠢᠩ ᠶᠡᠷᠦᠩᠬᠡᠢ ᠱᠦᠵᠢ | ᠶᠢᠨ ᠰᠢᠷᠢᠰ ᠴᠢᠬᠤᠯᠠ ᠶᠠᠷᠢᠶ᠎ᠠ ᠪᠣᠯᠤᠨ ᠥᠪᠥᠷ ᠮᠣᠩᠭᠤᠯ ᠤᠨ ᠠᠵᠢᠯ ᠤᠨ ᠲᠣᠬᠠᠢ ᠴᠤᠬᠤᠯᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠵᠤ᠂ ᠲᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠰᠢᠭᠤ ᠨᠠᠮ ᠤᠨ ᠬᠤᠷᠢᠶᠠᠨ ᠤ ᠲᠥᠯᠥᠪᠯᠡᠭᠰᠡᠨ ︿︿ᠳᠣᠯᠣᠭᠠᠨ ᠭᠤᠷᠪᠠ﹀﹀ ᠶᠢᠨ ᠬᠥᠭᠵᠢᠯᠲᠡ ᠶᠢᠨ ᠰᠡᠳᠬᠢᠴᠡ ᠶᠢ | ᠨᠢᠭᠳᠠ ᠲᠠᠭᠠᠵᠤ᠂ ︿︿ᠵᠢᠷᠭᠤᠭᠠᠨ ᠣᠷᠣᠨ ᠨᠢᠭᠡ ᠵᠠᠩᠭᠢᠯᠠᠭ᠎ᠠ﹀﹀ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠯᠠᠪᠳᠠᠭᠤᠨ ᠪᠠᠲᠤᠲᠠᠶ ᠪᠠᠷ ᠠᠯᠬᠤᠪᠠ᠃ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠶᠡᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠲᠣᠭᠲᠠᠭᠤᠨ ᠢᠶᠠᠷ | ᠳᠡᠭᠡᠭᠰᠢᠯᠡᠪᠡ᠃ ᠵᠢᠱᠢᠯᠲᠡ ᠪᠠᠷ 2020 ᠣᠨ ᠳᠤ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 142 . 6 ᠳ᠋ᠦᠩᠰᠢᠭᠤᠷ ᠲᠥᠭᠦᠷᠢᠭ᠂ | ᠣᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ 7 . 7 ᠳ᠋ᠦᠩᠰᠢᠭᠤᠷ ᠲᠥᠭᠦᠷᠢᠭ ᠪᠡᠶᠡᠯᠡᠭᠦᠯᠪᠠ︔ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠲᠣᠰ ᠲᠣᠰ 32560 ᠲᠥᠭᠦᠷᠢᠭ ᠪᠠ 20350 ᠲᠥᠭᠦᠷᠢᠭ ᠲᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭ᠎ᠠ ᠶᠢ 28.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ ᠨᠡᠶᠢᠲᠡ 29.7 | ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠲᠠ ᠶᠢ ᠲᠥᠪᠯᠡᠷᠡᠭᠦᠯᠦᠨ ᠰᠢᠪᠲᠤᠯᠵᠤ᠂ ᠲᠡᠦᠬᠡᠨ ᠳᠤ ᠬᠤᠪᠣᠷ ᠲᠣᠬᠢᠶᠠᠯᠳᠤᠬᠤ ᠦᠶᠡᠷ ᠤᠰᠤᠲᠤᠯ ᠤᠨ ᠭᠠᠮᠰᠢᠭ᠂ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠪᠠ ᠬᠤᠯᠤᠭᠠᠨ᠎ᠠ ᠶᠢᠨ ᠬᠢᠵᠢᠭ ᠤᠨ ᠪᠠᠶᠢᠳᠠᠯ ᠤᠨ ᠲᠠᠭᠠᠷᠢᠯᠲᠠ ᠳᠤ ᠣᠴᠠᠷᠠᠬᠤ ᠵᠡᠷᠭᠡ ᠡᠯ᠎ᠡ ᠲᠠᠯ᠎ᠠ ᠶᠢᠨ ᠬᠦᠴᠦᠨ ᠵᠦᠶᠯ ᠳᠠᠪᠬᠤᠴᠠᠭᠰᠠᠨ | ᠪᠠᠶᠢᠳᠠᠯ ᠳᠣᠤᠷ᠎ᠠ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦᠲᠡᠶ ᠠᠬᠢᠭᠤᠯᠪᠠ᠃ | ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠢᠯᠡᠳᠲᠡ ᠦᠷ᠎ᠡ | ᠪᠦᠲᠦᠮᠵᠢ ᠤᠯᠪᠠ᠃ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠡᠮᠬᠢ ᠵᠢᠷᠤᠮ ᠲᠠᠢ ᠪᠠᠷ ᠠᠷᠢᠯᠭᠠᠪᠠ᠃ ᠲᠠᠪᠤᠨ ᠵᠢᠯ ᠳᠤ ᠵᠠᠰᠠᠭ ᠤᠨ | ᠣᠷᠳᠣᠨ ᠤ ᠥᠷᠢ ᠥᠭᠴᠡᠭᠡ ᠶᠢ ᠨᠡᠶᠢᠲᠡ 31 . 3 ᠳ᠋ᠦᠩᠰᠢᠭᠤᠷ ᠲᠥᠭᠦᠷᠢᠭ ᠰᠢᠢᠳᠪᠦᠷᠢᠯᠡᠵᠦ᠂ ᠡᠯ᠎ᠡ ᠵᠢᠯ ᠤᠨ ᠥᠷᠢ ᠥᠭᠴᠡᠭᠡ ᠠᠷᠢᠯᠭᠠᠬᠤ ᠡᠭᠦᠷᠭᠡ ᠪᠠᠨ | ᠲᠡᠭᠦᠰ ᠠᠮᠵᠢᠯᠲᠠ ᠲᠠᠢ ᠪᠡᠶᠡᠯᠡᠭᠦᠯᠵᠦ᠂ ︿︿ᠠᠷᠪᠠ ᠶᠢ ᠪᠦᠷᠬᠦᠭᠦᠯᠬᠦ﹀﹀ ᠢᠨᠵᠧᠨᠧᠷᠢᠩ ᠤᠨ ᠥᠷᠢᠲᠦᠵᠦ ᠪᠠᠶᠭ᠎ᠠ ᠥᠷᠢ ᠥᠭᠴᠡᠭᠡ ᠶᠢ ᠪᠦᠬᠦᠨ ᠢ ᠰᠢᠢᠳᠪᠦᠷᠢᠯᠡᠵᠦ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠤᠨ ᠳᠠᠩᠰᠠᠨ ᠳᠠᠬᠢ ᠥᠷᠢ ᠥᠭᠴᠡᠭᠡ ᠶᠢ ᠴᠠᠭ ᠲᠤᠬᠠᠢ ᠳᠤᠨᠢ ᠲᠥᠯᠥᠵᠦ | ᠳᠠᠭᠤᠰᠬᠠᠵᠠᠢ᠃ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢ ᠨᠡᠶᠢᠲᠡ 35 ᠳ᠋ᠦᠩᠰᠢᠭᠤᠷ ᠲᠥᠭᠦᠷᠢᠭ ᠨᠡᠮᠡᠭᠳᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ | ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠠᠮᠵᠢᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠲᠣᠭᠲᠠᠭᠤᠨ ᠪᠠᠷ ᠡᠵᠡᠮᠳᠡᠵᠦ ᠲᠡᠶᠢᠯᠬᠦ ᠪᠣᠯᠭᠠᠪᠠ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠲᠦ ᠴᠢᠨᠠᠷᠲᠠᠢ ᠢᠯᠠᠯᠲᠠ ᠤᠯᠪᠠ᠃ ᠶᠠᠳᠠᠭᠤ ᠶᠢ ᠲᠡᠳᠬᠦᠬᠦ ᠪᠠᠯᠠ ᠮᠥᠩᠭᠦ ᠶᠢ ᠨᠡᠶᠢᠲᠡ | 10 ᠳ᠋ᠦᠩᠰᠢᠭᠤᠷ ᠲᠥᠭᠦᠷᠢᠭ ᠣᠷᠣᠭᠤᠯᠵᠤ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ᠂ ᠦᠬᠡᠷ᠎ᠡ ᠭᠠᠵᠠᠷ ᠨᠡᠭᠦᠯᠭᠡᠬᠦ ᠵᠡᠷᠭᠡ ᠭᠤᠤᠯᠳᠠᠯᠭ᠎ᠠ ᠲᠠᠢ ᠲᠥᠷᠥᠯ ᠵᠦᠶᠯ | ᠢ ᠣᠨᠣᠪᠴᠢᠲᠠᠶ ᠬᠡᠷᠡᠭᠵᠢᠭᠦᠯᠵᠦ᠂ ︿︿ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ﹀﹀ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ 32 ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 7548 ᠡᠷᠦᠬᠡ᠂ 13737 ᠶᠠᠳᠠᠭᠤ ᠬᠦᠴᠢᠷᠳᠡᠯᠲᠡᠶ ᠬᠥᠮᠦᠨ ᠠᠮᠠ ᠶᠢ | ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠢ ᠠᠬᠢᠭᠤᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︿︿ᠡᠷᠬᠢᠨ ᠬᠠᠷᠠᠬᠤ﹀﹀ ᠂ ᠥᠪᠡᠷᠲᠡᠭᠡᠨ | ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠠᠭ ᠲᠤᠬᠠᠶ | ᠳᠤᠨᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠬᠠᠰᠤᠵᠤ᠂ ᠤᠯᠢᠶᠠᠰᠣ ᠨᠠᠭᠤᠷ ᠤᠨ ᠰᠠᠪᠠ ᠭᠠᠵᠠᠷ ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ | ᠪᠦᠷᠢᠳᠦ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ ᠢ ᠤᠷᠤᠭᠰᠢᠲᠠᠶ ᠬᠡᠷᠡᠭᠵᠢᠭᠦᠯᠵᠦ᠂ ᠮᠠᠨ ᠤ | ᠬᠤᠰᠢᠭᠤᠨ ᠤ ᠬᠡᠷᠡᠭᠵᠢᠭᠦᠯᠦᠭᠰᠡᠨ 6 ᠵᠦᠶᠯ ᠤᠨ ᠶᠡᠷᠦᠩᠬᠡᠶ ᠪᠠᠯᠠ ᠣᠷᠣᠭᠤᠯᠤᠯᠲᠠ ᠨᠢ 4.3 ᠳ᠋ᠦᠩᠰᠢᠭᠤᠷ ᠲᠥᠭᠦᠷᠢᠭ ᠤᠨ ᠢᠨᠵᠧᠨᠧᠷᠢᠩ ᠢ ᠦᠨᠳᠦᠰᠦᠨ ᠳᠡᠭᠡᠨ | ᠳᠠᠭᠤᠰᠬᠠᠪᠠ᠃ ᠭᠤᠤᠯ ᠮᠥᠷᠡᠨ ᠨᠠᠭᠤᠷ ᠴᠥᠭᠦᠷᠥᠮ ᠤᠨ ︿︿ᠳᠥᠷᠪᠡᠨ ᠰᠠᠮᠠᠭᠤᠨ ᠢ ᠠᠷᠢᠯᠭᠠᠬᠤ﹀﹀᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠤᠨ ᠵᠠᠰᠠᠯᠲᠠ | ᠶᠢ ᠯᠠᠪᠳᠠᠭᠤᠨ ᠪᠠᠲᠤᠲᠠᠶ ᠠᠬᠢᠭᠤᠯᠵᠤ᠂ ᠮᠤᠨᠠ ᠠᠭᠤᠯᠠ᠂ ᠪᠠᠶᠠᠨᠴᠠᠭᠠᠨ ᠠᠭᠤᠯᠠ᠂ ᠴᠠᠰᠣᠳᠠᠢ ᠠᠭᠤᠯᠠᠨ ᠳᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠵᠠᠰᠠᠯᠲᠠ ᠶᠢ 24 . 2 ᠲᠡᠭᠰᠢ ᠳᠥᠷᠪᠡᠯᠵᠢᠨ ᠺᠢᠯᠣᠮᠧᠲᠷ ᠪᠡᠶᠡᠯᠡᠭᠦᠯᠵᠦ᠂ ᠳ᠋ᠠ ᠵᠥᠩ ᠠᠭᠤᠷᠬᠠᠶ ᠶᠢᠨ 2 ᠠᠭᠤᠷᠬᠠᠶ ᠶᠢᠨ ᠣᠷᠣᠨ ᠢ ᠤᠯᠤᠰ ᠤᠨ ᠲᠠᠰ ᠤᠨ | ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠬᠤᠸᠠ ᠲᠦᠸᠧ᠂ ᠰᠢᠨ ᠹᠠ ᠵᠡᠷᠭᠡ 3 ᠡᠷᠦᠬᠡ ᠶᠢᠨ 8 ᠠᠭᠤᠷᠬᠠᠶ ᠶᠢ | ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠪᠠ᠃ ᠲᠠᠷᠢᠶᠠᠨ ᠭᠠᠵᠠᠷ ᠤᠨ ᠬᠠᠯᠬᠠᠪᠴᠢ | ᠣᠶ᠂ ᠤᠯᠤᠰ ᠮᠤᠵᠢ ᠶᠢᠨ ᠭᠤᠤᠯ ᠵᠠᠮ ᠤᠨ ᠬᠤᠶᠠᠷ ᠬᠠᠵᠠᠭᠤ ᠵᠡᠷᠭᠡ ᠣᠶ ᠰᠢᠭᠤᠶ ᠶᠢᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠨᠡᠶᠢᠲᠡ 16 . 9 | ᠲᠦᠮᠡᠨ ᠮᠥ ᠪᠡᠶᠡᠯᠡᠭᠦᠯᠵᠦ᠂ ᠣᠨᠴᠠᠯᠢᠭᠲᠤ ᠠᠵᠤ ᠠᠬᠤᠶ ᠶᠢᠨ ᠣᠶ ᠶᠢ 5000 ᠮᠥ ᠬᠥᠭᠵᠢᠭᠦᠯᠵᠦ᠂ ᠣᠶ ᠰᠢᠭᠤᠶ ᠶᠢᠨ ᠪᠦᠷᠬᠦᠴᠡ ᠶᠢ 13 . 5 % ᠲᠤ | ᠬᠦᠷᠭᠡᠵᠦ᠂ ︿︿ᠪᠥᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠰᠢᠶᠠᠨ﹀﹀ ᠢᠶᠠᠷ ᠦᠨᠡᠯᠡᠭᠳᠡᠪᠡ᠃ | ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠪᠠᠷᠢᠮᠲᠠᠯᠠᠵᠤ᠂ ᠠᠵᠤ ᠦᠢᠯᠡᠰ ᠤᠨ ᠰᠠᠭᠤᠷᠢ ᠤᠯᠠᠮ ᠪᠠᠬᠢᠵᠢᠪᠡ᠃ ᠠᠵᠤ ᠦᠶᠯᠡᠳᠪᠦᠷᠢ ᠶᠢᠨ ᠠᠵᠤ | ᠠᠬᠤᠢ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠨᠢ ︿︿ᠠᠷᠪᠠᠨ | ᠬᠤᠶᠠᠳᠤᠭᠠᠷ ᠲᠠᠪᠤᠨ ᠵᠢᠯ﹀﹀ ᠤᠨ ᠰᠡᠭᠦᠯᠴᠢ ᠶᠢᠨ 43 ᠡᠷᠦᠬᠡ ᠪᠠᠶᠢᠭᠰᠠᠨ ᠠᠴᠠ ᠪᠠᠨ ᠨᠡᠮᠡᠭᠳᠡᠭᠡᠳ 66 ᠡᠷᠦᠬᠡ ᠪᠣᠯᠵᠤ᠂ ᠠᠵᠤ ᠦᠶᠯᠡᠳᠪᠦᠷᠢ ᠶᠢᠨ ᠨᠡᠮᠡᠭᠳᠡᠯ | ᠥᠷᠲᠡᠭ ᠵᠢᠯ ᠪᠦᠷᠢ ᠳᠤᠮᠳᠠᠴᠢ ᠪᠠᠷ 5 . 3 % ᠢᠶᠠᠷ ᠨᠡᠮᠡᠭᠳᠡᠪᠡ᠃ ᠮᠢᠩᠭᠠᠨ ᠲᠦᠮᠡᠨ ᠲᠥᠭᠦᠷᠢᠭ ᠠᠴᠠ ᠳᠡᠭᠡᠭᠰᠢᠬᠢ ᠠᠵᠤ ᠦᠶᠯᠡᠳᠪᠦᠷᠢ ᠶᠢᠨ ᠭᠤᠣᠯᠳᠠᠯᠭ᠎ᠠ | ᠲᠠᠢ ᠲᠥᠷᠦᠯ ᠵᠦᠢᠯ 92 ᠪᠠᠶᠢᠵᠤ᠂ ᠳ᠋ᠦᠩ ᠯᠢ ᠶᠢᠨ 1 . 2 ᠲᠦᠮᠡᠨ ᠲᠣᠨ ᠤ ᠣᠯᠠᠨ ᠲᠠᠯᠠᠰᠲᠤ ᠴᠠᠬᠢᠭᠤᠷ᠂ ᠪᠠᠷᠠᠭᠤᠨ ᠰᠠᠭᠠᠳᠠᠭ ᠤᠨ 300 ᠲᠦᠮᠡᠨ ᠲᠣᠨ | ᠤ ᠮᠤᠯᠢᠪᠳᠧᠨ ᠤ ᠬᠦᠳᠡᠷ ᠰᠢᠯᠢᠬᠦ ᠵᠡᠷᠭᠡ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠰᠠᠯᠬᠢ ᠭᠡᠷᠡᠯ ᠴᠠᠬᠢᠯᠭᠠᠨ ᠤ ᠮᠠᠰᠢᠨ ᠴᠣᠭᠴᠠᠯᠠᠪᠤᠷᠢ | ᠶᠢᠨ ᠪᠠᠭᠲᠠᠭᠠᠮᠵᠢ ᠨᠢ 23 ᠲᠦᠮᠡᠨ ᠺᠢᠯᠣᠸᠠᠲ ᠲᠤ ᠬᠦᠷᠴᠦ᠂ ᠪᠠᠶᠢᠭᠠᠯᠢ ᠶᠢᠨ ᠰᠢᠲᠠᠮᠠᠬᠠᠢ ᠬᠡᠢ ᠶᠢ ᠡᠳᠦᠷ ᠲᠤ ᠰᠢᠢᠳᠪᠦᠷᠢᠯᠡᠬᠦ ᠴᠢᠳᠠᠪᠤᠷᠢ ᠨᠢ 196 ᠲᠦᠮᠡᠨ | ᠪᠣᠰᠤᠭ᠎ᠠ ᠳᠥᠷᠪᠡᠯᠵᠢᠨ ᠮᠧᠲᠷ ᠲᠤ ᠬᠦᠷᠴᠦ᠂ ᠠᠵᠤ ᠦᠶᠯᠡᠳᠪᠦᠷᠢ ᠶᠢᠨ ᠬᠥᠭᠵᠢᠯᠲᠡ ᠶᠢᠨ ᠨᠥᠭᠡᠴᠡ ᠬᠦᠴᠦᠨ ᠲᠦᠷᠭᠡᠨ ᠲᠥᠪᠯᠡᠷᠡᠭᠰᠡᠨ ᠪᠠᠶᠢᠨ᠎ᠠ᠃ ᠲᠢᠶᠠᠨ | ᠾᠧᠩ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠺᠣᠮᠫᠠᠨᠢ ᠶᠢᠨ ᠶᠡᠷᠦᠩᠬᠡᠶ ᠵᠠᠬᠢᠷᠭ᠎ᠠ ᠨᠡᠭᠦᠵᠦ ᠣᠷᠣᠪᠠ᠃ ᠪᠤᠭᠤᠳᠤ ᠶᠢᠨ ᠪᠠᠷᠠᠭᠤᠨ ᠳᠠᠬᠢ ᠠᠵᠤ | ᠦᠶᠯᠡᠳᠪᠦᠷᠢ ᠶᠢᠨ ᠲᠣᠭᠤᠷᠢᠭ ᠪᠠ ᠢᠳᠡᠭᠡᠨ ᠤ ᠠᠵᠤ ᠦᠶᠯᠡᠳᠪᠦᠷᠢ ᠶᠢᠨ ᠲᠣᠭᠤᠷᠢᠭ ᠲᠤ ᠨᠡᠶᠢᠲᠡ 1 . 84 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ | 6 . 7 ᠺᠢᠯᠦᠮᠧᠲᠷ ᠤᠨ ᠵᠠᠰᠠᠮᠠᠯ ᠵᠠᠮ ᠢ ᠳᠡᠪᠢᠰᠴᠦ᠂ 29 . 6 ᠺᠢᠯᠦᠮᠧᠲᠷ ᠤᠨ ᠡᠯ᠎ᠡ ᠲᠥᠷᠥᠯ ᠤᠨ ᠬᠤᠭᠤᠯᠠᠢ ᠶᠢᠨ ᠲᠣᠣᠷ ᠢ ᠬᠡᠷᠡᠭᠵᠢᠭᠦᠯᠦᠨ᠂ ᠬᠠᠲᠠᠭᠤ | ᠪᠡᠶᠡᠲᠦ ᠬᠠᠶᠠᠭᠳᠠᠮᠠᠯ ᠪᠣᠳᠠᠰ ᠢ ᠣᠪᠣᠭᠠᠯᠠᠬᠤ ᠲᠠᠯᠠᠪᠠᠢ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠥᠷᠲᠡᠭᠡ ᠵᠡᠷᠭᠡ ᠲᠥᠬᠦᠭᠡᠷᠦᠮᠵᠢ ᠶᠢ ᠪᠠᠶᠢᠭᠤᠯᠤᠨ | ᠠᠰᠢᠭᠯᠠᠯᠲᠠ ᠳᠤ ᠣᠷᠣᠭᠤᠯᠵᠤ᠂ ᠲᠥᠷᠦᠯ ᠵᠦᠢᠯ ᠤᠨ ᠳᠠᠭᠠᠭᠠᠴᠠ ᠶᠢᠨ ᠴᠢᠳᠠᠪᠤᠷᠢ ᠢᠯᠡᠳᠲᠡ ᠴᠢᠩᠭᠠᠷᠠᠪᠠ᠃ ᠠᠭᠤᠯᠠᠨ ᠠᠷᠤ ᠶᠢᠨ ᠣᠷᠣᠨ ᠤ ᠠᠮᠢ ᠠᠬᠤᠢ | ᠶᠢᠨ ᠤᠰᠤ ᠨᠥᠬᠦᠪᠥᠷᠢᠯᠡᠬᠦ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠤᠷᠤᠭᠰᠢᠲᠠᠢ ᠠᠬᠢᠭᠤᠯᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠪᠡ᠃ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠦᠶᠯᠡᠴᠢᠯᠡᠭᠡ ᠶᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ | ᠪᠦᠲᠦᠮᠵᠢ ᠣᠯᠵᠤ᠂ ︿︿ᠲᠩᠷᠢ ᠶᠢᠨ ᠬᠡᠰᠢᠭᠲᠦ ᠪᠣᠷᠣᠲᠣᠬᠤᠶ﹀﹀ ᠶᠢᠨ ᠬᠤᠰᠢᠭᠤᠴᠢ ᠳᠡᠯᠭᠡᠭᠦᠷ ᠡᠵᠡᠩᠨᠡᠯᠲᠡ ᠳᠤ ᠣᠷᠣᠵᠤ᠂ ︿︿ᠲᠩᠷᠢ ᠶᠢᠨ ᠬᠡᠰᠢᠭᠲᠦ ᠪᠣᠷᠣᠲᠣᠬᠤᠶ﹀ | ﹀ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠡᠷᠡᠭᠯᠡᠬᠦ ᠡᠷᠬᠡ ᠣᠯᠭᠤᠭᠰᠠᠨ 3 ᠵᠦᠶᠯ ᠤᠨ ᠦᠶᠯᠡᠳᠬᠦᠨ ᠤ ᠦᠨ᠎ᠡ | ᠥᠰᠬᠦ ᠦᠨ᠎ᠡ ᠬᠠᠩᠰᠢ ᠶᠢ 30 % ᠠᠴᠠ ᠳᠡᠭᠡᠭᠰᠢ ᠪᠣᠯᠭᠠᠪᠠ᠃ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 17 ᠳ᠋ᠦᠩᠰᠢᠭᠤᠷ ᠵᠢᠩ ᠠᠴᠠ | ᠳᠡᠭᠡᠭᠰᠢ ᠳᠤ ᠲᠣᠭᠲᠠᠪᠤᠷᠢᠵᠢᠭᠤᠯᠵᠤ᠂ ᠮᠠᠯ ᠤᠨ ᠲᠡᠵᠢᠭᠡᠪᠦᠷᠢ ᠶᠢᠨ ᠬᠡᠮᠵᠢᠶ᠎ᠡ ᠶᠢ 390 ᠲᠦᠮᠡᠨ ᠲᠣᠯᠣᠭᠠᠶ ᠳᠤ ᠬᠦᠷᠦᠭᠦᠯᠪᠠ᠃ ᠤᠰᠤᠯᠠᠯᠲᠠ ᠶᠢᠨ ᠣᠷᠣᠨ ᠤ | ᠦᠷᠭᠦᠯᠵᠢᠯᠡᠨ ᠪᠠᠶᠢᠭᠤᠯᠵᠤ ᠲᠥᠬᠦᠷᠵᠢᠭᠦᠯᠬᠦ ᠬᠢᠭᠡᠳ ᠤᠰᠤ ᠠᠷᠪᠢᠯᠠᠬᠤ ᠥᠭᠡᠷᠡᠴᠢᠯᠡᠯᠲᠡ᠂ ᠤᠰᠤ ᠲᠠᠲᠠᠷᠠᠭᠤᠯᠬᠤ ᠲᠤᠨᠤᠭ ᠲᠦᠬᠦᠬᠡᠷᠦᠮᠵᠢ ᠶᠢᠨ ᠥᠭᠡᠷᠡᠴᠢᠯᠡᠯᠲᠡ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠢᠯᠡᠳᠲᠡ ᠪᠠᠶᠢᠵᠤ᠂ 150 ᠲᠦᠮᠡᠨ ᠮᠥ ᠶᠢᠨ ᠭᠠᠵᠠᠷ ᠰᠢᠷᠣᠶ | ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠪᠡ᠃ ᠲᠥᠬᠦᠭᠡᠷᠦᠮᠵᠢᠲᠦ ᠲᠠᠷᠢᠶᠠᠯᠠᠩ ᠢ 1 ᠲᠦᠮᠡᠨ ᠮᠦ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ | ᠲᠠᠯᠠᠪᠠᠢ ᠶᠢ 124 ᠨᠡᠮᠡᠭᠳᠡᠭᠦᠯᠵᠦ᠂ 4 ᠬᠦᠳᠡᠭᠡ ᠲᠤᠰᠬᠤᠨ ( ᠮᠠᠯ ᠠᠵᠤ ᠠᠬᠤᠢ ) ᠤ ᠬᠦᠷᠢᠶᠡᠯᠡᠩ ᠤᠨ ᠶᠡᠷᠦᠩᠬᠡᠢ ᠴᠣᠭᠴᠠ ᠶᠢ ᠪᠠᠶᠢᠭᠤᠯᠵᠤ᠂ ᠬᠡᠪᠴᠢᠶᠡᠵᠢᠭᠰᠡᠨ | ᠡᠵᠡᠩᠨᠡᠯᠲᠡ ᠶᠢᠨ ᠲᠠᠯᠠᠪᠠᠢ ᠶᠢ 80 ᠲᠦᠮᠡᠨ ᠮᠦ ᠳᠤ ᠬᠦᠷᠬᠡᠪᠡ᠃ ᠤᠶᠤᠨᠲᠤ ᠲᠠᠷᠢᠶᠠᠯᠠᠩ ᠢ ᠪᠥᠬᠦ ᠬᠤᠲᠠ ᠳᠤ ᠤᠷᠢᠳᠠᠪᠠᠷ ᠡᠬᠢᠯᠡᠭᠦᠯᠵᠦ᠂ ᠲᠢᠶᠠᠨ ᠾᠧᠩ᠂ ᠾᠧ | ᠰᠢᠩ᠂ ᠱᠦᠸᠧ ᠾᠧ 3 ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠶᠯᠡᠰ ᠤᠨ ᠬᠤᠯᠪᠣᠭᠠᠲᠤ ᠴᠣᠭᠴᠠ ᠪᠠᠷ ᠦᠨᠡᠯᠡᠭᠳᠡᠵᠦ᠂ ︿︿ | ᠬᠤᠶᠠᠷ ᠪᠦᠲᠦᠭᠡᠭᠳᠡᠬᠦᠨ ᠨᠢᠭᠡ ᠪᠠᠷᠢᠮᠵᠢᠶ᠎ᠠ﹀﹀ ᠶᠢᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠬᠡᠷᠡᠴᠢᠯᠡᠯᠳᠡ ᠳᠤ 104 ᠬᠦᠷᠴᠦ᠂ | ᠬᠤᠲᠠ ᠶᠢᠨ ᠲᠠᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ ᠲᠤᠯᠤᠭᠠᠶᠢᠯᠠᠭᠴᠢ ᠠᠵᠤ ᠠᠬᠤᠶᠢᠯᠠᠯ 38 ᠡᠷᠦᠭᠡ ᠪᠣᠯᠪᠠ᠃ ᠲᠠᠷᠢᠶᠠᠯᠠᠩ ᠮᠠᠯ ᠠᠵᠤ | ᠠᠬᠤᠶ ᠶᠢᠨ ᠮᠠᠰᠢᠨᠴᠢᠯᠠᠯᠲᠠ ᠶᠢᠨ ᠨᠣᠷᠮ᠎ᠠ ᠨᠢ 87 % ᠲᠤ ᠬᠦᠷᠴᠦ᠂ ᠪᠥᠬᠦ ᠤᠯᠤᠰ ᠤᠨ ᠭᠤᠤᠯ ᠪᠣᠯᠬᠤ ᠲᠠᠷᠢᠮᠠᠯ ᠤᠨ ᠦᠶᠯᠡᠳᠪᠦᠷᠢᠯᠡᠯ ᠤᠨ ᠪᠥᠬᠦ ᠶᠠᠪᠤᠴᠠ ᠳᠤ | ᠮᠠᠰᠢᠨᠴᠢᠯᠠᠬᠤ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ ᠭᠤᠷᠪᠠᠨ ᠠᠵᠤ ᠦᠢᠯᠡᠰ ᠤᠨ ᠦᠢᠯᠡᠴᠢᠯᠡᠭᠡᠨ ᠤ ᠦᠢᠯᠡᠰ ᠲᠦᠷᠭᠡᠨ ᠬᠥᠭᠵᠢᠪᠡ᠃ | ᠭᠤᠷᠪᠠᠳᠤᠭᠠᠷ ᠠᠵᠤ ᠦᠶᠯᠡᠰ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ︿︿ᠠᠷᠪᠠᠨ | ᠬᠤᠶᠠᠳᠤᠭᠠᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠰᠡᠭᠦᠯᠴᠢ ᠶᠢᠨ 31 . 7 % ᠪᠠᠶᠢᠭᠰᠠᠨ ᠠᠴᠠ ᠪᠠᠨ ᠳᠡᠭᠡᠭᠰᠢᠯᠡᠭᠡᠳ 43 . 3 % ᠪᠣᠯᠪᠠ᠃ | ᠤᠷᠠᠳ ᠠᠶᠢᠮᠠᠭ᠂ ᠬᠦᠩ ᠲᠢᠶᠠᠨ ᠲᠤᠰᠬᠤᠨ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠨᠠᠩ ᠪᠦᠷᠢᠨᠰᠢᠭᠦᠯᠵᠦ᠂ | ᠤᠯᠢᠶᠠᠰᠤ ᠨᠠᠭᠤᠷ ᠤᠨ ᠦᠵᠡᠮᠵᠢ ᠶᠢᠨ ᠣᠷᠣᠨ ᠢ ᠤᠯᠤᠰ ᠤᠨ 3 A ᠲᠡᠰ ᠤᠨ ᠦᠵᠡᠮᠵᠢ ᠶᠢᠨ ᠣᠷᠣᠨ ᠢᠶᠠᠷ ᠦᠨᠡᠯᠡᠵᠦ᠂ ᠲᠠᠪᠤᠨ ᠵᠢᠯ ᠳᠤ ᠵᠤᠭᠠᠴᠠᠭᠰᠠᠳ ᠢ | ᠨᠡᠶᠢᠲᠡ 556 ᠲᠦᠮᠡᠨ ᠬᠥᠮᠦᠨ ︵ᠤᠳᠠᠭ᠎ᠠ ︶ ᠬᠦᠯᠢᠶᠡᠨ ᠠᠪᠴᠤ᠂ 44 . 5 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠡᠯᠧᠺᠲᠷᠣᠨ | ᠬᠤᠳᠠᠯᠳᠤᠭᠠᠨ ᠤ ᠠᠵᠤ ᠠᠬᠤᠶᠢᠯᠠᠯ 227 ᠡᠷᠦᠬᠡ ᠪᠣᠯᠵᠣ᠂ ᠵᠢᠱᠢᠯᠲᠡ ᠪᠠᠷ 2020 ᠣᠨ ᠳᠤ ᠰᠦᠯᠵᠢᠶᠡᠨ ᠳᠡᠭᠡᠷᠡᠬᠢ ᠪᠣᠷᠣᠯᠠᠭᠤᠯᠤᠯᠲᠠ ᠨᠢ 3 ᠳ᠋ᠦᠩᠰᠢᠭᠤᠷ | ᠲᠥᠭᠦᠷᠢᠭ ᠲᠤ ᠬᠦᠷᠴᠦ᠂ ︿︿ᠠᠷᠪᠠᠨ ᠬᠤᠶᠠᠳᠤᠭᠠᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠡᠴᠦᠰ ᠤᠨ10 ᠳᠠᠬᠢᠨ ᠪᠣᠯᠵᠣ᠂ ᠪᠥᠬᠦ ᠤᠯᠤᠰ ᠤᠨ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠤᠭᠰᠠᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ᠃ ᠣᠷᠣᠨ ᠨᠤᠲᠤᠭ ᠤᠨ | ᠮᠥᠩᠭᠦᠨ ᠭᠦᠢᠯᠭᠡᠭᠡᠨ ᠤ ᠦᠢᠯᠡᠰ ᠲᠤᠭᠳᠠᠭᠤᠨ ᠢᠶᠠᠷ ᠪᠤᠵᠠᠭᠠᠶᠢᠷᠠᠵᠤ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠳᠠᠭᠠᠯᠠᠮᠵᠢ ᠵᠢᠭᠡᠯᠡᠯᠭᠡ | ᠶᠢᠨ ᠦᠯᠡᠳᠡᠪᠦᠷᠢ ᠲᠤᠭ᠎ᠠ ᠲᠤᠰ ᠲᠤᠰ 161 ᠳ᠋ᠦᠩᠰᠢᠭᠤᠷ ᠲᠥᠭᠦᠷᠢᠭ ᠪᠠ 109 ᠳ᠋ᠦᠩᠰᠢᠭᠤᠷ ᠲᠥᠭᠦᠷᠢᠭ ᠲᠤ ᠬᠦᠷᠴᠦ᠂ ︿︿ᠠᠷᠪᠠᠨ ᠬᠤᠶᠠᠳᠤᠭᠠᠷ ᠲᠠᠪᠤᠨ | ᠵᠢᠯ﹀﹀ ᠤᠨ ᠲᠥᠯᠥᠪᠵᠢᠭᠦᠯᠭᠡ ᠶᠢᠨ ᠰᠡᠭᠦᠯᠴᠢ ᠶᠢᠨ ᠬᠢ ᠠᠴᠠ 51 % ᠪᠠ 43 % ᠢᠶᠠᠷ ᠨᠡᠮᠡᠭᠳᠡᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠴᠢᠳᠠᠪᠤᠷᠢ | ᠢᠯᠡᠳᠲᠡ ᠴᠢᠩᠭᠠᠷᠠᠪᠠ᠃ | ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠲᠠᠰᠤᠷᠠᠯᠲᠠ ᠥᠬᠡᠶ | ᠳᠡᠭᠡᠭᠰᠢᠯᠡᠪᠡ᠃ ᠬᠤᠲᠠ ᠬᠥᠳᠡᠭᠡ ᠶᠢᠨ ᠳᠦᠷᠢ ᠲᠥᠷᠬᠦ ᠢᠯᠡᠳᠲᠡ ᠰᠠᠶᠢᠵᠢᠷᠠᠪᠠ᠃ ᠬᠠᠭᠤᠴᠢᠨ ᠲᠣᠭᠤᠷᠢᠭ ᠤᠨ ᠥᠭᠡᠷᠡᠴᠢᠯᠡᠯᠲᠡ ᠠᠷᠠᠳ ᠤᠨ ᠰᠡᠳᠬᠢᠯ ᠢ ᠣᠯᠵᠤ | ᠂ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠨᠠᠩ ᠲᠡᠭᠦᠯᠳᠡᠷᠵᠢᠵᠦ᠂ ᠰᠠᠭᠤᠷᠢᠰᠢᠬᠤ ᠳᠤ ᠲᠣᠬᠢᠷᠠᠮᠵᠢᠲᠠᠢ ᠬᠤᠲᠠ ᠶᠢᠨ ᠲᠦᠪᠰᠢᠨ ᠮᠡᠳᠡᠭᠳᠡᠮ᠎ᠡ ᠳᠡᠭᠡᠭᠰᠢᠯᠡᠪᠡ | ᠃ ᠲᠠᠪᠤᠨ ᠵᠢᠯ ᠳᠤ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠮᠦᠩᠭᠦ ᠶᠢ ᠨᠡᠶᠢᠲᠡ 58 .1 ᠳ᠋ᠦᠩᠰᠢᠭᠤᠷ ᠲᠥᠭᠦᠷᠢᠭ ᠤᠷᠤᠭᠤᠯᠪᠠ᠃ 40 ᠲᠦᠮᠡᠨ | ᠲᠡᠭᠰᠢ ᠳᠥᠷᠪᠡᠯᠵᠢᠨ ᠮᠧᠲᠷ ᠤᠨ ᠪᠤᠷᠤ ᠬᠡᠷᠳᠦ ᠣᠷᠣᠨ ᠰᠠᠭᠤᠴᠠ ᠶᠢ ᠥᠭᠡᠷᠡᠴᠢᠯᠡᠨ ᠵᠠᠰᠠᠵᠤ᠂ 1592 ᠡᠷᠦᠬᠡ ᠶᠢ ᠪᠤᠴᠠᠭᠠᠨ ᠨᠡᠭᠦᠯᠭᠡᠵᠦ᠂ 28 . 8 ᠲᠦᠮᠡᠨ | ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠤᠨ ᠦᠬᠡᠷᠡᠴᠢᠯᠡᠯᠳᠡ ᠶᠢ ᠪᠡᠶᠡᠯᠡᠭᠦᠯᠪᠡ᠃ 32.7 ᠺᠢᠯᠦᠮᠧᠲᠷ ᠤᠨ ᠬᠤᠲᠠ ᠶᠢᠨ ᠶᠠᠪᠤᠳᠠᠯ | ᠤᠨ ᠵᠠᠰᠠᠮᠠᠯ ᠵᠠᠮ ᠢ ᠰᠢᠨ᠎ᠡ ᠪᠠᠷ ᠵᠠᠰᠠᠵᠤ᠂ 3.2 ᠺᠢᠯᠦᠮᠧᠲᠷ ᠤᠨ ᠶᠠᠪᠠᠭᠠᠨ ᠵᠠᠮ ᠢ ᠬᠠᠳᠠᠭᠤᠷᠠᠭᠤᠯᠤᠭᠰᠠᠨ ᠪᠠ ᠰᠠᠯᠪᠢᠨ ᠵᠠᠰᠠᠵᠤ ᠰᠢᠨᠡᠳᠭᠡᠵᠦ᠂ ᠪᠣᠷᠣᠭᠠᠨ ᠤ | ᠪᠣᠬᠢᠷᠲᠤᠯ᠂ ᠳᠤᠯᠠᠭᠠᠯᠠᠭ᠎ᠠ ᠵᠡᠷᠭᠡ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 79 . 5 ᠺᠢᠯᠦᠮᠧᠲᠷ ᠳᠡᠪᠢᠰᠴᠦ᠂ ᠬᠤᠲᠠ ᠶᠢᠨ ᠲᠣᠭᠤᠷᠢᠭ ᠤᠨ 56 ᠰᠠᠭᠤᠷᠢ | ᠨᠡᠶᠢᠲᠡ ᠶᠢᠨ ᠵᠣᠷᠯᠣᠩ ᠢ ︿︿ᠤᠰᠤ ᠪᠠᠷ ᠴᠡᠪᠡᠷᠰᠢᠬᠦᠯᠬᠦ ᠪᠤᠯᠭᠠᠨ ᠵᠠᠰᠠᠵᠤ﹀﹀᠂ ᠵᠢᠭᠤᠯᠴᠢᠯᠠᠯ ᠤᠨ ᠨᠡᠶᠢᠲᠡ ᠶᠢᠨ ᠵᠣᠷᠯᠣᠩ ᠢ ᠰᠢᠨ᠎ᠡ ᠪᠠᠷ 7 ᠰᠠᠭᠤᠷᠢ | ᠨᠡᠮᠡᠭᠳᠡᠭᠦᠯᠵᠦ᠂ ᠬᠤᠭ ᠨᠣᠪᠰᠢ ᠰᠢᠢᠳᠪᠦᠷᠢᠯᠡᠬᠦ ᠲᠠᠯᠠᠪᠠᠢ ᠪᠠ 12 ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ | 5 ᠨᠡᠭᠦᠷᠡᠰᠦ ᠰᠢᠳᠠᠭᠠᠵᠤ ᠢᠯᠴᠢ ᠬᠠᠩᠭᠠᠬᠤ ᠵᠢᠵᠢᠭ ᠥᠷᠲᠡᠭᠡ ᠶᠢ ᠦᠭᠡᠶᠢᠰᠬᠡᠨ ᠨᠡᠶᠢᠯᠡᠭᠦᠯᠵᠦ᠂ ᠢᠯᠴᠢ ᠴᠠᠬᠢᠯᠭᠠᠨ ᠤ ᠬᠠᠮᠲᠤᠷᠠᠨ ᠦᠢᠯᠡᠳᠪᠦᠷᠢᠯᠡᠬᠦ ᠲᠥᠪᠯᠡᠷᠡᠩᠭᠦᠶ | ᠢᠯᠴᠢ ᠬᠠᠩᠭᠠᠬᠤ ᠲᠠᠯᠠᠪᠠᠶ ᠶᠢ 777 . 4 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠦᠬᠦᠯᠪᠡ᠃ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ | ᠪᠥᠬᠦ ᠲᠠᠯ᠎ᠠ ᠪᠠᠷ ᠡᠵᠡᠩᠨᠡᠵᠦ᠂ ᠣᠯᠠᠨ ᠲᠦᠮᠡᠨ ᠤ ᠶᠠᠪᠤᠵᠤ ᠰᠠᠭᠤᠬᠤ ᠳᠤ ᠨᠠᠩ ᠳᠥᠭᠦᠮ ᠳᠥᠲᠡ ᠪᠤᠯᠭᠠᠪᠠ᠃ ᠭᠠᠯᠲᠤ ᠲᠡᠷᠭᠡᠨ ᠥᠷᠲᠡᠭᠡᠨ ᠤ ᠠᠭᠤᠳᠠᠮ ᠲᠠᠯᠠᠪᠠᠢ | ᠶᠢ ᠶᠡᠷᠦᠩᠬᠡᠶᠢᠯᠡᠨ ᠵᠠᠰᠠᠬᠤ ᠪᠠ ᠯᠢᠨ ᠬᠠᠢ ᠴᠡᠴᠡᠷᠯᠢᠭ ᠤᠨ ᠡᠷᠲᠡᠨ ᠤ ᠬᠢ ᠶᠢ ᠳᠠᠭᠤᠷᠢᠶᠠᠭᠰᠠᠨ ᠵᠡᠭᠡᠯᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠤᠷᠠᠳ | ᠰᠣᠶᠣᠯ ᠤᠨ ᠭᠤᠣᠯ ᠰᠡᠳᠦᠪᠲᠦ ᠴᠡᠴᠡᠷᠯᠢᠭ᠂ ᠬᠠᠳᠤᠨ ᠭᠤᠣᠯ ᠤᠨ ᠵᠤᠭᠠᠴᠠᠯ ᠤᠨ ᠬᠦᠷᠢᠶᠡᠯᠡᠩ᠂ ᠰᠡᠬᠡᠭᠡᠲᠡᠨ ᠵᠠᠯᠠᠭᠤᠴᠤᠳ ᠤᠨ ᠬᠦᠷᠢᠶᠡᠯᠡᠩ ᠪᠠ ᠳ᠋ᠦᠩ ᠾᠧ | ᠭᠤᠣᠯ ᠳᠠᠭᠠᠤ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠰᠢᠨ᠎ᠡ ᠪᠠᠷ ᠨᠡᠮᠡᠭᠳᠡᠭᠰᠡᠨ ᠴᠡᠴᠡᠷᠯᠢᠭ ᠤᠨ ᠨᠣᠭᠤᠭᠠᠷᠠᠭᠤᠯᠤᠯᠲᠠ | ᠶᠢᠨ ᠲᠠᠯᠠᠪᠠᠢ ᠨᠢ 62 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠰᠠᠭᠤᠷᠢᠰᠢᠬᠤ ᠳᠤ | ᠲᠣᠬᠢᠷᠠᠮᠵᠢᠲᠠᠢ ᠰᠢᠶᠠᠨ ᠤ ᠬᠤᠲᠠ ᠪᠠᠷ ᠦᠨᠡᠯᠡᠭᠳᠡᠪᠡ᠃ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠤᠨᠤᠭ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠡᠷᠴᠢᠮ ᠤᠷᠢᠳ ᠡᠮᠦᠨ᠎ᠡ ᠭᠠᠷᠤᠭ᠎ᠠ ᠦᠭᠡᠢ ᠴᠢᠩᠭᠠᠷᠠᠵᠤ᠂ 457 ᠺᠢᠯᠦᠮᠧᠲᠷ ᠤᠨ ᠬᠥᠳᠡᠭᠡ | ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ 1063 ᠺᠢᠯᠦᠮᠧᠲᠷ ᠤᠨ ᠵᠡᠭᠡᠯᠢ ᠭᠤᠳᠤᠮᠵᠢ ᠶᠢ ᠬᠠᠲᠠᠭᠤᠷᠠᠭᠤᠯᠵᠤ᠂ 3010 ᠡᠷᠦᠬᠡ ᠶᠢᠨ | ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠵᠤ᠂ 181 ᠭᠠᠵᠷ ᠤᠨ ᠤᠤᠭᠤᠬᠤ ᠤᠰᠤᠨ ᠤ ᠠᠮᠤᠷ ᠲᠦᠪᠰᠢᠨ ᠢ ᠪᠡᠶᠡᠯᠡᠭᠦᠯᠦᠨ᠂ 2218 | ᠺᠢᠯᠦᠮᠧᠲᠷ ᠤᠨ ᠬᠥᠳᠡᠭᠡ ᠲᠣᠰᠬᠤᠨ ᠤ ᠴᠠᠬᠢᠯᠭᠠᠨ ᠲᠣᠣᠷ ᠢ ᠥᠭᠡᠷᠡᠴᠢᠯᠡᠨ ᠵᠠᠰᠠᠵᠤ᠂ 9 ᠪᠠᠯᠭᠠᠰᠤ ᠲᠣᠰᠬᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠪᠠᠶᠢᠭᠤᠯᠤᠨ᠂ 35 ᠰᠠᠭᠤᠷᠢ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠲᠥᠬᠦᠭᠡᠷᠦᠮᠵᠢ ᠶᠢ ᠪᠠᠶᠢᠭᠤᠯᠵᠤ᠂ ᠠᠷᠢᠭᠤᠨ ᠴᠡᠪᠡᠷ ᠵᠣᠷᠯᠣᠩ | ᠤᠨ ᠲᠦᠭᠡᠮᠡᠯᠵᠢᠭᠰᠡᠨ ᠨᠣᠷᠮ᠎ᠠ ᠨᠢ 88 % ᠠᠴᠠ ᠳᠡᠭᠡᠭᠰᠢ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠶᠡᠬᠡᠪᠡᠷ | ᠰᠠᠶᠢᠵᠢᠷᠠᠪᠠ᠃ ᠨᠡᠶᠢᠭᠡᠮ ᠤᠨ ᠠᠵᠢᠯ ᠦᠢᠯᠡᠰ ᠯᠠᠪᠳᠠᠭᠤᠨ ᠢᠶᠠᠷ ᠠᠬᠢᠪᠠ᠃ ᠵᠢᠱᠢᠯᠲᠡ ᠪᠠᠷ 2020 ᠣᠨ ᠳᠤ ᠣᠯᠠᠨ ᠨᠡᠶᠢᠲᠡ ᠶᠢᠨ ᠡᠳ᠋ ᠤᠨ ᠵᠠᠰᠠᠭ ᠠᠴᠠ | ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠬᠦ ᠣᠷᠣᠭᠤᠯᠤᠯᠲᠠ ᠨᠢ 28 ᠳ᠋ᠦᠩᠰᠢᠭᠤᠷ ᠲᠥᠭᠦᠷᠢᠭ ᠲᠤ ᠬᠦᠷᠴᠦ᠂ ︿︿ᠠᠷᠪᠠᠨ ᠬᠤᠶᠠᠳᠤᠭᠠᠷ ᠲᠠᠪᠤᠨ ᠵᠢᠯ﹀﹀ | ᠤᠨ ᠲᠥᠯᠥᠪᠵᠢᠭᠦᠯᠭᠡ ᠶᠢᠨ ᠰᠡᠭᠦᠯᠴᠢ ᠶᠢᠨ 1 .4 ᠳᠠᠬᠢᠨ ᠪᠤᠯᠪᠠ᠃ ᠬᠤᠲᠠ ᠬᠥᠳᠡᠭᠡ ᠶᠢᠨ ᠠᠵᠢᠯ ᠣᠯᠭᠤᠯᠲᠠ ᠶᠢ ᠲᠣᠭᠲᠠᠭᠤᠨ ᠢᠶᠠᠷ ᠥᠷᠭᠡᠳᠬᠡᠨ᠂ ᠨᠡᠶᠢᠭᠡᠮ | ᠤᠨ ᠪᠠᠲᠤᠯᠠᠭ᠎ᠠ ᠶᠢᠨ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠡᠯ᠎ᠡ ᠲᠦᠷᠦᠯ ᠤᠨ ᠠᠷᠠᠳ ᠤᠨ ᠠᠮᠢᠳᠤᠷᠠᠯ ᠤᠨ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠪᠠ᠃ 15 ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠥᠭᠡᠷᠡᠴᠢᠯᠡᠨ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠂ 388 ᠨᠡᠷ᠎ᠡ ᠰᠢᠯᠢᠳᠡᠭ ᠪᠠᠭᠰᠢ ᠶᠢ ᠨᠥᠬᠦᠪᠥᠷᠢᠯᠡᠵᠦ᠂ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢᠨ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠦᠯᠦᠨ᠂ ᠰᠤᠷᠭᠠᠨ | ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠦᠬᠦ ᠬᠤᠲᠠ ᠶᠢᠨ ᠲᠡᠷᠢᠭᠦᠨ ᠡᠩᠨᠡᠭᠡᠨ ᠳᠤ ᠣᠷᠣᠪᠠ᠃ ᠬᠤᠰᠢᠭᠤᠨ ᠤ ᠠᠷᠠᠳ ᠤᠨ ᠡᠮᠨᠡᠯᠬᠡ ᠶᠢᠨ | ᠬᠤᠷᠢᠶᠠᠨ ᠤ ᠪᠡᠶ᠎ᠡ ᠶᠢᠨ ᠪᠠᠶᠢᠴᠠᠭᠠᠯᠳᠠ ᠶᠢᠨ ᠲᠦᠪ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠦᠨᠳᠦᠰᠦᠨ | ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠪᠠᠷᠢᠮᠵᠢᠶᠠᠵᠢᠭᠰᠠᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠦᠨ᠂ ᠬᠤᠰᠢᠭᠤᠨ ᠤ ᠬᠡᠪᠴᠢᠶᠡᠨ ᠤ ︿︿ | ᠡᠮᠴᠢᠯᠡᠭᠡᠨ ᠤ ᠬᠠᠮᠲᠤ ᠶᠢᠨ ᠴᠣᠭᠴᠠ﹀﹀ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠠᠵᠢᠯᠯᠠᠭᠤᠯᠵᠤ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ | ᠢ ᠢᠯᠡᠳᠲᠡ ᠳᠡᠭᠡᠭᠰᠢᠯᠡᠭᠦᠯᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠯᠠᠪᠳᠠᠭᠤᠨ ᠪᠠᠲᠤᠲᠠᠢ ᠥᠷᠨᠢᠭᠦᠯᠵᠦ᠂ ᠤᠯᠤᠰ ᠠᠴᠠ ᠡᠷᠡᠭᠦᠯ | ᠬᠠᠮᠠᠭᠠᠯᠠᠯ ᠤᠨ ᠰᠢᠶᠠᠨ ᠤ ᠬᠤᠲᠠ ᠪᠠᠷ ᠦᠨᠡᠯᠡᠪᠡ᠃ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠢ ᠪᠦᠬᠦᠯᠢ ᠴᠣᠭᠴᠠ ᠪᠠᠷ ᠨᠢ ᠨᠡᠭᠦᠯᠬᠡᠪᠡ᠃ ᠳᠠᠩᠰᠠ | ᠡᠪᠬᠡᠮᠡᠯ ᠤᠨ ᠣᠷᠳᠣᠨ᠂ ᠰᠣᠶᠣᠯ ᠮᠦᠽᠧᠢ ᠨᠣᠮ ᠪᠢᠴᠢᠭ ᠤᠨ ᠲᠥᠪ ᠢ ᠠᠰᠢᠭᠯᠠᠯᠲᠠ ᠳᠤ ᠣᠷᠣᠭᠤᠯᠵᠤ᠂ ᠤᠯᠠᠭᠠᠨᠮᠥ᠋ᠴᠢᠷ ᠤᠨ ᠲᠠᠯᠠᠪᠠᠢ ᠶᠢ ᠦᠨᠳᠦᠰᠦᠨ ᠳᠡᠭᠡᠨ | ᠪᠠᠶᠢᠭᠤᠯᠵᠤ ᠳᠠᠭᠤᠰᠬᠠᠪᠠ᠃ ︿︿ᠲᠠᠪᠤᠨ ᠨᠤᠳᠤᠭ﹀﹀ ᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠳᠤᠮᠳᠠᠳᠤ ᠶᠢᠨ ᠰᠢᠯᠦᠭ ᠳᠠᠭᠤᠯᠠᠯ | ᠤᠨ ᠨᠤᠲᠤᠭ ᠢᠶᠠᠷ ᠦᠨᠡᠯᠡᠭᠳᠡᠪᠡ᠃ ᠪᠠᠭ᠋ᠠᠷᠤᠯᠳᠤ ᠤᠷᠠᠳ᠂ ᠪᠠᠷᠠᠭᠤᠨ ᠣᠷᠣᠨ ᠤ ᠠᠷᠠᠳ ᠤᠨ ᠳᠠᠭᠤᠤ ᠶᠢᠨ ᠴᠤᠭᠯᠠᠭᠠᠨ ᠨᠢ 2020 ᠣᠨ ᠤ ᠳᠤᠮᠳᠠᠳᠤ | ᠤᠯᠤᠰ ᠤᠨ ᠵᠢᠭᠤᠯᠴᠢᠯᠠᠯ ᠤᠨ ᠬᠠᠮᠤᠭ ᠤᠨ ᠨᠥᠯᠥᠭᠡᠯᠡᠬᠦ ᠬᠦᠴᠦᠨ ᠲᠠᠢ ᠪᠠᠶᠠᠷ ᠳᠤᠷᠠᠰᠬᠠᠯ ᠤᠨ ᠠᠵᠢᠯᠯᠠᠭ᠎ᠠ ᠶᠢᠨ ᠰᠢᠯᠢᠳᠡᠭ ᠨᠠᠷᠠᠲᠤ ᠲᠡᠮᠳᠡᠭ ᠢᠶᠠᠷ ᠰᠢᠯᠢᠭᠳᠡᠪᠡ᠃ | ᠭᠤᠷᠪᠠᠳᠤᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠤᠨ ᠪᠠᠶᠢᠴᠠᠭᠠᠯᠲᠠ᠂ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠵᠡᠷᠭᠡ | ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠤᠷᠤᠭᠰᠢᠲᠠᠢ ᠠᠬᠢᠭᠤᠯᠪᠠ᠃ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠠᠷᠤᠯᠳᠠ ᠦᠵᠡᠭᠦᠯᠬᠦ ᠰᠦᠷ ᠬᠦᠴᠦᠲᠦ ᠪᠠᠶᠢᠳᠠᠯ ᠢ ᠪᠠᠲᠤᠯᠠᠵᠤ᠂ ᠨᠢᠭᠡ ᠪᠦᠯᠦᠭ ᠬᠠᠷ᠎ᠠ ᠪᠦᠯᠦᠭᠲᠡᠨ ᠬᠠᠷᠭᠢᠰ | ᠬᠦᠴᠦᠨ ᠵᠢᠴᠢ ᠲᠡᠭᠦᠨ ᠤ ᠬᠠᠮᠠᠭᠠᠯᠠᠭᠴᠢ ᠰᠢᠬᠦᠷ ᠢ ᠠᠷᠢᠯᠭᠠᠵᠤ᠂ ᠡᠷᠡᠭᠦᠦ ᠶᠢᠨ ᠬᠡᠷᠡᠭ᠂ ᠠᠮᠤᠷ ᠢ ᠬᠠᠮᠠᠭᠠᠯᠠᠬᠤ ᠬᠡᠷᠡᠭ ᠦᠷᠭᠦᠯᠵᠢᠯᠡᠨ ᠪᠠᠭᠤᠷᠠᠵᠤ᠂ ᠠᠷᠠᠳ ᠣᠯᠠᠨ | ᠤ ᠠᠮᠤᠷ ᠲᠦᠪᠰᠢᠨ ᠤ ᠲᠥᠷᠥᠭᠳᠡᠯ ᠢᠯᠡᠳᠲᠡ ᠨᠡᠮᠡᠭᠳᠡᠪᠡ᠃ ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ᠠᠵᠢᠯᠯᠠᠭ᠎ᠠ ᠡᠮᠬᠢ ᠵᠢᠷᠤᠮ ᠲᠠᠢ ᠠᠬᠢᠵᠤ᠂ | ᠬᠠᠰᠠᠷ ᠰᠣᠶᠣᠯ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠦᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ | ᠰᠠᠭᠤᠷᠢᠨ ᠭᠠᠵᠠᠷ ᠢᠶᠠᠷ ᠲᠣᠭᠲᠠᠭᠠᠪᠠ᠃ ᠠᠶᠤᠯ ᠦᠭᠡᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ ᠬᠠᠮᠠᠭᠠᠯᠠᠬᠤ᠂ ᠢᠳᠡᠭᠡᠨ ᠪᠠ ᠡᠮ ᠤᠨ ᠵᠦᠢᠯ | ᠤᠨ ᠠᠶᠤᠯ ᠦᠭᠡᠶ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠰᠠᠶᠢᠨ ᠰᠠᠶᠢᠬᠠᠨ | ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢ ᠪᠠᠷᠢᠮᠲᠠᠯᠠᠪᠠ᠃ ᠶᠡᠷᠦᠩᠬᠡᠢ | ᠱᠦᠵᠢ ᠰᠢ ᠶᠢᠨ ᠫᠢᠩ ᠤᠨ ᠨᠠᠶᠢᠳᠠᠭᠰᠠᠨ ᠭᠤᠷᠪᠠᠨ ᠵᠦᠢᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠠᠩᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠪᠦᠲᠦᠮᠵᠢᠲᠡᠢ ᠨᠠᠶᠢᠳᠠᠪᠤᠷᠢᠵᠢᠭᠤᠯᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ | ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠵᠦ᠂ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠪᠠ᠃ ︿︿ᠪᠠᠭᠤᠯᠭᠠᠬᠤ ᠬᠠᠮᠢᠶᠠᠷᠬᠤ ᠦᠶᠯᠡᠴᠢᠯᠡᠬᠦ﹀﹀ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ | ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠵᠦᠶᠯᠡᠰ ᠢ 6154 ᠨᠡᠶᠢᠲᠡᠯᠡᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠶᠡᠭᠡ ᠬᠡᠮᠵᠢᠶ᠎ᠡ ᠪᠠᠷ | ᠪᠠᠭᠠᠰᠬᠠᠨ᠂ ᠠᠵᠤ ᠠᠬᠤᠶᠢᠯᠠᠯ ᠢ ᠡᠷᠭᠢᠯᠡᠨ ᠪᠠᠶᠢᠭᠤᠯᠬᠤ ᠳᠤ ︿︿ᠨᠢᠬᠡ ᠡᠳᠦᠷ ᠲᠤ ᠡᠷᠬᠢᠯᠡᠨ ᠲᠠᠭᠤᠰᠬᠠᠬᠤ﹀﹀ ᠶᠢ ᠪᠡᠶᠡᠯᠡᠭᠦᠯᠵᠦ᠂ ᠡᠯ᠎ᠡ ᠲᠥᠷᠥᠯ ᠤᠨ ᠵᠠᠬ᠎ᠠ | ᠳᠡᠯᠭᠡᠭᠦᠷ ᠤᠨ ᠭᠤᠤᠯ ᠴᠣᠭᠴᠠ ᠨᠢ ᠨᠡᠶᠢᠲᠡ 5583 ᠡᠷᠦᠬᠡ ᠰᠢᠨ᠎ᠡ ᠪᠠᠷ ᠨᠡᠮᠡᠭᠳᠡᠪᠡ᠃ ︿︿12345﹀﹀ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠬᠠᠯᠠᠮᠰᠢᠯ ᠤᠲᠠᠰᠤ᠂ ᠴᠢᠬᠤᠯᠠ ᠶᠡᠭᠡ ᠲᠥᠷᠥᠯ ᠵᠦᠶᠯ ᠢ ᠰᠢᠭᠤᠳ ᠨᠡᠪᠲᠡᠷᠡᠭᠦᠯᠵᠦ ᠲᠦᠷᠭᠡᠨ ᠭᠦᠶᠴᠡᠳᠬᠡᠬᠦ ᠵᠡᠷᠭᠡ ᠶᠡᠷᠦᠩᠬᠡᠶᠢᠯᠡᠭᠰᠡᠨ ᠦᠶᠯᠡᠴᠢᠯᠡᠭᠡᠨ ᠤ ᠲᠠᠪᠴᠠᠩ | ᠥᠨᠳᠥᠷ ᠦᠷ᠎ᠡ ᠪᠦᠲᠦᠮᠵᠢᠲᠡᠶ ᠠᠵᠢᠯᠯᠠᠵᠤ᠂ ᠠᠷᠠᠳ ᠲᠤ ᠲᠥᠬᠦᠮ ᠦᠵᠡᠭᠦᠯᠬᠦ 24 ᠴᠠᠭ ᠤᠨ ᠦᠶᠯᠡᠴᠢᠯᠡᠭᠡᠨ ᠤ ᠲᠢᠩᠬᠢᠮ ᠪᠠ ᠦᠨᠳᠦᠰᠦᠨ ᠱᠠᠲᠤᠨ ᠤ ᠠᠷᠠᠳ | ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠢ ᠪᠠᠶᠢᠭᠤᠯᠵᠤ᠂ ᠣᠯᠠᠨ ᠲᠦᠮᠡᠨ ᠤ ᠠᠵᠢᠯ ᠬᠡᠷᠡᠭ ᠭᠦᠶᠴᠡᠳᠬᠡᠬᠦ ᠳᠤ ᠨᠠᠩ ᠲᠥᠬᠦᠮ ᠪᠣᠯᠭᠠᠪᠠ᠃ ᠡᠳ᠋ ᠤᠨ | ᠵᠠᠰᠠᠭ ᠭᠠᠶᠢᠯᠢ᠂ ᠮᠥᠩᠭᠦᠨ ᠭᠦᠢᠯᠭᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠤ᠂ ᠰᠠᠯᠠᠭ᠎ᠠ ᠮᠥᠴᠢᠷ ᠤᠨ ᠲᠥᠰᠦᠪ ᠪᠠ | ᠲᠥᠰᠦᠪ ᠤᠨ ᠭᠦᠢᠴᠡᠳᠬᠡᠯ ᠢ ᠪᠦᠬᠦᠨ ᠢ ᠢᠯᠡ ᠪᠣᠯᠭᠠᠬᠤ ᠶᠢ ᠪᠡᠶᠡᠯᠡᠭᠦᠯᠵᠦ᠂ ︿︿ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ | ᠥᠭᠡᠷᠡᠴᠢᠯᠡᠬᠦ﹀﹀ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠨᠡᠶᠢᠲᠡ 11 . 3 ᠳ᠋ᠦᠩᠰᠢᠭᠤᠷ ᠲᠥᠭᠦᠷᠢᠭ ᠤᠨ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠦᠨ᠂ ᠴᠠᠬᠢᠯᠭᠠᠨ | ᠬᠡᠷᠡᠭᠯᠡᠬᠦ ᠥᠪᠡᠷ ᠤᠨ ᠦᠷᠲᠡᠭ ᠢ 13. 4 ᠳ᠋ᠦᠩᠰᠢᠭᠤᠷ ᠲᠥᠭᠦᠷᠢᠭ ᠠᠷᠪᠢᠯᠠᠵᠤ ᠦᠭᠪᠡ᠃ ᠭᠠᠵᠠᠷ ᠰᠢᠷᠣᠶ ᠪᠠ ᠨᠤᠲᠤᠭ ᠪᠡᠯᠴᠢᠭᠡᠷ ᠤᠨ ᠡᠷᠬᠡ ᠶᠢ ᠨᠤᠲᠠᠯᠠᠨ | ᠳᠠᠭᠠᠭᠠᠴᠢᠯᠠᠭᠤᠯᠬᠤ᠂ ︿︿ᠭᠤᠷᠪᠠᠨ ᠪᠠᠯᠠ ᠶᠢᠨ ᠬᠠᠮᠢᠶᠠᠷᠤᠯᠲᠠ﹀﹀ ᠶᠢᠨ ᠠᠵᠢᠯ ᠢ ᠠᠮᠵᠢᠯᠲᠠ ᠲᠠᠢ ᠪᠡᠶᠡᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ | ᠶᠢ ᠤᠷᠤᠭᠰᠢᠲᠠᠶ ᠬᠡᠷᠡᠭᠵᠢᠭᠦᠯᠦᠨ᠂ 93 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠴᠥᠮ 5 ᠲᠦᠮᠡᠨ ᠲᠥᠭᠦᠷᠢᠭ ᠤᠨ ᠪᠤᠭᠤᠮᠳᠠ ᠶᠢ ᠬᠡᠳᠦᠯᠵᠦ᠂ 10 | ᠲᠦᠮᠡᠨ ᠲᠥᠭᠦᠷᠢᠭ ᠠᠴᠠ ᠲᠡᠭᠡᠭᠰᠢ ᠬᠦᠷᠦᠭᠰᠡᠨ ᠨᠢ 71 ᠪᠤᠯᠵᠤ᠂ 76.3% ᠢ ᠡᠵᠡᠯᠡᠪᠡ᠃ ᠲᠠᠷᠢᠶᠠᠨ ᠭᠠᠵᠠᠷ ᠤᠰᠤᠨ ᠠᠰᠢᠭᠯᠠᠯᠲᠠ᠂ ᠰᠤᠷᠭᠠᠨ ᠬᠥᠮᠦᠵᠢᠯ | ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ ᠵᠡᠷᠭᠡ ᠬᠦᠷᠢᠶᠡᠨ ᠳᠠᠬᠢ ᠥᠭᠡᠷᠡᠴᠢᠯᠡᠯᠲᠡ ᠰᠢᠨ᠎ᠡ ᠠᠬᠢᠯᠲᠠ ᠲᠠᠢ ᠪᠣᠯᠪᠠ᠃ | ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠪᠠᠷᠢᠮᠲᠠᠯᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ | ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ᠂ ᠲᠦᠷᠦ ᠶᠢᠨ | ᠶᠠᠪᠤᠳᠠᠯ ᠤᠨ ᠬᠤᠷᠢᠶᠠᠨ ᠤ ︿︿ᠲᠣᠭᠲᠠᠭᠠᠭᠰᠠᠨ ᠭᠤᠷᠪᠠᠨ ᠳᠦᠷᠢᠮ﹀﹀ ᠢ ᠴᠢᠩᠭ᠎ᠠ ᠬᠡᠷᠡᠭᠵᠢᠭᠦᠯᠵᠦ᠂ ︿︿ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ﹀﹀ ᠰᠤᠷᠤᠯᠴᠠᠯᠭ᠎ᠠ ᠬᠥᠮᠦᠵᠢᠯ ᠪᠠ ︿︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀﹀ ᠭᠤᠣᠯ | ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃ | ᠠᠯᠪᠠᠨ ᠵᠣᠴᠢᠯᠠᠯᠭ᠎ᠠ᠂ ᠠᠯᠪᠠᠨ ᠶᠠᠪᠤᠳᠠᠯ ᠤᠨ ᠲᠡᠷᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠠᠵᠢᠯᠯᠠᠭ᠎ᠠ ᠶᠢ | ᠪᠦᠲᠦᠮᠵᠢᠲᠡᠢ ᠬᠤᠷᠢᠭᠯᠠᠪᠠ᠃ ᠬᠡᠯᠪᠡᠷᠢ ᠶᠢᠨ ᠦᠵᠡᠯ᠂ ᠨᠤᠶᠠᠨᠴᠢ ᠦᠵᠡᠯ ᠢ ᠶᠡᠬᠡᠪᠡᠷ ᠴᠡᠭᠴᠡᠯᠡᠵᠦ᠂ ᠦᠨᠳᠦᠰᠦᠨ ᠱᠠᠳᠣᠨ ᠤ ᠲᠠᠷᠤᠭᠠᠰᠤ ᠢᠯᠡᠳᠳᠡ ᠬᠦᠩᠭᠡᠷᠡᠪᠡ᠃ | ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠲᠠᠪᠤᠨ ᠵᠢᠯ ᠳᠤ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠨᠡᠶᠢᠲᠡ 517 ᠬᠤᠪᠢ ᠭᠦᠢᠴᠡᠳᠬᠡᠨ᠂ ᠭᠦᠢᠴᠡᠳᠬᠡᠨ ᠬᠠᠷᠢᠭᠤᠯᠲᠠ ᠥᠭᠭᠦᠭᠰᠡᠨ ᠨᠣᠷᠮ᠎ᠠ ᠨᠢ 100 % ᠲᠤ ᠬᠦᠷᠪᠡ᠃ ᠬᠠᠤᠯᠢ ᠪᠠᠷ | ᠬᠤᠰᠢᠭᠤ ᠪᠠᠨ ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ︿︿ᠳᠣᠯᠣᠳᠤᠭᠠᠷ ᠲᠠᠪᠤᠨ ᠵᠢᠯ﹀﹀ ᠤᠨ ᠬᠠᠤᠯᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ | ᠪᠡᠶᠡᠯᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠦᠳᠦᠬᠡᠨ ᠪᠠᠶᠢᠭᠤᠯᠤᠯᠳᠠ ᠢᠯᠡᠷᠭᠡᠢ ᠠᠮᠵᠢᠯᠳᠡ ᠤᠯᠪᠠ᠃ ᠬᠢᠨᠠᠨ ᠪᠣᠳᠣᠬᠤ᠂ ᠬᠢᠨᠠᠨ ᠪᠠᠶᠢᠴᠠᠭᠠᠬᠤ | ᠠᠵᠢᠯ ᠤᠨ ᠡᠷᠴᠢᠮ ᠨᠡᠮᠡᠭᠳᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠭᠦᠨᠵᠡᠭᠡᠶ ᠥᠷᠨᠢᠪᠡ᠃ ᠬᠥᠮᠦᠨ | ᠠᠮᠠ ᠬᠢᠭᠡᠳ ᠲᠥᠯᠥᠪᠯᠡᠭᠡᠲᠦ ᠦᠷᠡᠵᠢᠯ᠂ ᠠᠷᠠᠳ ᠤᠨ ᠠᠭᠠᠷ ᠤᠨ ᠰᠡᠷᠭᠡᠶᠢᠯᠡᠯᠲᠡ ᠬᠤᠶᠠᠷ ᠢ ᠬᠦᠷᠢᠶᠡᠯᠡᠬᠦ ᠵᠢᠴᠢ ᠨᠠᠰᠤᠲᠠᠶᠢᠴᠤᠳ᠂ ᠵᠡᠮᠳᠡᠭᠴᠦᠳ᠂ ᠡᠮᠡᠭᠲᠡᠶᠢᠴᠦᠳ | ᠬᠡᠦᠬᠡᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠰᠢᠨ᠎ᠡ ᠠᠮᠵᠢᠯᠲᠠ ᠣᠯᠪᠠ᠃ ᠬᠤᠰᠢᠭᠤᠨ ᠳᠤ ᠰᠠᠭᠤᠭ᠎ᠠ ᠴᠡᠷᠢᠭ ᠠᠩᠭᠢ᠂ ᠡᠯ᠎ᠡ ᠨᠢᠭᠡᠴᠢ᠂ ᠡᠯ᠎ᠡ | ᠠᠵᠤ ᠠᠬᠤᠶᠢᠯᠠᠯ ᠴᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠪᠡ᠃ | ᠲᠥᠯᠥᠭᠡᠯᠡᠭᠴᠢᠳ ᠡ᠂ 2020 ᠣᠨ ᠳᠤ ᠮᠠᠨ ᠤ ᠡᠭᠦᠷᠭᠡᠯᠡᠬᠦ ᠡᠭᠦᠷᠭᠡ ᠨᠡᠩ ᠨᠦᠰᠡᠷ ᠬᠦᠨᠳᠦ ᠪᠠᠶᠢᠵᠤ᠂ ᠭᠠᠷᠭᠠᠭᠰᠠᠨ ᠴᠢᠷᠮᠠᠶᠢᠯᠭ᠎ᠠ ᠴᠤ ᠶᠡᠷᠦ ᠪᠤᠰᠤ | ᠶᠢᠨ ᠶᠤᠮ᠃ ᠪᠢᠳᠡ ︿︿ᠬᠤᠶᠠᠷ ᠲᠠᠯ᠎ᠠ ᠪᠠᠷ ᠠᠳᠬᠤᠵᠤ᠂ ᠬᠤᠶᠠᠷ ᠢ ᠦᠯᠦ ᠰᠠᠭᠠᠲᠠᠭᠠᠬᠤ﹀﹀ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︿︿ᠵᠢᠷᠭᠤᠭ᠎ᠠ ᠶᠢ ᠲᠣᠭᠲᠠᠪᠤᠷᠢᠵᠢᠭᠤᠯᠬᠤ﹀﹀ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ︿︿ᠵᠢᠷᠭᠤᠭ᠎ᠠ ᠶᠢ ᠪᠠᠲᠤᠯᠠᠬᠤ﹀﹀ ᠡᠭᠦᠷᠭᠡ ᠶᠢ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠬᠦᠴᠢᠷᠳᠡᠯᠲᠡᠢ ᠵᠢᠯ ᠳᠤ ᠲᠣᠭᠲᠠᠭᠤᠨ ᠤ ᠳᠤᠮᠳᠠ ᠤᠷᠤᠭᠰᠢᠯᠠᠵᠤ᠂ ᠲᠣᠭᠲᠠᠭᠤᠨ ᠤ ᠳᠤᠮᠳᠠ ᠶᠠᠰᠤ ᠴᠢᠨᠠᠷ ᠢ ᠳᠡᠭᠡᠭᠰᠢᠯᠡᠭᠦᠯᠪᠡ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯᠤᠨ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠦᠬᠦ ᠬᠦᠴᠦᠨ ᠢᠶᠠᠷ | ᠢᠶᠠᠨ ᠠᠷᠭᠠᠴᠠᠭᠠᠪᠠ᠃ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠬᠤ | ᠶᠢ ᠪᠠᠷᠢᠮᠲᠠᠯᠠᠵᠤ᠂ ︿︿ᠢᠲᠡᠭᠡᠯ ᠵᠣᠷᠢᠭ ᠢᠶᠠᠨ ᠪᠠᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ | ᠂ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ﹀﹀ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠥᠬᠦ ᠲᠠᠯ᠎ᠠ ᠪᠠᠷ | ᠴᠢᠩᠭᠠᠳᠬᠠᠵᠤ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ᠂ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ ᠡᠮᠬᠢ | ᠵᠢᠷᠤᠮ ᠲᠠᠢ ᠪᠠᠷ ᠠᠬᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ︿︿ᠨᠢᠭᠡ ᠴᠦ ᠬᠥᠮᠦᠨ | ᠣᠷᠣᠵᠤ ᠢᠷᠡᠭᠰᠡᠨ ᠥᠬᠡᠶ᠂ ᠨᠢᠭᠡ ᠴᠦ ᠬᠥᠮᠦᠨ ᠣᠨᠣᠰᠢᠯᠠᠭ᠎ᠠ ᠥᠬᠡᠶ﹀﹀ ᠪᠠᠶᠢᠬᠤ ᠴᠢᠬᠤᠯᠠ ᠶᠡᠭᠡ ᠦᠷ᠎ᠡ ᠪᠦᠲᠦᠭᠡᠯ ᠤᠯᠪᠠ᠃ ᠭᠤᠤᠯᠳᠠᠯᠭ᠎ᠠ ᠲᠠᠢ ᠬᠥᠮᠦᠰ ᠢ | ᠨᠢᠭᠲᠠ ᠠᠩᠬᠠᠷᠴᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠪᠦᠲᠦᠮᠵᠢᠲᠡᠶ | ᠡᠵᠡᠮᠳᠡᠵᠦ᠂ ᠨᠠᠮᠤᠷ ᠡᠪᠦᠯ ᠤᠨ ᠤᠯᠠᠷᠢᠯ ᠤᠨ ᠪᠥᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠲᠤᠬᠠᠶ ᠶᠢᠨ ᠭᠠᠵᠠᠷ ᠤᠨ ᠬᠤᠷᠠᠯ ᠢ ᠠᠮᠵᠢᠯᠲᠠ | ᠲᠠᠢ ᠡᠷᠭᠢᠯᠡᠪᠡ᠃ ᠠᠲᠠ ᠪᠢ ᠬᠤᠰᠢᠭᠤ ᠠᠷᠠᠳ ᠤᠨ ᠵᠠᠰᠠᠭ ᠣᠨ ᠣᠷᠳᠣᠨ ᠢ ᠲᠥᠯᠥᠭᠡᠯᠡᠵᠦ᠂ ᠡᠷᠡᠯᠬᠡᠭ ᠢᠶᠠᠷ ᠰᠦᠷᠦᠨ ᠤᠷᠤᠭᠰᠢᠯᠠᠵᠤ ᠪᠠᠶᠢᠭ᠎ᠠ ᠡᠮᠴᠢ | ᠰᠣᠪᠢᠯᠠᠭᠴᠢᠳ᠂ ᠡᠳᠦᠷ ᠰᠥᠨᠢ ᠦᠭᠡᠢ ᠲᠡᠮᠡᠴᠡᠵᠦ ᠪᠠᠶᠢᠭ᠎ᠠ ᠨᠠᠮ ᠤᠨ ᠭᠡᠰᠢᠭᠦᠨ ᠺᠠᠳ᠋ᠷ ᠪᠠ ᠦᠨᠳᠦᠰᠦᠨ ᠱᠠᠲᠤᠨ ᠤ ᠠᠵᠢᠯᠲᠠᠳ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠭᠰᠠᠨ ᠪᠦᠬᠦ ᠬᠤᠰᠢᠭᠤᠨ ᠤ ᠠᠷᠠᠳ ᠲᠦᠮᠡᠨ ᠳᠤ ᠡᠷᠬᠢᠮ ᠲᠡᠭᠡᠳᠦ ᠬᠦᠨᠳᠦᠳᠬᠡᠯ ᠢᠶᠠᠨ ᠳᠡᠪᠰᠢᠭᠦᠯᠵᠦ ᠪᠠᠶᠢᠨ᠎ᠠ︕ | ᠨᠢᠭᠡ ᠵᠢᠯ ᠤᠨ ᠲᠤᠷᠰᠢ᠂ ᠪᠢᠳᠡ ᠠᠵᠤ ᠦᠶᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠢᠳᠡᠪᠬᠢᠲᠡᠢ ᠠᠬᠢᠭᠤᠯᠪᠠ᠃ ᠪᠤᠭᠤᠳᠤ ᠬᠤᠳᠠ | ᠶᠢᠨ ᠪᠠᠷᠠᠭᠤᠨ ᠳᠠᠬᠢ ᠠᠵᠤ ᠦᠢᠯᠡᠳᠪᠤᠷᠢ ᠶᠢᠨ ᠲᠤᠭᠤᠷᠢᠭ ᠳᠤ ︿︿ᠨᠢᠭᠡ ᠬᠦᠷᠢᠶᠡᠯᠡᠩ ᠭᠤᠷᠪᠠᠨ ᠲᠣᠭᠤᠷᠢᠭ﹀﹀ ᠤᠨ ᠬᠠᠮᠢᠶᠠᠷᠤᠯᠲᠠ ᠶᠢ ᠪᠡᠶᠡᠯᠡᠭᠦᠯᠵᠦ᠂ 7. 6 | ᠺᠢᠯᠦᠮᠧᠲᠷ ᠪᠣᠬᠢᠷ ᠤᠰᠤᠨ ᠤ ᠬᠤᠭᠤᠯᠠᠢ ᠤᠭᠰᠠᠷᠠᠨ᠂ ᠭᠠᠯ ᠤᠨᠲᠠᠷᠠᠭᠠᠬᠤ ᠣᠨᠴᠠ ᠵᠢᠵᠢᠭᠦᠷ ᠤᠨ ᠥᠷᠲᠡᠭᠡ ᠶᠢ ᠡᠬᠢᠯᠡᠨ ᠪᠠᠶᠢᠭᠤᠯᠵᠤ᠂ ᠢᠳᠡᠭᠡᠨ ᠤ ᠠᠵᠤ | ᠦᠶᠯᠡᠳᠪᠦᠷᠢ ᠶᠢᠨ ᠬᠦᠷᠢᠶᠡᠯᠡᠩ ᠨᠢ ᠴᠠᠬᠢᠯᠭᠠᠨ ᠲᠠᠳᠠᠯᠭ᠎ᠠ ᠶᠢ ᠭᠠᠵᠠᠷ ᠲᠤ ᠣᠷᠣᠭᠤᠯᠬᠤ ᠪᠠ ᠪᠣᠬᠢᠷ ᠤᠰᠤᠨ ᠤ ᠬᠤᠭᠤᠯᠠᠢ ᠶᠢᠨ ᠲᠣᠣᠷ ᠢ ᠬᠤᠯᠪᠣᠬᠤ | ᠢᠨᠵᠧᠨᠧᠷᠢᠩ ᠢ ᠬᠡᠷᠡᠭᠵᠢᠭᠦᠯᠦᠨ᠂ ᠲᠥᠷᠥᠯ ᠵᠦᠢᠯ ᠤᠨ ᠳᠠᠭᠠᠭᠠᠴᠠ ᠶᠢᠨ ᠴᠢᠳᠠᠪᠤᠷᠢ ᠢᠯᠡᠳᠲᠡ ᠴᠢᠩᠭᠠᠷᠠᠪᠠ᠃ ᠺᠠᠢ ᠰᠢᠨ ᠢᠳᠡᠭᠡᠨ ᠤ 2 ᠲᠦᠮᠡᠨ ᠲᠣᠨ ᠤ | ᠬᠠᠭᠤᠷᠤᠭᠰᠠᠨ ᠪᠠᠷᠠᠭ᠎ᠠ ᠶᠢᠨ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠸᠠ ᠲᠦᠸᠧ ᠠᠭᠤᠷᠬᠠᠢ ᠶᠢᠨ ᠦᠢᠯᠡᠰ ᠤᠨ 3000 ᠲᠦᠮᠡᠨ | ᠲᠣᠨ ᠤ ᠲᠡᠮᠦᠷ ᠤᠨ ᠬᠦᠳᠡᠷ ᠪᠣᠯᠪᠠᠰᠤᠷᠠᠭᠤᠯᠬᠤ ᠵᠢᠴᠢ ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ᠂ ᠮᠧᠢ ᠬᠤᠸᠠ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠶᠡᠷᠦᠩᠬᠡᠢᠯᠡᠨ ᠠᠰᠢᠭᠯᠠᠬᠤ ᠵᠡᠷᠭᠡ ᠲᠥᠷᠦᠯ ᠵᠦᠢᠯ ᠢ ᠤᠷᠤᠭᠰᠢᠲᠠᠢ ᠠᠬᠢᠭᠤᠯᠪᠠ᠃ | ᠣᠲᠣ ᠦᠶ᠎ᠡ ᠶᠢᠨ ᠪᠣᠬᠢᠷᠲᠤᠯ ᠥᠬᠡᠶ ᠰᠢᠨ᠎ᠡ ᠬᠡᠯᠪᠡᠷᠢ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠡᠷᠭᠢᠯᠲᠡ ᠶᠢᠨ ᠬᠦᠷᠢᠶᠡᠯᠡᠩ | ᠲᠣᠭᠤᠷᠢᠭ ᠢ ᠲᠥᠯᠥᠪᠵᠢᠭᠦᠯᠦᠨ ᠪᠠᠶᠢᠭᠤᠯᠵᠤ᠂ ᠮᠧᠶ ᠶᠢᠨ ᠤ 600 ᠲᠦᠮᠡᠨ ᠲᠣᠨ ᠤ ᠨᠡᠭᠦᠷᠡᠰᠦ ᠬᠡᠦᠷᠰᠢᠭᠦᠯᠬᠦ᠂ ᠰᠠᠨ ᠴᠢᠶᠠᠩ ᠤᠨ 80 ᠲᠦᠮᠡᠨ ᠲᠣᠨ ᠤ | ᠨᠡᠭᠦᠷᠡᠰᠦᠨ ᠬᠡᠦᠷᠡᠰᠦ ᠵᠡᠷᠭᠡ ᠬᠤᠰᠢᠭᠤ ᠠᠴᠠ ᠪᠠᠶᠢᠭᠤᠯᠤᠭᠰᠠᠨ ᠬᠤᠳᠠ ᠠᠴᠠ ᠪᠠᠶᠢᠭᠤᠯᠤᠭᠰᠠᠨ ᠲᠣᠮᠣ ᠲᠥᠷᠥᠯ ᠵᠦᠶᠯ ᠢ ᠠᠵᠢᠯ ᠡᠬᠢᠯᠡᠭᠦᠯᠵᠦ᠂ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ ᠠᠵᠢᠯ ᠴᠢᠬᠤᠯᠠ ᠶᠡᠭᠡ ᠦᠷ᠎ᠡ ᠪᠦᠲᠦᠭᠡᠯ ᠤᠯᠪᠠ᠃ | ᠨᠢᠭᠡ ᠵᠢᠯ ᠤᠨ ᠲᠤᠷᠰᠢ᠂ ᠪᠢᠳᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠲᠦᠷᠭᠡᠳᠬᠡᠨ ᠬᠡᠷᠡᠭᠵᠢᠭᠦᠯᠪᠡ᠃ 16 | ᠲᠦᠮᠡᠨ ᠮᠦ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠲᠤᠨ ᠭᠤᠣᠯ ᠤᠨ ᠤᠰᠤᠯᠠᠯᠲᠠ ᠶᠢᠨ ᠣᠷᠣᠨ ᠤ | ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ 3 ᠲᠦᠮᠡᠨ ᠮᠦ ᠶᠢ ᠲᠡᠯᠭᠡᠷᠡᠭᠦᠯᠪᠡ᠃ ᠲᠦᠬᠦᠬᠡᠷᠦᠮᠵᠢᠳᠦ ᠲᠠᠷᠢᠶᠠᠯᠠᠩ ᠢ 2000 ᠮᠦ ᠰᠢᠨ᠎ᠡ ᠪᠠᠷ | ᠨᠡᠮᠡᠭᠳᠡᠭᠦᠯᠵᠦ᠂ ᠭᠠᠵᠠᠷ ᠰᠢᠷᠣᠶ ᠶᠢ ᠨᠠᠶᠢᠳᠠᠵᠤ ᠬᠠᠮᠢᠶᠠᠷᠤᠭᠤᠯᠬᠤ ᠠᠵᠢᠯ ᠢ 7 . 5 ᠲᠦᠮᠡᠨ ᠮᠦ ᠦᠷᠨᠢᠬᠦᠯᠪᠡ᠃ ᠰᠡᠬᠡᠭᠡᠲᠡᠨ ᠵᠠᠯᠠᠭᠤᠴᠤᠳ ᠵᠦᠩ ᠰᠢᠩ ᠤᠨ | 20 ᠲᠦᠮᠡᠨ ᠲᠣᠯᠣᠭᠠᠢ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ᠂ ᠰᠢᠩ ᠯᠢᠶᠠᠨ ᠰᠢᠩ ᠯᠧ ᠭᠤᠤ ᠮᠠᠯ ᠠᠵᠤ ᠠᠬᠤᠢ ᠶᠢᠨ 5000 ᠲᠣᠯᠣᠭᠠᠢ ᠰᠠᠭᠠᠯᠢ | ᠶᠢᠨ ᠦᠨᠢᠶ᠎ᠡ ᠲᠡᠵᠢᠭᠡᠨ ᠦᠷᠡᠵᠢᠭᠦᠯᠬᠦ ᠵᠡᠷᠭᠡ ᠲᠥᠷᠥᠯ ᠵᠦᠢᠯ ᠢ ᠠᠯᠬᠤᠮ ᠠᠯᠬᠤᠮ ᠢᠶᠠᠷ ᠪᠠᠶᠢᠭᠤᠯᠪᠠ᠃ ᠠᠯᠠᠭ ᠮᠥᠭᠦ᠂ ᠳᠠᠯᠳᠠᠤ᠂ ᠤᠯᠠᠭᠠᠨ ᠯᠠᠵᠤᠤ᠂ ᠨᠠᠩᠭᠢ | ᠡᠷᠳᠡᠨᠢ ᠰᠢᠰᠢ᠂ ᠲᠠᠤᠯᠠᠶ ᠶᠢᠨ ᠪᠥᠭᠡᠷ᠎ᠡ ᠶᠢᠨ ᠠᠮᠳᠠᠳᠤ ᠲᠥᠮᠥᠰᠥ ᠵᠡᠷᠭᠡ ᠣᠨᠴᠠᠯᠢᠭᠲᠤ ᠠᠵᠤ ᠦᠶᠯᠡᠰ ᠲᠦᠷᠭᠡᠨ ᠬᠥᠭᠵᠢᠪᠡ᠃ ᠦᠪᠡᠷᠡᠳᠡᠭᠡᠨ ᠵᠠᠰᠠᠬᠤ ᠤᠷᠤᠨ ᠤ | ᠲᠠᠷᠢᠶᠠᠯᠠᠩ ᠮᠠᠯ ᠤᠨ ᠠᠰᠢᠭ ᠰᠢᠮ᠎ᠡ ᠶᠢ ᠪᠠᠶᠢᠴᠠᠭᠠᠨ ᠰᠢᠯᠭᠠᠬᠤ ᠪᠠᠶᠢᠭᠤᠯᠤᠮᠵᠢ ᠶᠢᠨ ︿︿ᠬᠤᠣᠰ ᠭᠡᠷᠡᠴᠢᠯᠡᠯ﹀﹀ ᠢ ᠤᠷᠤᠭᠰᠢᠲᠠᠶ ᠥᠩᠭᠡᠷᠡᠭᠦᠯᠪᠡ᠃ ᠮᠤᠨᠠ ᠠᠭᠤᠯᠠ | ᠶᠢᠨ ᠢᠮᠠᠭᠠᠨ ᠮᠢᠬ᠎ᠠ᠂ ᠸᠠ ᠶᠣᠣ ᠲᠠᠨ ᠤ ᠲᠠᠷᠪᠤᠰ ᠵᠡᠷᠭᠡ 7 ᠪᠦᠲᠦᠭᠡᠭᠳᠡᠬᠦᠨ ︿︿ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ﹀﹀ ᠳᠤ ᠰᠣᠩᠭᠤᠭᠳᠠᠨ ᠣᠷᠤᠪᠠ᠃ ᠰᠦᠯᠵᠢᠶᠡᠨ ᠳᠡᠭᠡᠷ᠎ᠡ ᠰᠢᠭᠤᠳ ᠨᠡᠪᠲᠡᠷᠡᠭᠦᠯᠵᠤ ᠪᠠᠷᠠᠭ᠎ᠠ ᠲᠠᠭᠠᠭᠤᠯᠬᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠲᠦᠷᠭᠡᠨ ᠬᠥᠭᠵᠢᠵᠦ᠂ ᠪᠦᠬᠦ ᠣᠯᠣᠰ ᠤᠨ ᠲᠦᠷᠦᠬᠦᠦ ᠪᠦᠯᠦᠭ ︿︿︿ᠢᠨᠲ᠋ᠧᠷ ᠰᠦᠯᠵᠢᠶ᠎ᠡ + ﹀ ᠲᠠᠷᠢᠶᠠᠯᠠᠩ ᠤᠨ | ᠪᠦᠲᠦᠭᠡᠭᠳᠡᠬᠦᠨ ᠢ ᠲᠣᠰᠬᠤᠨ ᠠᠴᠠ ᠬᠤᠲᠠ ᠳᠤ ᠣᠷᠣᠭᠤᠯᠬᠤ ᠢᠨᠵᠧᠨᠧᠷᠢᠩ ᠤᠨ ᠲᠤᠷᠰᠢᠯᠲᠠ ᠶᠢᠨ ᠰᠢᠶᠠᠨ﹀﹀ ᠢᠶᠠᠷ ᠦᠨᠡᠯᠡᠭᠳᠡᠪᠡ᠃ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠢ ᠴᠡᠭᠴᠡᠯᠡᠨ ᠵᠠᠰᠠᠬᠤ ᠣᠷᠣᠭᠤᠯᠤᠯᠲᠠ ᠶᠢᠨ ᠪᠠᠲᠤᠯᠠᠭ᠎ᠠ ᠶᠢᠨ ᠵᠣᠬᠢᠴᠠᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ 8236 ᠲᠦᠮᠡᠨ | ᠲᠥᠭᠦᠷᠢᠭ ᠤᠨ ᠪᠡᠯᠡ ᠣᠷᠣᠭᠤᠯᠵᠤ᠂ 2.4 ᠲᠦᠮᠡᠨ ᠵᠣᠷᠯᠣᠩ ᠢ ᠥᠭᠡᠷᠡᠴᠢᠯᠡᠨ ᠵᠠᠰᠠᠵᠤ᠂ 2.9 ᠲᠦᠮᠡᠨ ᠢᠵᠢ ᠬᠤᠭ ᠨᠣᠪᠰᠢ ᠶᠢ ᠬᠤᠷᠢᠶᠠᠨ ᠴᠤᠭᠯᠠᠭᠤᠯᠵᠤ | ᠰᠢᠯᠵᠢᠭᠦᠯᠦᠨ ᠵᠥᠭᠡᠭᠡᠪᠦᠷᠢᠯᠡᠬᠦ ᠲᠥᠬᠦᠭᠡᠷᠦᠮᠵᠢ ᠶᠢ ᠲᠥᠬᠦᠷᠵᠢᠭᠦᠯᠵᠦ᠂ ︿︿ᠡᠷᠦᠬᠡ ᠴᠡᠪᠡᠷᠯᠡᠬᠦ᠂ ᠬᠤᠷᠰᠢᠶ᠎ᠠ ᠠᠴᠠ ᠰᠢᠯᠵᠢᠭᠦᠯᠦᠨ ᠵᠥᠭᠡᠭᠡᠪᠦᠷᠢᠯᠡᠬᠦ᠂ ᠲᠣᠰᠬᠤᠨ ᠠᠴᠠ | ᠰᠢᠶᠳᠪᠦᠷᠢᠯᠡᠬᠦ﹀﹀ ᠪᠢᠲᠡᠭᠦᠦ ᠲᠤᠭᠳᠠᠯᠴᠠᠭ᠎ᠠ ᠶᠢ ᠪᠦᠷᠢᠯᠳᠦᠭᠦᠯᠵᠦ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠭᠢᠮ ᠠᠴᠠ | ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠢᠨ ᠢ ᠤᠷᠢᠨ ᠭᠤᠷᠪᠠᠨ ᠲᠠᠯ᠎ᠠ ᠶᠢᠨ ᠦᠨᠡᠯᠡᠯᠲᠡ ᠬᠢᠵᠦ᠂ ᠬᠢᠷᠢ ᠪᠦᠲᠦᠮᠵᠢ ᠨᠢ ᠪᠥᠬᠦ ᠬᠤᠲᠠ ᠶᠢᠨ ᠡᠮᠦᠨ᠎ᠡ | ᠡᠩᠨᠡᠭᠡᠨ ᠳᠤ ᠣᠷᠣᠪᠠ᠃ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠶᠢᠨ ︿︿ᠨᠠᠮ ᠤᠨ ᠪᠠᠶᠢᠭᠤᠯᠤᠯᠳᠠ ᠶᠢ ᠴᠢᠩᠭᠠᠳᠬᠠᠵᠤ᠂ | ᠬᠦᠭᠵᠢᠬᠦᠯᠦᠨ ᠮᠠᠨᠳᠤᠭᠤᠯᠬᠤ ᠶᠢ ᠠᠬᠢᠭᠤᠯᠬᠤ﹀﹀ ᠮᠦᠷᠦᠶᠢᠴᠡᠨ ᠤᠳᠤᠨ ᠲᠡᠰ ᠢ ᠲᠡᠮᠡᠴᠡᠬᠦ ᠠᠵᠢᠯᠯᠠᠭ᠎ᠠ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠲᠤᠤᠷᠴᠢᠯᠠᠭᠰᠠᠨ | ︿︿ᠪᠢᠴᠢᠯ ᠵᠠᠰᠠᠯᠳᠠ﹀﹀ ᠤᠨ ᠵᠠᠭᠪᠤᠷ ᠢ ᠬᠦᠨᠵᠡᠬᠡᠢ ᠠᠬᠢᠭᠤᠯᠵᠤ᠂ ᠲᠠᠷᠢᠶᠠᠯᠠᠬᠤ ᠮᠠᠯᠵᠢᠬᠤ ᠤᠷᠤᠨ ᠤ ᠦᠨᠳᠦᠰᠦᠨ ᠱᠠᠳᠣᠨ ᠤ ᠨᠠᠮ ᠤᠨ ᠵᠤᠬᠢᠶᠠᠨ ᠪᠠᠶᠢᠭᠤᠯᠤᠯᠳᠠ | ᠶᠢᠨ ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠳᠤ ᠰᠡᠢᠳᠪᠦᠷᠢᠳᠦ ᠢᠯᠡᠯᠳᠡ ᠤᠯᠬᠤ᠂ ᠰᠠᠭᠤᠷᠢᠰᠢᠬᠤ ᠳᠤ ᠲᠤᠬᠢᠷᠠᠮᠵᠢᠳᠠᠢ ᠤᠷᠴᠢᠨ ᠲᠤᠭᠤᠷᠢᠨ ᠢ | ᠰᠠᠶᠢᠵᠢᠷᠠᠭᠤᠯᠬᠤ᠂ ᠵᠦᠷᠢᠴᠡᠯ ᠮᠦᠷᠭᠦᠯᠳᠦᠬᠡᠨ ᠢ ᠦᠬᠡᠶᠢᠰᠬᠡᠬᠦ᠂ ᠬᠦᠳᠡᠭᠡ ᠨᠤᠳᠤᠭ ᠤᠨ ᠪᠤᠯᠪᠠᠰᠤᠨ ᠢ ᠲᠡᠭᠡᠭᠰᠢᠯᠡᠭᠦᠯᠬᠦ ᠵᠡᠷᠭᠡ ᠲᠠᠯ᠎ᠠ ᠪᠠᠷ ᠢᠳᠡᠪᠬᠢ ᠦᠢᠯᠡᠳᠦᠯ | ᠭᠠᠷᠭᠠᠵᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠴᠦᠨ ᠪᠦᠬᠦᠢ ᠪᠠᠳᠣᠯᠠᠭ᠎ᠠ ᠶᠢ ᠬᠠᠩᠭᠠᠪᠠ᠃ | ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠪᠡ᠃ 7.8 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠵᠤ᠂ ᠪᠣᠷᠣᠭᠠᠨ ᠤ ᠪᠤᠵᠠᠷ ᠤᠰᠤ᠂ ᠳᠤᠯᠠᠭᠠᠯᠠᠭ᠎ᠠ ᠬᠠᠩᠭᠠᠬᠤ ᠵᠡᠷᠭᠡ ᠡᠯ᠎ᠡ ᠲᠥᠷᠥᠯ ᠤᠨ ᠬᠤᠭᠤᠯᠠᠢ ᠤᠨ ᠲᠣᠣᠷ ᠢ 10. 7 | ᠺᠢᠯᠦᠮᠧᠲᠷ ᠬᠦᠴᠦ ᠤᠷᠤᠭᠤᠯᠤᠨ ᠵᠠᠰᠠᠨ ᠰᠠᠶᠢᠵᠢᠷᠠᠭᠤᠯᠵᠤ᠂ ᠳᠤᠯᠠᠭᠠᠯᠠᠭ᠎ᠠ ᠰᠣᠯᠢᠬᠤ ᠥᠷᠲᠡᠭᠡ 4 ᠶᠢ ᠰᠢᠨ᠎ᠡ ᠪᠠᠷ ᠪᠠᠶᠢᠭᠤᠯᠤᠨ᠂ ᠬᠤᠲᠠ ᠪᠠᠯᠭᠠᠰᠤᠨ ᠤ ᠪᠤᠵᠠᠷ | ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠪᠦᠲᠦᠮᠵᠢᠲᠡᠢ ᠨᠥᠬᠦᠪᠥᠷᠢᠯᠡᠪᠡ᠃ ᠬᠤᠩ ᠴᠢ ᠬᠤᠸᠠ ᠶᠤᠸᠠᠨ᠂ ᠸᠧᠢ ᠵᠢᠶᠠᠩ ᠰᠠᠭᠤᠭᠠᠯᠢ ᠲᠣᠭᠤᠷᠢᠭ ᠵᠡᠷᠭᠡ 48 | ᠬᠠᠭᠤᠴᠢᠨ ᠰᠠᠭᠤᠭᠠᠯᠢ ᠲᠣᠭᠤᠷᠢᠭ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ 1162 ᠡᠷᠦᠬᠡ ᠶᠢᠨ ᠢᠵᠢ ᠪᠦᠷᠢᠨ ᠪᠤᠰᠤ ᠣᠷᠣᠨ ᠰᠠᠭᠤᠴᠠ | ᠶᠢᠨ ᠥᠭᠡᠷᠡᠴᠢᠯᠡᠯᠲᠡ ᠶᠢ ᠬᠡᠷᠡᠭᠵᠢᠭᠦᠯᠪᠡ᠃ ᠪᠤᠭᠤᠲᠤ ᠠᠴᠠ ᠢᠷᠭᠠᠶ ᠬᠦᠷᠬᠦ ᠲᠦᠷᠭᠡᠨ ᠤ ᠲᠡᠮᠦᠷ ᠵᠠᠮ ᠤᠨ ᠲᠠᠲᠠᠪᠤᠷᠢᠯᠠᠨ ᠨᠤᠷᠠᠭᠠᠬᠤ ᠠᠵᠢᠯ ᠢ ᠦᠨᠳᠦᠰᠦᠨ ᠳᠡᠭᠡᠨ | ᠪᠡᠶᠡᠯᠡᠭᠦᠯᠵᠦ᠂ 127 ᠡᠷᠦᠬᠡ ᠣᠯᠠᠨ ᠲᠦᠮᠡᠨ ᠢ ᠣᠨᠳᠣᠤ ᠭᠠᠵᠠᠷ ᠲᠤ ᠲᠥᠪᠬᠢᠨᠡᠭᠦᠯᠬᠦ ᠶᠢ ᠪᠡᠶᠡᠯᠡᠭᠦᠯᠪᠡ᠃ 15 ᠰᠠᠭᠤᠭᠠᠯᠢ ᠠᠷᠠᠳ ᠤᠨ ᠲᠣᠭᠤᠷᠢᠭ ᠤᠨ | 2913 ᠡᠷᠦᠬᠡ ᠣᠯᠠᠨ ᠲᠦᠮᠡᠨ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠦᠨᠡᠮᠯᠡᠯ ᠣᠯᠭᠤᠬᠤ᠂ ᠣᠯᠠᠨ ᠲᠦᠮᠡᠨ ᠢ ᠣᠯᠠᠨ ᠵᠢᠯ | ᠭᠠᠴᠢᠭᠳᠠᠭᠤᠯᠵᠤ ᠪᠠᠶᠢᠭᠰᠠᠨ ᠦᠨᠡᠮᠯᠡᠯ ᠠᠪᠬᠤ ᠳᠤ ᠬᠦᠴᠢᠷᠲᠡᠶ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠪᠡ᠃ | ᠨᠢᠭᠡ ᠵᠢᠯ ᠤᠨ ᠲᠤᠷᠰᠢ᠂ ᠪᠢᠳᠡ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠪᠠ᠃ ᠶᠠᠳᠠᠭᠤ ᠶᠢ | ᠲᠡᠳᠬᠦᠬᠦ ᠪᠡᠯᠡ ᠮᠥᠩᠭᠦ 1 . 3 ᠳ᠋ᠦᠩᠰᠢᠭᠤᠷ ᠲᠥᠭᠦᠷᠢᠭ ᠣᠷᠣᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ 34 ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠲᠥᠷᠦᠯ ᠵᠦᠢᠯ᠂ 63 ᠨᠡᠶᠢᠳᠡ ᠶᠢᠨ ᠠᠰᠠᠷᠠᠮᠵᠢ ᠶᠢᠨ ᠰᠠᠭᠤᠷᠢ ᠲᠥᠬᠦᠭᠡᠷᠦᠮᠵᠢ ᠶᠢᠨ ᠲᠥᠷᠦᠯ ᠵᠦᠢᠯ ᠢ ᠬᠡᠷᠡᠭᠵᠢᠭᠦᠯᠵᠦ᠂ ︿︿ᠶᠠᠳᠠᠭᠤ ᠶᠢ | ᠰᠡᠷᠭᠡᠢᠯᠡᠬᠦ ᠪᠠᠲᠤᠯᠠᠭ᠎ᠠ﹀﹀ ᠶᠢᠨ ᠠᠷᠭ᠎ᠠ ᠬᠡᠮᠵᠢᠶ᠎ᠡ ᠶᠢ ᠨᠡᠶᠢᠳᠡᠮ ᠨᠠᠶᠢᠳᠠᠪᠣᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠦᠷᠭᠦᠯᠵᠢᠯᠡᠨ | ᠳᠡᠭᠡᠭᠰᠢᠯᠡᠪᠡ᠃ ᠳᠡᠭᠡᠳᠦ ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠳᠠᠬᠢᠨᠲᠠ | ᠰᠢᠨ᠎ᠡ ᠲᠡᠮᠳᠡᠭᠯᠡᠯ ᠢ ᠡᠭᠦᠳᠴᠦ᠂ ᠤᠯᠤᠰ ᠤᠨ ᠨᠡᠶᠢᠳᠡᠮ ᠬᠡᠷᠡᠭᠯᠡᠬᠦ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠤᠷᠤᠭᠰᠢᠲᠠᠶ ᠶᠠᠪᠤᠭᠳᠠᠪᠠ᠃ ᠨᠡᠶᠢᠭᠡᠮ ᠤᠨ ᠳᠠᠭᠠᠳᠬᠠᠯ | ᠤᠨ ᠰᠦᠶᠳᠬᠡᠯ ᠢ ᠪᠠᠭᠤᠷᠠᠭᠤᠯᠬᠤ ᠪᠠ ᠱᠠᠲᠤᠴᠢ ᠴᠢᠨᠠᠷᠲᠠᠶ ᠪᠠᠷ ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ 219 ᠠᠵᠤ | ᠠᠬᠤᠶᠢᠯᠠᠯ ᠳᠤ 5533 ᠲᠦᠮᠡᠨ ᠲᠥᠭᠦᠷᠢᠭ ᠤᠨ ᠨᠠᠰᠤᠵᠢᠯ ᠤᠨ ᠳᠠᠭᠠᠳᠬᠠᠯ ᠤᠨ ᠰᠦᠶᠳᠬᠡᠯ ᠢ ᠬᠠᠰᠤᠵᠤ ᠬᠡᠯᠳᠦᠷᠢᠬᠦᠯᠵᠦ᠂ 318 ᠠᠵᠤ ᠠᠬᠤᠶᠢᠯᠠᠯ ᠳᠤ | ᠠᠵᠢᠯ ᠠᠴᠠ ᠪᠤᠯᠤᠭᠰᠠᠨ ᠬᠡᠮᠳᠦᠯ ᠤᠨ ᠲᠠᠭᠠᠳᠬᠠᠯ ᠢ 244 ᠲᠦᠮᠡᠨ ᠲᠦᠬᠦᠷᠢᠭ ᠬᠠᠰᠤᠵᠤ ᠬᠡᠯᠳᠦᠷᠢᠬᠦᠯᠪᠡ᠃ ᠡᠮᠨᠡᠯᠭᠡ ᠶᠢᠨ ᠳᠠᠭᠠᠳᠬᠠᠯ ᠤᠨ ᠪᠠᠴᠢᠮ ᠪᠠᠶᠢᠳᠠᠯ ᠢ | ᠠᠷᠭᠠᠴᠠᠬᠤ ᠪᠠᠲᠤᠯᠠᠭ᠎ᠠ ᠶᠢᠨ ᠵᠤᠬᠢᠴᠠᠮᠵᠢ ᠶᠢ ᠪᠠᠶᠢᠭᠤᠯᠤᠨ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠢᠳᠡᠪᠬᠢᠲᠡᠶ ᠪᠠᠷ | ᠠᠷᠭᠠᠴᠠᠪᠠ᠃ ︿︿ᠬᠢᠵᠢᠭ ᠲᠠᠢ ᠲᠡᠮᠡᠴᠡᠬᠦ﹀﹀ ᠪᠠᠯᠠ ᠮᠥᠩᠭᠦ ᠶᠢ 3884 ᠲᠦᠮᠡᠨ ᠲᠥᠭᠦᠷᠢᠭ ᠣᠷᠣᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ | ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ᠃ ᠡᠬᠡ ᠨᠢᠯᠬᠠᠰ ᠤᠨ ᠡᠷᠡᠭᠦᠯᠵᠢᠯ ᠤᠨ ᠦᠶᠯᠡᠴᠢᠯᠡᠭᠡᠨ ᠤ ᠲᠥᠪ ᠤᠨ ᠲᠥᠷᠥᠯ ᠵᠦᠶᠯ | ᠤᠨ ᠭᠤᠤᠯ ᠴᠣᠭᠴᠠ ᠶᠢᠨ ᠪᠠᠷᠢᠯᠭ᠎ᠠ ᠶᠢᠨ ᠤᠷᠤᠢ ᠢ ᠨᠢ ᠠᠳᠠᠭᠠᠷᠯᠠᠵᠠᠢ᠃ ᠪᠦᠬᠦ ᠬᠤᠲᠠ ᠶᠢᠨ ᠠᠩᠬᠠᠳᠠᠭᠴᠢ ᠨᠠᠶᠢᠳᠠᠨ ᠬᠥᠮᠦᠵᠢᠭᠦᠯᠬᠦ ᠪᠠᠢᠭᠤᠯᠤᠮᠵᠢ ᠶᠢᠨ | ᠲᠠᠩᠰᠠᠯᠠᠯᠳᠠ ᠶᠢ ᠪᠡᠶᠡᠯᠡᠬᠦᠯᠵᠦ᠂ ᠠᠵᠠᠲᠠᠢ ᠡᠮᠴᠢᠯᠡᠬᠦ ᠪᠠ ᠰᠤᠪᠢᠯᠠᠬᠤ ᠶᠢ ᠤᠶᠠᠯᠳᠤᠭᠤᠯᠤᠭᠰᠠᠨ ᠲᠥᠪ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠵᠤ᠂ ᠰᠦᠩ | ᠾᠧ ᠨᠠᠰᠤᠲᠠᠨ ᠢ ᠠᠰᠠᠷᠠᠬᠤ ᠬᠦᠷᠢᠶᠡᠯᠡᠩ ᠪᠦᠬᠦ ᠣᠷᠣᠨ ᠤ ᠪᠣᠯᠪᠠᠰᠤᠨ ᠨᠠᠰᠤᠲᠠᠨ ᠢ ᠠᠰᠠᠷᠠᠬᠤ ᠬᠦᠷᠢᠶᠡᠯᠡᠩ ᠢᠶᠠᠷ ᠦᠨᠡᠯᠡᠭᠳᠡᠪᠡ᠃ ᠴᠢᠨ ᠬᠠᠨ ᠤᠯᠤᠰ ᠤᠨ | ᠤᠷᠳᠤ ᠴᠠᠭᠠᠨ ᠬᠡᠷᠡᠮ ᠤᠨ ᠭᠤᠸᠠᠩ ᠱᠧᠨ ᠯᠦᠩ ᠳᠠᠬᠢ ᠬᠡᠰᠡᠭ ᠨᠢ ᠤᠯᠤᠰ ᠤᠨ ᠲᠡᠰ ᠤᠨ ᠤᠷᠳᠤ ᠴᠠᠭᠠᠨ ᠬᠡᠷᠡᠮ ᠤᠨ ᠭᠤᠤᠯᠳᠠᠯᠠᠭᠠᠳᠠᠢ ᠬᠠᠮᠠᠭᠠᠯᠠᠯᠲᠠ ᠶᠢᠨ | ᠴᠢᠬᠤᠯᠠ ᠬᠡᠰᠡᠭ ᠢᠶᠠᠷ ᠵᠢᠭᠰᠠᠭᠠᠭᠳᠠᠪᠠ᠃ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠤᠨ ᠤᠯᠠᠨ ᠤᠯᠤᠰ ᠤᠨ ᠮᠤᠷᠢᠨ ᠮᠡᠷᠭᠡᠵᠢᠯ ᠤᠨ ᠨᠠᠶᠢᠷ᠂ | ᠬᠤᠶᠠᠳᠤᠭᠠᠷ ᠬᠤᠭᠤᠴᠠᠭᠠᠨ ᠤ ᠤᠯᠢᠶᠠᠰᠤ ᠨᠠᠭᠤᠷ ᠢ ᠲᠣᠭᠤᠷᠢᠭᠰᠠᠨ ᠳᠤᠭᠤᠢ ᠲᠡᠷᠭᠡᠨ ᠤ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠠᠮᠵᠢᠯᠳᠠᠳᠠᠢ | ᠡᠷᠬᠢᠯᠡᠪᠡ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ | ᠲᠤᠬᠠᠢ ᠳᠤᠨᠢ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠠᠲᠤᠯᠠᠪᠠ᠃ | ᠲᠥᠯᠥᠭᠡᠯᠡᠭᠴᠢᠳ ᠡ᠂ ︿︿ᠠᠷᠪᠠᠨ ᠭᠤᠷᠪᠠᠳᠤᠭᠠᠷ ᠲᠠᠪᠤᠨ ᠵᠢᠯ﹀﹀ ᠤᠨ ᠬᠤᠭᠤᠴᠠᠭ᠎ᠠ ᠪᠣᠯ ᠮᠠᠨ ᠤ ᠬᠤᠰᠢᠭᠤᠨ ᠤ ᠠᠵᠤ ᠠᠬᠤᠢ ᠶᠢᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ᠂ ᠬᠤᠲᠠ ᠬᠥᠳᠡᠭᠡ ᠶᠢᠨ ᠳᠦᠷᠢ ᠲᠥᠷᠬᠦ ᠢᠯᠡᠳᠲᠡ ᠬᠤᠪᠢᠷᠠᠬᠤ᠂ ᠨᠡᠶᠢᠭᠡᠮ ᠤᠨ ᠵᠠᠰᠠᠯᠲᠠ ᠪᠦᠬᠦ ᠲᠠᠯ᠎ᠠ ᠪᠠᠷ ᠴᠢᠩᠭᠠᠷᠠᠬᠤ᠂ ᠠᠷᠠᠳ | ᠣᠯᠠᠨ ᠳᠤ ᠬᠠᠮᠤᠭ ᠣᠯᠠᠨ ᠠᠰᠢᠭ ᠬᠦᠷᠲᠡᠭᠡᠬᠦ ᠬᠤᠭᠤᠴᠠᠭ᠎ᠠ ᠪᠣᠯᠤᠨ᠎ᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠣᠯᠠᠨ ᠲᠦᠮᠡᠨ ᠪᠦᠬᠦ ᠤᠯᠤᠰ ᠤᠨ ᠠᠷᠠᠳ | ᠲᠦᠮᠡᠨ ᠲᠠᠢ ᠬᠠᠮᠲᠤᠪᠠᠷ ᠶᠠᠭ ᠰᠠᠶᠢᠬᠠᠨ ᠴᠢᠨᠡᠭᠡᠯᠢᠭ ᠨᠡᠶᠢᠭᠡᠮ ᠳᠤ ᠠᠯᠬᠤᠨ ᠤᠷᠤᠮᠠᠷ ᠪᠠᠶᠢᠨ᠎ᠠ ᠃ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠨᠥᠬᠦᠷ | ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠶᠯ ᠤᠨ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠤ ᠦᠷ᠎ᠡ ᠳ᠋ᠦᠩ ᠶᠤᠮ᠂ ᠮᠦᠨᠴᠦ ᠬᠤᠰᠢᠭᠤ ᠨᠠᠮ ᠤᠨ ᠬᠤᠷᠢᠶ᠎ᠠ ᠨᠢ | ᠬᠤᠯᠠ ᠶᠢ ᠬᠠᠷᠠᠨ ᠠᠯᠤᠰ ᠢ ᠪᠡᠷᠡᠯᠡᠵᠦ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠭᠰᠡᠨ ᠤ ᠦᠷ᠎ᠡ ᠳ᠋ᠦᠩ ᠶᠤᠮ᠂ ᠮᠦᠨᠴᠦ ᠬᠤᠰᠢᠭᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ ᠬᠦᠴᠦᠲᠡᠶ ᠳᠡᠮᠵᠢᠭᠰᠡᠨ ᠤ ᠦᠷ᠎ᠡ ᠳ᠋ᠦᠩ ᠶᠤᠮ᠂ | ᠮᠦᠨᠴᠦ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ | ᠤ ᠦᠷ᠎ᠡ ᠳ᠋ᠦᠩ ᠶᠤᠮ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ | ᠲᠦᠮᠡᠨ᠂ ᠠᠷᠠᠳ ᠤᠨ ᠲᠥᠯᠥᠭᠡᠯᠡᠭᠴᠢᠳ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠤᠪᠢ ᠨᠡᠮᠡᠷᠢ ᠪᠠᠨ ᠦᠵᠡᠭᠦᠯᠦᠭᠰᠡᠨ ᠪᠤᠢ | ᠪᠦᠬᠦᠢ ᠨᠥᠬᠦᠳ᠂ ᠨᠠᠶᠢᠵᠠ ᠨᠠᠷ ᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠪᠢᠳᠡ ᠪᠠᠰᠠ ᠵᠠᠰᠠᠭ ᠤᠨ ᠣᠷᠳᠣᠨ ᠤ ᠠᠵᠢᠯ ᠨᠢ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠱᠠᠭᠠᠷᠳᠠᠯᠭ᠎ᠠ ᠪᠣᠯᠤᠨ ᠪᠥᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠵᠣᠬᠢᠬᠤ ᠵᠥᠷᠢᠶ᠎ᠡ ᠲᠠᠢ ᠪᠠᠶᠢᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠵᠠᠮ ᠳᠡᠭᠡᠷ᠎ᠡ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠳᠤ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠤᠯᠪᠠ᠃ | ᠭᠤᠣᠯ ᠢᠯᠡᠷᠡᠯ ᠨᠢ᠄ ᠨᠢᠭᠡ ᠳᠤ ᠬᠥᠭᠵᠢᠯᠲᠡ ᠶᠢᠨ ᠣᠷᠴᠢᠨ ᠲᠣᠭᠤᠷᠢᠨ ᠪᠠᠰᠠ ᠲᠣᠭᠲᠠᠭᠤᠨ ᠪᠤᠰᠤ ᠪᠠᠶᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠨᠥᠯᠥᠭᠡ ᠪᠠᠰᠠ ᠦᠷᠭᠦᠯᠵᠢᠯᠡᠵᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠡᠷᠭᠢᠯᠲᠡ | ᠶᠢ ᠪᠠᠲᠤᠯᠠᠬᠤ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠠᠶᠢᠨ᠎ᠠ︔ ᠤᠰᠤ ᠬᠡᠷᠡᠭᠯᠡᠬᠦ᠂ ᠡᠨᠧᠷᠭᠢ ᠶᠢᠨ ᠬᠤᠷᠣᠭᠳᠠᠭᠤᠯᠤᠯ᠂ ᠣᠷᠴᠢᠨ ᠠᠬᠤᠢ ᠶᠢᠨ ᠬᠠᠮᠠᠭᠠᠯᠠᠯᠲᠠ | ᠵᠡᠷᠭᠡ ᠬᠢᠵᠠᠭᠠᠷᠯᠠᠬᠤ ᠴᠢᠨᠠᠷᠲᠠᠢ ᠭᠦᠢᠴᠡᠳᠬᠡᠬᠦ ᠲᠤᠭ᠎ᠠ ᠡᠳᠦᠷ ᠢᠷᠡᠬᠦᠶ᠎ᠡ ᠪᠠᠭᠠᠰᠴᠤ᠂ ᠲᠤᠮᠤ ᠲᠦᠷᠦᠯ ᠵᠦᠢᠯᠡᠰ ᠢ ᠳᠠᠭᠠᠭᠠᠨ ᠠᠪᠬᠤ ᠰᠠᠭᠤᠷᠢ ᠨᠥᠬᠦᠴᠡᠯ ᠢ ᠪᠠᠰᠠ | ᠴᠢᠩᠭᠠᠳᠬᠠᠬᠤ ᠴᠢᠬᠤᠯᠠᠲᠠᠢ ᠪᠠᠶᠢᠨ᠎ᠠ᠃ ᠬᠤᠶᠠᠷ ᠲᠤ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠥᠨᠳᠥᠷ ᠪᠢᠰᠢ ᠪᠠᠶᠢᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠲᠤᠯᠤᠭᠠᠶᠢᠯᠠᠭᠴᠢ ᠠᠵᠤ ᠠᠬᠤᠶᠢᠯᠠᠯ ᠴᠥᠭᠡᠨ᠂ ᠳᠠᠶᠢᠴᠢᠯᠠᠬᠤ ᠴᠢᠳᠠᠪᠤᠷᠢ ᠬᠢᠵᠠᠭᠠᠷ ᠲᠠᠢ᠂ ᠨᠠᠷᠢᠯᠢᠭ ᠭᠦᠨᠵᠡᠭᠡᠶ | ᠪᠤᠯᠪᠠᠰᠣᠷᠠᠭᠤᠯᠬᠤ ᠪᠠᠷ ᠬᠦᠷᠦᠯᠴᠡᠬᠦ ᠦᠭᠡᠶ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢ ᠬᠢᠭᠡᠳ ᠲᠦᠷᠦᠯ ᠲᠡᠮᠳᠡᠭ ᠤᠨ ᠨᠥᠯᠥᠭᠡᠯᠡᠯ ᠢᠶᠠᠷ ᠴᠢᠩᠭ᠎ᠠ ᠪᠤᠰᠤ | ᠪᠠᠶᠢᠨ᠎ᠠ︔ ᠵᠠᠷᠢᠮ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠲᠡᠢ᠂ ᠭᠤᠣᠯᠯᠠᠬᠤ ᠥᠷᠢᠰᠦᠯᠳᠦᠬᠦ ᠬᠦᠴᠦᠨ ᠴᠢᠩᠭ᠎ᠠ | ᠪᠤᠰᠤ ᠪᠠᠶᠢᠵᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠤᠯᠭᠠᠮ᠎ᠠ ᠱᠠᠭᠠᠷᠳᠠᠵᠤ ᠪᠤᠢ︔ ᠭᠤᠷᠪᠠᠳᠤᠭᠠᠷ ᠠᠵᠤ ᠦᠶᠯᠡᠰ ᠤᠨ ᠬᠥᠭᠵᠢᠯᠲᠡ ᠶᠢᠨ ᠶᠠᠰᠤ | ᠴᠢᠨᠠᠷ ᠢ ᠳᠡᠭᠡᠭᠰᠢᠯᠡᠭᠦᠯᠬᠦ ᠴᠢᠬᠤᠯᠠᠲᠠᠶ᠂ ᠨᠥᠯᠥᠭᠡᠯᠡᠬᠦ ᠬᠦᠴᠦᠨ ᠪᠥᠬᠦᠶ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠳᠤᠲᠠᠮᠠᠭ᠂ ᠡᠯᠧᠺᠲᠷᠣᠨ ᠬᠤᠳᠠᠯᠳᠤᠭᠠᠨ ᠤ | ᠠᠵᠤ ᠦᠶᠯᠡᠰ ᠤᠨ ᠬᠡᠪᠴᠢᠶ᠎ᠡ ᠶᠡᠭᠡ ᠪᠢᠰᠢ᠂ ᠬᠥᠭᠵᠢᠯᠲᠡ ᠶᠢᠨ ᠳᠠᠯᠳᠠ ᠬᠦᠴᠦᠨ ᠢ ᠪᠠᠰᠠ ᠭᠦᠶᠴᠡᠳ ᠠᠭᠤᠳᠠᠯᠬᠤ ᠴᠢᠬᠤᠯᠠᠲᠠᠶ ᠪᠠᠶᠢᠨ᠎ᠠ᠃ ᠭᠤᠷᠪᠠ ᠳᠤ ᠠᠷᠠᠳ | ᠤᠨ ᠠᠮᠢᠳᠤᠷᠠᠯ ᠤᠨ ᠬᠦᠷᠢᠶᠡᠨ ᠳᠠᠬᠢ ᠪᠠᠲᠤᠯᠠᠭ᠎ᠠ ᠬᠦᠷᠦᠯᠴᠡᠬᠦ ᠥᠬᠡᠶ ᠪᠠᠶᠢᠨ᠎ᠠ᠃ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠪᠠᠰᠠ ᠲᠡᠭᠦᠯᠳᠡᠷᠵᠢᠭᠦᠯᠬᠦ | ᠴᠢᠬᠤᠯᠠᠲᠠᠢ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡ ᠲᠡᠩᠴᠡᠭᠦᠷᠢ ᠦᠭᠡᠢ ᠪᠦᠬᠡᠳ ᠪᠦᠬᠦ ᠲᠠᠯ᠎ᠠ ᠶᠢᠨ ᠪᠢᠰᠢ ᠪᠠᠶᠢᠨ᠎ᠠ︔ ᠴᠢᠨᠠᠷ ᠰᠠᠶᠢᠲᠠᠶ ᠰᠤᠷᠭᠠᠨ | ᠬᠥᠮᠦᠵᠢᠯ ᠤᠨ ᠡᠬᠢ ᠪᠠᠶᠠᠯᠢᠭ ᠬᠦᠷᠦᠯᠴᠡᠬᠦ ᠥᠬᠡᠶ᠂ ᠠᠯᠪᠠᠨ ᠵᠢᠷᠤᠮ ᠤᠨ ᠰᠤᠷᠭᠠᠨ ᠬᠥᠮᠦᠵᠢᠯ ᠨᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠬᠤ ᠲᠠᠯ᠎ᠠ ᠪᠠᠷ | ᠪᠠᠰᠠ ᠵᠥᠷᠢᠶ᠎ᠡ ᠲᠠᠢ ᠪᠠᠶᠢᠨ᠎ᠠ︔ ᠡᠮᠴᠢᠯᠡᠭᠡ᠂ ᠨᠠᠰᠤᠵᠢᠯ ᠤᠨ ᠠᠰᠠᠷᠠᠮᠵᠢ ᠵᠡᠷᠭᠡ ᠦᠶᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠴᠢᠬᠤᠯᠠᠲᠠᠶ ᠪᠠᠶᠢᠨ᠎ᠠ︔ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠣᠷᠴᠢᠨ ᠲᠣᠭᠤᠷᠢᠨ ᠮᠥᠨ ᠬᠦ ᠬᠡᠪᠡᠷᠡᠭ ᠪᠠᠶᠢᠵᠤ᠂ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠳᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠬᠤ ᠴᠢᠬᠤᠯᠠᠲᠠᠢ ᠪᠠᠶᠢᠨ᠎ᠠ᠃ ᠲᠦᠷᠪᠡ ᠳᠤ ᠡᠳ᠋ ᠤᠨ ᠵᠠᠰᠠᠭ ᠤᠨ ᠣᠷᠣᠯᠭ᠎ᠠ | ᠵᠠᠷᠤᠯᠭ᠎ᠠ ᠶᠢᠨ ᠵᠥᠷᠢᠴᠡᠯ ᠲᠤᠪᠤᠶᠢᠮ᠎ᠠ ᠪᠠᠶᠢᠨ᠎ᠠ᠃ ᠤᠯᠠᠮᠵᠢᠯᠠᠯᠲᠤ ᠭᠠᠶᠢᠯᠢ ᠲᠠᠲᠠᠪᠤᠷᠢ ᠶᠢ ᠪᠠᠭᠠᠰᠬᠠᠵᠤ᠂ ᠰᠢᠨ᠎ᠡ ᠭᠠᠶᠢᠯᠢ ᠶᠢᠨ ᠢᠷᠡᠯᠳᠡ ᠶᠢ ᠪᠣᠶᠢᠵᠢᠭᠤᠯᠤᠭᠰᠠᠨ | ᠢᠶᠠᠷ ᠬᠦᠷᠦᠯᠴᠡᠬᠦ ᠦᠭᠡᠢ ᠪᠠᠶᠢᠬᠤ ᠶᠢᠨ ᠳᠡᠭᠡᠷ᠎ᠡ᠂ ᠲᠦᠷᠦ ᠶᠢᠨ ᠪᠤᠳᠤᠯᠭ᠎ᠠ ᠶᠢᠨ ᠴᠢᠨᠠᠷᠳᠠᠢ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ᠂ ᠡᠳ᠋ ᠤᠨ ᠵᠠᠰᠠᠭ | ᠤᠨ ᠣᠷᠣᠯᠭ᠎ᠠ ᠶᠢ ᠨᠡᠮᠡᠭᠳᠡᠭᠦᠯᠬᠦ ᠳᠤ ᠬᠦᠴᠢᠷᠲᠡᠢ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ ᠡᠳ᠋ | ᠤᠨ ᠬᠦᠴᠦᠨ ᠬᠦᠷᠦᠯᠴᠡᠬᠦ ᠦᠭᠡᠢ᠂ ᠨᠢᠭᠡᠳᠦᠯᠲᠡᠢ ᠲᠥᠯᠥᠪᠯᠡᠨ ᠠᠵᠢᠯᠯᠠᠭᠤᠯᠬᠤ ᠪᠠ ᠥᠷᠢ ᠥᠭᠴᠡᠭᠡ ᠶᠢ ᠠᠷᠢᠯᠭᠠᠬᠤ ᠳᠠᠷᠤᠯᠲᠠ ᠨᠡᠯᠢᠶᠡᠳ ᠶᠡᠭᠡ ᠪᠠᠶᠢᠨ᠎ᠠ᠃ ᠲᠠᠪᠤ | ᠳᠤ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠠᠰᠠ ᠴᠢᠩᠭᠠᠳᠬᠠᠬᠤ ᠴᠢᠬᠤᠯᠠᠲᠠᠢ ᠪᠠᠶᠢᠨ᠎ᠠ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ | ᠶᠢᠨ ᠬᠤᠪᠢᠷᠠᠭᠤᠯᠤᠯᠲᠠ ᠬᠦᠷᠦᠯᠴᠡᠬᠦ ᠥᠬᠡᠶ᠂ ︿︿ᠪᠠᠭᠤᠯᠭᠠᠬᠤ ᠬᠠᠮᠢᠶᠠᠷᠬᠤ ᠦᠶᠯᠡᠴᠢᠯᠡᠬᠦ﹀﹀ ᠥᠭᠡᠷᠡᠴᠢᠯᠡᠯᠲᠡ ᠶᠢᠨ ᠦᠷ᠎ᠡ ᠪᠦᠲᠦᠮᠵᠢ ᠨᠢ ᠠᠵᠤ ᠠᠬᠤᠶᠢᠯᠠᠯ ᠪᠠ | ᠣᠯᠠᠨ ᠲᠦᠮᠡᠨ ᠤ ᠬᠦᠰᠡᠯ ᠡᠷᠡᠮᠡᠯᠵᠡᠯ ᠯᠦᠭᠡ ᠪᠠᠰᠠ ᠵᠥᠷᠢᠶ᠎ᠡ ᠲᠠᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠮᠥᠨ ᠬᠦ | ᠮᠠᠰᠢ ᠶᠡᠭᠡ ᠣᠷᠣᠨ ᠵᠠᠶ ᠲᠠᠢ ᠪᠠᠶᠢᠨ᠎ᠠ᠃ ᠡᠭᠦᠨ ᠳᠤ ᠪᠢᠳᠡ ᠠᠰᠠᠭᠤᠳᠠᠯ ᠳᠤ ᠰᠢᠭᠤᠳ ᠬᠠᠨᠳᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠢ | ᠰᠢᠢᠳᠪᠦᠷᠢᠯᠡᠬᠦ ᠬᠡᠷᠡᠭᠲᠡᠢ᠃ | | ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠭᠤᠤᠯ ᠡᠭᠦᠷᠭᠡ ᠵᠢᠴᠢ 2021 ᠣᠨ ᠤ ᠠᠵᠢᠯ ᠤᠨ ᠲᠤᠬᠢᠷᠠᠭᠤᠯᠤᠯᠳᠠ | | ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ | ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ | ᠶᠢᠨ ᠠᠩᠬᠠᠳᠤᠭᠠᠷ ᠲᠠᠪᠤᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠳᠠᠯᠠᠵᠤ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯᠳᠤᠭᠠᠨ᠂ ᠭᠤᠷᠪᠠᠳᠤᠭᠠᠷ ᠪᠦᠬᠦᠳᠡ ᠬᠤᠷᠠᠯᠳᠤᠭᠠᠨ᠂ ᠲᠦᠷᠪᠡᠳᠦᠬᠡᠷ ᠪᠦᠬᠦᠳᠡ | ᠬᠤᠷᠠᠯᠳᠤᠭᠠᠨ᠂ ᠲᠠᠪᠤᠳᠤᠭᠠᠷ ᠪᠦᠬᠦᠳᠡ ᠬᠤᠷᠠᠯᠳᠤᠭᠠᠨ ᠪᠠ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠣᠳᠠᠭᠠᠨ ᠤ ᠬᠤᠷᠠᠯᠳᠤᠭᠠᠨ᠂ | ᠬᠤᠲᠠ ᠶᠢᠨ ᠨᠠᠮ ᠤᠨ ᠬᠤᠷᠢᠶᠠᠨ ᠤ ᠳᠦᠷᠪᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠬᠤᠷᠠᠯᠳᠤᠭᠠᠨ ᠪᠠ ᠬᠤᠰᠢᠭᠤ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦ ᠭᠡᠰᠢᠭᠦᠳ ᠤᠨ ( ᠥᠷᠭᠡᠳᠬᠡᠭᠰᠡᠨ ) ᠬᠤᠷᠠᠯᠳᠤᠭᠠᠨ ᠤ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︿︿ᠳᠣᠯᠣᠭᠠᠨ ᠭᠤᠷᠪᠠ﹀﹀ ᠶᠢᠨ ᠬᠥᠭᠵᠢᠯᠲᠡ ᠶᠢᠨ ᠰᠡᠳᠬᠢᠴᠡ ᠪᠠ ︿︿ᠵᠢᠷᠭᠤᠭᠠᠨ ᠣᠷᠣᠨ ᠨᠢᠭᠡ | ᠵᠠᠩᠭᠢᠯᠠᠭ᠎ᠠ﹀﹀ ᠶᠢᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠨᠢᠭᠳᠠ ᠲᠣᠭᠤᠷᠢᠨ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ | ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ | ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠬᠠᠷᠠᠯᠲᠠ ᠪᠤᠯᠭᠠᠨ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠤᠯ ᠰᠢᠵᠢᠮ ᠪᠤᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠤᠯᠭᠠᠵᠤ᠂ ᠦᠵᠡᠯ ᠰᠠᠨᠠᠭ᠎ᠠ | ᠪᠠᠨ ᠴᠢᠯᠦᠬᠡᠯᠡᠨ᠂ ᠨᠡᠭᠡᠭᠡᠯᠳᠡ ᠬᠢᠵᠦ ᠰᠢᠨ᠎ᠡ ᠶᠢ ᠡᠭᠦᠳᠴᠦ᠂ ᠵᠢᠩᠭᠢᠨᠢ ᠠᠳᠬᠤᠵᠤ ᠰᠢᠷᠭᠠᠭᠤ ᠠᠵᠢᠯᠯᠠᠵᠤ᠂ ᠤᠳᠤ ᠦᠶ᠎ᠡ ᠶᠢᠨ ᠠᠵᠤ ᠦᠢᠯᠡᠰ ᠤᠨ | ᠲᠤᠭᠳᠠᠯᠴᠠᠭ᠎ᠠ ᠶᠢ ᠲᠦᠷᠭᠡᠪᠴᠢᠯᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ | ᠬᠡᠷᠡᠭᠵᠢᠬᠦᠯᠵᠦ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠶᠠᠰᠤ ᠴᠢᠨᠠᠷ ᠢ ᠲᠠᠰᠤᠷᠠᠯᠲᠠ ᠥᠬᠡᠶ ᠲᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠤᠨ᠎ᠠ᠃ | ᠭᠤᠣᠯ ᠵᠢᠱᠢᠭᠰᠡᠨ ᠬᠠᠷᠠᠯᠲᠠ ᠪᠣᠯ᠄ ᠪᠦᠬᠦ ᠬᠤᠰᠢᠭᠤᠨ ᠤ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠵᠤ᠂ ᠡᠯ᠎ᠡ | ᠲᠥᠷᠥᠯ ᠤᠨ ᠠᠵᠤ ᠠᠬᠤᠢ ᠶᠢᠨ ᠵᠢᠭᠠᠯᠲᠠ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠦᠭᠡᠢ | ᠪᠠᠶᠢᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠠᠵᠢᠯ ᠪᠣᠳᠠᠲᠤ ᠠᠬᠢᠯᠲᠠ ᠲᠠᠢ ᠪᠣᠯᠵᠤ᠂ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠵᠠᠰᠠᠯᠲᠠ ᠳᠠᠬᠢᠨ ᠰᠢᠨ᠎ᠡ ᠳᠡᠭᠲᠡᠷ ᠲᠤ ᠭᠠᠷᠴᠤ᠂ ᠥᠭᠡᠷᠡᠴᠢᠯᠡᠯᠲᠡ ᠨᠡᠭᠡᠭᠡᠯᠲᠡ ᠦᠷᠭᠦᠯᠵᠢᠯᠡᠨ ᠭᠦᠨᠵᠡᠭᠡᠶᠢᠷᠡᠵᠦ᠂ ᠬᠤᠲᠠ ᠬᠥᠳᠡᠭᠡ ᠶᠢᠨ ᠬᠥᠭᠵᠢᠯᠲᠡ | ᠨᠠᠩ ᠵᠣᠬᠢᠴᠠᠩᠭᠤᠢ ᠪᠣᠯᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠲᠣᠭᠲᠠᠭᠤᠨ ᠢᠶᠠᠷ ᠲᠡᠭᠡᠭᠰᠢᠯᠡᠭᠦᠯᠦᠨ᠎ᠡ᠃ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠪᠣᠯᠤᠨ ᠭᠤᠣᠯ ᠪᠣᠯᠬᠤ ᠵᠢᠱᠢᠭᠰᠡᠨ ᠬᠠᠷᠠᠯᠲᠠ ᠶᠢᠨ ᠲᠣᠭᠤᠷᠢᠨ ᠳᠤ᠂ ᠬᠤᠶᠢᠰᠢᠳᠠ ᠶᠢᠨ ᠲᠠᠪᠤᠨ ᠵᠢᠯ ᠳᠤ | ᠳᠣᠣᠷᠠᠬᠢ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ | ᠨᠢᠭᠡ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠬᠡᠵᠦ᠂ ᠠᠵᠤ ᠠᠬᠤᠶ ᠶᠢᠨ ᠲᠤᠭᠳᠠᠯᠴᠠᠭ᠎ᠠ ᠶᠢ ᠰᠢᠯᠢᠳᠡᠭᠵᠢᠭᠦᠯᠦᠨ | ᠲᠠᠰ ᠳᠡᠪᠰᠢᠭᠦᠯᠬᠦ ᠶᠢ ᠠᠬᠢᠭᠤᠯᠤᠨ᠎ᠠ | ᠬᠥᠭᠵᠢᠭᠦᠯᠬᠦ ᠪᠣᠯ ᠮᠠᠨ ᠤ ᠬᠤᠰᠢᠭᠤᠨ ᠤ ᠠᠯᠢᠪᠠ ᠠᠰᠠᠭᠤᠳᠠᠯ ᠢ ᠰᠢᠶᠳᠪᠦᠷᠢᠯᠡᠬᠦ ᠶᠢᠨ ᠰᠠᠭᠤᠷᠢ ᠪᠠ ᠵᠠᠩᠭᠢᠯᠠᠭ᠎ᠠ ᠮᠥᠨ᠃ ᠪᠢᠳᠡ ᠪᠣᠬᠢᠷᠲᠤᠯ ᠦᠭᠡᠢ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠶᠢ ᠭᠤᠣᠯ ᠰᠢᠪᠲᠤᠯᠬᠤ ᠴᠢᠭᠯᠡᠯ ᠪᠣᠯᠭᠠᠵᠤ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠤᠳᠤ | ᠦᠶ᠎ᠡ ᠶᠢᠨ ᠠᠵᠤ ᠠᠬᠤᠢ ᠶᠢᠨ ᠲᠤᠭᠳᠠᠯᠴᠠᠭ᠎ᠠ ᠶᠢ ᠲᠦᠷᠭᠡᠳᠭᠡᠨ ᠪᠠᠶᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠰᠢᠨ᠎ᠡ ᠬᠥᠳᠡᠯᠭᠡᠭᠦᠷ ᠢ ᠪᠤᠶᠢᠵᠢᠭᠤᠯᠤᠨ᠎ᠠ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠪᠴᠢᠶ᠎ᠡ ᠶᠢ ᠦᠷᠭᠡᠳᠭᠡᠨ ᠴᠢᠨᠡᠷ ᠢ ᠲᠡᠭᠡᠭᠰᠢᠯᠡᠭᠦᠯᠬᠦ ᠶᠢ ᠠᠬᠢᠭᠤᠯᠤᠨ᠎ᠠ᠃ ᠳᠡᠭᠡᠳᠦ ᠰᠢᠨ᠎ᠡ ᠬᠡᠷᠡᠭᠯᠡᠭᠡᠨ ᠤ ᠮᠡᠷᠭᠡᠵᠢᠯ | ᠪᠣᠯᠤᠨ ᠲᠡᠷᠢᠭᠦᠨ ᠤ ᠤᠷᠠᠨ ᠳᠠᠷᠬ᠎ᠠ ᠶᠢ ᠬᠡᠷᠡᠭᠯᠡᠬᠦ ᠶᠢ ᠪᠠᠷᠢᠮᠲᠠᠯᠠᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠶᠢ ᠲᠦᠷᠭᠡᠳᠬᠡᠨ ᠠᠬᠢᠭᠤᠯᠵᠤ | ᠂ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠢ ᠶᠡᠬᠡᠪᠡᠷ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠨᠢ ᠪᠦᠷᠢᠨ ᠪᠦᠲᠦᠨ᠂ ᠣᠷᠴᠢᠯ ᠠᠵᠤ ᠠᠬᠤᠶ ᠶᠢᠨ | ᠣᠨᠴᠠᠯᠢᠭ ᠢᠶᠠᠷ ᠢᠯᠡᠷᠬᠡᠶ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢᠶᠠᠷ ᠴᠢᠩᠭ᠎ᠠ ᠠᠵᠤ ᠦᠢᠯᠡᠰ ᠤᠨ ᠲᠥᠪᠯᠡᠷᠡᠯ ᠢ ᠴᠣᠭᠴᠠᠯᠠᠨ ᠪᠠᠶᠢᠭᠤᠯᠵᠤ᠂ ᠠᠵᠤ | ᠦᠢᠯᠡᠳᠪᠦᠷᠢ ᠶᠢᠨ ᠠᠵᠤ ᠠᠬᠤᠶ ᠶᠢᠨ ᠪᠣᠬᠢᠷᠲᠤᠯ ᠦᠭᠡᠶᠢᠵᠢᠭᠦᠯᠬᠦ᠂ ᠳᠡᠭᠡᠳᠦ ᠳᠡᠰᠵᠢᠭᠦᠯᠬᠦ᠂ ᠪᠦᠯᠦᠭᠯᠡᠯᠵᠢᠭᠦᠯᠬᠦ ᠲᠡᠰᠢ ᠬᠥᠭᠵᠢᠬᠦ ᠶᠢ ᠲᠦᠯᠬᠢᠨ ᠠᠬᠢᠭᠤᠯᠤᠨ᠎ᠠ᠃ | ᠪᠤᠭᠤᠳᠤ ᠬᠤᠳᠠ ᠶᠢᠨ ᠪᠠᠷᠠᠭᠤᠨ ᠳᠠᠬᠢ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠨᠢ ︿︿ᠨᠢᠭᠡ ᠬᠦᠷᠢᠶᠡᠯᠡᠩ ᠭᠤᠷᠪᠠᠨ ᠲᠣᠭᠤᠷᠢᠭ﹀﹀ ᠤᠨ | ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠶᠣᠰᠣᠭᠠᠷ᠂ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ᠂ ᠲᠡᠮᠦᠷ ᠤᠨ ᠬᠠᠶᠢᠯᠤᠰᠢ ᠵᠡᠷᠭᠡ ᠠᠵᠤ ᠦᠶᠯᠡᠰ ᠢ ᠨᠢᠭᠡᠳᠦᠯᠲᠡᠶ ᠲᠦᠯᠦᠪᠵᠢᠬᠦᠯᠦᠨ ᠬᠥᠭᠵᠢᠭᠦᠯᠵᠦ᠂ ᠤᠰᠤᠲᠥ᠋ᠷᠥᠭᠴᠢᠳᠤ ᠡᠨᠧᠷᠭᠢ᠂ ᠬᠢᠮᠢ ᠶᠢᠨ | ᠪᠣᠷᠲᠣᠭᠤᠷ᠂ ᠬᠠᠶᠢᠯᠤᠰᠢ ᠴᠢᠳᠬᠤᠬᠤ ᠵᠡᠷᠭᠡ ᠲᠠᠭᠠᠤ ᠠᠵᠤ ᠦᠶᠯᠡᠰ ᠢ ᠢᠳᠡᠪᠬᠢᠲᠡᠶ ᠤᠷᠲᠤᠳᠬᠠᠵᠤ᠂ ᠣᠲᠣ ᠦᠶ᠎ᠡ ᠶᠢᠨ ᠰᠢᠨ᠎ᠡ ᠬᠡᠯᠪᠡᠷᠢ ᠶᠢᠨ ᠪᠣᠬᠢᠷᠲᠤᠯ ᠥᠬᠡᠶ | ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠰᠠᠭᠤᠷᠢᠨ ᠭᠠᠵᠠᠷ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠲᠡᠮᠦᠷ ᠤᠨ ᠬᠠᠶᠢᠯᠤᠰᠢ ᠶᠢᠨ ᠠᠵᠤ ᠦᠶᠯᠡᠰ | ᠤᠨ ᠲᠥᠪᠯᠡᠷᠡᠭᠰᠡᠨ ᠣᠷᠣᠨ ᠢ ᠪᠣᠶ ᠪᠣᠯᠭᠠᠵᠤ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ᠂ ᠠᠵᠤ | ᠦᠶᠯᠡᠳᠪᠦᠷᠢ ᠶᠢᠨ ᠦᠶᠯᠡᠳᠬᠦᠨ ᠤ ᠥᠷᠲᠡᠭ ᠢ 500 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃ ᠢᠳᠡᠭᠡᠨ ᠤ ᠠᠵᠤ ᠦᠶᠯᠡᠳᠪᠦᠷᠢ ᠶᠢᠨ ᠬᠦᠷᠢᠶᠡᠯᠡᠩ ᠤᠨ | ᠬᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠢ ᠡᠳ᠋ᠰᠢᠭᠦᠯᠬᠦ᠂ ᠢᠳᠡᠭᠡᠨ | ᠡᠳ᠋ᠰᠢᠭᠦᠯᠬᠦ᠂ ᠬᠦᠯᠳᠡᠬᠦᠦ ᠬᠡᠯᠬᠢᠶᠡᠲᠦ ᠪᠠᠷᠠᠭᠠᠨ ᠤ ᠭᠦᠶᠯᠭᠡᠭᠡ ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ︿︿ᠠᠷᠪᠠᠨ ᠳᠥᠷᠪᠡᠳᠦᠭᠡᠷ ᠲᠠᠪᠤᠨ ᠵᠢᠯ | ﹀﹀ ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠠᠵᠤ ᠠᠬᠤᠶᠢᠯᠠᠯ ᠢ 100 ᠡᠷᠦᠬᠡ ᠶᠢ ᠲᠠᠪᠠᠭᠤᠯᠵᠤ᠂ | 5000 ᠬᠥᠮᠦᠨ ᠠᠴᠠ ᠳᠡᠭᠡᠭᠰᠢ ᠬᠥᠮᠦᠨ ᠳᠤ ᠠᠵᠢᠯ ᠣᠯᠭᠤᠬᠤ ᠶᠢ ᠳᠠᠶᠢᠴᠢᠯᠠᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠦᠨ ᠦᠶᠯᠡᠰ | ᠴᠣᠭᠴᠠᠯᠠᠬᠤ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠴᠢᠷᠮᠠᠶᠢᠨ ᠡᠭᠦᠳᠦᠨ᠎ᠡ᠃ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠤ ᠴᠢᠬᠤᠯᠠ ᠵᠢᠭᠤᠯᠴᠢᠯᠠᠯ ᠤᠨ ᠬᠠᠷᠠᠯᠲᠠᠲᠤ ᠣᠷᠣᠨ ᠢ ᠴᠣᠭᠴᠠᠯᠠᠬᠤ ᠪᠠᠷ ᠬᠠᠷᠠᠯᠲᠠ | ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ᠬᠠᠲᠤᠨ ᠭᠤᠤᠯ ᠤᠨ ᠵᠠᠩ ᠦᠶᠯᠡ ᠶᠢᠨ | ᠵᠢᠭᠤᠯᠴᠢᠯᠠᠯ᠂ ᠬᠥᠳᠡᠭᠡ ᠨᠤᠲᠤᠭ ᠤᠨ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠲᠠᠯ᠎ᠠ ᠨᠤᠲᠤᠭ ᠤᠨ ᠲᠣᠭᠤᠷᠢᠨ ᠦᠵᠡᠬᠦ ᠵᠢᠭᠤᠯᠴᠢᠯᠠᠯ ᠵᠡᠷᠭᠡ ᠣᠯᠠᠨ ᠵᠦᠶᠯ ᠤᠨ | ᠡᠵᠡᠩᠨᠡᠯᠲᠡ ᠶᠢᠨ ᠬᠡᠯᠪᠡᠷᠢ ᠶᠢ ᠪᠦᠷᠢᠯᠳᠦᠭᠦᠯᠵᠦ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ᠂ ᠵᠢᠯ ᠳᠤ 240 | ᠲᠦᠮᠡᠨ ᠬᠥᠮᠦᠨ ( ᠤᠳᠠᠭ᠎ᠠ ) ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 16 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠮᠥᠩᠭᠦᠨ ᠭᠦᠶᠯᠭᠡᠭᠡ᠂ ᠣᠲᠣ ᠦᠶ᠎ᠡ ᠶᠢᠨ ᠪᠠᠷᠠᠭᠠᠨ ᠤ ᠭᠦᠶᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠠᠵᠤ ᠦᠶᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ᠂ ᠭᠠᠵᠠᠷ ᠣᠷᠣᠨ ᠤ ᠦᠶᠯᠡᠳᠪᠦᠷᠢᠯᠡᠯ ᠤᠨ | ᠶᠡᠷᠦᠩᠬᠡᠶ ᠥᠷᠲᠡᠭ ᠲᠠᠬᠢ ᠦᠶᠯᠡᠴᠢᠯᠡᠭᠡᠨ ᠤ ᠦᠶᠯᠡᠰ ᠤᠨ ᠡᠵᠡᠯᠡᠬᠦ ᠬᠤᠪᠢ ᠶᠢᠨ ᠵᠢᠩ ᠢ 45 % ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ | ᠲᠦᠭᠡᠮᠡᠯ ᠬᠠᠷᠠᠭᠠᠯᠵᠠᠯᠠᠯᠳᠤ ᠮᠥᠩᠭᠦᠨ ᠭᠦᠶᠯᠭᠡᠭᠡᠨ ᠢ ᠢᠳᠡᠪᠬᠢᠲᠡᠶ ᠬᠥᠭᠵᠢᠭᠦᠯᠵᠦ᠂ ᠮᠥᠩᠭᠦᠨ ᠭᠦᠶᠯᠭᠡᠭᠡᠨ ᠢᠶᠠᠷ ᠲᠠᠷᠢᠶᠠᠯᠠᠩ ᠢ ᠳᠡᠮᠵᠢᠬᠦ ᠡᠷᠴᠢᠮ ᠢ | ᠴᠢᠩᠭᠠᠷᠠᠭᠤᠯᠤᠨ᠂ ᠲᠠᠷᠢᠶᠠᠯᠠᠩ ᠳᠤ ᠬᠤᠯᠪᠣᠭᠳᠠᠭᠰᠠᠨ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ︿︿ᠵᠢᠭᠡᠯᠡᠯᠭᠡ ᠵᠢᠭᠡᠯᠡᠬᠦ ᠳᠤ ᠬᠦᠴᠢᠷᠲᠡᠶ᠂ ᠲᠤᠭ᠎ᠠ ᠬᠡᠮᠵᠢᠶ᠎ᠡ | ᠨᠢ ᠪᠠᠭ᠎ᠠ᠂ ᠠᠷᠭ᠎ᠠ ᠵᠠᠮ ᠨᠢ ᠴᠥᠭᠡᠨ﹀﹀ ᠵᠡᠷᠭᠡ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠰᠢᠨ᠎ᠡ ᠪᠠᠷ ᠪᠤᠶ ᠪᠣᠯᠤᠭᠰᠠᠨ ᠠᠵᠤ ᠦᠢᠯᠡᠰ ᠤᠨ ᠬᠥᠭᠵᠢᠯᠲᠡ | ᠶᠢᠨ ᠰᠠᠭᠤᠷᠢ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠵᠠᠬ᠎ᠠ ᠳᠡᠯᠭᠡᠭᠦᠷ ᠤᠨ ᠢᠷᠡᠭᠡᠳᠦᠶ ᠲᠠᠢ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠰᠢᠨ᠎ᠡ ᠪᠠᠷ | ᠪᠤᠶ ᠪᠣᠯᠤᠭᠰᠠᠨ ᠠᠵᠤ ᠦᠢᠯᠡᠰ ᠤᠨ ᠲᠥᠷᠥᠯ ᠵᠦᠢᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠡᠳᠬᠦᠨ᠎ᠡ᠃ ᠳ᠋ᠠ ᠵᠥᠩ ᠠᠭᠤᠷᠬᠠᠶ ᠶᠢᠨ ᠦᠶᠯᠡᠰ᠂ ᠲᠢᠶᠠᠨ ᠾᠧᠩ | ᠡᠮᠨᠡᠯᠭᠡ ᠶᠢᠨ ᠬᠤᠷᠢᠶ᠎ᠠ ᠵᠡᠷᠭᠡ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ ᠢᠳᠡᠪᠬᠢᠲᠡᠶ ᠠᠬᠢᠭᠤᠯᠵᠤ᠂ ᠰᠢᠬᠡᠳᠡᠢ ᠠᠷᠢᠬᠢᠨ ᠤ ᠺᠤᠮᠫᠠᠨᠢ ᠶᠢᠨ ᠰᠲ᠋ᠦᠺ | ᠤᠨ ᠵᠠᠬ᠎ᠠ ᠲᠡᠯᠬᠡᠬᠦᠷ ᠲᠤ ᠫᠠᠶᠢᠰᠠ ᠡᠯᠬᠦᠬᠦ ᠶᠢ ᠲᠡᠮᠵᠢᠵᠦ᠂ ᠠᠵᠤ ᠠᠬᠤᠶᠢᠯᠠᠯ ᠢ ᠬᠠᠪᠰᠤᠷᠤᠨ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠪᠠᠯᠠ ᠲᠣᠬᠢᠷᠠᠭᠤᠯᠭ᠎ᠠ ᠶᠢ ᠪᠡᠶᠡᠯᠡᠭᠦᠯᠦᠨ᠎ᠡ᠃ ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠬᠦᠯᠦᠨ ᠠᠬᠢᠭᠤᠯᠤᠨ᠎ᠠ᠃ ︿︿ | ᠬᠤᠶᠠᠷ ᠰᠢᠨ᠎ᠡ ᠨᠢᠭᠡ ᠴᠢᠬᠤᠯᠠ﹀﹀ ᠶᠢᠨ ᠲᠣᠭᠤᠷᠢᠨ ᠳᠤ᠂ ᠨᠢᠭᠡ ᠪᠦᠯᠦᠭ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ ᠴᠢᠬᠤᠯᠠ ᠶᠡᠭᠡ ᠰᠠᠭᠤᠷᠢ | ᠪᠡᠯᠡᠳᠬᠡᠮᠵᠢ ᠶᠢᠨ ᠲᠥᠷᠥᠯ ᠵᠦᠶᠯ ᠢ ᠲᠥᠰᠦᠪᠯᠡᠨ ᠬᠡᠷᠡᠭᠵᠢᠭᠦᠯᠵᠦ᠂ ᠠᠵᠤ ᠦᠶᠯᠡᠰ ᠤᠨ ᠬᠥᠭᠵᠢᠯᠲᠡ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ | ᠠᠷᠠᠳ ᠤᠨ ᠠᠮᠢᠳᠣᠷᠠᠯ ᠤᠨ ᠪᠠᠳᠣᠯᠠᠭ᠎ᠠ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠥᠷᠢᠯᠡᠨ᠎ᠡ᠃ | ᠬᠦᠷᠢᠶᠡᠯᠡᠩ ᠲᠣᠭᠤᠷᠢᠭ ᠢ ᠰᠢᠶᠠᠨ ᠤ ᠬᠡᠪᠴᠢᠶᠡᠨ ᠤ ᠠᠵᠤ ᠠᠬᠤᠶ ᠶᠢ ᠪᠤᠵᠠᠭᠠᠶᠢᠷᠠᠭᠤᠯᠬᠤ ᠭᠤᠣᠯ ᠵᠢᠭᠰᠠᠭᠠᠯ ᠤᠨ ᠭᠠᠵᠠᠷ ᠪᠣᠯᠭᠠᠬᠤ ᠶᠢ ᠪᠠᠷᠢᠮᠲᠠᠯᠠᠨ᠂ ᠰᠠᠭᠤᠷᠢ | ᠪᠡᠯᠡᠳᠬᠡᠮᠵᠢ ᠶᠢᠨ ᠢᠵᠢ ᠪᠦᠷᠢᠳᠦᠭᠦᠯᠬᠦ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠤᠭᠤᠳᠤ ᠬᠤᠳᠠ ᠶᠢᠨ ᠪᠠᠷᠠᠭᠤᠨ ᠳᠠᠬᠢ ᠠᠵᠤ ᠦᠢᠯᠡᠳᠪᠦᠷᠢ | ᠶᠢᠨ ᠬᠦᠷᠢᠶᠡᠯᠡᠩ ᠲᠣᠭᠤᠷᠢᠭ ᠪᠣᠯᠤᠨ ᠢᠳᠡᠭᠡᠨ ᠤ ᠠᠵᠤ ᠦᠢᠯᠡᠳᠪᠦᠷᠢ ᠶᠢᠨ ᠬᠦᠷᠢᠶᠡᠯᠡᠩ ᠤᠳ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠬᠡᠪ ᠵᠠᠭᠪᠤᠷ ᠢ ᠰᠢᠨ᠎ᠡ | ᠪᠠᠷ ᠡᠭᠦᠳᠴᠦ᠂ ᠭᠠᠵᠠᠷ ᠰᠢᠷᠣᠶ ᠶᠢᠨ ᠵᠢᠭᠡᠯᠡᠯᠭᠡ ᠶᠢᠨ ᠪᠡᠯᠡ ᠮᠥᠩᠭᠦ ᠶᠢ ᠴᠢᠷᠮᠠᠶᠢᠨ ᠣᠯᠬᠤ᠂ ᠨᠡᠶᠢᠭᠡᠮ ᠤᠨ ᠬᠥᠷᠥᠩᠭᠡ ᠶᠢ ᠣᠷᠣᠭᠤᠯᠵᠤ ᠢᠷᠡᠬᠦ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠭᠠᠵᠠᠷ ᠰᠢᠷᠣᠶ ᠬᠤᠳᠠᠯᠳᠤᠨ ᠠᠪᠴᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠬᠦᠷᠢᠶᠡᠯᠡᠩ ᠲᠣᠭᠤᠷᠢᠭ ᠤᠨ ᠵᠠᠰᠠᠮᠠᠯ ᠵᠠᠮ᠂ | ᠬᠤᠭᠤᠯᠠᠶ ᠶᠢᠨ ᠲᠣᠣᠷ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠢ ᠢᠵᠢ ᠪᠦᠷᠢᠳᠦᠭᠦᠯᠦᠨ | ᠪᠦᠲᠦᠭᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠠᠴᠢᠶᠠᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠠ᠃ ᠪᠤᠭᠤᠲᠤ ᠠᠴᠠ ᠢᠷᠭᠠᠶ | ᠬᠦᠷᠬᠦ ᠳᠡᠭᠡᠳᠦ ᠬᠤᠷᠳᠤ ᠶᠢᠨ ᠲᠡᠮᠦᠷ ᠵᠠᠮ ᠪᠣᠯᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠭᠤᠯᠬᠤ ᠶᠢ ᠲᠦᠯᠬᠢᠨ ᠠᠬᠢᠭᠤᠯᠵᠤ᠂ ᠭᠠᠭᠴᠠᠮᠤᠳᠤ | ᠪᠣᠭᠤᠮᠲᠠ ᠠᠴᠠ ᠮᠤᠨᠠ ᠠᠭᠤᠯᠠ ᠬᠦᠷᠬᠦ ᠲᠦᠷᠭᠡᠨ ᠤ ᠵᠠᠰᠠᠮᠠᠯ ᠵᠠᠮ᠂ ᠪᠡᠭᠡᠵᠢᠩ ᠠᠴᠠ ᠲᠦᠪᠡᠳ ᠬᠦᠷᠭᠦ ᠲᠦᠷᠭᠡᠨ ᠤ ᠵᠠᠰᠠᠮᠠᠯ ᠵᠠᠮ ᠤᠨ ᠮᠤᠨᠠ ᠠᠭᠤᠯᠠ ᠶᠢᠨ | ᠪᠠᠷᠠᠭᠤᠨᠳᠠᠬᠢ ᠭᠠᠷᠬᠤ ᠵᠠᠮ᠂ 110 ᠤᠯᠤᠰ ᠤᠨ ᠵᠠᠮ᠂ 215᠂ 311 ᠮᠤᠵᠢ ᠶᠢᠨ ᠵᠠᠮ ᠵᠡᠷᠭᠡ ᠬᠤᠲᠠ ᠬᠥᠳᠡᠭᠡ ᠶᠢᠨ ᠵᠠᠰᠠᠮᠠᠯ ᠵᠠᠮ ᠢ ᠰᠢᠨ᠎ᠡ ᠪᠠᠷ | ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ 5 G ᠨᠡᠭᠦᠳᠡᠯ ᠮᠡᠳᠡᠭᠡ ᠬᠤᠯᠪᠣᠭ᠎ᠠ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠱᠣᠩ ᠵᠡᠷᠭᠡ ᠰᠢᠨ᠎ᠡ ᠬᠡᠯᠪᠡᠷᠢ ᠶᠢᠨ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠦᠯᠦᠪᠵᠢᠭᠦᠯᠦᠨ ᠠᠬᠢᠭᠤᠯᠤᠨ᠎ᠠ᠃ | ᠬᠤᠶᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ | ᠶᠢ ᠲᠦᠷᠭᠡᠳᠬᠡᠨ᠎ᠡ | ᠲᠠᠷᠢᠶᠠᠯᠠᠩ ᠬᠥᠳᠡᠭᠡ ᠲᠣᠰᠬᠤᠨ ᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ | ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠠᠯᠳᠠ ᠬᠦᠴᠦᠨ ᠢ ᠭᠦᠶᠴᠡᠳ ᠠᠭᠤᠳᠠᠯᠵᠤ᠂ ᠲᠠᠷᠢᠶᠠᠯᠠᠩ ᠮᠠᠯ ᠠᠵᠤ | ᠠᠬᠤᠶ ᠬᠢᠭᠡᠳ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠵᠢᠯ ᠲᠥᠷᠥᠯ ᠠᠯᠤᠰᠯᠠᠨ ᠠᠭᠤᠰᠤᠯᠴᠠᠭᠰᠠᠨ ᠠᠵᠤ ᠦᠶᠯᠡᠰ ᠤᠨ ᠲᠤᠭᠳᠠᠯᠴᠠᠭ᠎ᠠ ᠶᠢ | ᠲᠦᠷᠭᠡᠳᠬᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠳᠤᠲᠠᠭᠤᠳᠠᠯ ᠢ ᠬᠦᠴᠦᠯᠡᠨ ᠨᠥᠬᠦᠪᠥᠷᠢᠯᠡᠵᠦ᠂ ᠲᠠᠷᠢᠶᠠᠯᠠᠩ ᠬᠥᠳᠡᠭᠡ ᠲᠣᠰᠬᠤᠨ | ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠬᠦ ᠣᠷᠣᠨ ᠵᠠᠶ ᠶᠢ ᠥᠷᠭᠡᠳᠬᠡᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠪᠣᠷᠣᠲᠣᠬᠤᠶ ᠶᠢᠨ ᠪᠥᠬᠦ ᠣᠷᠣᠨ ᠪᠦᠰᠡ ᠶᠢᠨ ᠪᠣᠬᠢᠷᠲᠤᠯ ᠥᠬᠡᠶ | ᠣᠷᠭᠠᠨᠢᠭ ᠳᠡᠭᠡᠳᠦ ᠲᠠᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ ᠦᠶᠯᠡᠴᠢᠯᠡᠭᠡ ᠶᠢ ᠭᠠᠳᠠᠭᠰᠢ ᠭᠠᠷᠭᠠᠬᠤ | ᠰᠠᠭᠤᠷᠢᠨ ᠭᠠᠵᠠᠷ ᠢ ᠴᠣᠭᠴᠠᠯᠠᠬᠤ ᠪᠠᠷ ᠬᠠᠷᠠᠯᠲᠠ ᠪᠣᠯᠭᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠷᠴᠢᠮ ᠢ | ᠴᠢᠩᠭᠠᠷᠠᠭᠤᠯᠵᠤ᠂ ᠣᠶᠤᠨᠴᠢ ᠲᠠᠷᠢᠶᠠᠯᠠᠩ᠂ ᠭᠠᠵᠠᠷ ᠰᠢᠷᠣᠶ ᠶᠢ ᠨᠠᠶᠢᠳᠠᠨ ᠬᠠᠮᠢᠶᠠᠷᠤᠭᠤᠯᠬᠤ ᠵᠡᠷᠭᠡ ᠰᠢᠨ᠎ᠡ ᠬᠡᠯᠪᠡᠷᠢ ᠶᠢᠨ ᠲᠠᠷᠢᠮᠠᠯ ᠤᠨ ᠡᠵᠡᠩᠨᠡᠯᠲᠡ ᠶᠢᠨ ᠵᠠᠭᠪᠤᠷ ᠢ | ᠶᠡᠭᠡ ᠪᠠᠷ ᠳᠡᠯᠭᠡᠷᠡᠭᠦᠯᠵᠦ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠦᠯᠦᠪᠵᠢᠬᠦᠯᠬᠡ ᠶᠢᠨ ᠬᠤᠭᠤᠴᠠᠭᠠᠨ ᠤ ᠰᠡᠭᠦᠯᠴᠢ ᠪᠣᠯᠬᠤ ᠳᠤ᠂ ᠨᠥᠬᠦᠴᠡᠯ ᠳᠤ | ᠨᠡᠶᠢᠴᠡᠬᠦ ᠭᠠᠵᠠᠷ ᠣᠷᠣᠨ ᠳᠤ ᠰᠢᠨ᠎ᠡ ᠨᠢᠭᠡ ᠡᠭᠡᠯᠵᠢ ᠶᠢᠨ ᠭᠠᠵᠠᠷ ᠰᠢᠷᠣᠶ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ ᠪᠥᠬᠦ ᠬᠤᠰᠢᠭᠤᠨ ᠤ | ᠥᠨᠳᠥᠷ ᠤᠨᠠᠯᠲᠠ ᠲᠠᠢ ᠲᠣᠭᠲᠠᠭᠤᠨ ᠤᠨᠠᠯᠲᠠ ᠲᠠᠢ ᠲᠠᠷᠢᠶᠠᠨ ᠭᠠᠵᠠᠷ ᠤᠨ ᠬᠤᠪᠢ ᠶᠢᠨ ᠵᠢᠩ ᠢ 85 % ᠠᠴᠠ ᠳᠡᠭᠡᠭᠰᠢ ᠳᠤ ᠬᠦᠷᠭᠡᠵᠦ᠂ ᠬᠡᠪᠴᠢᠶᠡᠵᠢᠭᠰᠡᠨ | ᠡᠵᠡᠩᠨᠡᠯᠲᠡ ᠶᠢᠨ ᠲᠠᠯᠠᠪᠠᠶ ᠶᠢ 150 ᠲᠦᠮᠡᠨ ᠮᠥ ᠳᠤ ᠬᠦᠷᠭᠡᠵᠦ᠂ ᠭᠤᠷᠪᠠᠨ ᠤ ᠨᠢᠭᠡ ᠠᠴᠠ ᠳᠡᠭᠡᠭᠰᠢᠬᠢ ᠴᠢᠨᠠᠷ ᠰᠠᠶᠢᠲᠠᠶ ᠲᠠᠷᠢᠶᠠᠨ ᠭᠠᠵᠠᠷ ᠤᠨ ᠮᠤ᠋ ᠪᠦᠷᠢ ᠶᠢᠨ | ᠲᠤᠮᠳᠠᠴᠢ ᠶᠡᠷᠦᠩᠭᠡᠢ ᠦᠢᠯᠡᠳᠭᠦᠨ ᠤᠨ ᠦᠷᠳᠡᠭ ᠢ 2 ᠲᠦᠮᠡᠨ ᠲᠦᠭᠦᠷᠢᠭ ᠲᠤ ᠬᠦᠷᠭᠡᠨ᠎ᠡ᠃ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ | ︿︿ᠨᠢᠭᠡ ᠪᠦᠰᠡ ᠬᠤᠶᠠᠷ ᠲᠣᠭᠤᠷᠢᠭ᠂ ᠬᠤᠲᠠ ᠪᠠ ᠬᠦᠳᠡᠭᠡ ᠨᠣᠳᠤᠭ ᠢ ᠨᠢᠭᠡ ᠴᠣᠭᠴᠠᠵᠢᠭᠤᠯᠬᠤ﹀﹀ ᠲᠥᠯᠥᠪᠵᠢᠭᠦᠯᠭᠡ ᠶᠢᠨ ᠰᠡᠳᠬᠢᠴᠡ ᠶᠣᠰᠣᠭᠠᠷ᠂ ᠠᠵᠤ | ᠦᠢᠯᠡᠰ ᠤᠨ ᠤᠷᠤᠨ ᠵᠠᠢ ᠶᠢᠨ ᠪᠠᠶᠢᠷᠢᠰᠢᠭᠤᠯᠤᠯᠳᠠ ᠶᠢ ᠰᠢᠯᠢᠳᠡᠭᠵᠢᠬᠦᠯᠵᠤ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ 1 ᠤᠯᠤᠰ ᠤᠨ ᠲᠡᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ 1 ᠥᠪᠡᠷᠲᠡᠭᠡᠨ ᠵᠠᠰᠠᠬᠤ ᠣᠷᠣᠨ ᠤ | ᠲᠡᠰ ᠤᠨ ᠬᠦᠳᠡᠭᠡ ᠨᠤᠳᠤᠭ ᠢ ᠶᠡᠷᠦᠩᠬᠡᠶᠢᠯᠡᠭᠰᠡᠨ ᠴᠣᠭᠴᠠ᠂ ᠨᠢᠭᠡ ᠪᠦᠯᠦᠭ ᠪᠠᠷᠢᠮᠵᠢᠶᠠᠵᠢᠭᠰᠠᠨ ᠪᠣᠬᠢᠷᠲᠤᠯ ᠦᠭᠡᠢ ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠴᠢᠷᠮᠠᠶᠢᠨ ᠪᠠᠶᠢᠭᠤᠯᠤᠨ᠎ᠠ᠃ ᠢᠳᠡᠰᠢᠨ ᠬᠤᠨᠢ᠂ ᠢᠳᠡᠰᠢᠨ ᠦᠬᠡᠷ᠂ ᠭᠠᠭ᠋ᠠᠶ ᠲᠡᠵᠢᠭᠡᠨ ᠦᠷᠡᠵᠢᠭᠦᠯᠬᠦ ᠬᠡᠪᠴᠢᠶ᠎ᠡ ᠶᠢ ᠲᠣᠭᠲᠠᠭᠤᠨ ᠢᠶᠠᠷ | ᠥᠷᠭᠡᠳᠬᠡᠵᠦ᠂ ᠡᠮᠦᠨᠡᠲᠦ ᠠᠮᠧᠷᠢᠺᠠ ᠶᠢᠨ ᠴᠠᠭᠠᠨ ᠰᠠᠮ᠂ ᠨᠠᠶᠢᠮᠠᠯᠵᠢ ᠵᠡᠷᠭᠡ ᠣᠨᠴᠠᠯᠢᠭᠲᠤ ᠲᠡᠵᠢᠭᠡᠨ ᠦᠷᠡᠵᠢᠭᠦᠯᠬᠦ ᠠᠵᠤ ᠦᠢᠯᠡᠰ ᠢ ᠵᠣᠷᠢᠭᠵᠢᠭᠤᠯᠤᠨ | ᠬᠥᠭᠵᠢᠭᠦᠯᠦᠨ᠎ᠡ᠃ ︿︿ᠪᠤᠬᠢᠷᠳᠠᠯ ᠦᠬᠡᠢ ᠠᠵᠤ ᠦᠢᠯᠡᠰ ᠤᠨ ᠬᠦᠭᠵᠢᠯᠳᠡ ᠶᠢᠨ ᠬᠤᠯᠪᠤᠭᠠᠳᠤ ᠴᠤᠭᠴᠠ﹀﹀ ᠶᠢ ᠪᠠᠶᠢᠭᠤᠯᠵᠤ᠂ ᠨᠢᠭᠡ ᠪᠦᠯᠦᠭ ᠲᠠᠷᠢᠶᠠᠯᠠᠩ ᠮᠠᠯ ᠤᠨ | ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠶᠯᠭᠡᠭᠡᠨ᠂ ᠬᠥᠯᠳᠡᠭᠡᠵᠦ ᠬᠡᠯᠬᠢᠶᠡᠵᠢᠭᠦᠯᠦᠨ | ᠲᠤᠬᠢᠷᠠᠭᠤᠯᠤᠨ ᠬᠦᠷᠭᠡᠬᠦ ᠵᠡᠷᠭᠡ ᠲᠤᠯᠤᠭᠠᠶᠢᠯᠠᠬᠤ ᠠᠵᠤ ᠠᠬᠤᠶᠢᠯᠠᠯ ᠢ ᠪᠣᠶᠢᠵᠢᠭᠤᠯᠤᠨ ᠲᠠᠳᠠᠨ ᠣᠷᠣᠭᠤᠯᠵᠤ᠂ ᠲᠤᠰ ᠤᠷᠤᠨ ᠤ ᠰᠢᠨ᠎ᠡ ᠬᠡᠯᠪᠡᠷᠢ ᠶᠢᠨ ᠡᠵᠡᠩᠨᠡᠯᠳᠡ | ᠶᠢᠨ ᠭᠤᠤᠯ ᠴᠤᠭᠴᠠ ᠲᠠᠢ ᠡᠬᠢ ᠰᠤᠷᠪᠤᠯᠵᠢ ᠶᠢ ᠵᠠᠯᠭᠠᠯᠳᠤᠭᠤᠯᠬᠤ ᠠᠰᠢᠭ ᠲᠤᠰᠠ ᠶᠢᠨ ᠬᠤᠯᠪᠤᠭᠠᠯᠠᠯ ᠢ ᠪᠤᠢ ᠪᠤᠯᠭᠠᠵᠤ᠂ ᠪᠦᠬᠦ ᠠᠵᠤ ᠦᠢᠯᠡᠰ ᠤᠨ ᠬᠡᠯᠬᠢᠶᠡᠰᠦ | ᠬᠥᠭᠵᠢᠯᠲᠡ ᠶᠢ ᠠᠬᠢᠭᠤᠯᠤᠨ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ᠂ ᠤᠯᠤᠰ ᠤᠨ ᠲᠡᠰ ᠤᠨ ᠵᠢᠱᠢᠶ᠎ᠡ | ᠦᠵᠡᠭᠦᠯᠬᠦ ᠬᠤᠷᠰᠢᠶ᠎ᠠ 10᠂ ᠬᠤᠲᠠ ᠶᠢᠨ ᠲᠡᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠭᠰᠡᠨ ᠲᠤᠯᠤᠭᠠᠶᠢᠯᠠᠭᠴᠢ ᠠᠵᠤ | ᠠᠬᠤᠶᠢᠯᠠᠯ ᠢ 55 ᠪᠠᠶᠢᠭᠤᠯᠵᠤ᠂ ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠶᠢ 8 ᠡᠷᠦᠬᠡ ᠳᠤ ᠬᠦᠷᠭᠡᠨ᠎ᠡ᠃ ᠨᠡᠷᠡᠲᠦ ᠲᠥᠷᠥᠯ ᠲᠡᠮᠳᠡᠭᠲᠦ ᠶᠢᠨ | ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠪᠦᠬᠦ ᠶᠠᠪᠤᠴᠠ ᠳᠤ ︿︿ᠲᠩᠷᠢ ᠶᠢᠨ ᠬᠡᠰᠢᠭᠲᠦ ᠪᠣᠷᠣᠲᠣᠬᠤᠶ﹀﹀ ᠶᠢᠨ ᠪᠦᠯᠬᠦᠮ ᠤᠨ ᠪᠠᠷᠢᠮᠵᠢᠶ᠎ᠠ ᠶᠢ ᠬᠡᠷᠡᠭᠯᠡᠨ᠂ ᠪᠦᠬᠦ | ᠵᠦᠢᠯ ᠢᠶᠠᠷ ᠴᠢᠨᠠᠷ ᠢ ᠭᠦᠬᠡᠬᠡᠴᠡᠯᠳᠦᠬᠦ ᠲᠤᠭᠳᠠᠯᠴᠠᠭ᠎ᠠ ᠶᠢ ᠪᠦᠷᠢᠨᠰᠢᠬᠦᠯᠵᠦ᠂ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ︿︿ᠲᠩᠷᠢ ᠶᠢᠨ ᠬᠡᠰᠢᠭᠲᠦ ᠪᠣᠷᠣᠲᠣᠬᠤᠶ﹀﹀ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠪᠠ | ︿︿ᠬᠤᠶᠠᠷ ᠪᠦᠲᠦᠭᠡᠭᠳᠡᠬᠦᠨ ᠨᠢᠭᠡ ᠲᠡᠮᠳᠡᠭ﹀﹀ ᠵᠢᠴᠢ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠭᠤᠶᠤᠴᠢᠯᠠᠨ ᠮᠡᠳᠡᠭᠦᠯᠬᠦ ᠡᠷᠴᠢᠮ ᠢ | ᠴᠢᠩᠭᠠᠷᠠᠭᠤᠯᠵᠤ᠂ ᠪᠥᠬᠦ ᠠᠵᠤ ᠦᠢᠯᠡᠰ ᠢᠶᠠᠷ ᠨᠠᠷᠠᠲᠤ ᠲᠥᠷᠥᠯ ᠲᠡᠮᠳᠡᠭᠵᠢᠬᠦᠯᠦᠨ ᠠᠵᠢᠯᠯᠠᠭᠤᠯᠬᠤ ᠶᠢ ᠠᠬᠢᠭᠤᠯᠤᠨ᠂ ︿︿ᠠᠷᠪᠠᠨ ᠳᠥᠷᠪᠡᠳᠦᠭᠡᠷ ᠲᠠᠪᠤᠨ ᠵᠢᠯ﹀﹀ | ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ᠂ ︿︿ᠲᠩᠷᠢ ᠶᠢᠨ ᠬᠡᠰᠢᠭᠲᠦ ᠪᠣᠷᠣᠲᠣᠬᠤᠶ﹀﹀ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ | ᠲᠥᠷᠥᠯ ᠲᠡᠮᠳᠡᠭᠲᠦ ᠶᠢᠨ ᠡᠷᠬᠡ ᠣᠯᠭᠤᠭᠰᠠᠨ ᠠᠵᠤ ᠠᠬᠤᠶᠢᠯᠠᠯ ᠵᠢᠴᠢ ᠪᠦᠲᠦᠭᠡᠭᠳᠡᠬᠦᠨ ᠢ 5 ᠡᠷᠦᠬᠡ 10 ᠵᠦᠢᠯ ᠠᠴᠠ ᠳᠡᠭᠡᠭᠰᠢ ᠳᠤ ᠬᠦᠷᠦᠭᠦᠯᠵᠦ᠂ ︿︿ᠬᠤᠶᠠᠷ | ᠪᠦᠲᠦᠭᠡᠭᠳᠡᠬᠦᠨ ᠨᠢᠭᠡ ᠲᠡᠮᠳᠡᠭ﹀﹀᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠴᠢᠯᠡᠯ ᠢ 140 ᠶᠢ ᠲᠠᠪᠠᠭᠤᠯᠵᠤ᠂ | ᠪᠠᠷᠢᠮᠵᠢᠶᠠᠵᠢᠭᠤᠯᠤᠨ ᠬᠡᠷᠡᠭᠯᠡᠬᠦ ᠪᠤᠯᠤᠨ ᠴᠢᠨᠠᠷᠵᠢᠭᠤᠨ ᠢ ᠬᠦᠬᠡᠬᠡᠴᠡᠯᠳᠦᠬᠦ ᠨᠣᠷᠮ᠎ᠠ ᠶᠢ 85 % ᠠᠴᠠ ᠲᠡᠭᠡᠭᠰᠢ ᠳᠤ ᠬᠦᠷᠦᠭᠦᠯᠵᠦ᠂ ᠪᠦᠳᠦᠬᠡᠭᠳᠡᠭᠦᠨ ᠤ | ᠦᠰᠦᠭᠰᠡᠨ ᠦᠷᠳᠡᠭ ᠢ 20 % ᠠᠴᠠ ᠲᠡᠭᠡᠭᠰᠢ ᠪᠤᠯᠭᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠢ ᠴᠢᠩᠭᠠᠳᠬᠠᠨ᠎ᠠ᠃ ︿︿ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ﹀﹀ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠬᠤᠸᠠ ᠨᠠᠨ ᠤ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ | ᠬᠦᠷᠢᠶᠡᠯᠡᠩ ᠭᠠᠵᠠᠷ ᠯᠤᠭ᠎ᠠ ᠢᠳᠡᠪᠬᠢᠲᠡᠶ ᠪᠠᠷ ᠬᠤᠷᠰᠢᠯᠴᠠᠨ ᠰᠣᠯᠢᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠴᠢᠯᠡᠭᠡᠨ ᠢ | ᠴᠢᠩᠭᠠᠷᠠᠭᠤᠯᠤᠨ᠂ ︿︿ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ﹀﹀ ᠤᠨ ᠪᠠᠶᠢᠭᠤᠯᠤᠯᠳᠠ ᠶᠢ ᠬᠦᠴᠦᠳᠠᠢ ᠠᠬᠢᠭᠤᠯᠵᠤ᠂ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠳᠡᠭᠡᠷ᠎ᠡ ᠦᠨᠡᠨᠬᠦ ᠬᠤᠪᠢᠷᠠᠭᠤᠯᠤᠨ ᠬᠡᠷᠡᠭᠯᠡᠨ᠎ᠡ᠃ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠤ ᠤᠰᠤ᠂ ᠴᠠᠬᠢᠯᠭᠠᠨ᠂ ᠵᠠᠮ᠂ ᠰᠢᠲᠠᠮᠠᠬᠠᠶ ᠬᠡᠶ᠂ ᠴᠢᠮᠡᠭᠡ | ᠬᠤᠯᠪᠣᠭ᠎ᠠ᠂ ᠪᠠᠷᠠᠭᠠᠨ ᠤ ᠭᠦᠶᠯᠭᠡᠭᠡ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠣᠷᠣᠨ ᠰᠠᠭᠤᠴᠠ ᠶᠢᠨ ᠨᠥᠬᠦᠴᠡᠯ ᠢ | ᠰᠠᠶᠢᠵᠢᠷᠠᠭᠤᠯᠤᠨ᠂ ᠠᠮᠢᠳᠤᠷᠠᠯ ᠤᠨ ᠬᠤᠭ ᠨᠣᠪᠰᠢ ᠶᠢ ᠰᠢᠶᠳᠪᠦᠷᠢᠯᠡᠬᠦ᠂ ᠪᠣᠬᠢᠷ ᠤᠰᠤ ᠶᠢ ᠵᠠᠰᠠᠬᠤ᠂ ᠲᠣᠰᠬᠤᠨ ᠤ ᠳᠦᠷᠰᠦ ᠪᠠᠶᠢᠳᠠᠯ ᠢ ᠳᠡᠭᠡᠭᠰᠢᠯᠡᠭᠦᠯᠬᠦ | ᠢᠨᠵᠧᠨᠧᠷᠢᠩ ᠢ ᠭᠦᠨᠵᠡᠭᠡᠶ ᠠᠬᠢᠭᠤᠯᠵᠤ᠂ ᠠᠶᠢᠯ ᠲᠣᠰᠬᠤᠨ ᠢ ᠬᠠᠮᠢᠶᠠᠷᠤᠨ ᠬᠠᠮᠠᠭᠠᠯᠠᠬᠤ ᠵᠤᠬᠢᠴᠠᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠤᠲᠤᠭ ᠤᠨ | ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠵᠢᠱᠢᠶ᠎ᠡ ᠦᠵᠡᠬᠦᠯᠬᠦ ᠡᠷᠦᠬᠡ ᠶᠢ | ᠰᠣᠩᠭᠤᠨ ᠪᠤᠢ ᠪᠤᠯᠭᠠᠵᠤ᠂ ᠲᠤᠰᠬᠤᠨ ᠬᠤᠷᠰᠢᠶ᠎ᠠ ᠪᠦᠬᠦᠨ ᠪᠦᠷ ᠭᠤᠤᠯᠯᠠᠭᠴᠢ ᠠᠵᠤ ᠦᠢᠯᠡᠰ ᠲᠠᠢ᠂ ᠬᠦᠷᠢᠶᠠᠨ ᠤ ᠠᠵᠤ ᠠᠬᠤᠢ ᠲᠠᠢ᠂ ᠲᠤᠰᠬᠤᠨ ᠤ ᠬᠡᠷ᠎ᠡ | ᠠᠷᠠᠳ ᠤᠨ ᠲᠦᠷᠢᠮ ᠲᠠᠢ᠂ ᠠᠷᠢᠭᠤᠨ ᠴᠡᠪᠡᠷ ᠤᠨ ᠪᠠᠷᠢᠮᠵᠢᠶ᠎ᠠ ᠲᠠᠢ᠂ ᠬᠠᠮᠳᠤ ᠶᠢᠨ ᠬᠠᠷᠢᠭᠤᠴᠠᠯᠭ᠎ᠠ ᠲᠠᠢ ᠪᠠᠶᠢᠬᠤ ᠪᠠᠷᠢᠮᠵᠢᠶ᠎ᠠ ᠳᠤ ᠬᠦᠷᠦᠬᠦᠯᠵᠦ᠂ ᠮᠠᠯᠵᠢᠬᠤ | ᠲᠠᠷᠢᠶᠠᠯᠠᠬᠤ ᠣᠷᠣᠨ ᠢ ᠣᠯᠠᠨ ᠲᠦᠮᠡᠨ ᠤ ᠠᠮᠤᠷ ᠵᠢᠮᠦᠷ ᠠᠵᠤ ᠲᠦᠷᠦᠭᠦ ᠵᠣᠯ ᠵᠢᠷᠭᠠᠯᠲᠤ ᠬᠡᠷ ᠣᠷᠣᠨ ᠪᠣᠯᠭᠠᠨ ᠦᠨᠡᠨᠬᠦ ᠪᠥᠲᠥᠭᠡᠨ ᠪᠠᠶᠢᠭᠤᠯᠤᠨ᠎ᠠ᠃ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ | ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠵᠦ᠂ ᠣᠲᠣ ᠶᠢᠨ ᠪᠠᠶᠢᠭ᠎ᠠ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ᠂ ᠪᠠᠯᠠ ᠮᠥᠩᠭᠦ ᠶᠢᠨ ᠳᠡᠮᠵᠢᠯᠭᠡ᠂ ᠬᠠᠪᠰᠤᠷᠤᠨ ᠲᠡᠳᠬᠦᠬᠦ ᠬᠦᠴᠦᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠶᠠᠳᠠᠭᠤ | ᠠᠴᠠ ᠠᠩᠭᠢᠵᠢᠷᠠᠭᠰᠠᠨ ᠬᠥᠮᠦᠨ ᠠᠮᠠ ᠶᠢᠨ ᠣᠷᠣᠯᠭ᠎ᠠ ᠶᠢᠨ ᠬᠤᠪᠢᠷᠠᠯᠲᠠ ᠪᠠ ︿︿ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ﹀﹀ ᠶᠢ ᠪᠠᠬᠢᠵᠢᠭᠦᠯᠦᠭᠰᠡᠨ | ᠪᠠᠶᠢᠳᠠᠯ ᠢ ᠦᠷᠭᠦᠯᠵᠢᠯᠡᠨ ᠬᠢᠨᠠᠨ ᠬᠡᠮᠵᠢᠵᠦ᠂ ᠳᠠᠬᠢᠨ ᠶᠠᠳᠠᠭᠤᠷᠠᠬᠤ ᠪᠠ ᠶᠠᠳᠠᠭᠤᠷᠠᠭᠤᠯᠬᠤ ᠦᠵᠡᠭᠳᠡᠯ ᠢ ᠣᠯᠵᠤ ᠮᠡᠳᠡᠪᠡᠯ ᠴᠠᠭ ᠲᠤᠬᠠᠶ ᠳᠤᠨᠢ ᠬᠠᠪᠰᠤᠷᠤᠨ | ᠲᠡᠳᠬᠦᠵᠦ᠂ ᠬᠥᠳᠡᠯᠦᠩᠭᠦᠶ ᠪᠠᠷ ᠪᠦᠬᠦᠨ ᠢ ᠠᠷᠢᠯᠭᠠᠨ᠎ᠠ᠃ ᠶᠠᠳᠠᠭᠤ ᠶᠢ ᠲᠡᠳᠬᠦᠬᠦ ᠲᠥᠷᠥᠯ ᠵᠦᠶᠯ ᠤᠨ ᠪᠠᠯᠠ ᠮᠥᠩᠭᠦ ᠡᠳ᠋ ᠬᠥᠷᠥᠩᠭᠡ ᠶᠢᠨ ᠬᠠᠮᠢᠶᠠᠷᠤᠯᠲᠠ ᠪᠠ | ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠣᠨᠴᠠᠯᠢᠭᠲᠤ ᠶᠠᠳᠠᠭᠤ ᠶᠢ ᠲᠡᠳᠬᠦᠬᠦ ᠠᠵᠤ ᠦᠶᠯᠡᠰ ᠤᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠠᠰᠢᠭ ᠢ ᠦᠨᠡᠨᠬᠦ ᠪᠠᠬᠢᠵᠢᠭᠦᠯᠦᠨ᠎ᠡ᠃ | ᠭᠤᠷᠪᠠ᠂ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ ᠠᠮᠢ ᠠᠬᠤᠶ ᠶᠢᠨ ᠰᠠᠭᠤᠷᠢᠰᠢᠬᠤ ᠳᠤ | ᠲᠣᠬᠢᠷᠠᠮᠵᠢᠲᠠᠶ ᠬᠤᠲᠠ ᠶᠢ ᠴᠢᠷᠮᠠᠶᠢᠨ ᠪᠣᠶ ᠪᠣᠯᠭᠠᠨ᠎ᠠ | ᠬᠥᠮᠦᠨ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠣᠵᠢᠯᠳᠡ ᠶᠢᠨ ᠲᠠᠨᠢᠯᠳᠠ ᠶᠢ ᠪᠠᠷᠢᠮᠳᠠᠯᠠᠨ᠂ ᠣᠯᠠᠨ ᠨᠡᠶᠢᠲᠡ ᠶᠢᠨ ᠦᠶᠯᠡᠴᠢᠯᠡᠭᠡᠨ | ᠤ ᠲᠤᠨᠤᠭ ᠲᠦᠬᠦᠬᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠬᠦᠷᠵᠢᠭᠦᠯᠦᠨ ᠲᠡᠭᠦᠯᠳᠡᠷᠵᠢᠭᠦᠯᠵᠤ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ | ᠰᠢᠨᠡᠳᠬᠡᠬᠦ ᠪᠠ ᠨᠡᠶᠢᠭᠡᠮ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠦᠶᠯᠡᠴᠢᠯᠡᠭᠡᠨ ᠤ ᠬᠢᠷᠢ ᠬᠡᠮᠵᠢᠶ᠎ᠡ ᠶᠢ ᠰᠠᠶᠢᠵᠢᠷᠠᠭᠤᠯᠤᠨ | ᠳᠡᠭᠡᠭᠰᠢᠯᠡᠭᠦᠯᠵᠦ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠨᠠᠩ ᠠᠮᠤᠷ ᠲᠦᠪᠰᠢᠨ᠂ ᠨᠠᠩ ᠰᠠᠭᠤᠷᠢᠰᠢᠬᠤ ᠳᠤ ᠲᠣᠬᠢᠷᠠᠮᠵᠢᠲᠠᠶ᠂ ᠨᠠᠩ ᠵᠣᠯ | ᠵᠢᠷᠭᠠᠯ ᠲᠠᠢ ᠪᠣᠯᠭᠠᠨ᠎ᠠ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ︿︿ᠵᠣᠬᠢᠰᠲᠠᠶ | ᠤᠷᠢᠳᠴᠢᠯᠠᠭᠤᠯᠬᠤ᠂ ᠵᠦᠢ ᠵᠣᠬᠢᠰᠲᠠᠶ ᠪᠠᠶᠢᠷᠢᠰᠢᠭᠤᠯᠬᠤ᠂ ᠰᠦᠯᠵᠢᠶ᠎ᠡ ᠶᠢ ᠲᠡᠭᠦᠯᠳᠡᠷᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ﹀﹀ ᠶᠡᠷᠦᠩᠬᠡᠶ ᠰᠡᠳᠬᠢᠴᠡ | ᠶᠣᠰᠣᠭᠠᠷ᠂ ︿︿ᠭᠠᠵᠠᠷ ᠲᠡᠭᠡᠷᠡᠬᠢ ᠪᠠ ᠭᠠᠵᠠᠷ ᠲᠤᠤᠷᠠᠬᠢ ᠶᠢ ᠵᠡᠷᠭᠡ ᠳᠤᠨᠢ ᠪᠠᠶᠢᠯᠭᠠᠬᠤ᠂ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠬᠦ ᠶᠢ ᠵᠡᠷᠭᠡ ᠳᠤᠨᠢ | ᠴᠢᠬᠤᠯᠠᠴᠢᠯᠠᠬᠤ﹀﹀ ᠵᠠᠷᠴᠢᠮ ᠢ ᠪᠠᠷᠢᠮᠲᠠᠯᠠᠨ᠂ ᠭᠠᠵᠠᠷ ᠳᠣᠣᠷᠠᠬᠢ ᠬᠤᠭᠤᠯᠠᠶ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠰᠦᠪᠡᠭᠴᠢᠯᠡᠨ ᠥᠷᠨᠢᠭᠦᠯᠵᠦ᠂ | ᠬᠤᠲᠠ ᠲᠣᠭᠤᠷᠢᠭ ᠤᠨ ᠵᠠᠰᠠᠮᠠᠯ ᠵᠠᠮ ᠤᠨ ᠲᠤᠤᠷᠵᠢᠯ᠂ ᠬᠡᠢ ᠢᠯᠴᠢ ᠬᠠᠩᠭᠠᠬᠤ᠂ ᠦᠶᠡᠷ ᠤᠰᠤᠲᠤᠯ ᠢ ᠰᠡᠷᠭᠡᠶᠢᠯᠡᠬᠦ ᠵᠡᠷᠭᠡ ᠬᠤᠲᠠ ᠶᠢᠨ ᠶᠠᠪᠤᠳᠠᠯ ᠤᠨ ᠰᠠᠭᠤᠷᠢ | ᠲᠦᠬᠦᠬᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠤᠲᠠ ᠶᠢᠨ ᠶᠡᠷᠦᠩᠬᠡᠶᠢᠯᠡᠭᠰᠡᠨ ᠠᠴᠢᠶᠠᠯᠠᠪᠤᠷᠢ ᠶᠢᠨ ᠴᠢᠳᠠᠪᠤᠷᠢ ᠶᠢ ᠦᠨᠡᠨᠬᠦ ᠨᠡᠮᠡᠭᠳᠡᠭᠦᠯᠤᠨ᠎ᠠ᠃ ᠵᠤᠭᠠᠴᠠᠯ | ᠤᠨ ᠲᠠᠯᠠᠪᠠᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠨᠤᠭ ᠲᠦᠬᠦᠬᠡᠷᠦᠮᠵᠢ ᠶᠢ ᠰᠡᠯᠪᠢᠨ ᠵᠠᠰᠠᠵᠤ ᠲᠥᠬᠦᠷᠵᠢᠭᠦᠯᠦᠨ᠂ ᠣᠯᠠᠨ ᠲᠦᠮᠡᠨ ᠳᠤ ᠨᠠᠩ | ᠲᠠᠭᠠᠯᠠᠮᠵᠢᠲᠠᠢ᠂ ᠨᠡᠩ ᠳᠥᠭᠦᠮ ᠳᠥᠲᠡ ᠪᠡᠶ᠎ᠡ ᠴᠢᠭᠢᠷᠠᠭᠵᠢᠭᠤᠯᠬᠤ ᠰᠡᠯᠡᠭᠦᠴᠡᠯ ᠤᠨ ᠲᠠᠯᠠᠪᠤᠷ ᠬᠠᠩᠭᠠᠨ᠎ᠠ᠃ ᠬᠤᠲᠠ ᠪᠠᠯᠭᠠᠰᠤᠨ ᠤ ᠣᠷᠣᠨ ᠰᠠᠭᠤᠴᠠ ᠶᠢᠨ | ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠬᠤᠳᠠ ᠶᠢᠨ ᠣᠷᠣᠨ ᠰᠠᠭᠤᠴᠠ ᠶᠢᠨ ᠣᠳᠣᠬᠢ ᠪᠠᠶᠢᠳᠠᠯ ᠪᠠ ᠤᠯᠠᠨ ᠲᠦᠮᠡᠨ ᠤ ᠣᠷᠣᠨ ᠰᠠᠭᠤᠴᠠ ᠶᠢᠨ | ᠬᠡᠷᠡᠭᠴᠡᠭᠡ ᠶᠢ ᠦᠨᠳᠦᠰᠦᠯᠡᠨ᠂ ᠪᠤᠷᠤ ᠬᠡᠷᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠬᠤ᠂ ᠪᠠᠶᠢᠰᠢᠩ ᠬᠡᠷ ᠤᠨ ᠲᠣᠭᠤᠷᠢᠭ ᠢ ᠴᠡᠭᠴᠡᠯᠡᠨ | ᠵᠠᠰᠠᠬᠤ᠂ ᠰᠠᠶᠢᠵᠢᠷᠠᠭᠤᠯᠬᠤ ᠴᠢᠨᠠᠷᠲᠠᠢ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠬᠦᠯᠦᠨ ᠠᠬᠢᠭᠤᠯᠵᠤ᠂ ᠤᠯᠠᠨ ᠲᠦᠮᠡᠨ ᠤ | ᠤᠯᠠᠨ ᠲᠡᠰ ᠳᠠᠪᠬᠤᠷᠭ᠎ᠠ ᠶᠢᠨ ᠣᠷᠣᠨ ᠰᠠᠭᠤᠴᠠ ᠶᠢᠨ ᠬᠡᠷᠡᠭᠴᠡᠭᠡ ᠶᠢ ᠬᠠᠩᠭᠠᠨ᠎ᠠ᠃ ᠲᠠᠸᠠᠷ ᠤᠨ ᠣᠷᠣᠨ ᠰᠠᠭᠤᠴᠠ ᠶᠢ ᠰᠢᠨ᠎ᠡ ᠪᠠᠷ ᠪᠠᠶᠢᠭᠤᠯᠬᠤ ᠳᠤ ᠪᠠᠷᠢᠯᠭ᠎ᠠ | ᠶᠢᠨ ᠨᠢᠭᠲᠠᠴᠠ ᠪᠣᠯᠤᠨ ᠡᠵᠡᠯᠡᠬᠦᠨ ᠤ ᠨᠣᠷᠮ᠎ᠠ ᠶᠢ ᠴᠢᠩᠭ᠎ᠠ ᠡᠵᠡᠮᠳᠡᠵᠦ᠂ ᠥᠨᠳᠥᠷ ᠪᠠᠷᠢᠮᠵᠢᠶ᠎ᠠ ᠪᠠᠷ ᠲᠡᠷᠭᠡᠨ ᠵᠣᠭᠰᠣᠭᠠᠯ᠂ ᠨᠡᠶᠢᠭᠡᠮ ᠲᠣᠭᠤᠷᠢᠭ ᠤᠨ ᠦᠶᠯᠡᠴᠢᠯᠡᠭᠡ | ᠵᠡᠷᠭᠡ ᠣᠯᠠᠨ ᠨᠡᠶᠢᠲᠡ ᠶᠢᠨ ᠦᠶᠯᠡᠴᠢᠯᠡᠭᠡᠨ ᠤ ᠪᠡᠯᠡᠳᠬᠡᠮᠵᠢ ᠶᠢ ᠢᠵᠢ ᠪᠥᠷᠢᠳᠦᠭᠦᠯᠵᠦ᠂ ᠣᠷᠣᠰᠢᠨ ᠰᠠᠭᠤᠬᠤ ᠳᠤ ᠳᠣᠭᠢᠷᠠᠬᠤ ᠵᠢᠭᠠᠯᠲᠠ ᠲᠤᠭ᠎ᠠ ᠶᠢ | ᠳᠡᠭᠡᠭᠰᠢᠯᠡᠭᠦᠯᠤᠨ᠎ᠡ᠃ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠦᠯᠦᠪᠵᠢᠬᠦᠯᠬᠡ ᠶᠢᠨ ᠰᠡᠭᠦᠯᠴᠢ ᠪᠣᠯᠬᠤ ᠳᠤ᠂ ᠪᠤᠷᠤ ᠬᠡᠷᠳᠦ ᠣᠷᠣᠨ ᠰᠠᠭᠤᠴᠠ ᠶᠢᠨ | ᠲᠣᠭᠤᠷᠢᠭ ᠤᠨ ᠦᠬᠡᠷᠡᠴᠢᠯᠡᠯᠳᠡ ᠶᠢ 19 ᠲᠦᠮᠡᠨ ᠲᠡᠭᠰᠢ ᠳᠥᠷᠪᠡᠯᠵᠢᠨ ᠮᠧᠲᠷ ᠪᠡᠶᠡᠯᠡᠭᠦᠯᠵᠦ᠂ 72 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ | ᠰᠠᠭᠤᠭᠠᠯᠢ ᠲᠣᠭᠤᠷᠢᠭ᠂ 30 ᠲᠦᠮᠡᠨ ᠲᠡᠭᠰᠢ ᠳᠥᠷᠪᠡᠯᠵᠢᠨ ᠮᠧᠲᠷ ᠤᠨ ᠬᠡᠷ ᠪᠠᠶᠢᠰᠢᠩ ᠢ ᠥᠭᠡᠷᠡᠴᠢᠯᠡᠨ ᠰᠢᠨᠡᠳᠬᠡᠨ᠎ᠡ᠃ ᠨᠠᠷᠢᠯᠢᠭᠵᠢᠭᠤᠯᠤᠭᠰᠠᠨ ᠬᠠᠮᠢᠶᠠᠷᠤᠯᠲᠠ | ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠶᠢᠨ ᠳᠦᠷᠢ ᠲᠥᠷᠬᠦ᠂ ᠵᠠᠮ ᠬᠠᠷᠢᠯᠴᠠᠭᠠᠨ ᠤ ᠡᠮᠬᠢ ᠳᠢᠭᠯᠢᠮ᠂ ᠣᠷᠴᠢᠨ ᠲᠣᠭᠤᠷᠢᠨ ᠤ ᠠᠷᠢᠭᠤᠨ ᠴᠡᠪᠡᠷ | ᠤᠨ ᠴᠡᠭᠴᠡᠯᠡᠯᠲᠡ ᠶᠢ ᠲᠤᠪᠤᠶᠢᠮ᠎ᠠ ᠠᠳᠬᠤᠵᠤ᠂ ᠬᠤᠲᠠ ᠶᠢᠨ ᠶᠠᠪᠤᠳᠠᠯ ᠤᠨ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠪᠦᠬᠦ ᠲᠠᠯ᠎ᠠ ᠪᠠᠷ | ᠴᠢᠩᠭᠠᠳᠬᠠᠨ᠎ᠠ᠃ ᠵᠠᠮ ᠡᠵᠡᠯᠡᠨ ᠡᠵᠡᠩᠨᠡᠯᠲᠡ ᠬᠢᠬᠦ᠂ ᠬᠤᠭ ᠨᠣᠪᠰᠢ ᠪᠣᠬᠢᠷ ᠤᠰᠤ ᠶᠢ ᠳᠤᠷ᠎ᠠ ᠪᠠᠷ ᠬᠠᠶᠠᠬᠤ ᠵᠡᠷᠭᠡ ᠬᠤᠲᠠ ᠶᠢᠨ ᠡᠮᠬᠢ ᠵᠠᠮᠪᠠᠷᠠᠭ᠎ᠠ ᠥᠬᠡᠶ ᠪᠠᠶᠢᠳᠠᠯ | ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠠᠷᠠᠳ ᠲᠤ ᠲᠥᠬᠦᠮ ᠦᠵᠡᠭᠦᠯᠬᠦ ᠵᠠᠬ᠎ᠠ ᠳᠡᠯᠭᠡᠭᠦᠷ᠂ ᠲᠡᠷᠭᠡᠨ ᠵᠣᠭᠰᠣᠭᠠᠯ᠂ ᠬᠤᠭ ᠨᠣᠪᠰᠢ | ᠰᠢᠶᠳᠪᠦᠷᠢᠯᠡᠬᠦ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠤᠲᠠ ᠶᠢᠨ ᠴᠢᠳᠠᠮᠵᠢ ᠶᠢᠨ ᠣᠷᠣᠨ ᠬᠤᠪᠢᠶᠠᠷᠢᠯᠠᠯ | ᠪᠠ ᠵᠠᠬ᠎ᠠ ᠳᠡᠯᠭᠡᠭᠦᠷ ᠲᠤ ᠣᠷᠣᠵᠤ ᠬᠠᠮᠢᠶᠠᠷᠬᠤ ᠶᠢ ᠠᠬᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠬᠢᠭᠤᠯᠵᠤ᠂ ᠬᠤᠭ ᠨᠣᠪᠰᠢ | ᠶᠢ ᠪᠠᠭᠠᠰᠬᠠᠬᠤ᠂ ᠡᠬᠢ ᠪᠠᠶᠠᠯᠢᠭᠵᠢᠭᠤᠯᠤᠨ ᠰᠢᠶᠳᠪᠦᠷᠢᠯᠡᠬᠦ ᠶᠢ ᠪᠡᠶᠡᠯᠡᠭᠦᠯᠦᠨ᠎ᠡ᠃ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ | ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠠᠩ ᠲᠠᠭᠠᠯᠠᠮᠵᠢᠲᠠᠶ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ ᠰᠠᠯᠠᠭ᠎ᠠ | ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂ ᠣᠯᠠᠨ ᠲᠦᠮᠡᠨ ᠢ ᠣᠯᠠᠨ ᠵᠢᠯ | ᠭᠠᠴᠢᠭᠳᠠᠭᠤᠯᠤᠭᠰᠠᠨ ︿︿ᠦᠨᠡᠮᠯᠡᠯ ᠭᠦᠶᠴᠡᠳᠬᠡᠬᠦ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠶ﹀﹀ ᠵᠡᠷᠭᠡ | ᠬᠠᠭᠤᠴᠢᠨ ᠠᠰᠠᠭᠤᠳᠠᠯ ᠢ ᠦᠨᠡᠨᠬᠦ ᠲᠤᠶᠢᠯᠪᠤᠷᠢᠲᠠᠶ ᠰᠢᠶᠳᠪᠦᠷᠢᠯᠡᠵᠦ᠂ ᠰᠢᠨ᠎ᠡ ᠠᠰᠠᠭᠤᠳᠠᠯ ᠭᠠᠷᠬᠤ ᠠᠴᠠ ᠡᠷᠡᠰ ᠵᠠᠶᠢᠯᠠᠰᠬᠢᠨ᠎ᠡ᠃ | ᠳᠥᠷᠪᠡ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠤᠮᠠᠷᠠᠲᠤ ᠬᠢᠯᠢ ᠶᠢᠨ ᠠᠮᠢ ᠠᠬᠤᠶ ᠶᠢᠨ ᠠᠮᠤᠷ ᠲᠦᠪᠰᠢᠨ ᠤ | ᠬᠠᠯᠬᠠᠪᠴᠢ ᠶᠢ ᠪᠠᠲᠤ ᠴᠣᠭᠴᠠᠯᠠᠨ᠎ᠠ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠠᠷᠪᠢᠯᠠᠨ ᠭᠠᠮᠨᠠᠵᠤ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠨᠳᠠᠭᠠᠨ ᠵᠠᠰᠠᠨ ᠰᠡᠷᠭᠦᠭᠡᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠣᠷᠴᠢᠨ ᠠᠬᠤᠶ ᠶᠢᠨ | ᠬᠠᠮᠠᠭᠠᠯᠠᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ | ᠦᠷᠭᠦᠯᠵᠢᠯᠡᠨ ᠰᠠᠶᠢᠲᠤᠷ ᠬᠢᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠬᠡᠷᠡᠭᠵᠢᠭᠦᠯᠬᠦ ᠡᠷᠴᠢᠮ ᠢᠶᠠᠨ ᠨᠡᠮᠡᠭᠳᠡᠭᠦᠯᠵᠦ᠂ ᠳᠠᠯᠳᠠᠭᠤᠷ | ᠭᠠᠳᠠᠭᠰᠢᠯᠠᠭᠤᠯᠬᠤ ᠪᠠ ᠪᠠᠷᠢᠮᠵᠢᠶ᠎ᠠ ᠠᠴᠠ ᠬᠡᠲᠦᠷᠡᠭᠦᠯᠦᠨ ᠭᠠᠳᠠᠭᠰᠢᠯᠠᠭᠤᠯᠬᠤ ᠵᠡᠷᠭᠡ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠶᠳᠪᠦᠷᠢᠯᠡᠨ᠎ᠡ᠃ ᠠᠵᠤ | ᠦᠢᠯᠡᠳᠪᠦᠷᠢ ᠶᠢᠨ ᠠᠵᠤ ᠠᠬᠤᠶᠢᠯᠠᠯ᠂ ᠪᠠᠷᠢᠯᠭ᠎ᠠ ᠶᠢᠨ ᠭᠠᠵᠠᠷ᠂ ᠲᠦᠯᠡᠰᠢᠨ ᠨᠡᠭᠦᠷᠡᠰᠦ ᠪᠤᠷᠤᠯᠠᠭᠤᠯᠬᠤ ᠵᠠᠬ᠎ᠠ ᠲᠡᠯᠭᠡᠭᠦᠷ᠂ ᠮᠠᠰᠢᠨᠲᠤ ᠲᠡᠷᠭᠡ ᠵᠡᠷᠭᠡ ᠶᠢ | ᠶᠡᠷᠦᠩᠬᠡᠶᠢᠯᠡᠨ ᠵᠠᠰᠠᠬᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠤᠨ᠎ᠠ᠃ ᠬᠤᠲᠠ | ᠬᠥᠳᠡᠭᠡ ᠶᠢᠨ ᠪᠣᠬᠢᠷ ᠤᠰᠤᠨ ᠤ ᠬᠤᠭᠤᠯᠠᠶ ᠶᠢᠨ ᠲᠣᠣᠷ ᠢ ᠪᠦᠬᠦᠨ ᠢ ᠬᠠᠮᠤᠷᠬᠤ ᠶᠢ ᠲᠦᠯᠬᠢᠨ ᠠᠬᠢᠭᠤᠯᠵᠤ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ | ᠠᠮᠠ ᠶᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠂ ᠪᠣᠬᠢᠷ ᠤᠰᠤ ᠶᠢ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ | ᠬᠢᠨ᠎ᠡ᠃ ᠲᠠᠷᠢᠶᠠᠯᠠᠩ ᠤᠨ ︿︿ᠳᠥᠷᠪᠡ ᠶᠢ ᠡᠵᠡᠮᠳᠡᠬᠦ﹀﹀ ᠠᠵᠢᠯᠯᠠᠭ᠎ᠠ ᠪᠠ ᠠᠵᠤ ᠦᠶᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠶᠳᠪᠦᠷᠢᠯᠡᠬᠦ | ᠠᠵᠢᠯ ᠢ ᠨᠢᠭᠡᠳᠦᠯᠲᠡᠶ ᠲᠦᠯᠦᠪᠵᠢᠬᠦᠯᠦᠨ ᠰᠠᠶᠢᠲᠤᠷ ᠠᠳᠬᠤᠵᠤ᠂ ᠬᠥᠷᠥᠰᠥ ᠰᠢᠷᠣᠶ ᠶᠢᠨ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠪᠣᠬᠢᠷᠲᠤᠯ | ᠦᠭᠡᠢ ᠬᠥᠭᠵᠢᠯᠲᠡ ᠶᠢ ᠲᠦᠷᠭᠡᠳᠬᠡᠨ ᠠᠬᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠥᠪᠵᠢᠭᠦᠯᠭᠡ ᠪᠠ ᠬᠡᠷᠡᠭᠴᠡᠭᠡ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠦᠯᠲᠡ | ᠵᠡᠷᠭᠡ ᠵᠠᠭᠠᠭ ᠬᠢᠵᠠᠭᠠᠷ ᠤᠨ ᠬᠠᠮᠢᠶᠠᠷᠤᠯᠲᠠ ᠡᠵᠡᠮᠳᠡᠯ ᠢ ᠴᠢᠩᠭ᠎ᠠ ᠬᠡᠷᠡᠭᠵᠢᠭᠦᠯᠵᠦ᠂ ᠪᠠᠶᠢᠭᠠᠯᠢ ᠶᠢᠨ ᠣᠷᠣᠨ ᠵᠠᠢ ᠶᠢ ᠡᠵᠡᠯᠡᠨ ᠬᠡᠷᠡᠭᠯᠡᠬᠦ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠨ᠎ᠠ᠃ ᠬᠠᠶᠠᠭᠳᠠᠮᠠᠯ ᠬᠠᠭᠤᠴᠢᠨ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠣᠷᠴᠢᠨ | ᠲᠣᠭᠤᠷᠢᠨ ᠢ ᠬᠠᠮᠠᠭᠠᠯᠠᠬᠤ ᠠᠵᠤ ᠦᠶᠯᠡᠰ ᠢ ᠶᠡᠬᠡᠪᠡᠷ ᠬᠥᠭᠵᠢᠭᠦᠯᠦᠨ᠂ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠪᠣᠬᠢᠷᠲᠤᠯ ᠦᠭᠡᠶᠢᠳᠡᠭᠦᠯᠬᠦ᠂ | ᠡᠷᠭᠢᠯᠳᠦᠭᠦᠯᠦᠨ ᠥᠭᠡᠷᠡᠴᠢᠯᠡᠬᠦ ᠶᠢ ᠲᠦᠯᠬᠢᠨ ᠠᠬᠢᠭᠤᠯᠤᠨ᠎ᠠ᠃ ᠳᠥᠭᠦᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠢᠳᠡᠪᠬᠢᠲᠡᠢ ᠰᠠᠨᠠᠭᠠᠴᠢᠯᠠᠵᠤ᠂ ᠤᠯᠠᠨ ᠲᠦᠮᠡᠨ ᠤ ᠪᠣᠬᠢᠷᠲᠤᠯ ᠦᠭᠡᠢ ᠶᠠᠪᠤᠵᠤ ᠰᠠᠭᠤᠬᠤ ᠶᠢ ᠤᠬᠠᠭᠤᠯᠤᠨ | ᠬᠦᠲᠦᠯᠦᠨ ᠵᠢᠯᠣᠭᠤᠳᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠨ᠎ᠡ᠃ ᠬᠠᠲᠤᠨ ᠭᠤᠤᠯ ᠤᠨ ᠰᠠᠪᠠ ᠭᠠᠵᠠᠷ | ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ | ᠬᠠᠲᠤᠨ ᠭᠤᠤᠯ ᠤᠨ ᠬᠢᠯᠢ ᠪᠠᠷ ᠥᠩᠭᠡᠷᠡᠬᠦ ᠬᠡᠰᠡᠭ᠂ ᠤᠯᠢᠶᠠᠰᠤ ᠨᠠᠭᠤᠷ ᠤᠨ ᠰᠠᠪᠠ ᠭᠠᠵᠠᠷ ᠤᠨ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶ ᠠᠬᠢᠭᠤᠯᠵᠤ᠂ ᠭᠤᠤᠯ | ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠦᠷᠢᠶᠡᠴᠢᠯᠡᠭᠰᠡᠨ᠂ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠬᠡᠷᠡᠭᠵᠢᠭᠦᠯᠵᠦ᠂ ᠭᠤᠤᠯ ᠮᠥᠷᠡᠨ ᠨᠠᠭᠤᠷ ᠴᠥᠭᠦᠷᠥᠮ ᠭᠤᠤ ᠰᠤᠪᠠᠭ ᠴᠡᠪᠡᠷ ᠲᠡᠭᠰᠢ᠂ ᠤᠰᠤ ᠲᠤᠩᠭᠠᠯᠠᠭ ᠡᠷᠭᠢ ᠲᠤᠩᠭᠠᠯᠠᠭ ᠪᠠᠶᠢᠬᠤ ᠶᠢ | ᠦᠨᠡᠨ ᠬᠦ ᠪᠠᠲᠤᠯᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤ ᠬᠡᠷᠡᠭᠯᠡᠬᠦ ᠠᠷᠭ᠎ᠠ ᠬᠡᠯᠪᠡᠷᠢ ᠶᠢ ᠪᠦᠳᠦᠭᠦᠯᠢᠭ ᠬᠡᠯᠪᠡᠷᠢ ᠠᠴᠠ | ᠠᠷᠪᠢᠴᠢ ᠬᠡᠯᠪᠡᠷᠢ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠵᠤ᠂ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠮᠤᠨᠠ ᠠᠭᠤᠯᠠ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠲᠠ | ᠶᠢᠨ ᠣᠷᠣᠨ ᠢ ᠪᠥᠬᠦ ᠤᠯᠤᠰ ᠤᠨ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠶᠢᠨ ᠦᠶᠯᠡᠳᠦᠯᠭᠡ ᠶᠢᠨ ᠰᠢᠨ᠎ᠡ ᠶᠢ ᠡᠭᠦᠳᠬᠦ | ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ ᠵᠠᠮ ᠤᠨ ᠨᠣᠭᠤᠭᠠᠷᠠᠭᠤᠯᠤᠯᠲᠠ ᠪᠠ ᠠᠶᠢᠯ ᠲᠣᠰᠬᠤᠨ ᠤ ᠨᠣᠭᠤᠭᠠᠷᠠᠭᠤᠯᠤᠯᠲᠠ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠣᠢ ᠮᠣᠳᠣ ᠶᠢ ᠠᠷᠠᠴᠢᠯᠠᠨ ᠬᠠᠮᠠᠭᠠᠯᠠᠵᠤ ᠬᠠᠮᠢᠶᠠᠷᠬᠤ ᠶᠢ ᠴᠢᠩᠭᠠᠳᠬᠠᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠳᠡᠭᠡᠭᠰᠢᠯᠡᠭᠦᠯᠦᠨ᠎ᠡ᠃ | ᠲᠠᠪᠤ᠂ ᠠᠷᠠᠳ ᠤᠨ ᠠᠮᠢᠳᠤᠷᠠᠯ ᠢ ᠤᠷᠢᠳᠠᠪᠠᠷ ᠪᠠᠲᠤᠯᠠᠵᠤ᠂ ᠠᠷᠠᠳ ᠣᠯᠠᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠦᠨ᠎ᠡ | ᠠᠷᠠᠳ ᠲᠦᠮᠡᠨ ᠢ ᠶᠠᠪᠤᠬᠤ ᠲᠤᠳᠤᠮ ᠰᠠᠶᠢᠬᠠᠨ ᠠᠮᠢᠳᠤᠷᠠᠭᠤᠯᠬᠤ ᠪᠣᠯ ᠵᠠᠰᠠᠭ ᠤᠨ ᠣᠷᠳᠣᠨ ᠤ ᠵᠠᠶᠢᠯᠠᠭᠤᠯᠵᠤ ᠪᠣᠯᠤᠰᠢ ᠦᠭᠡᠶ ᠬᠠᠷᠢᠭᠤᠴᠠᠯᠭ᠎ᠠ ᠶᠤᠮ᠂ | ᠮᠥᠨᠴᠦ ᠬᠥᠭᠵᠢᠯᠲᠡ ᠶᠢᠨ ᠦᠨᠳᠦᠰᠦᠨ ᠬᠠᠷᠠᠯᠲᠠ ᠪᠣᠯᠤᠨ᠎ᠠ᠃ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ | ᠬᠡᠷᠡᠭᠴᠡᠭᠡ ᠶᠢ ᠬᠠᠩᠭᠠᠬᠤ ᠪᠠᠷ ᠲᠡᠮᠡᠴᠡᠬᠦ ᠬᠠᠷᠠᠯᠲᠠ ᠪᠠᠨ ᠪᠣᠯᠭᠠᠵᠤ᠂ ᠴᠢᠳᠠᠯ ᠢᠶᠠᠷ ᠢᠶᠠᠨ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠵᠦ᠂ ᠨᠢᠭᠡ ᠨᠢᠭᠡ | ᠠᠵᠢᠯ ᠢᠶᠠᠷ ᠵᠠᠯᠭᠠᠨ ᠬᠢᠵᠦ᠂ ᠨᠢᠭᠡ ᠨᠢᠭᠡ ᠵᠢᠯ ᠢᠶᠠᠷ ᠵᠠᠯᠭᠠᠨ ᠬᠢᠵᠦ᠂ ᠤᠯᠠᠨ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠵᠤ᠂ ᠨᠡᠶᠢᠭᠡᠮ ᠢ ᠡᠶ᠎ᠡ ᠵᠣᠬᠢᠴᠠᠩᠭᠤᠢ | ᠠᠮᠤᠷ ᠲᠣᠭᠲᠠᠭᠤᠨ ᠪᠠᠶᠢᠯᠭᠠᠬᠤ ᠪᠠᠷ ᠴᠢᠷᠮᠠᠶᠢᠬᠤ ᠬᠡᠷᠡᠭᠲᠡᠢ᠃ ᠣᠯᠠᠨ ᠲᠦᠮᠡᠨ ᠤ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠪᠠᠲᠤᠯᠠᠨ᠎ᠠ᠃ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠰᠢᠨ᠎ᠡ ᠪᠠᠷ ᠨᠡᠮᠡᠭᠳᠡᠭᠰᠡᠨ ᠠᠵᠤ ᠦᠢᠯᠡᠰ ᠤᠨ ᠲᠦᠷᠦᠯ ᠵᠦᠢᠯ ᠤᠨ ᠲᠣᠭᠤᠷᠢᠨ ᠳᠤ | ᠪᠣᠯᠪᠠᠰᠤᠷᠠᠯ ᠢ ᠠᠳᠬᠤᠵᠤ᠂ ᠠᠵᠢᠯ ᠤᠨ ᠪᠠᠶᠢᠷᠢ ᠶᠢ ᠡᠷᠢᠵᠦ᠂ ᠠᠵᠢᠯ ᠣᠯᠭᠤᠯᠲᠠ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠵᠡᠷᠭᠡ ᠵᠠᠯᠠᠭᠤ ᠬᠥᠮᠦᠰ᠂ ᠬᠥᠯᠥᠰᠥᠨ ᠲᠠᠷᠢᠶᠠᠴᠢᠨ ᠤ ᠤᠯᠠᠨ ᠠᠷᠭ᠎ᠠ ᠵᠠᠮ ᠢᠶᠠᠷ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠴᠠᠯᠢᠩ ᠢ ᠬᠠᠮᠲᠤᠪᠠᠷ ᠵᠥᠪᠳᠡᠯᠴᠡᠬᠦ ᠳᠦᠷᠢᠮ ᠪᠠ ᠠᠵᠢᠯᠲᠠᠨ ᠠᠵᠢᠯᠴᠢᠨ ᠤ ᠴᠠᠯᠢᠩ ᠤᠨ ᠬᠡᠪ ᠤᠨ ᠥᠰᠥᠯᠲᠡ ᠶᠢᠨ ᠵᠤᠬᠢᠴᠠᠮᠵᠢ ᠶᠢ ᠪᠦᠷᠢᠨ | ᠪᠣᠯᠭᠠᠨ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠪᠡᠶᠡᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠭᠦᠯᠦᠨ᠎ᠡ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠵᠢᠷᠤᠮᠵᠢᠭᠤᠯᠵᠤ᠂ | ᠬᠦᠯᠦᠰᠦᠨ ᠠᠵᠢᠯᠴᠢᠨ ᠳᠤ ᠴᠠᠯᠢᠩ ᠦᠷᠢᠳᠦᠬᠦ ᠠᠵᠢᠯᠯᠠᠭ᠎ᠠ ᠶᠢ ᠵᠠᠰᠠᠬᠤ᠂ ᠬᠦᠯᠦᠰᠦᠨ ᠠᠵᠢᠯᠴᠢᠨ ᠤ ᠴᠠᠯᠢᠩ ᠢ ᠴᠠᠭ ᠲᠤᠬᠠᠢ ᠳᠤᠨᠢ ᠦᠭᠬᠦ ᠶᠢ ᠪᠠᠳᠤᠯᠠᠬᠤ | ᠲᠤᠰᠬᠠᠢ ᠲᠦᠷᠦᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠤᠯᠠᠨ | ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ ᠲᠤᠭᠳᠠᠯᠴᠠᠭ᠎ᠠ ᠶᠢ | ᠲᠡᠭᠦᠯᠳᠡᠷᠵᠢᠭᠦᠯᠵᠦ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ | ᠨᠠᠰᠤᠵᠢᠯ ᠤᠨ ᠠᠰᠠᠷᠠᠮᠵᠢ ᠶᠢᠨ ᠦᠢᠯᠡᠰ ᠪᠠ ᠨᠠᠰᠤᠵᠢᠯ ᠤᠨ ᠠᠰᠠᠷᠠᠮᠵᠢ ᠶᠢᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠭᠡᠷ ᠲᠡᠭᠡᠨ ᠰᠠᠭᠤᠬᠤ | ᠪᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠪᠠ ᠡᠷᠡᠭᠦᠯᠵᠢᠯ ᠠᠰᠠᠷᠠᠮᠵᠢ ᠶᠢ ᠤᠶᠠᠯᠳᠤᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭᠳᠠᠯᠴᠠᠭ᠎ᠠ ᠶᠢ ᠪᠠᠶᠢᠭᠤᠯᠵᠤ᠂ ᠨᠠᠰᠤᠲᠠᠶᠢᠴᠤᠳ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠰᠤᠯ ᠲᠠᠢ | ᠪᠣᠯᠭᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ᠂ ᠵᠡᠮᠳᠡᠭᠴᠦᠳ ᠵᠡᠷᠭᠡ ᠣᠨᠴᠠᠭᠠᠢ ᠬᠠᠮᠲᠤᠯᠢᠭ ᠢ ᠬᠠᠯᠠᠮᠵᠢᠯᠠᠨ ᠬᠠᠶᠢᠷᠠᠯᠠᠵᠤ᠂ ᠡᠮᠡᠭᠲᠡᠶᠢᠴᠦᠳ ᠬᠡᠦᠬᠡᠳ ᠤᠨ | ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠴᠢᠨᠠᠷ ᠰᠠᠶᠢᠲᠠᠢ ᠰᠤᠷᠭᠠᠨ ᠬᠥᠮᠦᠵᠢᠯ ᠤᠨ ᠲᠤᠭᠳᠠᠯᠴᠠᠭ᠎ᠠ ᠶᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠳᠣᠯᠣᠳᠤᠭᠠᠷ ᠳᠤᠮᠳᠠᠳᠤ ᠰᠤᠷᠭᠠᠭᠤᠯᠢ᠂ ᠮᠤᠨᠠ ᠠᠭᠤᠯᠠ ᠪᠠᠭ᠎ᠠ ᠰᠤᠷᠭᠠᠭᠤᠯᠢ ᠪᠠ ᠳᠣᠯᠣᠳᠤᠭᠠᠷ ᠬᠡᠦᠬᠡᠳ | ᠤᠨ ᠴᠡᠴᠡᠷᠯᠢᠭ ᠢ ᠲᠥᠯᠥᠪᠵᠢᠭᠦᠯᠦᠨ ᠪᠠᠶᠢᠭᠤᠯᠵᠤ᠂ ᠨᠢᠭᠡᠳᠦᠭᠡᠷ ᠳᠤᠮᠳᠠᠳᠤ ᠰᠤᠷᠭᠠᠭᠤᠯᠢ᠂ ᠵᠢᠷᠭᠤᠳᠤᠭᠠᠷ ᠳᠤᠮᠳᠠᠳᠤ ᠰᠤᠷᠭᠠᠭᠤᠯᠢ᠂ ᠦᠨᠳᠦᠰᠦᠲᠡᠨ ᠤ ᠰᠤᠷᠭᠠᠨ | ᠬᠥᠮᠦᠵᠢᠯ ᠤᠨ ᠬᠦᠷᠢᠶᠡᠯᠡᠩ ᠲᠣᠭᠤᠷᠢᠭ᠂ ᠨᠢᠭᠡᠳᠦᠭᠡᠷ ᠪᠦᠷᠢᠨ ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠰᠠᠭᠤᠷᠢ ᠪᠡᠯᠡᠳᠬᠡᠮᠵᠢ ᠪᠠᠷ ᠬᠠᠷᠢᠴᠠᠩᠭᠤᠶ ᠪᠠᠭᠤᠷᠠᠶ ᠰᠤᠷᠭᠠᠭᠤᠯᠢ ᠶᠢ ᠪᠥᠬᠦ ᠲᠠᠯ᠎ᠠ ᠪᠠᠷ ᠲᠠᠰ ᠳᠡᠪᠰᠢᠭᠦᠯᠦᠨ ᠥᠭᠡᠷᠡᠴᠢᠯᠡᠵᠦ᠂ ᠰᠤᠷᠭᠠᠭᠤᠯᠢ ᠶᠢᠨ | ᠪᠠᠷᠢᠮᠵᠢᠶᠠᠵᠢᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠠᠷᠠᠳ ᠲᠦᠮᠡᠨ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠣᠷ ᠪᠠᠶᠢᠭᠤᠯᠬᠤ | ᠪᠠᠷ ᠬᠠᠷᠠᠯᠳᠠ ᠪᠤᠯᠭᠠᠵᠤ᠂ ᠬᠠᠮᠢᠶᠠᠷᠤᠯᠲᠠ ᠶᠢ ᠠᠳᠬᠤᠬᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠳᠠᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ | ᠦᠨᠳᠦᠰᠦᠨ ᠳᠡᠭᠡᠨ ᠲᠡᠩᠴᠡᠭᠦᠷᠢᠲᠡᠢ ᠪᠠᠶᠢᠭᠰᠠᠨ ᠠᠴᠠ ᠨᠢ ᠴᠢᠨᠠᠷ ᠰᠠᠶᠢᠲᠠᠢ ᠲᠡᠩᠴᠡᠭᠦᠷᠢᠲᠡᠢ ᠪᠣᠯᠭᠠᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠦᠨᠳᠦᠰᠦᠲᠡᠨ | ᠤ ᠰᠤᠷᠭᠠᠨ ᠬᠥᠮᠦᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠣᠨᠴᠣᠭᠤᠶ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠡᠷᠬᠢᠯᠡᠨ᠎ᠡ᠃ ᠪᠠᠭᠰᠢ | ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭ ᠪᠠᠭᠰᠢ ᠶᠢ ᠤᠷᠢᠵᠤ ᠡᠯᠰᠡᠬᠦ ᠠᠵᠢᠯ ᠢ ᠰᠠᠶᠢᠲᠤᠷ ᠬᠢᠵᠦ᠂ ᠥᠨᠳᠥᠷ ᠬᠡᠪ | ᠪᠤᠯᠪᠠᠰᠣᠷᠠᠯ ᠲᠠᠢ ᠪᠠᠭᠰᠢ ᠶᠢᠨ ᠡᠩᠨᠡᠭᠡ ᠶᠢ ᠬᠥᠮᠦᠵᠢᠭᠦᠯᠵᠦ᠂ ᠨᠡᠶᠢᠭᠡᠮ ᠳᠠᠶᠠᠭᠠᠷ ᠢᠶᠠᠨ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠶᠢ | ᠰᠠᠨᠠᠭᠠᠴᠢᠯᠠᠨ᠎ᠠ᠃ ᠡᠷᠡᠭᠦᠯ ᠴᠢᠬᠢᠷᠠᠭ ᠡᠮᠦᠨᠡᠳᠦ ᠬᠤᠰᠢᠭᠤᠨ ᠤ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠲᠤᠭᠳᠠᠯᠴᠠᠭ᠎ᠠ | ᠶᠢᠨ ᠪᠠᠶᠢᠭᠤᠯᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠬᠦ ᠬᠡᠷᠡᠭ ᠢ ᠬᠢᠨᠠᠨ ᠬᠡᠮᠵᠢᠵᠦ ᠰᠡᠷᠡᠮᠵᠢᠯᠡᠭᠦᠯᠬᠦ | ᠰᠢᠶᠳᠪᠦᠷᠢᠯᠡᠬᠦ ᠵᠤᠬᠢᠴᠠᠮᠵᠢ ᠶᠢ ᠲᠡᠭᠦᠯᠳᠡᠷᠵᠢᠭᠦᠯᠵᠦ᠂ ᠡᠮ ᠡᠮᠨᠡᠯᠭᠡ ᠶᠢᠨ ᠠᠪᠤᠷᠠᠨ ᠵᠠᠰᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ ᠡᠳ᠋ ᠪᠠᠷᠠᠭ᠎ᠠ | ᠶᠢᠨ ᠪᠠᠲᠤᠯᠠᠭ᠎ᠠ ᠵᠢᠨᠲ᠋ᠤᠭᠳᠠᠯᠴᠠᠭᠠ ᠶᠢ ᠪᠦᠷᠢᠨᠰᠢᠭᠦᠯᠦᠨ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠪᠠ ᠡᠮ ᠡᠮᠨᠡᠯᠭᠡ ᠶᠢᠨ ᠠᠪᠤᠷᠠᠨ ᠵᠠᠰᠠᠬᠤ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠡᠭᠦᠰᠬᠦ ᠬᠡᠷᠡᠭ ᠢ | ᠠᠷᠭᠠᠴᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠤᠨ ᠠᠵᠢᠯ ᠢ ᠴᠢᠩᠭᠠᠳᠬᠠᠵᠤ᠂ ᠲᠦᠷᠦᠭᠦ ᠬᠥᠮᠦᠨ | ᠠᠮᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠢᠲᠠᠳ ᠧᠦ᠋ᠷᠣᠫᠠ ᠡᠮᠨᠡᠯᠭᠡ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠢ ᠶᠡᠬᠡᠪᠡᠷ ᠬᠥᠭᠵᠢᠭᠦᠯᠦᠨ᠎ᠡ᠃ ︿︿ᠡᠮᠴᠢᠯᠡᠭᠡᠨ ᠤ ᠬᠠᠮᠲᠤ ᠶᠢᠨ ᠴᠣᠭᠴᠠ﹀﹀ ᠪᠠ ᠡᠮᠴᠢᠯᠡᠭᠡ ᠡᠷᠡᠭᠦᠯ ᠬᠠᠮᠠᠭᠠᠯᠠᠯ ᠤᠨ ᠮᠡᠳᠡᠭᠡ | ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠨᠠᠷᠠᠲᠤ ᠡᠮᠴᠢ ᠨᠠᠷᠠᠲᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠶᠢ ᠥᠷᠭᠡᠳᠬᠡᠨ᠂ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠷᠥᠯ ᠵᠦᠶᠯ ᠢ ᠨᠡᠮᠡᠭᠳᠡᠭᠦᠯᠵᠦ᠂ ᠣᠯᠠᠨ ᠲᠦᠮᠡᠨ ᠳᠤ ᠪᠥᠬᠦ ᠲᠠᠯ᠎ᠠ ᠶᠢᠨ ᠪᠥᠭᠡᠳ ᠪᠥᠬᠦ ᠦᠶᠡᠯᠡᠯ ᠤᠨ | ᠡᠷᠡᠭᠦᠯ ᠮᠡᠨᠳᠦ ᠶᠢᠨ ᠦᠶᠯᠡᠴᠢᠯᠡᠭᠡ ᠬᠠᠩᠭᠠᠬᠤ ᠪᠠᠷ ᠴᠢᠷᠮᠠᠶᠢᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠦᠷᠭᠦᠯᠵᠢᠯᠡᠨ | ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ | ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ | ᠪᠠᠷ ᠰᠣᠶᠣᠯ ᠤᠨ ᠦᠶᠯᠡᠰ ᠤᠨ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠤᠳᠬ᠎ᠠ ᠤᠷᠠᠯᠢᠭ ᠤᠨ ᠪᠦᠲᠦᠭᠡᠯ ᠤᠨ ᠶᠠᠰᠤ ᠴᠢᠨᠠᠷ ᠢ | ᠳᠡᠭᠡᠭᠰᠢᠯᠡᠭᠦᠯᠬᠦ ᠪᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠤ ᠣᠶᠤᠨ ᠤ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠤᠨ᠎ᠠ᠃ ᠰᠣᠶᠣᠯ ᠤᠨ ᠪᠡᠯᠡᠳᠬᠡᠮᠵᠢ ᠪᠣᠯᠤᠨ ᠰᠣᠶᠣᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠬᠠᠲᠤᠨ ᠭᠤᠣᠯ | ᠬᠦᠳᠡᠭᠡ ᠨᠤᠳᠤᠭ᠂ ᠮᠤᠨᠠ᠂ ᠰᠡᠭᠡᠭᠡᠳᠡᠨ᠂ ᠲᠠᠷᠢᠶᠠᠯᠠᠬᠤ ᠵᠡᠷᠭᠡ ᠦᠨᠳᠦᠰᠦᠳᠡᠨ ᠤ ᠤᠷᠤᠨ ᠪᠦᠰᠡ ᠶᠢᠨ ᠰᠣᠶᠣᠯ ᠢ ᠶᠡᠬᠡᠪᠡᠷ ᠤᠯᠠᠮᠵᠢᠯᠠᠨ ᠪᠠᠳᠠᠷᠠᠭᠤᠯᠵᠤ᠂ ᠴᠢᠨ | ᠬᠠᠨ ᠣᠯᠣᠰ ᠤᠨ ᠤᠷᠲᠤ ᠴᠠᠭᠠᠨ ᠬᠡᠷᠡᠮ ᠵᠡᠷᠭᠡ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠯᠪᠢᠨ ᠵᠠᠰᠠᠬᠤ ᠠᠵᠢᠯ ᠢ ᠨᠠᠷᠢᠨ ᠬᠢᠨᠠᠮᠠᠭᠠᠢ ᠰᠠᠶᠢᠳᠤᠷ | ᠬᠢᠵᠦ᠂ ᠣᠯᠠᠨ ᠨᠡᠶᠢᠲᠡ ᠶᠢᠨ ᠰᠣᠶᠣᠯ ᠤᠨ ᠪᠦᠲᠦᠭᠡᠭᠳᠡᠬᠦᠨ ᠬᠠᠩᠭᠠᠬᠤ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠤᠯᠠᠭᠠᠨᠮᠥ᠋ᠴᠢᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠲᠦᠮᠡᠨ ᠲᠠᠢ ᠤᠢᠢᠷᠠᠳᠤᠭᠰᠠᠨ᠂ ᠤᠯᠠᠨ ᠲᠦᠮᠡᠨ ᠤ ᠳᠤᠮᠳᠠ ᠳᠡᠯᠭᠡᠷᠡᠵᠦ | ᠲᠠᠭᠠᠰᠢᠶᠠᠭᠳᠠᠭᠰᠠᠨ ᠨᠢᠭᠡ ᠪᠦᠯᠦᠭ ᠰᠣᠳᠣᠨ ᠪᠦᠲᠦᠭᠡᠯ ᠢ ᠵᠣᠬᠢᠶᠠᠨ ᠪᠦᠲᠦᠭᠡᠨ᠎ᠡ᠃ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ᠤᠯᠠᠨ ᠲᠦᠮᠡᠨᠴᠢ ᠴᠢᠨᠠᠷᠲᠠᠢ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ | ᠵᠢᠷᠭᠤᠭ᠎ᠠ᠂ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ | ᠪᠦᠲᠦᠮᠵᠢᠲᠡᠶ ᠬᠥᠭᠵᠢᠭᠡᠨ᠎ᠡ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠤᠱᠯᠠᠭᠤᠯᠵᠤ᠂ ᠬᠠᠤᠯᠢ | ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠬᠤ ᠴᠢᠳᠠᠪᠤᠷᠢ ᠪᠠᠨ | ᠳᠡᠭᠡᠭᠰᠢᠯᠡᠭᠦᠯᠦᠨ᠂ ᠡᠷᠬᠡ ᠲᠡᠭᠰᠢ ᠪᠠᠷ ᠵᠥᠪᠰᠢᠶᠡᠷᠡᠨ ᠣᠷᠣᠭᠤᠯᠬᠤ᠂ ᠲᠥᠪ ᠭᠤᠣᠯᠴᠢ ᠪᠠᠷ ᠬᠢᠨᠠᠨ ᠬᠠᠮᠢᠶᠠᠷᠬᠤ᠂ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ | ᠬᠥᠭᠵᠢᠯᠲᠡ ᠶᠢᠨ ᠣᠷᠴᠢᠨ ᠨᠥᠬᠦᠴᠡᠯ ᠢ ᠬᠦᠴᠦᠯᠡᠨ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ | ᠭᠠᠷᠭᠠᠨ᠎ᠠ᠃ ᠠᠵᠤ ᠠᠬᠤᠢ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠵᠡᠷᠭᠡ ᠵᠠᠩᠭᠢᠯᠠᠭ᠎ᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ | ᠮᠥᠩᠭᠦᠨ ᠭᠦᠢᠯᠭᠡᠭᠡ᠂ ᠡᠳ᠋ ᠤᠨ ᠵᠠᠰᠠᠭ ᠭᠠᠶᠢᠯᠢ ᠵᠡᠷᠭᠡ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠥᠭᠡᠷᠡᠴᠢᠯᠡᠯᠲᠡ ᠶᠢᠨ ᠤᠯᠵᠠ ᠠᠰᠢᠭ ᠢ ᠨᠡᠩ | ᠤᠯᠠᠨ ᠤᠯᠠᠨ ᠲᠦᠮᠡᠨ ᠳᠤ ᠬᠦᠷᠲᠡᠭᠡᠨ᠎ᠡ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠠᠷᠢᠶᠠᠯᠠᠩ ᠬᠥᠳᠡᠭᠡ | ᠲᠣᠰᠬᠤᠨ ᠤ ᠬᠥᠭᠵᠢᠯᠲᠡ ᠶᠢᠨ ᠠᠮᠢᠳᠤᠯᠢᠭ ᠬᠦᠴᠦᠨ ᠢ ᠨᠡᠮᠡᠭᠳᠡᠭᠦᠯᠦᠨ᠎ᠡ᠃ ︿︿ᠲᠠᠯᠪᠢᠬᠤ ᠬᠠᠮᠢᠶᠠᠷᠬᠤ ᠦᠢᠯᠡᠴᠢᠯᠡᠬᠦ﹀﹀ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ︿︿ᠵᠥᠭᠡᠯᠡᠨ ᠪᠣᠳᠠᠲᠤ ᠬᠦᠴᠦᠨ﹀﹀ ᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠢ ᠢᠯᠡ | ᠲᠣᠳᠣ ᠵᠠᠰᠠᠭ ᠤᠨ ᠶᠠᠪᠤᠳᠠᠯ ᠤᠨ ᠣᠷᠴᠢᠨ ᠲᠤᠭᠤᠷᠢᠨ᠂ ᠨᠡᠭᠡᠭᠡᠯᠲᠡᠲᠡᠢ ᠪᠠᠭᠲᠠᠭᠠᠮᠵᠢᠲᠠᠢ ᠪᠡᠯᠡ ᠣᠷᠣᠭᠤᠯᠤᠯᠲᠠ ᠶᠢᠨ ᠣᠷᠴᠢᠨ ᠲᠤᠭᠤᠷᠢᠨ᠂ ᠡᠷᠬᠡ ᠲᠡᠭᠰᠢ ᠲᠥᠪ | ᠭᠤᠣᠯᠴᠢ ᠬᠠᠤᠯᠢᠵᠢᠯ ᠤᠨ ᠣᠷᠴᠢᠨ ᠲᠤᠭᠤᠷᠢᠨ ᠢ ᠴᠢᠷᠮᠠᠶᠢᠨ ᠪᠤᠢ ᠪᠣᠯᠭᠠᠨ᠎ᠠ᠃ ︿︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀﹀ ᠬᠢᠨᠠᠯᠲᠠ | ᠬᠠᠮᠢᠶᠠᠷᠤᠯᠲᠠ ᠶᠢ ᠭᠦᠨᠵᠡᠭᠡᠶ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠦᠴᠦᠨ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | ᠵᠠᠰᠠᠯᠲᠠ ᠶᠢᠨ ᠴᠢᠳᠠᠪᠤᠷᠢ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠤᠯᠤᠨ᠎ᠠ᠃ ᠰᠢᠨ᠎ᠡ ᠴᠠᠭ ᠦᠶ᠎ᠡ ᠶᠢᠨ ︿︿ᠹᠧᠩ ᠴᠢᠶᠣᠤ ᠶᠢᠨ ᠲᠤᠷᠰᠢᠯᠭ᠎ᠠ﹀﹀ ᠶᠢ | ᠰᠤᠷᠤᠯᠴᠠᠨ ᠬᠡᠷᠡᠭᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ | ᠶᠢᠨ ᠬᠦᠰᠡᠯ ᠱᠠᠭᠠᠷᠳᠠᠯᠭ᠎ᠠ ᠶᠢ ᠪᠦᠲᠦᠮᠵᠢᠲᠡᠶ ᠰᠢᠶᠳᠪᠦᠷᠢᠯᠡᠨ᠎ᠡ᠃ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ ᠡᠵᠡᠮᠳᠡᠬᠦ ᠲᠤᠭᠳᠠᠯᠴᠠᠭ᠎ᠠ ᠶᠢᠨ ᠪᠠᠶᠢᠭᠤᠯᠤᠯᠲᠠ | ᠶᠢ ᠴᠢᠩᠭᠠᠳᠬᠠᠵᠤ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠣᠯᠠᠨ ᠲᠦᠮᠡᠨ ᠤ ᠠᠮᠤᠷ ᠲᠦᠪᠰᠢᠨ | ᠰᠡᠳᠬᠢᠯᠭᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠵᠠᠬ᠎ᠠ ᠳᠡᠯᠭᠡᠭᠦᠷ ᠤᠨ ᠭᠤᠤᠯ ᠴᠣᠭᠴᠠ᠂ ᠨᠡᠶᠢᠭᠡᠮ ᠤᠨ ᠠᠵᠢᠯᠳᠠᠨ᠂ ᠰᠠᠶᠢᠨ ᠳᠤᠷ᠎ᠠ ᠶᠢᠨ | ᠠᠵᠢᠯᠯᠠᠭᠴᠢ ᠵᠡᠷᠭᠡ ᠬᠦᠮᠦᠰ ᠤᠨ ᠨᠡᠶᠢᠭᠡᠮ ᠤᠨ ᠵᠠᠰᠠᠯᠲᠠ ᠳᠤ ᠣᠷᠣᠯᠴᠠᠬᠤ ᠠᠷᠭ᠎ᠠ ᠵᠠᠮ ᠢ ᠰᠢᠯᠤᠭᠤᠳᠬᠠᠨ ᠵᠢᠷᠤᠮᠵᠢᠭᠤᠯᠵᠤ᠂ ᠲᠤᠤᠷᠴᠢᠯᠠᠭᠰᠠᠨ ᠬᠠᠮᠢᠶᠠᠷᠤᠯᠲᠠ᠂ | ᠨᠠᠷᠢᠯᠢᠬᠵᠢᠭᠤᠯᠤᠭᠰᠠᠨ ᠦᠢᠯᠡᠴᠢᠯᠡᠭᠡ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠭᠰᠠᠨ ᠦᠨᠳᠦᠰᠦᠨ ᠱᠠᠲᠤᠨ ᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ | ᠢ ᠪᠠᠶᠢᠭᠤᠯᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠢᠨᠲ᠋ᠤᠭᠳᠠᠯᠴᠠᠭᠠ | ᠶᠢ ᠪᠦᠷᠢᠨᠰᠢᠬᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠢᠬᠤᠯᠠ ᠶᠡᠭᠡ ᠶᠠᠷᠢᠶ᠎ᠠ | ᠬᠡᠯᠡᠯᠴᠡᠭᠡᠨ ᠤ ᠪᠠᠶᠢᠳᠠᠯ ᠢ ᠲᠦᠷᠭᠡᠨ ᠲᠤᠰᠬᠠᠬᠤ ᠵᠤᠬᠢᠴᠠᠮᠵᠢ ᠶᠢ ᠲᠡᠭᠦᠯᠳᠡᠷᠵᠢᠭᠦᠯᠵᠦ᠂ ᠰᠦᠯᠵᠢᠶᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠪᠠᠶᠢᠳᠠᠯ ᠢ | ᠴᠠᠭ ᠲᠤᠬᠠᠢ ᠳᠤᠨᠢ ᠬᠦᠳᠦᠯᠦᠨ ᠵᠢᠯᠣᠭᠤᠳᠬᠤ ᠪᠠ ᠬᠠᠷᠢᠭᠤᠯᠲᠠ ᠥᠭᠴᠦ᠂ ᠠᠵᠢᠯ ᠤᠨ ᠰᠠᠨᠠᠭᠠᠴᠢᠯᠠᠭᠠᠲᠤ ᠡᠷᠬᠡ ᠪᠠ ᠦᠭᠡ ᠬᠡᠯᠡᠬᠦ ᠡᠷᠬᠡ ᠶᠢ ᠡᠵᠡᠮᠰᠢᠨ᠎ᠡ᠃ ᠨᠠᠮ | ᠤᠨ ᠦᠨᠳᠦᠰᠦᠲᠡᠨ ᠱᠠᠰᠢᠨ ᠰᠤᠷᠲᠠᠬᠤᠨ ᠤ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠢᠳᠡᠪᠬᠢᠲᠡᠢ | ᠡᠭᠦᠳᠦᠨ ᠪᠠᠶᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠲᠠᠯ᠎ᠠ ᠪᠠᠷ ᠰᠢᠨ᠎ᠡ ᠳᠦᠷᠰᠦ ᠪᠠᠶᠢᠳᠠᠯ ᠢ ᠢᠯᠡᠷᠡᠭᠦᠯᠦᠨ᠎ᠡ᠃ ᠵᠠᠰᠠᠭ ᠤᠨ ᠣᠷᠳᠣᠨ ᠤ ᠡᠷᠬᠡ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠪᠠᠷ ᠲᠣᠭᠲᠠᠭᠠᠭᠰᠠᠨ ᠡᠷᠬᠡ ᠮᠡᠳᠡᠯ ᠪᠠ ᠳᠡᠰ ᠳᠠᠷᠠᠭᠠᠯᠠᠯ | ᠶᠣᠰᠣᠭᠠᠷ ᠡᠷᠬᠡ ᠪᠠᠨ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃ ᠵᠠᠰᠠᠭ ᠤᠨ ᠣᠷᠳᠣᠨ ᠤ ᠬᠡᠷᠡᠭ ᠵᠥᠪᠯᠡᠬᠦ ᠲᠦᠷᠢᠮ ᠪᠠ ᠰᠢᠶᠳᠪᠦᠷᠢᠲᠦ | ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠦᠶᠯᠡᠳᠦᠯ ᠢ ᠭᠦᠶᠴᠡᠳ | ᠪᠠᠳᠠᠷᠠᠭᠤᠯᠤᠨ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠦᠷᠢᠮ ᠢ | ᠨᠠᠶᠢᠳᠠᠪᠤᠷᠢᠵᠢᠭᠤᠯᠤᠨ᠎ᠠ᠃ ᠬᠤᠰᠢᠭᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ᠂ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ | ᠥᠷᠭᠡᠨ ᠲᠡᠯᠬᠡᠷᠡᠩᠭᠦᠢ ᠰᠣᠨᠣᠰᠤᠨ᠎ᠠ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ ᠬᠡᠷᠡᠭᠵᠢᠭᠦᠯᠵᠦ ᠂ ᠣᠯᠠᠨ ᠲᠦᠮᠡᠨ ᠤ ᠪᠠᠶᠢᠳᠠᠯ ᠢ ᠮᠡᠳᠡᠬᠦ | ᠡᠷᠬᠡ᠂ ᠣᠷᠣᠯᠴᠠᠬᠤ ᠡᠷᠬᠡ ᠪᠣᠯᠤᠨ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠵᠠᠰᠠᠭ ᠤᠨ ᠣᠷᠳᠣᠨ ᠤ ᠡᠷᠬᠡ ᠶᠢᠨ ᠢᠮᠠᠭᠲᠠ ᠢᠯᠡ ᠪᠠᠷ ᠶᠠᠪᠤᠭᠳᠠᠬᠤ ᠶᠢ | ᠦᠨᠡᠨᠬᠦ ᠪᠠᠳᠣᠯᠠᠨ᠎ᠠ᠃ | ᠲᠥᠯᠥᠭᠡᠯᠡᠭᠴᠢᠳ ᠡ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂ ᠮᠥᠨ ᠴᠦ | ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠪᠣᠯᠤᠨ᠎ᠠ᠂ ᠪᠥᠬᠦ ᠵᠢᠯ ᠤᠨ ᠠᠵᠢᠯ ᠢ ᠰᠠᠶᠢᠲᠤᠷ ᠬᠢᠬᠦ ᠨᠢ ᠲᠤᠶᠢᠯ | ᠤᠨ ᠴᠢᠬᠤᠯᠠ ᠶᠤᠮ᠃ ᠪᠢᠳᠡ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤ ᠨᠠᠮ ᠤᠨ ᠬᠤᠷᠢᠶᠠᠨ ᠤ ᠰᠢᠶᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠯᠠᠪᠳᠠᠭᠤᠨ ᠪᠠᠲᠤᠲᠠᠶ ᠠᠵᠢᠯᠯᠠᠨ᠂ ᠠᠵᠤ ᠠᠬᠤᠶ ᠨᠡᠶᠢᠭᠡᠮ ᠤᠨ | ᠲᠣᠭᠲᠠᠭᠤᠨ ᠡᠷᠡᠭᠦᠯ ᠬᠥᠭᠵᠢᠯᠲᠡ ᠶᠢ ᠴᠢᠷᠮᠠᠶᠢᠨ ᠠᠬᠢᠭᠤᠯᠵᠤ᠂ ︿︿ᠠᠷᠪᠠᠨ ᠳᠥᠷᠪᠡᠳᠦᠭᠡᠷ ᠲᠠᠪᠤᠨ ᠵᠢᠯ﹀﹀ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠵᠦ᠂ | ᠰᠠᠶᠢᠬᠠᠨ ᠠᠯᠬᠤᠭᠤᠯᠬᠤ ᠬᠡᠷᠡᠭᠲᠡᠶ᠃ | 2021 ᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠡᠯ᠎ᠡ ᠲᠦᠷᠦᠯ ᠤᠨ ᠠᠵᠤ ᠠᠬᠤᠶ ᠶᠢᠨ | ᠭᠦᠶᠴᠡᠳᠬᠡᠯ ᠲᠤᠭ᠎ᠠ ᠶᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠂ ᠠᠵᠤ ᠠᠬᠤᠶ ᠶᠢᠨ ᠨᠡᠮᠡᠭᠳᠡᠯ ᠢ ᠵᠦᠶ | ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠭᠰᠠᠨ ᠰᠠᠭᠤᠷᠢᠨ ᠳᠡᠭᠡᠷ᠎ᠡ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠎ᠡ᠃ ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠪᠢᠳᠡ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ | ᠃ | ( ᠨᠢᠭᠡ ) ᠠᠵᠤ ᠦᠶᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠪᠤᠭᠤᠳᠤ ᠶᠢᠨ ᠪᠠᠷᠠᠭᠤᠨ ᠳᠠᠬᠢ ᠠᠵᠤ | ᠦᠶᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠶᠡᠷᠦᠩᠬᠡᠶ ᠲᠥᠯᠥᠪᠵᠢᠭᠦᠯᠭᠡ᠂ ᠠᠵᠤ ᠦᠶᠯᠡᠰ ᠤᠨ ᠲᠥᠯᠥᠪᠵᠢᠭᠦᠯᠭᠡ᠂ ᠲᠥᠯᠥᠪᠵᠢᠭᠦᠯᠭᠡ ᠶᠢᠨ ᠣᠷᠴᠢᠨ | ᠲᠣᠭᠤᠷᠢᠨ ᠤ ᠦᠨᠡᠯᠡᠯᠲᠡ ᠵᠡᠷᠭᠡ ᠵᠠᠰᠠᠨ ᠨᠠᠶᠢᠷᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ | ᠠᠵᠤ ᠦᠶᠯᠡᠰ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ ᠪᠡᠶᠡᠯᠡᠬᠦᠯᠬᠦ ᠬᠡᠷᠡᠭᠲᠡᠶ᠃ ᠰᠠᠭᠤᠷᠢ ᠲᠥᠬᠦᠭᠡᠷᠦᠮᠵᠢ ᠶᠢ | ᠲᠥᠬᠦᠷᠵᠢᠭᠦᠯᠦᠨ᠂ ᠭᠠᠵᠠᠷ ᠰᠢᠷᠣᠢ ᠶᠢ ᠬᠤᠷᠢᠶᠠᠨ ᠨᠥᠭᠡᠴᠡᠯᠡᠵᠦ᠂ ᠭᠠᠯ ᠤᠨᠲᠠᠷᠠᠭᠠᠬᠤ ᠣᠨᠴᠠ ᠵᠢᠵᠢᠭᠦᠷ ᠤᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ | ᠪᠡᠶᠡᠯᠡᠭᠦᠯᠦᠨ᠂ 5 ᠵᠤᠷᠪᠤᠰ 9 . 5 ᠺᠢᠯᠦᠮᠧᠲᠷ ᠤᠨ ᠵᠠᠮ ᠢ ᠰᠢᠨ᠎ᠡ ᠪᠠᠷ ᠥᠭᠡᠷᠡᠴᠢᠯᠡᠨ ᠵᠠᠰᠠᠵᠤ᠂ ᠬᠦᠨᠳᠡᠯᠡᠨ ᠬᠤᠶᠠᠳᠤᠭᠠᠷ ᠵᠠᠮ᠂ ᠬᠦᠨᠳᠡᠯᠡᠨ ᠨᠡᠮᠡᠯᠳᠡ | ᠳᠣᠯᠣᠳᠤᠭᠠᠷ ᠵᠠᠮ ᠤᠨ ᠲᠠᠰᠤᠷᠬᠠᠢ ᠵᠠᠮ ᠢ ᠨᠡᠪᠲᠡᠷᠡᠭᠦᠯᠦᠨ᠂ ᠬᠤᠭᠤᠯᠠᠢ ᠶᠢᠨ ᠲᠣᠣᠷ᠂ ᠨᠣᠭᠤᠭᠠᠷᠠᠭᠤᠯᠤᠯᠲᠠ᠂ ᠭᠡᠷᠡᠯᠲᠦᠭᠦᠯᠭᠡ ᠵᠡᠷᠭᠡ ᠢᠨᠵᠧᠨᠧᠷᠢᠩ ᠢ | ᠲᠥᠬᠦᠷᠵᠢᠭᠦᠯᠦᠨ ᠬᠡᠷᠡᠭᠵᠢᠭᠦᠯᠵᠦ᠂ ᠲᠣᠭᠤᠷᠢᠭ ᠤᠨ ᠨᠡᠶᠢᠲᠡ ᠶᠢᠨ ᠮᠠᠰᠢᠨ ᠲᠡᠷᠭᠡ ᠶᠢ ᠨᠡᠪᠲᠡᠷᠡᠭᠦᠯᠦᠨ᠂ ᠣᠷᠣᠵᠤ ᠰᠠᠭᠤᠭᠰᠠᠨ ᠠᠵᠤ ᠠᠬᠤᠶᠢᠯᠠᠯ ᠳᠤ | ᠦᠢᠯᠡᠳᠪᠦᠷᠢᠯᠡᠯ ᠡᠵᠡᠩᠨᠡᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠭᠦᠨ᠎ᠡ᠃ ᠤᠰᠤᠨ ᠤ ᠡᠷᠬᠡ ᠶᠢ ᠰᠣᠯᠢᠬᠤ᠂ ᠴᠠᠬᠢᠯᠭᠠᠨ ᠬᠠᠩᠭᠠᠬᠤ | ᠱᠤᠭᠤᠮ ᠢ ᠥᠭᠡᠷᠡᠴᠢᠯᠡᠬᠦ᠂ ᠲᠡᠮᠦᠷ ᠵᠠᠮ ᠤᠨ ᠲᠤᠰᠬᠠᠶ ᠱᠤᠭᠤᠮ ᠵᠡᠷᠭᠡ ᠰᠠᠭᠤᠷᠢ ᠪᠡᠯᠡᠳᠬᠡᠮᠵᠢ ᠶᠢᠨ ᠢᠨᠵᠧᠨᠧᠷᠢᠩ ᠢ ᠲᠦᠷᠭᠡᠳᠬᠡᠨ ᠠᠬᠢᠭᠤᠯᠵᠤ᠂ ᠲᠥᠷᠥᠯ ᠵᠦᠢᠯ | ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠨ᠎ᠠ᠃ ᠢᠳᠡᠭᠡᠨ ᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠵᠠᠰᠠᠮᠠᠯ ᠵᠠᠮ᠂ ᠬᠤᠭᠤᠯᠠᠶ ᠶᠢᠨ | ᠲᠣᠣᠷ ᠵᠡᠷᠭᠡ ᠢᠨᠵᠧᠨᠧᠷᠢᠩ ᠢ ᠭᠤᠣᠯᠳᠠᠯᠭ᠎ᠠ ᠲᠠᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠠᠴᠢᠶᠠᠯᠠᠪᠤᠷᠢ ᠶᠢᠨ ᠴᠢᠳᠠᠪᠤᠷᠢ ᠶᠢ ᠦᠨᠡᠨᠬᠦ | ᠲᠡᠭᠡᠭᠰᠢᠯᠡᠭᠦᠯᠦᠨ᠎ᠡ᠃ ᠠᠭᠤᠯᠠᠨ ᠠᠷᠤ ᠶᠢᠨ ᠣᠷᠣᠨ ᠤ ᠠᠮᠢ ᠠᠬᠤᠢ ᠶᠢᠨ ᠤᠰᠤ ᠨᠥᠬᠦᠪᠥᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠪᠡᠶᠡᠯᠡᠭᠦᠯᠵᠦ᠂ | ᠠᠭᠤᠷᠬᠠᠢ ᠶᠢᠨ ᠠᠵᠤ ᠠᠬᠤᠶᠢᠯᠠᠯ ᠪᠠ ᠰᠠᠭᠠᠳᠠᠭ ᠤᠨ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠤᠰᠤᠨ ᠤ ᠬᠡᠷᠡᠭᠴᠡᠭᠡ ᠶᠢ ᠬᠠᠩᠭᠠᠨ᠎ᠠ᠃ ᠤᠯᠠᠮᠵᠢᠯᠠᠯᠲᠤ | ᠠᠵᠤ ᠦᠶᠯᠡᠰ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠰᠢᠨ᠎ᠡ ᠪᠠᠷ ᠪᠤᠶ ᠪᠣᠯᠤᠭᠰᠠᠨ ᠠᠵᠤ ᠦᠶᠯᠡᠰ ᠤᠨ ᠲᠥᠷᠥᠯ ᠵᠦᠶᠯ ᠢ ᠢᠳᠡᠪᠬᠢᠲᠡᠶ ᠪᠠᠷ ᠲᠠᠳᠠᠨ | ᠤᠷᠤᠭᠤᠯᠤᠨ᠎ᠠ᠃ ᠠᠭᠤᠷᠬᠠᠢ ᠶᠢᠨ ᠬᠦᠳᠡᠷ ᠰᠢᠯᠢᠬᠦ ᠠᠵᠤ ᠦᠢᠯᠡᠰ ᠨᠢ᠂ ᠪᠣᠬᠢᠷᠲᠤᠯ ᠦᠭᠡᠢ ᠠᠭᠤᠷᠬᠠᠢ ᠶᠢᠨ ᠪᠠᠷᠢᠮᠵᠢᠶ᠎ᠠ ᠶᠣᠰᠣᠭᠠᠷ᠂ ᠵᠢᠯ ᠤᠨ ᠳᠣᠲᠣᠷ᠎ᠠ ᠬᠤᠸᠠ | ᠲᠦᠸᠧ ᠠᠭᠤᠷᠬᠠᠢ ᠶᠢᠨ ᠦᠢᠯᠡᠰ ᠤᠨ 3000 ᠲᠦᠮᠡᠨ ᠲᠣᠨ ᠤ ᠲᠡᠮᠦᠷ ᠤᠨ ᠬᠦᠳᠡᠷ ᠪᠣᠯᠪᠠᠰᠤᠷᠠᠭᠤᠯᠬᠤ ᠵᠢᠴᠢ ᠦᠯᠡᠳᠡᠭᠳᠡᠯ ᠬᠦᠳᠡᠷ ᠢ ᠬᠠᠭᠤᠷᠠᠢ ᠪᠠᠷ | ᠭᠠᠳᠠᠭᠰᠢᠯᠠᠭᠤᠯᠬᠤ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠪᠢᠩ ᠰᠢᠨ ᠨᠢᠭᠡᠳᠦᠭᠡᠷ ᠬᠤᠭᠤᠴᠠᠭᠠᠨ ᠤ 50 ᠲᠦᠮᠡᠨ ᠲᠣᠨ ᠤ ᠴᠣᠯ ᠲᠡᠮᠦᠷ ᠤᠨ | ᠨᠠᠷᠢᠯᠢᠭ ᠨᠤᠨᠲᠠᠭ ᠵᠡᠷᠭᠡ ᠲᠥᠷᠥᠯ ᠵᠦᠢᠯ ᠢ ᠪᠡᠶᠡᠯᠡᠭᠦᠯᠵᠦ᠂ ᠬᠦᠳᠡᠷ ᠰᠢᠯᠢᠬᠦ ᠦᠶᠯᠡᠳᠪᠦᠷᠢ ᠶᠢᠨ ᠦᠯᠡᠳᠡᠭᠳᠡᠯ ᠬᠦᠳᠡᠷ ᠢ ᠬᠠᠭᠤᠷᠠᠢ ᠪᠠᠷ ᠭᠠᠳᠠᠭᠰᠢᠯᠠᠭᠤᠯᠬᠤ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠲᠡᠮᠦᠷ ᠤᠨ ᠬᠠᠶᠢᠯᠤᠰᠢ ᠶᠢᠨ ᠠᠵᠤ ᠦᠢᠯᠡᠰ ᠨᠢ ᠵᠢᠵᠢᠭ ᠬᠡᠯᠪᠡᠷᠢ ᠶᠢᠨ ᠲᠡᠮᠦᠷ ᠤᠨ ᠬᠠᠶᠢᠯᠤᠰᠢ ᠶᠢᠨ ᠠᠵᠤ | ᠠᠬᠤᠶᠢᠯᠠᠯ ᠢ ᠨᠢᠬᠡᠳᠭᠡᠨ᠂ ᠪᠠᠷᠢᠮᠵᠢᠶ᠎ᠠ ᠶᠢ ᠲᠡᠭᠡᠭᠰᠢᠯᠡᠭᠦᠯᠦᠨ ᠦᠬᠡᠷᠡᠴᠢᠯᠡᠭᠦ ᠶᠢ ᠲᠡᠮᠵᠢᠨ᠂ ᠡᠨᠧᠷᠭᠢ ᠤᠨ ᠬᠤᠷᠣᠭᠳᠠᠯ ᠢ ᠪᠠᠭᠠᠰᠬᠠᠨ᠂ ᠪᠤᠬᠢᠷᠳᠤᠯ ᠢ ᠪᠠᠭᠠᠰᠬᠠᠨ᠂ | ᠬᠤᠷᠤᠭᠳᠠᠯ ᠢ ᠪᠠᠭᠠᠰᠬᠠᠬᠤ ᠬᠤᠤᠰ ᠡᠵᠡᠮᠰᠢᠯ ᠤᠨ ᠬᠠᠷᠠᠯᠳᠠ ᠶᠢ ᠪᠡᠶᠡᠯᠡᠬᠦᠯᠦᠨ᠎ᠡ᠃ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠨᠢ ᠬᠢᠯᠢ ᠶᠢᠨ | ᠭᠠᠳᠠᠨᠠᠬᠢ ᠨᠡᠭᠦᠷᠡᠰᠦᠨ ᠤ ᠡᠬᠢ ᠪᠠᠶᠠᠯᠢᠭ ᠢ ᠭᠦᠢᠴᠡᠳ ᠠᠰᠢᠭᠯᠠᠵᠤ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠬᠡᠪᠴᠢᠶᠡᠵᠢᠯ ᠢ | ᠪᠤᠵᠠᠭᠠᠶᠢᠷᠠᠭᠤᠯᠵᠤ᠂ ᠮᠧᠢ ᠶᠢᠨ᠂ ᠶᠠ ᠰᠢᠨ᠂ ᠴᠢᠩ ᠶᠧ ᠭᠤᠷᠪᠠ ᠶᠢᠨ 600 ᠲᠦᠮᠡᠨ ᠲᠣᠨ ᠤ ᠨᠡᠭᠦᠷᠡᠰᠦ ᠬᠡᠦᠷᠰᠢᠭᠦᠯᠬᠦ ᠂ ᠰᠠᠨ ᠴᠢᠶᠠᠩ ᠤᠨ 80 ᠲᠦᠮᠡᠨ | ᠲᠣᠨ ᠤ ᠨᠡᠭᠦᠷᠡᠰᠦᠨ ᠬᠡᠦᠳᠡᠰᠦ ᠵᠡᠷᠭᠡ ᠲᠥᠷᠦᠯ ᠵᠦᠢᠯ ᠤᠨ ᠪᠦᠲᠦᠭᠡᠨ ᠪᠠᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠣᠷᠴᠢᠯ ᠨᠡᠭᠦᠷᠡᠰᠦ | ᠬᠢᠮᠢ ᠶᠢᠨ ᠠᠵᠤ ᠦᠶᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠪᠤᠢ ᠪᠣᠯᠭᠠᠨ᠎ᠠ᠃ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ᠂ ᠬᠤᠪᠣᠷ | ᠰᠢᠷᠣᠢ ᠶᠢᠨ ᠲᠦᠭᠦᠬᠡᠢ ᠮᠠᠲ᠋ᠧᠷᠢᠶᠠᠯ ᠤᠨ ᠭᠠᠷᠤᠯᠲᠠ ᠶᠢᠨ ᠣᠷᠣᠨ ᠪᠠ ᠭᠠᠵᠠᠷ ᠤᠨ ᠦᠨ᠎ᠡ᠂ ᠴᠠᠬᠢᠯᠭᠠᠨ ᠤ ᠦᠨ᠎ᠡ ᠵᠡᠷᠭᠡ ᠳᠠᠪᠠᠭᠤᠯᠢᠭ ᠲᠤ ᠲᠦᠰᠢᠭᠯᠡᠨ᠂ ᠬᠤᠪᠣᠷ | ᠰᠢᠷᠣᠢ ᠶᠢ ᠨᠠᠷᠢᠯᠢᠭ ᠪᠣᠯᠪᠠᠰᠤᠷᠠᠭᠤᠯᠬᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠢ ᠰᠢᠨ ᠺᠣᠮᠫᠠᠨᠢ ᠶᠢᠨ 3000 ᠲᠣᠨ ᠤ ᠬᠤᠪᠣᠷ ᠰᠢᠷᠣᠢ | ᠶᠢᠨ ᠲᠡᠮᠦᠷᠯᠢᠭ᠂ ᠸᠠᠩ ᠳ᠋ᠠ ᠶᠢᠨ 2500 ᠲᠣᠨ ᠤ ᠬᠤᠪᠣᠷ ᠰᠢᠷᠣᠢ ᠶᠢᠨ ᠬᠠᠶᠢᠯᠤᠰᠢ ᠵᠡᠷᠭᠡ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠶᠳᠪᠦᠷᠢᠯᠡᠨ ᠥᠭᠴᠦ᠂ ᠨᠡᠭᠦᠷᠡᠰᠦ ᠴᠠᠬᠢᠯᠭᠠᠨ ᠲᠣᠰᠣ ᠬᠡᠢ ᠶᠢᠨ ᠲᠡᠭᠡᠭᠡᠪᠦᠷᠢ ᠵᠡᠷᠭᠡ ᠦᠢᠯᠡᠳᠪᠦᠷᠢᠯᠡᠯ ᠤᠨ | ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠴᠢᠨᠡᠭᠡ ᠪᠠᠷ ᠢᠶᠠᠨ ᠦᠢᠯᠡᠳᠪᠦᠷᠢᠯᠡᠬᠦ ᠶᠢ ᠲᠦᠯᠬᠢᠨ ᠠᠬᠢᠭᠤᠯᠵᠤ᠂ | ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ 160 ᠳ᠋ᠦᠩᠰᠢᠭᠤᠷ ᠲᠥᠭᠦᠷᠢᠭ ᠢ ᠳᠠᠪᠠᠭᠤᠯᠬᠤ ᠪᠠᠷ ᠴᠢᠷᠮᠠᠶᠢᠨ᠎ᠠ᠃ ᠭᠠᠳᠠᠷ ᠤᠷᠤᠨ ᠳᠤ ᠰᠠᠭᠤᠭ᠎ᠠ | ᠬᠤᠳᠠᠯᠳᠤᠭᠠᠴᠢᠨ ᠤᠷᠢᠬᠤ ᠠᠵᠢᠯ ᠤᠨ ᠳᠤᠭᠤᠶᠢᠯᠠᠩ᠂ ᠠᠳᠠᠯ ᠦᠢᠯᠡᠰ ᠪᠤᠰᠬᠠᠬᠤ ᠠᠵᠤ ᠠᠬᠤᠶᠢᠯᠠᠯ ᠤᠨ ᠨᠡᠶᠢᠬᠡᠮᠯᠢᠭ᠂ ᠡᠯ᠎ᠡ ᠭᠠᠵᠠᠷ ᠤᠨ ᠬᠤᠳᠠᠯᠳᠤᠭᠠᠴᠢᠳ ᠤᠨ | ᠨᠡᠶᠢᠭᠡᠮᠯᠢᠭ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠣᠪᠴᠢᠲᠠᠢ ᠪᠠᠷ ᠬᠤᠳᠠᠯᠳᠤᠭᠠᠴᠢᠨ ᠤᠷᠢᠬᠤ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠨᠢᠭᠡ ᠪᠦᠯᠦᠭ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠥᠷᠢᠯᠡᠬᠦ᠂ ᠬᠡᠯᠬᠢᠶ᠎ᠡ ᠶᠢ | ᠬᠦᠴᠦᠷᠬᠡᠭᠵᠢᠭᠦᠯᠬᠦ ᠲᠣᠮᠣ ᠲᠥᠷᠥᠯ ᠵᠦᠢᠯ ᠢ ᠴᠢᠷᠮᠠᠶᠢᠨ ᠣᠷᠣᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠴᠢ ᠡᠨᠧᠷᠭᠢ ᠶᠢ ᠬᠤᠷᠠᠮᠳᠤᠭᠤᠯᠤᠨ᠂ | ᠵᠢᠯ ᠤᠨ ᠳᠣᠲᠣᠷ᠎ᠠ 25 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠣᠷᠣᠭᠤᠯᠵᠤ ᠠᠪᠴᠢᠷᠠᠬᠤ ᠪᠠᠷ ᠴᠢᠷᠮᠠᠶᠢᠨ᠎ᠠ᠃ | ( ᠬᠤᠶᠠᠷ ) ᠬᠥᠳᠡᠭᠡ ᠲᠣᠰᠬᠤᠨ ᠢ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠶᠡᠭᠡ ᠪᠠᠷ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ᠶᠢ ᠨᠠᠷᠢᠨ ᠬᠢᠨᠠᠮᠠᠭᠠᠶ ᠰᠠᠶᠢᠲᠤᠷ ᠬᠢᠵᠦ᠂ ᠭᠤᠤᠯᠳᠠᠭᠤ ᠮᠤᠨᠠ ᠠᠭᠤᠯᠠ ᠶᠢᠨ ᠬᠤᠲᠠ ᠪᠠᠯᠭᠠᠰᠤ ᠪᠠ | ᠬᠦᠳᠡᠭᠡ ᠲᠤᠰᠬᠤᠨ ᠢ ᠨᠢᠭᠡ ᠴᠣᠭᠴᠠᠵᠢᠭᠤᠯᠬᠤ᠂ ᠬᠠᠳᠣᠨ ᠭᠤᠤᠯ ᠲᠠᠭᠠᠤ ᠳᠠᠬᠢ ᠤᠷᠤᠨ ᠨᠤᠳᠤᠭ ᠤᠨ ᠲᠡᠮᠳᠡᠭ ᠲᠠᠢ ᠠᠵᠤ ᠦᠢᠯᠡᠰ᠂ ᠪᠠᠶᠠᠨᠬᠤᠸᠠ ᠶᠢᠨ ᠠᠮᠢ | ᠠᠬᠤᠢ ᠶᠢᠨ ᠵᠢᠭᠤᠯᠴᠢᠯᠠᠯ᠂ ᠤᠯᠢᠶᠠᠰᠤ ᠨᠠᠭᠤᠷ ᠤᠨ ᠠᠮᠢ ᠠᠬᠤᠢ ᠶᠢᠨ ᠪᠠᠭᠳᠠᠭᠠᠮᠵᠢ᠂ ᠰᠢ ᠰᠢᠶᠤᠤ ᠵᠤᠤ ᠤᠨ ᠣᠯᠣᠰ ᠤᠨ ᠵᠠᠰᠠᠮᠠᠯ ᠵᠠᠮ ᠤᠨ ᠠᠵᠤ ᠠᠬᠤᠢ ᠵᠡᠷᠭᠡ | ᠤᠨᠴᠠᠯᠢᠭᠳᠤ ᠠᠵᠤ ᠦᠢᠯᠡᠰ ᠪᠠ ᠤᠷᠤᠨ ᠪᠠᠶᠢᠷᠢ ᠶᠢᠨ ᠲᠠᠪᠠᠭᠤᠯᠢᠭ ᠢ ᠭᠤᠤᠯᠳᠠᠯᠠᠭᠠᠳᠠᠢ ᠲᠤᠭᠤᠷᠢᠨ᠂ ᠥᠨᠳᠥᠷ ᠪᠠᠷᠢᠮᠵᠢᠶ᠎ᠠ ᠲᠠᠢ ᠪᠠᠷ ᠲᠥᠯᠥᠪᠵᠢᠭᠦᠯᠦᠨ ᠵᠢᠷᠤᠵᠤ | ᠲᠦᠯᠦᠪᠯᠡᠨ᠎ᠡ᠃ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠴᠢᠬᠤᠯᠠ ᠭᠠᠷᠳᠠᠴᠠ ᠪᠣᠯᠭᠠᠵᠤ᠂ ︿︿ᠮᠠᠯ ᠠᠵᠤ ᠠᠬᠤᠶ ᠲᠠᠷᠢᠶᠠᠯᠠᠩ᠂ ᠮᠠᠯᠵᠢᠬᠤ ᠲᠠᠷᠢᠶᠠᠯᠠᠬᠤ | ᠣᠷᠣᠨ᠂ ᠮᠠᠯᠴᠢᠨ ᠲᠠᠷᠢᠶᠠᠴᠢᠨ﹀﹀ ᠤ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠣᠳᠣ ᠦᠶ᠎ᠡ ᠶᠢᠨ | ᠦᠢᠯᠡᠳᠪᠦᠷᠢᠯᠡᠯ ᠤᠨ ᠲᠤᠭᠳᠠᠯᠴᠠᠭ᠎ᠠ ᠶᠢᠨ ᠲᠠᠯ᠎ᠠ ᠪᠠᠷ᠂ ᠲᠠᠷᠢᠶᠠᠨ ᠤᠨ ᠬᠠᠮᠠᠭᠠᠯᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ | ᠲᠠᠷᠢᠶᠠᠯᠠᠩ ᠤᠨ ᠪᠤᠰᠤ ᠪᠤᠯᠭᠠᠨ ᠬᠡᠷᠡᠭᠯᠡᠬᠦ ᠠᠵᠢᠯᠯᠠᠭ᠎ᠠ ᠶᠢ ᠡᠷᠡᠰ ᠬᠤᠷᠢᠭᠯᠠᠨ᠂ ᠠᠮᠤ ᠪᠤᠳᠠᠭᠠᠨ ᠤᠨ ᠠᠮᠤᠷ ᠲᠦᠪᠰᠢᠨ ᠢ ᠦᠨᠡᠨᠬᠦ ᠪᠠᠳᠣᠯᠠᠨ᠎ᠠ᠃ 25 ᠲᠦᠮᠡᠨ | ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ ᠠᠭᠤᠯᠠᠨ ᠡᠮᠦᠨᠡᠬᠢ 3000 ᠮᠤ᠋ ᠶᠢᠨ ᠭᠠᠵᠠᠷ ᠤᠷᠤᠨ ᠤ ᠲᠡᠮᠳᠡᠭ ᠲᠠᠢ ᠪᠦᠲᠦᠭᠡᠭᠳᠡᠬᠦᠨ ᠤ ᠠᠵᠤ ᠦᠢᠯᠡᠰ ᠤᠨ ᠬᠦᠷᠢᠶᠡᠯᠡᠩ᠂ | ᠪᠤᠷᠤᠳᠤᠬᠤᠢ ᠶᠢᠨ ᠣᠷᠣᠨ ᠤ 2000 ᠮᠤ᠋ ᠶᠢᠨ ᠣᠨᠴᠠᠯᠢᠭᠲᠤ ᠵᠢᠮᠢᠰ ᠨᠣᠭᠤᠭ᠎ᠠ ᠶᠢᠨ ᠵᠢᠱᠢᠶ᠎ᠡ ᠦᠵᠡᠭᠦᠯᠬᠦ ᠬᠦᠷᠢᠶᠡᠯᠡᠩ᠂ ᠬᠤᠳᠠ ᠶᠢᠨ ᠬᠤᠶᠢᠨᠠᠬᠢ 6800 ᠮᠤ᠋ | ᠶᠢᠨ ︿︿ᠲᠩᠷᠢ ᠶᠢᠨ ᠬᠡᠰᠢᠭᠲᠦ ᠪᠣᠷᠣᠲᠣᠬᠤᠢ﹀﹀ ᠶᠢᠨ ᠬᠦᠳᠡᠭᠡ ᠨᠤᠳᠤᠭ ᠤᠨ ᠶᠡᠷᠦᠩᠬᠡᠶᠢᠯᠡᠭᠰᠡᠨ ᠴᠣᠭᠴᠠ᠂ ᠠᠭᠤᠯᠠᠨ ᠠᠷᠤ ᠶᠢᠨ ᠶᠢᠨ 5 ᠲᠦᠮᠡᠨ ᠮᠤ᠋ ᠶᠢᠨ | ᠪᠥᠸᠧ ᠯᠢ ᠲᠤᠰᠬᠤᠨ ᠤᠨ ᠠᠮᠢ ᠠᠬᠤᠢ ᠶᠢᠨ ᠡᠷᠭᠢᠯᠲᠡ ᠶᠢᠨ ᠵᠢᠱᠢᠶ᠎ᠡ ᠦᠵᠡᠭᠦᠯᠬᠦ ᠬᠦᠷᠢᠶᠡᠯᠡᠩ ᠵᠢᠴᠢ ᠪᠠᠭ᠎ᠠ ᠰᠢᠬᠡᠳᠡᠢ ᠶᠢᠨ ᠴᠡᠴᠡᠭ ᠮᠥᠭᠦ᠂ ᠮᠢᠩᠭᠠᠨ ᠤ | ᠲᠤᠯᠤᠭᠤᠨ᠎ᠠ ᠵᠡᠷᠭᠡ ᠪᠠᠷᠢᠮᠵᠢᠶᠠᠵᠢᠭᠰᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠢ 10 ᠠᠴᠠ ᠳᠡᠭᠡᠭᠰᠢ ᠪᠠᠶᠢᠭᠤᠯᠤᠨ᠎ᠠ︔ ᠪᠦᠬᠦ ᠶᠠᠪᠤᠴᠠ ᠳᠤ ︿︿ᠲᠦᠷᠪᠡ ᠶᠢ | ᠡᠵᠡᠮᠳᠡᠬᠦ﹀﹀ ᠮᠡᠷᠭᠡᠵᠢᠯ ᠢ ᠬᠡᠷᠡᠭᠯᠡᠵᠦ᠂ ᠪᠠᠷᠢᠮᠵᠢᠶᠠᠵᠢᠭᠰᠠᠨ ᠡᠬᠢ ᠢᠷᠡᠯᠳᠡ ᠶᠢᠨ ᠲᠤᠭᠳᠠᠯᠴᠠᠭ᠎ᠠ ᠶᠢ ᠴᠢᠷᠮᠠᠶᠢᠨ ᠪᠠᠶᠢᠭᠤᠯᠵᠤ᠂ ᠡᠬᠢ ᠢᠷᠡᠯᠲᠡ ᠠᠴᠠ ᠨᠢ | ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠪᠠᠲᠤᠯᠠᠨ᠎ᠠ︔ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ | ᠶᠢᠨ ᠲᠤᠷᠰᠢᠯᠲᠠ ᠶᠢ ᠠᠬᠢᠭᠤᠯᠤᠨ᠂ ᠬᠤᠳᠳᠤᠭ ᠤᠨ ᠤᠰᠤᠯᠠᠯᠲᠠ ᠶᠢᠨ ᠣᠷᠣᠨ ᠤ ︿︿ᠬᠤᠳᠳᠤᠭ ᠴᠠᠬᠢᠯᠭᠠᠨ ᠤ ᠬᠤᠣᠰ ᠡᠵᠡᠮᠳᠡᠯ﹀﹀ ᠤᠨ ᠣᠶᠣᠨᠴᠢᠯᠠᠯᠲᠠ ᠪᠠ | ᠬᠠᠳᠤᠨ ᠭᠤᠤᠯ ᠤᠨ ᠤᠰᠤᠯᠠᠯᠲᠠ ᠶᠢᠨ ᠣᠷᠣᠨ ᠤ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠢ ᠲᠡᠯᠬᠡᠷᠡᠭᠦᠯᠵᠦ᠂ ᠤᠰᠤ ᠠᠷᠪᠢᠯᠠᠨ ᠦᠷ᠎ᠡ ᠠᠰᠢᠭ | ᠢᠶᠠᠨ ᠨᠡᠮᠡᠭᠳᠡᠭᠦᠯᠬᠦ ᠶᠢ ᠦᠨᠡᠨᠬᠦ ᠠᠬᠢᠭᠤᠯᠤᠨ᠎ᠠ︔ ᠮᠤᠨᠠ ᠠᠭᠤᠯᠠ ᠶᠢᠨ ᠢᠳᠡᠰᠢᠨ ᠬᠤᠨᠢ᠂ ᠰᠢᠩ ᠯᠢᠶᠠᠨ ᠰᠢᠩ ᠶᠢᠨ ᠰᠠᠭᠠᠯᠢ ᠶᠢᠨ ᠦᠨᠢᠶ᠎ᠡ ᠵᠡᠷᠭᠡ | ᠪᠠᠷᠢᠮᠵᠢᠶᠠᠵᠢᠭᠰᠠᠨ ᠮᠠᠯᠵᠢᠯ ᠤᠨ ᠲᠠᠯᠠᠪᠠᠶ ᠶᠢ ᠥᠷᠭᠡᠳᠬᠡᠨ ᠪᠠᠶᠢᠭᠤᠯᠵᠤ᠂ ᠮᠠᠯ ᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠲᠠᠷᠢᠶᠠᠯᠠᠩ ᠮᠠᠯ ᠠᠵᠤ | ᠠᠬᠤᠶ ᠶᠢᠨ ᠠᠮᠢ ᠠᠬᠤᠶ ᠶᠢᠨ ᠣᠷᠴᠢᠯ ᠢ ᠠᠬᠢᠭᠤᠯᠤᠨ᠎ᠠ᠃ ᠤᠳᠤ ᠦᠶ᠎ᠡ ᠶᠢᠨ ᠠᠵᠤ ᠦᠢᠯᠡᠰ ᠤᠨ ᠲᠤᠭᠳᠠᠯᠴᠠᠭᠠᠨ ᠤ ᠲᠠᠯ᠎ᠠ ᠪᠠᠷ᠂ ᠠᠮᠤ ᠪᠤᠳᠠᠭᠠᠨ ᠤ ᠲᠠᠷᠢᠮᠠᠯ | ᠤᠨ ᠲᠠᠯᠠᠪᠠᠢ ᠶᠢ ᠡᠩ ᠲᠡᠷᠢᠬᠦᠨ ᠳᠤ ᠪᠠᠳᠤᠯᠠᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠷᠢᠶᠠᠯᠠᠩ᠂ ᠵᠠᠬᠢᠶᠠᠯᠠᠭ᠎ᠠ ᠶᠢᠨ ᠲᠠᠷᠢᠶᠠᠯᠠᠩ᠂ ᠡᠷᠡᠭᠦᠯᠵᠢᠯ ᠤᠨ | ᠲᠠᠷᠢᠶᠠᠯᠠᠩ ᠢ ᠶᠡᠭᠡ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ︔ ᠽᠦᠨ ᠢ ᠶᠢᠨ | ᠭᠦᠸᠧ ᠬᠤᠤ᠂ ᠳ᠋ᠦᠩ ᠶᠢᠩ ᠤᠨ ᠴᠦᠨ ᠰᠢᠩ᠂ ᠱᠠᠩ ᠽᠧ ᠶᠢᠨ ᠵᠢᠮᠢᠰ ᠤᠨ ᠦᠢᠯᠡᠰ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠢ ᠢᠳᠡᠪᠬᠢᠲᠡᠢ ᠲᠠᠳᠠᠨ | ᠣᠷᠣᠭᠤᠯᠵᠤ᠂ ᠤᠯᠠᠭᠠᠨ ᠯᠠᠵᠤᠤ᠂ ᠨᠠᠩᠭᠢ ᠡᠷᠳᠡᠨᠢ ᠰᠢᠰᠢ᠂ ᠬᠢᠳᠠᠨ ᠠᠮᠲᠠᠲᠤ ᠵᠢᠮᠢᠰ ᠵᠡᠷᠭᠡ ᠣᠨᠴᠠᠯᠢᠭᠳᠤ ᠲᠠᠪᠠᠭᠤᠯᠢᠭ ᠲᠠᠷᠢᠶᠠᠯᠠᠩ ᠤᠨ ᠭᠠᠷᠤᠯᠳᠠ ᠶᠢ ᠨᠠᠷᠢᠯᠢᠭ | ᠡᠳ᠋ᠰᠢᠭᠦᠯᠬᠦ ᠦᠢᠯᠡᠰ ᠢ ᠶᠡᠬᠡᠪᠡᠷ ᠬᠥᠭᠵᠢᠭᠦᠯᠦᠨ᠎ᠡ︔ ᠴᠡᠪᠡᠷ ᠨᠣᠭᠤᠭ᠎ᠠ ᠡᠳ᠋ᠰᠢᠭᠦᠯᠬᠦ᠂ ᠳᠡᠰ ᠲᠥᠷᠥᠯ ᠬᠤᠪᠢᠶᠠᠬᠤ᠂ ᠲᠠᠷᠢᠶᠠᠯᠠᠩ ᠪᠠ ᠬᠡᠲᠦ ᠳᠡᠯᠭᠡᠭᠦᠷ ᠢ | ᠵᠣᠯᠭᠠᠭᠤᠯᠬᠤ᠂ ᠦᠶᠯᠡᠳᠪᠦᠷᠢᠯᠡᠯ ᠪᠠ ᠣᠷᠣᠨ ᠰᠠᠭᠤᠴᠠ ᠶᠢ ᠰᠢᠭᠤᠳ ᠬᠠᠩᠭᠠᠬᠤ᠂ ᠬᠦᠢᠳᠡᠨ ᠢᠶᠠᠷ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ᠂ ᠪᠠᠷᠠᠭ᠎ᠠ ᠶᠢᠨ | ᠭᠦᠶᠯᠭᠡᠭᠡᠨ ᠤ ᠲᠤᠬᠢᠷᠠᠭᠤᠯᠤᠨ ᠬᠦᠷᠭᠡᠬᠦ ᠵᠡᠷᠭᠡ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠲᠤᠭᠳᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠣᠲᠣ | ᠦᠶ᠎ᠡ ᠶᠢᠨ ᠡᠵᠡᠩᠨᠡᠯᠲᠡ ᠶᠢᠨ ᠲᠤᠭᠳᠠᠯᠴᠠᠭᠠᠨ ᠤ ᠲᠠᠯ᠎ᠠ ᠪᠠᠷ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠲᠡᠳᠭᠦᠨ ᠪᠤᠵᠠᠭᠠᠶᠢᠷᠠᠭᠤᠯᠵᠤ᠂ | ᠳᠣᠬᠢᠭᠤᠷ ᠲᠤᠯᠤᠭᠠᠨ ᠣᠲᠣ ᠨᠡᠷᠡᠮᠵᠢᠲᠦ ᠵᠢᠯᠣᠭᠤᠴᠢ ᠥᠬᠡᠶ ᠨᠢᠰᠬᠡᠯ ᠢᠶᠠᠷ ᠵᠠᠮᠴᠢᠯᠠᠬᠤ ᠪᠠ ᠦᠷ᠎ᠡ ᠶᠢ ᠨᠢ ᠰᠢᠭᠤᠳ ᠬᠤᠷᠢᠶᠠᠬᠤ᠂ ᠬᠠᠳᠠᠭᠠᠵᠤ ᠬᠥᠮᠥᠷᠭᠡᠯᠡᠬᠦ᠂ | ᠠᠮᠤ ᠪᠤᠳᠠᠭᠠᠨ ᠤ ᠪᠠᠩᠬᠢ ᠵᠡᠷᠭᠡ ᠨᠡᠶᠢᠭᠡᠮᠴᠢᠯᠡᠭᠰᠡᠨ ᠦᠶᠯᠡᠴᠢᠯᠡᠭᠡᠨ ᠤ ᠵᠠᠭᠪᠤᠷ ᠢ ᠶᠡᠬᠡᠪᠡᠷ ᠳᠡᠯᠭᠡᠷᠡᠭᠦᠯᠬᠦ ᠬᠡᠷᠡᠭᠲᠡᠶ︔ ᠳᠤᠮᠳᠠᠳᠤ ᠤᠯᠤᠰ ᠤᠨ ᠰᠢᠨᠵᠢᠯᠡᠬᠦ ᠤᠬᠠᠭᠠᠨ | ᠤ ᠬᠦᠷᠢᠶᠡᠯᠡᠩ᠂ ᠬᠤᠸᠠ ᠨᠠᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠥᠪᠥᠷ | ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠤᠯ ᠤᠨ ᠳᠡᠭᠡᠳᠦ ᠰᠤᠷᠭᠠᠭᠤᠯᠢ ᠯᠤᠭ᠎ᠠ ᠶᠢᠨ ᠬᠤᠷᠰᠢᠯᠴᠠᠭ᠎ᠠ ᠪᠠᠨ | ᠴᠢᠩᠭᠠᠷᠠᠭᠤᠯᠵᠤ᠂ ᠲᠦᠬᠦᠬᠡᠷᠦᠮᠵᠢᠳᠦ ᠵᠢᠮᠢᠰ ᠨᠣᠭᠤᠭ᠎ᠠ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠮᠣᠨᠠ ᠠᠭᠤᠯᠠ ᠶᠢᠨ ᠢᠳᠡᠰᠢᠨ ᠬᠤᠨᠢ ᠵᠡᠷᠭᠡ 5 ᠰᠢᠨᠵᠢᠯᠡᠬᠦ | ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠪᠠᠶᠢᠭᠤᠯᠵᠤ᠂ ᠡᠯ᠎ᠡ ᠲᠥᠷᠥᠯ ᠤᠨ ᠲᠤᠰᠬᠠᠶ ᠮᠡᠷᠭᠡᠵᠢᠯᠲᠡᠨ᠂ ᠡᠷᠳᠡᠮᠲᠡᠨ ᠢ 30 ᠠᠴᠠ ᠳᠡᠭᠡᠭᠰᠢ ᠲᠠᠳᠠᠨ | ᠣᠷᠣᠭᠤᠯᠵᠤ᠂ ᠣᠷᠣᠨ ᠨᠤᠲᠤᠭ ᠤᠨ ᠨᠤᠳᠤᠭ ᠤᠨ ᠲᠤᠰᠬᠠᠶ ᠮᠡᠷᠭᠡᠵᠢᠯᠲᠡᠨ᠂ ᠰᠢᠨ᠎ᠡ ᠲᠠᠷᠢᠶᠠᠴᠢᠨ ᠢ 300 ᠠᠴᠠ ᠳᠡᠭᠡᠭᠰᠢ᠂ ᠲᠤᠰᠬᠠᠶ ᠮᠡᠷᠭᠡᠵᠢᠯ ᠤᠨ | ᠭᠤᠣᠯᠯᠠᠭᠴᠢ ᠬᠦᠴᠦᠨ ᠢ 100 ᠠᠴᠠ ᠳᠡᠭᠡᠭᠰᠢ ᠬᠥᠮᠦᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ ᠦᠵᠡᠭᠦᠯᠬᠦ ᠨᠣᠷᠮ᠎ᠠ ᠶᠢ 65 % ᠠᠴᠠ | ᠳᠡᠭᠡᠭᠰᠢ ᠳᠤ ᠬᠦᠷᠦᠭᠦᠯᠦᠨ᠎ᠡ᠃ ᠲᠠᠷᠢᠶᠠᠯᠠᠩ ᠮᠠᠯ ᠠᠵᠤ ᠠᠬᠤᠶ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠳᠤ | ᠬᠤᠯᠪᠣᠭᠳᠠᠬᠤ ᠰᠠᠯᠠᠭ᠎ᠠ ᠮᠥᠴᠢᠷ ᠤᠨ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠡᠳ᠋ᠯᠡᠬᠦ ᠶᠢ ᠴᠢᠩᠭᠠᠷᠠᠭᠤᠯᠤᠨ᠂ ᠬᠢᠵᠢᠭ ᠡᠪᠡᠳᠴᠢᠨ ᠢ | ᠰᠡᠷᠭᠡᠶᠢᠯᠡᠨ ᠵᠠᠰᠠᠬᠤ᠂ ᠲᠠᠷᠢᠶᠠᠯᠠᠩ ᠮᠠᠯ ᠠᠵᠤ ᠠᠬᠤᠶ ᠶᠢᠨ ᠳᠠᠭᠠᠳᠬᠠᠯ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠵᠦ᠂ ᠣᠳᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠬᠠᠮᠠᠭᠠᠯᠠᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ | ᠪᠠᠷ᠂ ︿︿ᠲᠦᠷᠪᠡᠨ ᠰᠠᠶᠢᠨ ᠬᠦᠳᠡᠭᠡ ᠲᠤᠰᠬᠤᠨ ᠤ ᠵᠠᠮ﹀﹀ ᠤᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ︿︿ᠵᠠᠮ ᠤᠨ ᠲᠠᠷᠤᠭ᠎ᠠ ᠶᠢᠨ ᠲᠦᠷᠢᠮ﹀﹀ ᠤᠨ | ᠬᠠᠮᠢᠶᠠᠷᠤᠯᠳᠠ ᠶᠢᠨ ᠵᠠᠭᠪᠤᠷ ᠢ ᠨᠠᠶᠢᠳᠠᠪᠤᠷᠢᠵᠢᠭᠤᠯᠵᠤ᠂ 390 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ | ᠪᠠᠶᠢᠭᠤᠯᠤᠨ᠎ᠠ︔ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠶᠢ 6000 ᠮᠥ ᠬᠡᠷᠡᠭᠵᠢᠭᠦᠯᠦᠨ᠂ ᠬᠦᠷᠢᠶ᠎ᠡ ᠬᠠᠰᠢᠶᠠᠨ ᠤ ᠠᠵᠤ ᠠᠬᠤᠶ ᠶᠢ ᠬᠥᠭᠵᠢᠭᠦᠯᠬᠦ ᠶᠢ | ᠵᠤᠷᠢᠭᠵᠢᠭᠤᠯᠤᠨ᠎ᠠ︔ ᠨᠢᠬᠡ ᠪᠦᠯᠦᠭ ᠭᠤᠶᠤ ᠦᠵᠡᠰᠬᠦᠯᠡᠩᠳᠤ ᠬᠦᠳᠡᠭᠡ ᠲᠤᠰᠬᠤᠨ ᠤ ᠲᠠᠭᠤᠷᠢᠶᠠᠯ ᠦᠵᠡᠬᠦᠯᠬᠦ ᠬᠤᠷᠰᠢᠶ᠎ᠠ᠂ ᠵᠢᠱᠢᠶ᠎ᠠ ᠦᠵᠡᠬᠦᠯᠬᠦ ᠲᠤᠰᠬᠤᠨ ᠢ | ᠬᠦᠴᠦ ᠪᠠᠨ ᠲᠦᠪᠯᠡᠷᠡᠭᠦᠯᠦᠨ ᠪᠤᠢ ᠪᠤᠯᠭᠠᠵᠤ᠂ ᠰᠠᠭᠤᠷᠢᠰᠢᠬᠤ ᠳᠤ ᠲᠤᠬᠢᠷᠠᠮᠵᠢᠳᠠᠢ ᠤᠷᠴᠢᠨ ᠲᠤᠭᠤᠷᠢᠨ ᠢ ᠲᠡᠰ ᠲᠤ ᠭᠠᠷᠭᠠᠨ ᠵᠡᠷᠭᠡ ᠲᠡᠪᠰᠢᠬᠦᠯᠬᠦ ᠢᠨᠵᠧᠨᠧᠷᠢᠩ ᠢ | ᠶᠡᠭᠡᠪᠡᠷ ᠦᠷᠨᠢᠬᠦᠯᠵᠦ᠂ ᠲᠠᠷᠢᠶᠠᠯᠠᠬᠤ ᠮᠠᠯᠵᠢᠬᠤ ᠤᠷᠤᠨ ᠤ ᠰᠠᠭᠤᠷᠢᠰᠢᠬᠤ ᠳᠤ ᠲᠤᠬᠢᠷᠠᠮᠵᠢᠳᠠᠢ ᠬᠢᠷᠢ ᠬᠡᠮᠵᠢᠶ᠎ᠡ ᠶᠢ ᠦᠨᠡᠨᠬᠦ ᠲᠡᠭᠡᠭᠰᠢᠯᠡᠭᠦᠯᠦᠨ᠎ᠡ᠃ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢ ᠴᠢᠩᠭᠠᠳᠬᠠᠵᠤ᠂ ᠭᠠᠴᠠᠭ᠎ᠠ ᠲᠤᠰᠬᠤᠨ ᠤ ᠬᠤᠶᠠᠷ ᠡᠭᠦᠷ ᠤᠨ ᠲᠠᠭᠠᠭᠤᠯᠤᠭᠴᠢ ᠢ ᠰᠠᠶᠢᠳᠤᠷ ᠰᠤᠩᠭᠤᠨ ᠬᠡᠷᠡᠭᠯᠡᠨ᠂ ᠭᠠᠴᠠᠭ᠎ᠠ | ᠲᠤᠰᠬᠤᠨ ᠤ ᠬᠠᠮᠳᠤ ᠶᠢᠨ ᠠᠵᠤ ᠠᠬᠤᠢ ᠶᠢ ᠲᠠᠰᠤᠷᠠᠯᠳᠠ ᠦᠬᠡᠢ ᠪᠤᠵᠠᠭᠠᠶᠢᠷᠠᠭᠤᠯᠤᠨ᠎ᠠ᠃ ᠶᠣᠰᠣ ᠰᠤᠷᠲᠠᠬᠤᠨ ᠤ ᠵᠢᠱᠢᠶᠡᠴᠢ᠂ ᠣᠳᠣᠨ ᠲᠠᠰ ᠤᠨ ᠪᠣᠯᠪᠠᠰᠤᠨ | ᠡᠷᠦᠬᠡ᠂ ᠬᠠᠮᠤᠭ ᠤᠨ ᠭᠤᠶᠣ ᠬᠡᠷ ᠪᠦᠯᠢ ᠵᠡᠷᠭᠡ ᠶᠢ ᠰᠢᠯᠭᠠᠷᠠᠭᠤᠯᠬᠤ ᠠᠵᠢᠯᠯᠠᠭ᠎ᠠ ᠶᠢ ᠥᠷᠭᠡᠨ ᠲᠡᠯᠬᠡᠷᠡᠩᠭᠦᠢ ᠥᠷᠨᠢᠭᠦᠯᠵᠦ᠂ ᠣᠯᠠᠨ ᠲᠦᠮᠡᠨ ᠤ ᠪᠣᠯᠪᠠᠰᠤᠨ ᠢ | ᠡᠷᠬᠢᠮᠯᠡᠬᠦ᠂ ᠰᠢᠨ᠎ᠡ ᠬᠡᠪ ᠰᠤᠷᠲᠠᠯ ᠢ ᠪᠣᠶ ᠪᠣᠯᠭᠠᠬᠤ ᠶᠢ ᠬᠥᠲᠥᠯᠦᠨ ᠵᠢᠯᠣᠭᠤᠳᠴᠤ᠂ ᠭᠤᠶᠢᠳᠠ ᠰᠠᠶᠢᠬᠠᠨ᠂ ᠡᠶ᠎ᠡ ᠵᠣᠬᠢᠴᠠᠯ ᠲᠠᠢ᠂ ᠪᠣᠯᠪᠠᠰᠤᠨ ᠬᠥᠳᠡᠭᠡ ᠲᠣᠰᠬᠤᠨ | ᠤ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ | ( ᠭᠤᠷᠪᠠ ) ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠢ | ᠲᠦᠷᠭᠡᠳᠬᠡᠨ ᠬᠥᠭᠵᠢᠭᠦᠯᠵᠦ᠂ ᠴᠢᠨ ᠬᠠᠨ ᠤ ᠤᠷᠲᠤ ᠴᠠᠭᠠᠨ ᠬᠡᠷᠡᠮ ᠤᠨ ᠤᠯᠤᠰ ᠤᠨ ᠪᠠᠭᠤᠷᠢ ᠶᠢᠨ ᠴᠡᠴᠡᠷᠯᠢᠭ᠂ ᠸᠧ ᠶᠠᠩ ᠲᠠᠢ ᠶᠢᠨ ᠬᠠᠳᠤᠨ ᠭᠤᠣᠯ ᠳᠠᠭᠠᠤ | ᠤᠯᠤᠰ ᠤᠨ ᠰᠣᠶᠣᠯ ᠤᠨ ᠭᠤᠣᠯ ᠰᠡᠳᠦᠪᠲᠦ ᠴᠡᠴᠡᠷᠯᠢᠭ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠵᠡᠷᠭᠡ ᠲᠥᠷᠥᠯ | ᠵᠦᠢᠯ ᠤᠨ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠰᠢᠯᠢᠳᠡᠭ ᠠᠵᠤ ᠠᠬᠤᠶᠢᠯᠠᠯ ᠢ ᠢᠳᠡᠪᠬᠢᠳᠡᠢ ᠲᠠᠳᠠᠨ ᠣᠷᠣᠭᠤᠯᠵᠤ᠂ ᠣᠯᠢᠶᠠᠰᠣ | ᠨᠠᠭᠤᠷ᠂ ᠤᠷᠪᠤᠭ ᠤᠨ ᠲᠠᠯ᠎ᠠ ᠨᠤᠲᠤᠭ ᠵᠡᠷᠭᠡ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠵᠤ᠂ ᠦᠵᠡᠮᠵᠢ ᠶᠢᠨ ᠣᠷᠣᠨ ᠤ ᠬᠦᠯᠢᠶᠡᠨ ᠠᠪᠬᠤ ᠴᠢᠳᠠᠪᠤᠷᠢ | ᠪᠠ ᠴᠢᠨᠠᠷ ᠳᠡᠰ ᠢ ᠳᠡᠭᠡᠭᠰᠢᠯᠡᠭᠦᠯᠦᠨ᠎ᠡ᠃ ᠰᠢᠬᠡᠳᠡᠢ ᠠᠷᠢᠬᠢ ᠶᠢ ᠰᠢᠯᠭᠠᠷᠠᠭᠤᠯᠬᠤ᠂ ᠪᠣᠷᠣᠲᠣᠬᠤᠢ ᠶᠢᠨ ᠠᠮᠲᠠᠲᠤ ᠢᠳᠡᠭᠡᠨ ᠢ ᠠᠮᠳᠠᠯᠠᠬᠤ ᠵᠡᠷᠭᠡ ᠰᠣᠶᠣᠯ | ᠵᠢᠭᠤᠯᠴᠢᠯᠠᠯ ᠤᠨ ᠲᠥᠷᠥᠯ ᠵᠦᠢᠯ ᠢ ᠨᠠᠷᠢᠯᠢᠭ ᠲᠥᠰᠦᠪᠯᠡᠨ ᠪᠦᠲᠦᠭᠡᠵᠦ᠂ ᠰᠢᠬᠡᠳᠡᠢ ᠨᠤᠭᠤᠭᠠᠨ ᠬᠠᠰ᠂ ᠤᠷᠠᠳ ᠡᠭᠦᠯᠡᠨ ᠪᠦᠲᠦᠭᠡᠭᠳᠡᠬᠦᠨ ᠵᠡᠷᠭᠡ ᠰᠣᠶᠣᠯ | ᠵᠢᠭᠤᠯᠴᠢᠯᠠᠯ ᠤᠨ ᠲᠠᠸᠠᠷ ᠢ ᠪᠦᠬᠦ ᠲᠠᠯ᠎ᠠ ᠪᠠᠷ ᠴᠢᠮᠡᠭᠯᠡᠨ ᠲᠠᠨᠢᠯᠴᠠᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ | ᠶᠢ ᠠᠬᠢᠭᠤᠯᠤᠨ᠎ᠠ᠃ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠢᠶᠠᠷ ᠠᠴᠢᠶᠠᠯᠠᠪᠤᠷᠢ ᠪᠣᠯᠭᠠᠵᠤ᠂ ᠪᠠᠷᠠᠭᠠᠨ ᠤ ᠰᠦᠯᠵᠢᠶ᠎ᠡ᠂ | ᠬᠦᠯᠳᠡᠭᠦᠦ ᠬᠡᠯᠬᠢᠶᠡᠲᠦ ᠲᠡᠭᠡᠭᠡᠪᠦᠷᠢ ᠵᠡᠷᠭᠡ ᠣᠲᠣ ᠦᠶ᠎ᠡ ᠶᠢᠨ ᠪᠠᠷᠠᠭᠠᠨ ᠤ ᠭᠦᠶᠯᠭᠡᠭᠡᠨ ᠤ ᠲᠤᠭᠳᠠᠯᠴᠠᠭ᠎ᠠ ᠶᠢᠨ ᠪᠠᠶᠢᠭᠤᠯᠤᠯᠲᠠ ᠶᠢ ᠲᠦᠷᠭᠡᠳᠬᠡᠨ᠂ ᠲᠡᠭᠡᠭᠡᠪᠦᠷᠢ | ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠪᠠᠷᠠᠭᠠᠨ ᠤ ᠭᠦᠶᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ︿︿ᠢᠨᠲ᠋ᠧᠷ ᠰᠦᠯᠵᠢᠶ᠎ᠡ +﹀ | ﹀ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠬᠥᠳᠡᠭᠡ ᠲᠣᠰᠬᠤᠨ | ᠤ ᠡᠯᠧᠺᠲᠷᠣᠨ ᠬᠤᠳᠠᠯᠳᠤᠭᠠᠨ ᠤ ᠥᠷᠲᠡᠭᠡ ᠴᠢᠭ ᠢᠶᠠᠷ ᠲᠦᠰᠢᠭ ᠪᠣᠯᠭᠠᠵᠤ᠂ ᠴᠤᠤᠷᠢᠶ᠎ᠠ᠂ ᠲᠦᠷᠭᠡᠨ ᠭᠠᠷ ᠵᠡᠷᠭᠡ ᠰᠢᠭᠤᠳ ᠨᠡᠪᠲᠡᠷᠡᠭᠦᠯᠭᠡ ᠶᠢᠨ ᠲᠠᠪᠴᠠᠩ ᠪᠠ | ᠲᠤᠤ ᠪᠤᠤ᠂ ᠵᠢᠩ ᠳ᠋ᠦᠩ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ ᠢ ᠭᠦᠢᠴᠡᠳ ᠠᠰᠢᠭᠯᠠᠨ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠪᠣᠷᠣᠯᠠᠭᠤᠯᠭ᠎ᠠ ᠶᠢ ᠠᠬᠢᠭᠤᠯᠵᠤ᠂ ᠵᠢᠯ ᠤᠨ ᠳᠣᠲᠣᠷ᠎ᠠ ᠰᠦᠯᠵᠢᠶᠡᠨ ᠳᠡᠭᠡᠷ᠎ᠡ ᠪᠣᠷᠣᠯᠠᠭᠤᠯᠬᠤ ᠨᠣᠷᠮ᠎ᠠ ᠶᠢ 5 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠨ᠎ᠠ᠃ ᠪᠠᠩᠬᠢ ᠬᠢᠭᠡᠳ ᠠᠵᠤ ᠠᠬᠤᠶᠢᠯᠠᠯ ᠢ ᠵᠣᠯᠭᠠᠭᠤᠯᠬᠤ ᠦᠢᠯᠡᠴᠢᠯᠡᠭᠡᠨ ᠢ ᠴᠢᠩᠭᠠᠳᠬᠠᠨ᠂ ᠮᠥᠩᠭᠦᠨ ᠭᠦᠢᠯᠭᠡᠭᠡᠨ ᠤ ᠪᠠᠶᠢᠭᠤᠯᠤᠮᠵᠢ | ᠶᠢᠨ ᠦᠢᠯᠡᠳᠬᠦᠨ ᠪᠣᠯᠤᠨ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠪᠣᠯᠤᠨ | ᠲᠠᠷᠢᠶᠠᠯᠠᠩ ᠮᠠᠯ ᠠᠵᠤ ᠠᠬᠤᠶ ᠲᠠᠷᠢᠶᠠᠯᠠᠬᠤ ᠮᠠᠯᠵᠢᠬᠤ ᠣᠷᠣᠨ ᠲᠠᠷᠢᠶᠠᠴᠢᠨ ᠮᠠᠯᠴᠢᠳ ᠢ ᠮᠥᠩᠭᠦᠨ ᠭᠦᠢᠯᠭᠡᠭᠡᠨ ᠢᠶᠠᠷ ᠲᠡᠳᠬᠦᠬᠦ ᠡᠷᠴᠢᠮ ᠢ ᠨᠡᠮᠡᠭᠳᠡᠭᠦᠯᠦᠨ᠎ᠡ᠃ | ( ᠳᠥᠷᠪᠡ ) ᠬᠤᠲᠠ ᠶᠢᠨ ᠰᠠᠭᠤᠷᠢᠰᠢᠬᠤ ᠳᠤ ᠲᠣᠬᠢᠷᠠᠮᠵᠢᠲᠠᠶ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠤᠲᠠ ᠶᠢᠨ ᠶᠠᠪᠤᠳᠠᠯ ᠶᠢᠨ ᠪᠦᠳᠦᠬᠡᠨ ᠪᠠᠶᠢᠭᠤᠯᠤᠯᠳᠠ᠂ ᠠᠮᠢ ᠠᠬᠤᠢ ᠶᠢᠨ ᠪᠠᠭᠳᠠᠭᠠᠮᠵᠢ᠂ | ᠨᠠᠷᠢᠯᠢᠭᠵᠢᠭᠤᠯᠤᠭᠰᠠᠨ ᠬᠠᠮᠢᠶᠠᠷᠤᠯᠳᠠ ᠲᠡᠭᠡᠷ᠎ᠡ ᠦᠷᠭᠦᠯᠵᠢᠯᠡᠨ ᠬᠦᠴᠦᠯᠡᠨ᠎ᠡ᠃ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 3. | 3 ᠺᠢᠯᠦᠮᠧᠲᠷ ᠤᠨ ᠬᠤᠲᠠ ᠲᠣᠭᠤᠷᠢᠭ ᠤᠨ ᠵᠠᠮ ᠢ ᠰᠢᠨ᠎ᠡ ᠪᠠᠷ ᠵᠠᠰᠠᠵᠤ᠂ ᠪᠠᠶᠠᠨᠬᠤᠸᠠ ᠶᠡᠭᠡ ᠵᠡᠭᠡᠯᠢ᠂ ᠮᠡᠷᠭᠡᠨ ᠰᠢᠷ᠎ᠠ ᠤᠷᠤᠢ ᠵᠠᠮ᠂ ᠴᠠᠩ ᠱᠧᠩ ᠵᠡᠭᠡᠯᠢ᠂ | ᠰᠤᠷᠭᠠᠨ ᠬᠦᠮᠦᠵᠢᠯ ᠤᠨ ᠵᠠᠮ ᠵᠡᠷᠭᠡ 4 ᠵᠤᠷᠪᠤᠰ ᠲᠠᠰᠤᠷᠬᠠᠢ ᠵᠠᠮ ᠢ ᠨᠡᠪᠲᠡᠷᠡᠭᠦᠯᠵᠦ᠂ ᠦᠨᠳᠦᠰᠦᠲᠡᠨ ᠤ ᠵᠠᠮ᠂ ᠳ᠋ᠦᠩ ᠹᠧᠩ ᠶᠡᠭᠡ ᠵᠡᠭᠡᠯᠢ ᠶᠢᠨ ᠵᠠᠮ ᠢ | ᠥᠭᠡᠷᠡᠴᠢᠯᠡᠨ ᠵᠠᠰᠠᠬᠤ ᠪᠠᠷᠢᠯᠭ᠎ᠠ ᠶᠢ ᠪᠡᠶᠡᠯᠡᠭᠦᠯᠵᠦ᠂ ᠡᠯ᠎ᠡ ᠲᠥᠷᠥᠯ ᠤᠨ ᠬᠤᠭᠤᠯᠠᠢ ᠶᠢᠨ ᠲᠣᠣᠷ ᠢ 5 ᠺᠢᠯᠦᠮᠧᠲᠷ ᠥᠭᠡᠷᠡᠴᠢᠯᠡᠨ ᠪᠠᠶᠢᠭᠤᠯᠵᠤ᠂ 15 ᠲᠦᠮᠡᠨ | ᠲᠡᠭᠰᠢ ᠳᠥᠷᠪᠡᠯᠵᠢᠨ ᠮᠧᠲᠷ ᠤᠨ ᠴᠡᠴᠡᠷᠯᠢᠭ ᠤᠨ ᠨᠣᠭᠤᠭᠠᠷᠠᠭᠤᠯᠤᠯᠲᠠ ᠶᠢ ᠰᠢᠨ᠎ᠡ ᠪᠠᠷ ᠨᠡᠮᠡᠭᠳᠡᠭᠦᠯᠦᠨ᠎ᠡ᠃ ᠬᠤᠲᠠ ᠪᠠᠯᠭᠠᠰᠤ ᠶᠢᠨ ᠪᠣᠬᠢᠷ ᠤᠰᠤ᠂ ᠬᠤᠭ ᠨᠤᠪᠰᠢ | ᠶᠢᠨ ᠵᠠᠰᠠᠯᠳᠠ ᠶᠢ ᠴᠢᠩᠭᠠᠳᠬᠠᠵᠤ᠂ ᠬᠤᠳᠠ ᠪᠠᠯᠭᠠᠰᠤᠨ ᠤ ᠪᠣᠬᠢᠷ ᠣᠰᠣ ᠶᠢ ᠰᠢᠶᠳᠪᠦᠷᠢᠯᠡᠬᠦ ᠦᠶᠯᠡᠳᠪᠦᠷᠢ ᠶᠢᠨ ᠪᠣᠬᠢᠷ ᠰᠢᠪᠠᠷ ᠤᠨ ᠴᠡᠪᠡᠷ ᠡᠨᠧᠷᠭᠢ ᠶᠢ | ᠬᠠᠳᠠᠭᠠᠵᠤ ᠰᠢᠶᠳᠪᠦᠷᠢᠯᠡᠬᠦ ᠪᠠ ᠬᠤᠲᠠ ᠪᠠᠯᠭᠠᠰᠤ ᠶᠢᠨ ᠪᠠᠷᠢᠯᠭ᠎ᠠ ᠶᠢᠨ ᠬᠤᠭ ᠨᠣᠪᠰᠢ᠂ ᠪᠣᠬᠢᠷ ᠰᠢᠪᠠᠷ ᠵᠡᠷᠭᠡ ᠬᠠᠲᠠᠭᠤ ᠬᠠᠶᠠᠭᠳᠠᠮᠠᠯ ᠪᠣᠳᠠᠰ ᠢ ᠠᠷᠢᠯᠭᠠᠬᠤ ᠲᠠᠯᠠᠪᠠᠶ | ᠶᠢᠨ ᠲᠥᠷᠥᠯ ᠵᠦᠶᠯ ᠢ ᠪᠠᠶᠢᠭᠤᠯᠤᠨ᠎ᠠ᠃ ᠤᠮᠠᠷᠠᠳᠤ ᠲᠡᠭᠦᠷᠭᠡ ᠶᠢᠨ ᠨᠤᠭᠤ ᠭᠠᠵᠠᠷ ᠤᠨ ᠭᠤᠤᠯ ᠮᠦᠷᠡᠨ ᠤ ᠠᠮᠢ ᠠᠬᠤᠢ ᠶᠢᠨ ᠰᠡᠷᠭᠦᠯᠳᠡ ᠶᠢᠨ ᠲᠦᠷᠦᠯ ᠵᠦᠢᠯ | ᠲᠠᠢ ᠬᠤᠯᠪᠤᠯᠳᠤᠭᠤᠯᠬᠤ᠂ ᠮᠤᠨᠠ ᠠᠭᠤᠯᠠ ᠬᠠᠳᠤᠨ ᠭᠤᠤᠯ ᠤᠨ ᠨᠤᠭᠤ ᠭᠠᠵᠠᠷ ᠤᠨ ᠤᠰᠤᠨ ᠤ ᠢᠷᠡᠯᠳᠡ ᠶᠢᠨ ᠤᠷᠤᠨ ᠤ ᠪᠠᠭᠳᠠᠭᠠᠮᠵᠢ ᠶᠢᠨ ᠢᠨᠵᠧᠨᠡᠸ᠋ᠷᠢᠩ ᠢ | ᠡᠬᠢᠯᠡᠨ ᠬᠡᠷᠡᠭᠵᠢᠬᠦᠯᠦᠨ᠎ᠡ᠃ 6. 8 ᠲᠦᠮᠡᠨ ᠲᠡᠭᠰᠢ ᠳᠥᠷᠪᠡᠯᠵᠢᠨ ᠮᠧᠲᠷ ᠤᠨ ᠪᠤᠷᠤ ᠬᠡᠷᠳᠦ ᠤᠷᠤᠨ ᠤ ᠦᠬᠡᠷᠡᠴᠢᠯᠡᠯᠳᠡ ᠶᠢ ᠬᠡᠷᠡᠭᠵᠢᠬᠦᠯᠵᠦ᠂ 11 . 7 | ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ ᠲᠡᠭᠡᠳᠦ ᠬᠠᠭᠠᠰ ᠵᠢᠯ ᠳᠤ ᠬᠤᠸᠠ ᠲᠠᠢ ᠮᠢᠨ ᠵᠢᠦᠢ | ᠵᠡᠷᠭᠡ ᠪᠤᠷᠤ ᠭᠡᠷᠳᠤ ᠤᠷᠤᠨ ᠤ ᠦᠬᠡᠷᠡᠴᠢᠯᠡᠯᠡᠳᠡ ᠶᠢᠨ ᠰᠠᠭᠤᠷᠢ ᠲᠦᠬᠦᠬᠡᠷᠦᠮᠵᠢ ᠶᠢᠨ ᠢᠨᠵᠧᠨᠧᠷᠢᠩ ᠢ ᠪᠡᠶᠡᠯᠡᠬᠦᠯᠬᠦ ᠪᠠᠷ ᠴᠢᠷᠮᠠᠶᠢᠵᠤ᠂ ᠤᠯᠠᠨ ᠲᠦᠮᠡᠨ ᠤ | ᠤᠷᠤᠰᠢᠨ ᠰᠠᠭᠤᠷᠢᠰᠢᠬᠤ ᠨᠦᠬᠦᠴᠡᠯ ᠢ ᠦᠨᠡᠨᠬᠦ ᠰᠠᠶᠢᠵᠢᠷᠠᠭᠤᠯᠤᠨ᠎ᠠ᠃ ᠳᠣᠲᠣᠭᠠᠳᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠵᠤᠬᠢᠴᠠᠮᠵᠢ ᠶᠢ ᠲᠡᠭᠦᠯᠳᠡᠷᠵᠢᠭᠦᠯᠦᠨ᠂ ᠨᠡᠭᠦᠷᠡᠰᠦ᠂ ᠪᠠᠷᠢᠯᠭ᠎ᠠ ᠶᠢᠨ | ᠮᠠᠲ᠋ᠧᠷᠢᠶᠠᠯ᠂ ᠬᠠᠶᠠᠭᠳᠠᠮᠠᠯ ᠬᠠᠭᠤᠴᠢᠨ ᠡᠳ᠋ ᠪᠤᠳᠠᠰ᠂ ᠲᠠᠷᠢᠶᠠᠯᠠᠩ ᠲᠤᠰᠠᠯᠠᠬᠤ ᠦᠢᠯᠡᠳᠪᠦᠷᠢᠯᠡᠯ ᠤᠨ ᠪᠦᠲᠦᠭᠡᠭᠳᠡᠬᠦᠨ ᠵᠡᠷᠭᠡ ᠠᠵᠢᠯ ᠲᠥᠷᠥᠯ ᠤᠨ ᠠᠷᠠᠳ ᠲᠤ | ᠳᠥᠭᠦᠮ ᠦᠵᠡᠭᠦᠯᠬᠦ ᠵᠠᠬ᠎ᠠ ᠳᠡᠯᠭᠡᠭᠦᠷ ᠢ ᠵᠦᠢ ᠵᠣᠬᠢᠰᠲᠠᠶ ᠲᠣᠬᠢᠷᠠᠭᠤᠯᠵᠤ᠂ ᠲᠠᠷᠠᠬᠠᠶ ᠪᠤᠲᠠᠷᠬᠠᠶ ᠳᠡᠯᠭᠡᠭᠦᠷᠴᠢᠨ ᠤ ᠵᠠᠬ᠎ᠠ ᠳᠡᠯᠭᠡᠭᠦᠷ ᠲᠤ ᠣᠷᠣᠵᠤ ᠳᠡᠯᠭᠡᠭᠦᠷ ᠲᠤ | ᠣᠷᠣᠵᠤ ᠡᠵᠡᠩᠨᠡᠬᠦ ᠶᠢ ᠬᠥᠲᠥᠯᠥᠨ ᠵᠢᠯᠣᠭᠤᠳᠤᠨ᠎ᠠ᠃ ᠬᠤᠲᠠ ᠶᠢᠨ ᠪᠣᠯᠪᠠᠰᠤᠨ ᠤ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠤᠲᠠ ᠶᠢᠨ ᠠᠷᠠᠳ ᠤᠨ ᠡᠵᠡᠨ | ᠬᠥᠮᠦᠨ ᠤ ᠤᠬᠠᠮᠰᠠᠷ ᠢ ᠳᠡᠭᠡᠭᠰᠢᠯᠡᠭᠦᠯᠵᠦ᠂ ᠬᠠᠮᠲᠤ ᠪᠠᠷ ᠪᠠᠶᠢᠭᠤᠯᠵᠤ ᠬᠠᠮᠲᠤ ᠪᠠᠷ ᠬᠠᠮᠢᠶᠠᠷᠬᠤ ᠬᠤᠲᠠ ᠶᠢᠨ ᠬᠥᠮᠦᠨ ᠨᠡᠶᠢᠭᠡᠮ ᠤᠨ ᠣᠷᠴᠢᠨ ᠲᠣᠭᠤᠷᠢᠨ ᠢ ᠪᠣᠶ | ᠪᠣᠯᠭᠠᠨ᠎ᠠ᠃ | ( ᠲᠠᠪᠤ ) ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ | ᠬᠠᠪᠰᠤᠷᠤᠨ ᠲᠡᠳᠬᠦᠬᠦ ᠵᠤᠬᠢᠴᠠᠮᠵᠢ ᠶᠢ ᠪᠦᠷᠢᠨᠰᠢᠭᠦᠯᠵᠦ᠂ ︿︿ᠶᠠᠳᠠᠭᠤ ᠶᠢ ᠰᠡᠷᠭᠡᠶᠢᠯᠡᠬᠦ ᠪᠠᠲᠤᠯᠠᠭ᠎ᠠ﹀﹀ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ | ᠵᠠᠬ᠎ᠠ ᠬᠢᠵᠠᠭᠠᠷ ᠤᠨ ᠬᠥᠮᠦᠨ ᠠᠮᠠ ᠶᠢᠨ ᠶᠠᠳᠠᠭᠤᠷᠠᠬᠤ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠠᠬᠢᠨ ᠶᠠᠳᠠᠭᠤᠷᠠᠬᠤ ᠶᠢ ᠦᠨᠡᠨ ᠬᠦ ᠰᠡᠷᠭᠡᠶᠢᠯᠡᠨ᠎ᠡ᠃ | ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠪᠠᠷ ᠭᠤᠤᠯ ᠰᠢᠪᠲᠤᠯᠬᠤ ᠴᠢᠭᠯᠡᠯ ᠪᠣᠯᠭᠠᠵᠤ᠂ ︿︿ᠠᠵᠤ ᠠᠬᠤᠶᠢᠯᠠᠯ + ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ | ᠡᠷᠦᠬᠡ﹀﹀ ᠶᠢᠨ ᠵᠠᠭᠪᠤᠷ ᠢ ᠢᠳᠡᠪᠬᠢᠲᠡᠶ ᠳᠡᠯᠭᠡᠷᠡᠭᠦᠯᠦᠨ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠦᠶᠯ ᠢ ᠴᠢᠨᠠᠷ ᠰᠠᠶᠢᠲᠠᠶ ᠲᠥᠯᠥᠪᠵᠢᠭᠦᠯᠦᠨ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠨ᠎ᠠ᠃ ᠠᠵᠢᠯ ᠣᠯᠭᠤᠬᠤ | ᠠᠳᠠᠯ ᠦᠶᠯᠡᠰ ᠴᠣᠭᠴᠠᠯᠠᠬᠤ ᠠᠵᠢᠯ ᠢ ᠬᠢᠨᠠᠮᠠᠭᠠᠶ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠠᠵᠢᠯ ᠣᠯᠤᠭᠰᠠᠳ ᠢ 1560 ᠬᠥᠮᠦᠨ ( ᠤᠳᠠᠭ᠎ᠠ ) ᠰᠢᠨ᠎ᠡ | ᠪᠠᠷ ᠨᠡᠮᠡᠭᠳᠡᠭᠦᠯᠦᠨ᠂ ᠮᠠᠯᠴᠢᠨ ᠲᠠᠷᠢᠶᠠᠴᠢᠳ ᠢ ᠰᠢᠯᠵᠢᠭᠦᠯᠦᠨ ᠠᠵᠢᠯ ᠣᠯᠭᠤᠭᠰᠠᠨ ᠨᠢ 2 . 65 ᠲᠦᠮᠡᠨ ᠬᠥᠮᠦᠨ ( ᠤᠳᠠᠭ᠎ᠠ ) ᠳᠤ ᠬᠦᠷᠭᠡᠨ᠎ᠡ᠃ ︿︿ | ᠡᠮᠴᠢᠯᠡᠭᠡᠨ ᠤ ᠳᠠᠭᠠᠳᠬᠠᠯ ᠤᠨ ᠣᠯᠭᠤᠮᠵᠢ ᠶᠢᠨ ᠳᠡᠨᠵᠢ ᠮᠥᠩᠭᠦ ᠦᠬᠡᠢ﹀﹀ ᠪᠠᠷ ᠡᠮᠨᠡᠯᠭᠡ ᠳᠤ ᠰᠠᠭᠤᠬᠤ ᠵᠠᠭᠪᠤᠷ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ | ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠦᠨᠡᠨᠬᠦ ᠬᠥᠩᠭᠡᠷᠡᠭᠦᠯᠬᠦ ᠬᠡᠷᠡᠭᠲᠡᠶ᠃ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯᠲᠡᠢ ᠬᠥᠮᠦᠨ᠂ ᠥᠨᠥᠴᠢᠨ ᠬᠡᠦᠬᠡᠳ ᠢ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠲᠥᠷᠦ ᠶᠢᠨ ᠪᠣᠳᠣᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠪᠠ ᠠᠪᠤᠷᠠᠨ ᠲᠤᠰᠠᠯᠠᠬᠤ ᠥᠷᠲᠡᠭᠡ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ | ᠴᠢᠷᠮᠠᠶᠢᠨ᠎ᠠ᠃ ᠨᠠᠰᠤᠲᠠᠶᠢᠴᠤᠳ ᠤᠨ ᠠᠵᠢᠯ ᠦᠢᠯᠡᠰ ᠢ ᠠᠩᠬᠠᠷᠴᠤ᠂ ᠡᠮᠨᠡᠬᠦ ᠠᠰᠠᠷᠠᠬᠤ ᠶᠢ ᠤᠶᠠᠯᠳᠤᠭᠤᠯᠤᠭᠰᠠᠨ ᠬᠡᠯᠪᠡᠷᠢ ᠶᠢᠨ ᠨᠠᠰᠤᠲᠠᠨ ᠢ ᠠᠰᠠᠷᠠᠬᠤ | ᠪᠠᠶᠢᠭᠤᠯᠤᠮᠵᠢ ᠶᠢ ᠲᠦᠷᠭᠡᠳᠬᠡᠨ ᠬᠥᠭᠵᠢᠭᠦᠯᠵᠦ᠂ ᠠᠭᠤᠯᠠᠨ ᠡᠮᠦᠨᠡᠬᠢ ᠭᠠᠵᠠᠷ ᠣᠷᠣᠨ ᠤ ᠨᠠᠰᠤᠲᠠᠨ ᠢ ᠠᠰᠠᠷᠠᠬᠤ ᠲᠥᠪ ᠢ ᠪᠠᠶᠢᠭᠤᠯᠵᠤ᠂ ᠰᠤᠳᠠᠯ ᠤᠨ | ᠬᠤᠳᠳᠤᠭ ᠤᠨ ᠶᠦᠩ ᠾᠧ ᠨᠠᠰᠤᠲᠠᠨ ᠢ ᠠᠰᠠᠷᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ | ᠳᠤ ᠬᠥᠭᠵᠢᠭᠦᠯᠬᠦ ᠶᠢ ᠪᠠᠷᠢᠮᠲᠠᠯᠠᠵᠤ᠂ ᠳᠥᠷᠪᠡᠳᠦᠭᠡᠷ ᠬᠡᠦᠬᠡᠳ ᠤᠨ ᠴᠡᠴᠡᠷᠯᠢᠭ ᠢ ᠪᠠᠶᠢᠭᠤᠯᠵᠤ᠂ ᠱᠤ᠋ ᠯᠢᠨ ᠽᠢ ᠬᠡᠦᠬᠡᠳ ᠤᠨ ᠴᠡᠴᠡᠷᠯᠢᠭ᠂ ᠰᠢᠶᠠᠨ ᠹᠧᠩ ᠬᠡᠦᠬᠡᠳ | ᠤᠨ ᠴᠡᠴᠡᠷᠯᠢᠭ᠂ ᠪᠠᠶᠠᠨᠬᠤᠸᠠ ᠪᠠ ᠰᠢᠶᠠᠨ ᠹᠧᠩ ᠪᠠᠭ᠎ᠠ ᠰᠤᠷᠭᠠᠭᠤᠯᠢ ᠶᠢ ᠥᠷᠭᠡᠳᠬᠡᠨ ᠪᠠᠶᠢᠭᠤᠯᠬᠤ ᠲᠥᠷᠥᠯ ᠵᠦᠢᠯ ᠢ ᠡᠬᠢᠯᠡᠭᠦᠯᠦᠨ᠎ᠡ᠃ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠤᠯᠠᠮᠵᠢᠯᠠᠯᠲᠤ ᠰᠢᠯᠢᠳᠡᠭ ᠰᠣᠶᠣᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ | ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠤᠯᠤᠰ ᠤᠨ ᠨᠡᠶᠢᠳᠡᠮ ᠬᠡᠷᠡᠭᠯᠡᠬᠡᠨ ᠤ ᠵᠢᠭᠠᠬᠤ ᠮᠠᠲ᠋ᠧᠷᠢᠶᠠᠯ | ᠢ ᠬᠡᠷᠡᠭᠯᠡᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠨᠡᠩ ᠲᠥᠪ ᠭᠤᠣᠯᠴᠢ᠂ ᠨᠡᠩ ᠴᠢᠨᠠᠷ ᠰᠠᠶᠢᠲᠠᠢ ᠰᠤᠷᠭᠠᠨ | ᠬᠥᠮᠦᠵᠢᠯ ᠢ ᠬᠦᠷᠲᠡᠭᠡᠨ᠎ᠡ᠃ ᠲᠡᠭᠡᠳᠦ ᠬᠠᠭᠠᠰ ᠵᠢᠯ ᠳᠤ ᠡᠬᠡ ᠨᠢᠯᠬᠠᠰ ᠤᠨ ᠡᠷᠡᠭᠦᠯᠵᠢᠯ ᠤᠨ ᠦᠢᠯᠡᠴᠢᠯᠡᠭᠡᠨ ᠤ ᠲᠥᠪ ᠢ ᠪᠦᠬᠦᠯᠢ ᠴᠣᠭᠴᠠ ᠪᠠᠷ ᠨᠢ ᠨᠡᠭᠦᠯᠭᠡᠵᠦ᠂ | ᠨᠡᠮ ᠪᠠᠶᠢᠭᠤᠯᠤᠭᠳᠠᠭᠰᠠᠨ 100 ᠤᠨ ᠤᠢ ᠢ ᠪᠡᠯᠡᠭᠯᠡᠨ᠎ᠡ᠃ ᠬᠤᠰᠢᠭᠤᠨ ᠤ ᠠᠷᠠᠳ ᠤᠨ ᠡᠮᠨᠡᠯᠬᠡ ᠶᠢᠨ ᠬᠤᠷᠢᠶᠠᠨ ᠤ ᠪᠠᠴᠢᠮ ᠬᠦᠨᠳᠦ ᠡᠪᠡᠳᠴᠢᠳᠡᠨ ᠢ ᠠᠪᠤᠷᠠᠨ | ᠵᠠᠰᠠᠬᠤ ᠲᠦᠪ ᠤᠨ ᠲᠦᠷᠦᠯ ᠵᠦᠢᠯ ᠢ ᠡᠬᠢᠯᠡᠬᠦᠯᠵᠦ᠂ ᠪᠧᠢ ᠭᠧ ᠳ᠋ᠦ᠋᠂ ᠶᠡᠭᠡ ᠰᠢᠬᠡᠳᠡᠢ᠂ ᠴᠤᠤ ᠶᠠᠩ ᠵᠡᠷᠭᠡ 3 ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠦᠨᠳᠦ ᠶᠡᠭᠡ ᠬᠡᠷᠡᠭ ᠢ ᠲᠣᠬᠢᠲᠠᠢ ᠰᠢᠢᠳᠪᠦᠷᠢᠯᠡᠵᠦ᠂ ᠰᠢᠨ᠎ᠡ | ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ | ᠰᠠᠶᠢᠲᠤᠷ ᠬᠢᠨ᠎ᠡ᠃ ᠤᠯᠠᠮᠵᠢᠯᠠᠯᠲᠤ ᠵᠠᠭᠤᠴᠢᠯᠠᠭᠤᠷ ᠬᠢᠭᠡᠳ ᠰᠢᠨ᠎ᠡ ᠪᠠᠷ ᠪᠤᠶ ᠪᠣᠯᠤᠭᠰᠠᠨ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠠᠮ | ᠵᠠᠭᠤᠴᠢᠯᠠᠭᠤᠷ ᠤᠨ ᠲᠥᠪ ᠢ ᠪᠦᠬᠦᠯᠢ ᠴᠣᠭᠴᠠ ᠪᠠᠷ ᠨᠢ ᠨᠡᠭᠦᠯᠭᠡᠬᠦ ᠶᠢ ᠪᠡᠶᠡᠯᠡᠭᠦᠯᠦᠨ᠎ᠡ᠃ ᠳᠠᠩᠰᠠ ᠡᠪᠬᠡᠮᠡᠯ ᠤᠨ ᠬᠠᠮᠢᠶᠠᠷᠤᠯᠲᠠ ᠪᠣᠯᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢ ᠴᠢᠩᠭᠠᠳᠬᠠᠵᠤ᠂ ᠳᠠᠩᠰᠠ ᠡᠪᠬᠡᠮᠡᠯ ᠤᠨ ᠲᠣᠭᠠᠴᠢᠯᠠᠯᠲᠠ ᠶᠢ ᠪᠦᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠨ᠎ᠡ᠃ ᠪᠠᠷᠠᠭᠤᠨ ᠣᠷᠣᠨ ᠤ ᠠᠷᠠᠳ ᠤᠨ | ᠳᠠᠭᠤᠤ ᠶᠢᠨ ᠴᠤᠭᠯᠠᠭᠠᠨ᠂ ᠪᠥᠬᠦ ᠤᠯᠤᠰ ᠤᠨ ᠡᠮᠡᠭᠲᠡᠶ ᠶᠢᠨ ᠰᠠᠭᠰᠤᠨ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ᠬᠤᠪᠢᠶᠠᠷᠢ ᠥᠷᠲᠡᠭᠡᠨ ᠤ ᠤᠷᠤᠯᠳᠤᠭᠠᠨ᠂ | ᠣᠯᠢᠶᠠᠰᠤ ᠨᠠᠭᠤᠷ ᠢ ᠲᠣᠭᠤᠷᠢᠭᠰᠠᠨ ᠳᠤᠭᠤᠶ ᠲᠡᠷᠭᠡᠨ ᠤ ᠤᠷᠤᠯᠳᠤᠭᠠᠨ ᠵᠡᠷᠭᠡ ᠰᠣᠶᠣᠯ ᠲᠠᠮᠢᠷ ᠤᠨ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠠᠷᠠᠲᠤ ᠲᠡᠮᠳᠡᠭ ᠢ ᠪᠣᠶ ᠪᠣᠯᠭᠠᠨ᠂ ᠣᠯᠠᠨ ᠤ ᠬᠦᠷᠢᠶᠡᠯᠡᠯ ᠢ ᠣᠯᠵᠤ᠂ ᠮᠠᠨ ᠤ ᠬᠤᠰᠢᠭᠤᠨ ᠤ ᠭᠠᠳᠠᠭᠰᠢ ᠠᠯᠳᠠᠷᠰᠢᠯ ᠢ ᠳᠡᠭᠡᠭᠰᠢᠯᠡᠭᠦᠯᠦᠨ᠎ᠡ᠃ | ᠤᠷᠠᠳ ᠰᠣᠶᠣᠯ ᠤᠨ ᠰᠤᠳᠤᠯᠭᠠᠨ ᠤ ᠨᠡᠶᠢᠭᠡᠮᠯᠢᠭ ᠢ ᠪᠠᠶᠢᠭᠤᠯᠵᠤ᠂ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ ᠪᠠ ᠳᠤᠮᠳᠠᠳᠤ ᠤᠯᠤᠰ | ᠤᠨ ᠤᠷᠠᠨ ᠪᠢᠴᠢᠯᠭᠡ ᠶᠢᠨ ᠨᠤᠲᠤᠭ ᠢ ᠡᠭᠦᠳᠦᠨ ᠪᠠᠶᠢᠭᠤᠯᠦᠨ᠎ᠡ᠃ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠬᠤ ᠠᠵᠢᠯ ᠢ ᠨᠠᠷᠢᠨ ᠬᠢᠨᠠᠮᠠᠭᠠᠢ | ᠠᠳᠬᠤᠵᠤ᠂ ᠬᠤᠯᠤᠰᠤ ᠡᠪᠡᠰᠦᠨ ᠤ ᠨᠡᠬᠡᠮᠡᠯ ᠤᠨ ᠮᠡᠷᠭᠡᠵᠢᠯ᠂ ᠴᠠᠮ ᠪᠥᠵᠢᠭ ᠵᠡᠷᠭᠡ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠲᠥᠷᠥᠯ ᠵᠦᠢᠯ ᠢ | ᠢᠳᠡᠪᠬᠢᠲᠡᠢ ᠭᠤᠶᠤᠴᠢᠯᠠᠨ ᠮᠡᠳᠡᠭᠦᠯᠵᠦ᠂ ᠠᠷᠠᠳ ᠤᠨ ᠳᠤᠮᠳᠠᠬᠢ ᠳᠠᠭᠤᠤ ᠬᠥᠭᠵᠢᠮ ᠤᠨ ᠲᠥᠷᠥᠯ᠂ ᠵᠠᠩ ᠦᠢᠯᠡ ᠶᠢᠨ ᠲᠥᠷᠥᠯ ᠵᠡᠷᠭᠡ ᠪᠣᠳᠠᠰ ᠤᠨ ᠪᠤᠰᠤ | ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠤᠨ᠎ᠠ᠃ ︿︿ ᠮᠤᠷᠠᠯᠳᠤ ᠤᠷᠠᠳ᠂ ᠠᠴᠢᠯᠠᠯ ᠵᠢᠷᠤᠮᠳᠤ ᠤᠷᠠᠳ﹀﹀ ᠢ ᠡᠭᠦᠳᠦᠨ ᠪᠠᠶᠢᠭᠤᠯᠬᠤ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠡᠷᠬᠢᠮ ᠨᠠᠨᠳᠢᠨ ᠰᠤᠷᠲᠠᠯ ᠢ | ᠶᠡᠬᠡᠪᠡᠷ ᠪᠠᠳᠠᠷᠠᠭᠤᠯᠤᠨ᠎ᠠ᠃ | ( ᠵᠢᠷᠭᠤᠭ᠎ᠠ ) ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠠᠷ ᠮᠠᠨᠳᠠᠯ ᠤᠨ ᠪᠣᠬᠢᠷᠲᠤᠯ | ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ︿︿ᠲᠠᠷᠬᠠᠶ ᠪᠤᠲᠠᠷᠬᠠᠶ ᠡᠮᠬᠢ ᠵᠠᠮᠪᠠᠷᠠᠭ᠎ᠠ ᠥᠬᠡᠶ ᠪᠣᠬᠢᠷᠲᠤᠯ ᠲᠠᠢ﹀﹀ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ | ᠭᠦᠨᠵᠡᠭᠡᠶᠢᠷᠡᠭᠦᠯᠦᠨ᠂ ᠪᠠᠷᠢᠯᠭ᠎ᠠ ᠶᠢᠨ ᠭᠠᠵᠠᠷ ᠤᠨ ᠲᠣᠭᠤᠰᠣᠨ ᠤ ᠪᠣᠬᠢᠷᠲᠤᠯ ᠪᠠ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠣᠲᠤᠭ᠎ᠠ ᠲᠣᠰᠣ | ᠭᠠᠳᠠᠭᠰᠢᠯᠠᠭᠤᠯᠬᠤ ᠶᠢ ᠵᠠᠰᠠᠬᠤ ᠶᠢ ᠰᠠᠶᠢᠲᠤᠷ ᠠᠳᠬᠤᠵᠤ᠂ ᠡᠰᠢ ᠰᠦᠷᠡᠯ ᠢ ᠲᠠᠷᠢᠶᠠᠨ ᠳᠤ ᠪᠤᠴᠠᠭᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠂ | ᠠᠭᠠᠷ ᠮᠠᠨᠳᠠᠯ ᠤᠨ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠤᠰᠤᠨ ᠳᠤ ᠬᠤᠯᠪᠣᠭᠳᠠᠭᠰᠠᠨ ᠪᠤᠬᠢᠷ ᠤᠰᠤ ᠭᠠᠳᠠᠭᠰᠢᠯᠠᠭᠤᠯᠬᠤ ᠠᠵᠤ ᠠᠬᠤᠶᠢᠯᠠᠯ ᠢ ᠴᠢᠩᠭ᠎ᠠ ᠬᠢᠨᠠᠨ ᠬᠠᠮᠢᠶᠠᠷᠴᠤ᠂ ᠶᠡᠭᠡ ᠰᠢᠭᠡᠳᠡᠢ᠂ ᠪᠠᠶᠠᠨᠬᠤᠸᠠ ᠶᠢᠨ ᠪᠣᠬᠢᠷ | ᠤᠰᠤ ᠰᠢᠢᠳᠪᠦᠷᠢᠯᠡᠬᠦ ᠦᠢᠯᠡᠳᠪᠦᠷᠢ ᠶᠢ ᠲᠡᠰ ᠳᠡᠪᠰᠢᠭᠦᠯᠦᠨ ᠥᠭᠡᠷᠡᠴᠢᠯᠡᠵᠦ᠂ ᠬᠤᠲᠠ ᠪᠠᠯᠭᠠᠰᠤ᠂ ᠪᠤᠭᠤᠳᠤ ᠶᠢᠨ ᠪᠠᠷᠠᠭᠤᠨ ᠳᠠᠬᠢ ᠠᠵᠤ ᠦᠶᠯᠡᠳᠪᠦᠷᠢ ᠶᠢᠨ | ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭ᠎ᠠ ᠶᠢ ᠲᠤᠭᠳᠠᠪᠤᠷᠢᠵᠢᠭᠤᠯᠤᠨ᠎ᠠ᠃ ᠬᠡᠲᠦ ᠮᠠᠯᠲᠠᠭᠰᠠᠨ ᠣᠷᠣᠨ ᠤ ᠭᠠᠵᠠᠷ ᠳᠡᠭᠡᠷᠡᠬᠢ | ᠤᠰᠤ ᠶᠢ ᠭᠠᠵᠠᠷ ᠳᠣᠤᠷᠠᠬᠢ ᠤᠰᠤ ᠪᠠᠷ ᠰᠤᠯᠢᠨ ᠤᠰᠤ ᠠᠷᠪᠢᠯᠠᠬᠤ ᠤᠰᠤᠯᠠᠯᠲᠠ ᠬᠢᠬᠦ᠂ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠪᠡᠯᠡᠳᠬᠡᠮᠵᠢ ᠶᠢ | ᠤᠭᠰᠠᠷᠠᠬᠤ᠂ ᠦᠶᠡᠷ ᠢ ᠰᠡᠷᠬᠡᠶᠢᠯᠡᠬᠦ ᠭᠠᠮᠰᠢᠭ ᠢ ᠪᠠᠭᠠᠰᠬᠠᠬᠤ ᠵᠢᠴᠢ ᠤᠰᠤᠨ ᠤ ᠡᠬᠢ ᠰᠤᠷᠪᠤᠯᠵᠢ ᠶᠢᠨ ᠪᠠᠭᠳᠠᠭᠠᠮᠵᠢ ᠵᠡᠷᠭᠡ ᠢᠨᠵᠧᠨᠧᠷᠢᠩ ᠢ ᠡᠬᠢᠯᠡᠭᠦᠯᠵᠦ᠂ | ᠭᠠᠵᠠᠷ ᠳᠣᠤᠷᠠᠬᠢ ᠤᠰᠤ ᠶᠢ ᠬᠡᠲᠦ ᠲᠠᠲᠠᠭᠰᠠᠨ ᠠᠰᠠᠭᠤᠳᠠᠯ ᠢ ᠪᠦᠲᠦᠮᠵᠢᠲᠡᠶ ᠰᠢᠶᠳᠪᠦᠷᠢᠯᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ | ᠴᠢᠩᠭᠠᠳᠬᠠᠵᠤ᠂ ᠲᠠᠷᠢᠶᠠᠯᠠᠩ ᠤᠨ ︿︿ᠳᠥᠷᠪᠡ ᠶᠢ ᠡᠵᠡᠮᠳᠡᠬᠦ﹀﹀ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠨ ᠡᠮ᠂ ᠬᠢᠮᠢ ᠶᠢᠨ ᠪᠣᠷᠲᠣᠭᠤᠷ᠂ | ᠰᠦᠯᠢᠶᠣᠣ ᠪᠦᠷᠬᠦᠪᠴᠢ ᠶᠢ ᠪᠠᠭᠠᠰᠬᠠᠨ ᠬᠡᠮᠵᠢᠶᠡᠵᠢᠬᠦᠯᠬᠦ ᠪᠠ ᠠᠵᠤ ᠦᠢᠯᠡᠰᠵᠢᠬᠦᠯᠬᠦ ᠵᠠᠰᠠᠯᠳᠠ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠤᠤᠭᠤᠬᠤ ᠤᠰᠤᠨ | ᠤ ᠰᠤᠷᠪᠤᠯᠵᠢ ᠶᠢᠨ ᠭᠠᠵᠠᠷ ᠤᠨ ᠬᠢᠨᠠᠯᠲᠠ ᠬᠠᠮᠢᠶᠠᠷᠤᠯᠲᠠ ᠪᠠ ᠬᠠᠮᠠᠭᠠᠯᠠᠯᠲᠠ ᠶᠢ ᠴᠢᠩᠭᠠᠳᠬᠠᠵᠤ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ | ᠪᠠᠲᠤᠯᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠬᠠᠲᠤᠨ ᠭᠤᠤᠯ | ᠳᠠᠭᠠᠤ ᠲᠡᠮᠦᠷ ᠵᠠᠮ ᠲᠠᠭᠠᠤ ᠶᠢᠨ ᠪᠣᠬᠢᠷᠲᠤᠯ ᠥᠬᠡᠶ ᠠᠮᠢ ᠠᠬᠤᠶ ᠶᠢᠨ ᠬᠠᠯᠬᠠᠪᠴᠢ ᠶᠢ ᠪᠠᠲᠤ ᠴᠤᠭᠴᠠᠯᠠᠵᠤ᠂ ᠬᠠᠳᠤᠨ ᠭᠤᠤᠯ ᠤᠨ ᠲᠠᠯᠠᠩ ᠬᠠᠰᠢᠯᠭ᠎ᠠ ᠶᠢᠨ | ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠨ ᠬᠡᠷᠭᠵᠢᠬᠦᠯᠵᠦ᠂ ᠠᠶᠤᠯ ᠲᠦᠭᠰᠢᠬᠦᠷᠢᠳᠡᠢ ᠴᠦᠬᠦᠷᠦᠮ ᠤᠨ ᠠᠶᠤᠯ ᠢ ᠦᠬᠡᠶᠢᠰᠬᠡᠨ ᠪᠠᠬᠢᠵᠢᠬᠦᠯᠬᠦ ᠪᠠ | ᠴᠡᠪᠡᠷᠯᠡᠨ ᠯᠠᠶᠢᠳᠠᠬᠤ ᠢᠨᠵᠧᠨᠧᠷᠢᠩ ᠢ ᠪᠡᠶᠡᠯᠡᠭᠦᠯᠵᠦ᠂ ᠪᠠᠭ᠎ᠠ ᠰᠣᠪᠠᠭ᠂ ᠲᠠᠷᠢᠶᠠᠨ ᠰᠣᠪᠠᠭ᠂ ᠬᠢᠯᠭᠠᠰᠤᠨ ᠰᠣᠪᠠᠭ ᠵᠢᠴᠢ ᠬᠡᠪᠴᠢᠶᠡᠵᠢᠯ ᠠᠴᠠ ᠲᠤᠭᠤᠭᠰᠢᠬᠢ ᠨᠠᠭᠤᠷ | ᠪᠦᠷᠢᠳᠦ ᠳᠤ ᠭᠤᠤᠯ ᠮᠦᠷᠡᠨ ᠨᠠᠭᠤᠷ ᠴᠦᠬᠦᠷᠦᠮ ᠤᠨ ᠲᠠᠷᠤᠭ᠎ᠠ ᠶᠢᠨ ᠲᠦᠷᠢᠮ ᠤᠨ ᠬᠠᠮᠢᠶᠠᠷᠤᠯᠳᠠ ᠶᠢ ᠬᠡᠷᠡᠭᠵᠢᠬᠦᠯᠵᠦ᠂ ᠭᠤᠤᠯ ᠮᠦᠷᠡᠨ ᠨᠠᠭᠤᠷ ᠴᠦᠬᠦᠷᠦᠮ ᠤᠨ | ᠠᠷᠢᠭᠤᠨ ᠴᠠᠪᠠᠷ ᠲᠤᠩᠭᠠᠯᠠᠭ ᠰᠠᠶᠢᠬᠠᠨ᠂ ᠤᠰᠤᠯᠠᠯᠳᠠ ᠨᠢ ᠰᠢᠭᠤᠳ ᠰᠢᠯᠤᠭᠤᠨ ᠪᠠᠶᠢᠬᠤ ᠶᠢ ᠦᠨᠡᠨᠬᠦ ᠪᠡᠶᠡᠯᠡᠬᠦᠯᠦᠨ᠎ᠡ᠃ ᠪᠡᠭᠡᠵᠢᠩ ᠲᠢᠶᠠᠨᠵᠢᠨ ᠤ ᠡᠯᠡᠰᠦᠨ ᠤ | ᠡᠬᠢ ᠶᠢ ᠵᠠᠰᠠᠬᠤ᠂ ᠪᠠᠶᠢᠭᠠᠯᠢᠯᠢᠭ ᠣᠢ ᠶᠢ ᠬᠠᠮᠠᠭᠠᠯᠠᠬᠤ ᠵᠡᠷᠭᠡ ᠠᠮᠢ ᠠᠬᠤᠢ ᠶᠢ ᠰᠡᠷᠭᠦᠭᠡᠬᠦ ᠲᠥᠷᠥᠯ ᠵᠦᠢ ᠳᠤ ᠲᠦᠰᠢᠭᠯᠡᠨ᠂ 1 . 7 ᠲᠦᠮᠡᠨ ᠮᠤ᠋ ᠣᠢ ᠰᠢᠭᠤᠢ | ᠶᠢᠨ ᠠᠮᠢ ᠠᠬᠤᠢ ᠶᠢ ᠪᠦᠲᠦᠭᠡᠨ ᠪᠠᠶᠢᠭᠤᠯᠤᠯᠳᠠ ᠶᠢ ᠬᠡᠷᠡᠭᠵᠢᠬᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠰᠠᠶᠢᠵᠢᠷᠠᠭᠤᠯᠤᠨ᠎ᠠ᠃ | ( ᠳᠣᠯᠤᠭ᠎ᠠ ) ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠬᠤᠲᠠ ᠶᠢᠨ ᠨᠠᠮ ᠤᠨ ᠬᠤᠷᠢᠶ᠎ᠠ᠂ ᠵᠠᠰᠠᠭ | ᠤᠨ ᠣᠷᠳᠣᠨ ᠤ ︿︿ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠣᠨ﹀﹀ ᠤ ᠡᠯ᠎ᠡ ᠵᠦᠶᠯ ᠤᠨ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︿︿ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ﹀﹀ ᠶᠢ ᠪᠥᠬᠦ ᠲᠠᠯ᠎ᠠ ᠪᠠᠷ ᠳᠥᠯᠭᠢᠨ | ᠠᠬᠢᠭᠤᠯᠵᠤ᠂ ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠶᠯᠡᠳᠦᠯ ᠴᠢᠳᠠᠪᠬᠢ ᠶᠢ ᠦᠨᠡᠨ ᠬᠦ ᠳᠡᠭᠡᠭᠰᠢᠯᠡᠭᠦᠯᠵᠦ᠂ ︿︿ᠨᠢᠭᠡ ᠤᠴᠢᠷ ᠶᠠᠪᠤᠳᠠᠯ ᠢ ᠨᠢᠬᠡ ᠤᠳᠠᠭ᠎ᠠ ᠪᠠᠷ | ᠭᠦᠶᠴᠡᠳᠬᠡᠬᠦ﹀﹀ ᠵᠦᠶᠯᠡᠰ ᠢ 20 ᠶᠢ ᠰᠢᠨ᠎ᠡ ᠪᠠᠷ ᠨᠡᠮᠡᠭᠳᠡᠭᠦᠯᠦᠨ᠂ ᠣᠯᠠᠨ ᠲᠦᠮᠡᠨ ᠢ ᠨᠠᠩ ᠥᠨᠳᠥᠷ ᠪᠦᠲᠦᠮᠵᠢᠲᠡᠶ᠂ ᠨᠠᠩ ᠬᠠᠨᠤᠮᠵᠢᠲᠠᠶ ᠪᠠᠷ ᠤᠴᠢᠷ ᠶᠠᠪᠤᠳᠠᠯ ᠢ | ᠭᠦᠢᠴᠡᠳᠬᠡᠯᠭᠡᠨ᠎ᠡ᠃ ᠣᠷᠣᠨ ᠪᠦᠰᠡ ᠶᠢᠨ ᠦᠨᠡᠯᠡᠨ ᠵᠢᠱᠢᠬᠦ᠂ ᠣᠯᠠᠨ ᠦᠨᠡᠯᠡᠯᠲᠡ ᠶᠢ ᠨᠢᠭᠡᠳᠬᠡᠬᠦ᠂ ᠬᠠᠮᠲᠤᠷᠠᠨ ᠰᠢᠯᠭᠠᠨ ᠠᠪᠬᠤ ᠵᠡᠷᠭᠡ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠷᠤᠭᠠᠰᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠥᠩᠭᠡᠷᠡᠭᠦᠯᠵᠦ᠂ ᠪᠦᠲᠦᠮᠵᠢᠲᠡᠶ ᠪᠠᠯᠠ | ᠣᠷᠣᠭᠤᠯᠤᠯᠲᠠ ᠶᠢ ᠨᠡᠮᠡᠭᠳᠡᠭᠦᠯᠬᠦ ᠳᠤ ᠣᠷᠣᠨ ᠵᠠᠶ ᠶᠢ ᠥᠷᠭᠡᠳᠬᠡᠨ᠎ᠡ᠃ ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠠᠰᠢᠭᠲᠠᠢ ᠲᠥᠷᠦ ᠶᠢᠨ | ᠪᠣᠳᠣᠯᠭ᠎ᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠳᠤ ᠡᠳ᠋ᠯᠡᠪᠡᠰᠦ ᠵᠣᠬᠢᠬᠤ ᠶᠢ ᠪᠦᠬᠦᠨ ᠢ ᠡᠳ᠋ᠯᠡᠭᠦᠯᠵᠦ᠂ | ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︿︿ᠭᠤᠷᠪᠠᠨ ᠵᠦᠢᠯ ᠤᠨ ᠳᠦᠷᠢᠮ﹀﹀ ᠢ | ᠴᠢᠩᠭ᠎ᠠ ᠨᠠᠶᠢᠳᠠᠪᠤᠷᠢᠵᠢᠭᠤᠯᠵᠤ᠂ ᠳᠠᠪᠬᠤᠷᠳᠠᠭᠤᠯᠤᠨ ᠬᠠᠤᠯᠢ ᠬᠡᠷᠡᠭᠵᠢᠭᠦᠯᠬᠦ᠂ ᠳᠤᠷ᠎ᠠ ᠵᠣᠷᠢᠭ ᠢᠶᠠᠷ ᠢᠶᠠᠨ ᠬᠠᠤᠯᠢ ᠬᠡᠷᠡᠭᠵᠢᠭᠦᠯᠬᠦ ᠠᠴᠠ ᠵᠠᠶᠢᠯᠠᠰᠬᠢᠵᠦ᠂ ᠤᠴᠢᠷ | ᠦᠭᠡᠶ ᠪᠣᠯ ᠬᠠᠷᠰᠢᠯᠠᠬᠤ ᠦᠭᠡᠶ᠂ ᠤᠴᠢᠷ ᠪᠠᠶᠢᠪᠠᠯ ᠵᠠᠪᠠᠯ ᠠᠷᠭᠠᠴᠠᠬᠤ ᠶᠢ ᠦᠨᠡᠨᠬᠦ ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠰᠡᠳᠬᠢᠯ | ᠠᠮᠤᠷ ᠡᠵᠡᠩᠨᠡᠭᠦᠯᠵᠦ᠂ ᠡᠷᠡᠭᠦᠯ ᠢᠶᠠᠷ ᠬᠥᠭᠵᠢᠭᠦᠯᠬᠦ ᠬᠡᠷᠡᠭᠲᠡᠶ᠃ ︿︿12345﹀﹀ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤᠨ ᠤ ᠴᠢᠳᠠᠮᠵᠢ | ᠶᠢ ᠦᠷᠭᠦᠯᠵᠢᠯᠡᠨ ᠥᠷᠭᠡᠳᠬᠡᠵᠦ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠳᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠠᠴᠠ ᠠᠪᠴᠢᠷᠠᠭᠰᠠᠨ ᠲᠥᠬᠦᠮ ᠨᠥᠬᠦᠴᠡᠯ ᠢ ᠦᠨᠡᠨᠬᠦ ᠮᠡᠳᠡᠷᠡᠭᠦᠯᠦᠨ᠎ᠡ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠪᠦᠲᠦᠮᠵᠢ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠡᠵᠡᠩᠨᠡᠨ ᠬᠤᠳᠠᠯᠳᠤᠭᠠᠯᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ | ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠤᠳᠠᠯᠳᠤᠭ᠎ᠠ | ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠨ ᠨᠥᠬᠦᠴᠡᠯ | ᠡᠭᠦᠳᠴᠦ ᠥᠭᠭᠦᠨ᠎ᠡ᠃ | ( ᠨᠠᠢᠮᠠ ) ᠨᠡᠶᠢᠭᠡᠮ ᠤᠨ ᠵᠠᠰᠠᠯᠲᠠ ᠶᠢ ᠴᠢᠩᠭᠠᠳᠬᠠᠬᠤ ᠪᠠ ᠰᠢᠨ᠎ᠡ ᠶᠢ ᠡᠭᠦᠳᠦᠨ᠎ᠡ᠃ ᠵᠥᠷᠢᠴᠡᠯ ᠤᠨ ᠲᠠᠯᠳᠠ ᠭᠡᠮ ᠢ ᠳᠠᠷᠠᠭᠠᠯᠠᠨ ᠪᠠᠶᠢᠴᠠᠭᠠᠬᠤ ᠡᠷᠴᠢᠮ | ᠢᠶᠠᠨ ᠴᠢᠩᠭᠠᠷᠠᠭᠤᠯᠵᠤ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ | ᠵᠦᠢᠯᠡᠰ ᠢ ᠰᠢᠢᠳᠪᠦᠷᠢᠯᠡᠬᠦ ᠪᠠ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠨ᠎ᠠ᠃ ᠠᠮᠤᠷ ᠠᠮᠤᠭᠤᠯᠠᠩ ᠡᠮᠦᠨᠡᠲᠦ | ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ | ᠪᠦᠲᠦᠭᠡᠯ ᠢ ᠪᠠᠬᠢᠵᠢᠭᠦᠯᠵᠦ᠂ ᠬᠡᠷ ᠪᠠᠶᠢᠰᠢᠩ ᠭᠠᠵᠠᠷ ᠬᠥᠷᠥᠩᠭᠡ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠠᠵᠢᠯ ᠲᠥᠷᠥᠯ ᠤᠨ ᠬᠦᠷᠢᠶ᠎ᠡ ᠴᠠᠷᠠᠭᠠᠨ | ᠳᠠᠬᠢ ᠡᠮᠬᠢ ᠵᠠᠮᠪᠠᠷᠠᠭ᠎ᠠ ᠥᠬᠡᠶ ᠪᠠᠶᠢᠳᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠵᠤ᠂ ᠳᠤᠮᠳᠠ ᠪᠠᠭ᠎ᠠ ᠪᠠᠩᠬᠢ ᠶᠢᠨ ᠡᠷᠡᠭᠦᠯ ᠪᠤᠰᠤ ᠵᠢᠭᠡᠯᠡᠯᠭᠡ ᠶᠢ ᠪᠠᠭᠠᠰᠬᠠᠬᠤ ᠶᠢ ᠢᠳᠡᠪᠬᠢᠲᠡᠢ ᠬᠠᠪᠰᠤᠷᠴᠤ᠂ ᠬᠠᠤᠯᠢ ᠪᠤᠰᠤ ᠪᠠᠷ ᠪᠡᠯᠡ | ᠴᠤᠭᠯᠠᠭᠤᠯᠬᠤ᠂ ᠬᠠᠤᠯᠢ ᠪᠤᠰᠤ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠭᠦᠨ᠎ᠡ᠃ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶ ᠥᠷᠨᠢᠭᠦᠯᠵᠦ᠂ ᠬᠦᠯᠦᠰᠦᠨ ᠠᠵᠢᠯᠴᠢᠳ ᠤᠨ ᠴᠠᠯᠢᠩ ᠢ ᠴᠠᠭ | ᠬᠤᠭᠤᠴᠠᠭ᠎ᠠ ᠶᠣᠰᠣᠭᠠᠷ ᠭᠦᠢᠴᠡᠳ ᠲᠤᠭ᠎ᠠ ᠪᠠᠷ ᠨᠢ ᠣᠯᠭᠤᠬᠤ ᠶᠢ ᠦᠨᠡᠨᠬᠦ ᠪᠠᠲᠤᠯᠠᠬᠤ ᠬᠡᠷᠡᠭᠲᠡᠶ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠷᠠᠳ ᠣᠯᠠᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠦᠨᠳᠦ ᠶᠡᠭᠡ ᠠᠳᠠᠯ ᠭᠠᠷᠬᠤ ᠶᠢ ᠡᠷᠡᠰ ᠬᠤᠷᠢᠭᠯᠠᠨ᠎ᠠ᠃ ᠠᠬᠠᠮᠠᠳ ᠺᠠᠳ᠋ᠷ | ᠤᠨ ᠠᠵᠢᠯ ᠢ ᠴᠢᠬᠤᠯᠠᠴᠢᠯᠠᠵᠤ᠂ ᠠᠵᠢᠯᠴᠢᠨ ᠵᠠᠯᠠᠭᠤᠴᠤᠳ ᠡᠮᠡᠭᠲᠡᠶᠢᠴᠦᠳ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ | ᠪᠠᠳᠠᠷᠠᠭᠤᠯᠬᠤ ᠶᠢ ᠴᠢᠬᠤᠯᠠᠴᠢᠯᠠᠵᠤ᠂ ᠴᠡᠷᠢᠭ ᠠᠴᠠ ᠬᠠᠯᠠᠭᠳᠠᠭᠰᠠᠳ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ | ᠠᠰᠢᠭ ᠢ ᠰᠠᠶᠢᠲᠤᠷ ᠬᠠᠮᠠᠭᠠᠯᠠᠨ᠎ᠠ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠪᠦᠯᠬᠦᠮᠳᠡᠨ | ᠲᠡᠮᠡᠴᠡᠵᠦ ᠴᠡᠴᠡᠭᠯᠡᠨ ᠬᠥᠭᠵᠢᠬᠦ ᠶᠢ ᠠᠬᠢᠭᠤᠯᠤᠨ᠎ᠠ᠃ | ( ᠶᠢᠰᠦ ) ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ︿︿ᠳᠥᠷᠪᠡᠨ ᠤᠬᠠᠮᠰᠠᠷ﹀﹀ ᠢ ᠪᠣᠶ ᠪᠣᠯᠭᠠᠵᠤ᠂ ︿︿ | ᠳᠥᠷᠪᠡᠨ ᠢᠲᠡᠭᠡᠯ﹀﹀ ᠢᠶᠠᠨ ᠪᠠᠲᠤᠳᠬᠠᠵᠤ᠂ ︿︿ᠬᠤᠶᠠᠷ ᠢ ᠬᠠᠮᠠᠭᠠᠯᠠᠬᠤ﹀﹀ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠶᠯᠡ ᠠᠵᠢᠯᠯᠠᠭ᠎ᠠ ᠶᠢᠨ ᠲᠠᠯ᠎ᠠ | ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠨ᠎ᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠨᠠᠮ ᠤᠨ ᠪᠠᠶᠢᠭᠤᠯᠤᠯᠳᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ | ᠶᠢᠨ ᠬᠠᠷᠢᠭᠤᠴᠠᠯᠭ᠎ᠠ ᠶᠢᠨ ᠲᠦᠷᠢᠮ ᠢ ᠡᠷᠡᠰ ᠨᠠᠶᠢᠳᠠᠪᠤᠷᠢᠵᠢᠭᠤᠯᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠶᠢ ᠴᠥᠬᠦᠷᠡᠰᠢ ᠦᠭᠡᠢ | ᠪᠠᠷᠢᠮᠲᠠᠯᠠᠵᠤ᠂ ︿︿ᠲᠦᠷᠪᠡᠨ ᠰᠤᠷᠲᠠᠯ﹀﹀ ᠤᠨ ᠠᠰᠠᠭᠤᠳᠠᠯ ᠤᠨ ᠲᠠᠬᠢᠨ ᠢᠯᠡᠷᠡᠬᠦ ᠶᠢ ᠡᠷᠡᠰ ᠰᠡᠷᠭᠡᠶᠢᠯᠡᠨ᠎ᠡ᠃ ︿︿ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀﹀ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠨᠠᠮ | ᠤᠨ ᠪᠠᠶᠢᠭᠤᠯᠤᠯᠳᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ | ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ | ᠠᠵᠢᠯ ᠢ ᠢᠮᠠᠭᠲᠠ ᠬᠠᠤᠯᠢ ᠪᠠᠷ ᠵᠠᠰᠠᠬᠤ ᠵᠠᠮ ᠳᠤ ᠣᠷᠣᠭᠤᠯᠤᠨ᠎ᠠ᠃ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠰᠠᠨᠠᠭᠠᠴᠢᠯᠭᠠᠳᠤ ᠴᠢᠨᠠᠷ ᠢ ᠪᠠᠳᠤ ᠡᠵᠡᠮᠰᠢᠨ᠎ᠡ᠃ ︿︿ᠭᠤᠷᠪᠠᠨ ᠴᠢᠬᠤᠯᠠ ᠨᠢᠭᠡ ᠶᠡᠭᠡ﹀﹀ ᠬᠡᠷᠡᠭ | ᠣᠴᠢᠷ ᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠳᠤ ᠴᠠᠭ ᠲᠤᠬᠠᠢ ᠳᠤᠨᠢ ᠮᠡᠳᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠤᠨ ᠬᠠᠤᠯᠢ ᠶᠣᠰᠣᠨ ᠤ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠰᠠᠨᠠᠭᠤᠯᠭ᠎ᠠ | ᠳᠤᠷᠠᠳᠤᠯᠭ᠎ᠠ ᠶᠢ ᠭᠦᠢᠴᠡᠳᠬᠡᠬᠦ ᠠᠵᠢᠯ ᠢ ᠰᠠᠶᠢᠲᠤᠷ ᠬᠢᠨ᠎ᠡ᠃ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠨᠠᠮ | ᠤᠨ ᠭᠡᠰᠢᠭᠦᠨ ᠺᠠᠳ᠋ᠷᠴᠤᠳ ᠤᠨ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ᠂ ᠯᠠᠪᠳᠠᠭᠤᠨ ᠪᠠᠲᠤᠲᠠᠢ ᠠᠵᠢᠯ ᠤᠨ ᠰᠤᠷᠲᠠᠯ᠂ ᠥᠨᠳᠥᠷ ᠪᠦᠲᠦᠮᠵᠢᠲᠡᠢ ᠠᠵᠢᠯ | ᠶᠠᠪᠤᠳᠠᠯ ᠡᠷᠬᠢᠯᠡᠬᠦ ᠴᠢᠳᠠᠪᠤᠷᠢ ᠪᠠᠷ ᠠᠷᠠᠳ ᠤᠨ ᠢᠲᠡᠭᠡᠯ ᠢ ᠣᠯᠵᠤ᠂ ᠠᠷᠠᠳ ᠲᠤ ᠦᠢᠯᠡᠴᠢᠯᠡᠨ᠂ ᠠᠷᠠᠳ ᠲᠦᠮᠡᠨ ᠳᠤ ᠲᠠᠭᠠᠰᠢᠶᠠᠭᠳᠠᠭᠰᠠᠨ ᠦᠢᠯᠡᠴᠢᠯᠡᠭᠡᠨ ᠤ | ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠰᠠᠶᠢᠨ ᠰᠠᠶᠢᠬᠠᠨ ᠳᠦᠷᠢ ᠲᠥᠷᠬᠦ ᠪᠠᠷ ᠤᠯᠠᠨ ᠲᠦᠮᠡᠨ ᠤ ᠢᠲᠡᠭᠡᠯ ᠪᠠ ᠳᠡᠮᠵᠢᠯᠭᠡ ᠶᠢ ᠣᠯᠤᠨ᠎ᠠ᠃ | ᠲᠥᠯᠥᠭᠡᠯᠡᠭᠴᠢᠳ ᠡ᠂ ᠰᠢᠨ᠎ᠡ ᠴᠠᠭ ᠦᠶ᠎ᠡ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠵᠤ ᠪᠠᠶᠢᠨ᠎ᠠ᠂ ᠬᠡᠪᠡᠴᠦ ᠰᠢᠨ᠎ᠡ ᠦᠢᠯᠡᠰ ᠤᠨ ᠡᠭᠦᠷᠭᠡ ᠬᠦᠨᠳᠦ | ᠪᠦᠬᠡᠳ ᠵᠠᠮ ᠬᠤᠯᠠ ᠪᠠᠶᠢᠭᠰᠠᠭᠠᠷ᠃ ︿︿ᠠᠷᠪᠠᠨ ᠳᠥᠷᠪᠡᠳᠦᠭᠡᠷ ᠲᠠᠪᠤᠨ ᠵᠢᠯ﹀﹀ ᠳᠤ ᠠᠯᠬᠤᠨ ᠣᠷᠣᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠳᠤ ᠮᠠᠨ ᠤ ᠡᠭᠦᠷᠭᠡ ᠥᠩᠭᠡ ᠬᠡᠷᠡᠯ ᠲᠠᠢ ᠪᠥᠭᠡᠳ ᠬᠠᠷᠢᠭᠤᠴᠠᠯᠭ᠎ᠠ ᠬᠦᠨᠳᠦ ᠨᠦᠰᠡᠷ | ᠪᠠᠶᠢᠭᠰᠠᠭᠠᠷ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ | ᠬᠢᠨᠠᠯᠲᠠ ᠳᠡᠮᠵᠢᠯᠭᠡ ᠳᠣᠤᠷ᠎ᠠ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠨᠢᠭᠲᠠ ᠲᠦᠰᠢᠭᠯᠡᠨ ᠪᠦᠯᠬᠦᠮᠳᠡᠵᠦ᠂ ᠰᠡᠳᠬᠢᠯ ᠢᠶᠠᠨ | ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠰᠢᠷᠭᠠᠭᠤ ᠬᠠᠲᠠᠭᠤᠵᠢᠯᠲᠠᠶ ᠠᠵᠢᠯᠯᠠᠨ᠂ ᠤᠷᠠᠳ ᠤᠨ ᠡᠮᠦᠨᠡᠲᠦ ᠬᠤᠰᠢᠭᠤᠨ ᠤ | ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | ᠨᠠᠷᠡᠰ ᠦᠭᠡ ᠶᠢᠨ ᠲᠠᠶᠢᠯᠪᠤᠷᠢ | ︿︿ᠲᠤᠯᠤᠭᠠᠨ ᠭᠤᠷᠪᠠ﹀﹀ ᠶᠢᠨ ᠬᠥᠭᠵᠢᠯᠲᠡ ᠶᠢᠨ ᠰᠡᠳᠬᠢᠴᠡ᠄ ᠭᠤᠷᠪᠠᠨ ᠵᠠᠷᠴᠢᠮ ᠢ ᠪᠠᠷᠢᠮᠲᠠᠯᠠᠵᠤ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ | ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠠᠷᠢᠮᠲᠠᠯᠠᠨ᠎ᠠ᠃ ᠭᠤᠷᠪᠠᠨ ᠵᠦᠶᠯ ᠤᠨ ᠰᠡᠳᠬᠢᠬᠦᠶ ᠶᠢ ᠴᠢᠩᠭᠠᠳᠬᠠᠨ᠎ᠠ᠂ᠰᠢᠰᠲ᠋ᠧᠮᠲᠦ ᠰᠡᠳᠬᠢᠬᠦᠶ᠂ ᠬᠤᠷᠢᠭ᠎ᠠ ᠱᠤᠭᠤᠮ ᠤᠨ ᠰᠡᠳᠬᠢᠬᠦᠶ᠂ | ᠨᠠᠷᠢᠯᠢᠭ ᠣᠨᠣᠪᠴᠢᠲᠠᠶ ᠰᠡᠳᠬᠢᠬᠦᠶ ᠶᠢ ᠴᠢᠩᠭᠠᠳᠬᠠᠨ᠎ᠠ᠃ ᠭᠤᠷᠪᠠᠨ ᠵᠠᠩᠭᠢᠯᠠᠭ᠎ᠠ ᠪᠠᠷ ᠭᠤᠣᠯᠳᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠲᠡ ᠪᠠᠷ ᠭᠤᠣᠯ ᠰᠢᠵᠢᠮ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠤᠯᠢᠶᠠᠰᠤ | ᠨᠠᠭᠤᠷ ᠢᠶᠠᠷ ᠭᠤᠣᠯ ᠪᠣᠯᠭᠠᠭᠰᠠᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ ᠶᠢᠨ ᠲᠣᠭᠤᠷᠢᠨ | ᠳᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠵᠠᠰᠠᠬᠤ ᠵᠡᠷᠭᠡ ᠠᠵᠢᠯ | ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠵᠦ᠂ ᠠᠵᠤ ᠠᠬᠤᠢ᠂ ᠠᠷᠠᠳ ᠤᠨ ᠠᠮᠢᠳᠤᠷᠠᠯ᠂ ᠠᠮᠢ ᠠᠬᠤᠢ ᠶᠢᠨ ᠦᠷ᠎ᠡ ᠠᠰᠢᠭ ᠢᠶᠠᠷ ᠤᠯᠠᠨ ᠠᠰᠢᠭ | ᠬᠦᠷᠳᠡᠬᠦ ᠰᠢᠨ᠎ᠡ ᠵᠠᠮ ᠢᠶᠠᠷ ᠵᠠᠮᠨᠠᠬᠤ ᠬᠡᠷᠡᠭᠲᠡᠢ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ᠂ ᠬᠦᠨᠳᠦ ᠶᠡᠭᠡ ᠠᠶᠤᠯ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ᠂ | ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠤᠨ᠎ᠠ᠃ ᠭᠤᠷᠪᠠᠨ ᠬᠤᠷᠢᠭ᠎ᠠ ᠱᠤᠭᠤᠮ ᠶᠢ ᠰᠠᠬᠢᠬᠤ᠂ ᠬᠥᠭᠵᠢᠯᠲᠡ | ᠶᠢᠨ ᠬᠤᠷᠢᠭ᠎ᠠ ᠱᠤᠭᠤᠮ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠭᠤᠷᠪᠠᠨ ᠶᠡᠭᠡ | ᠳᠤᠲᠠᠭᠤᠳᠠᠯ ᠢ ᠨᠦᠬᠦᠪᠦᠷᠢᠯᠡᠬᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠤᠲᠠᠭᠤᠳᠠᠯ᠂ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ | ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ᠂ ᠠᠵᠤ ᠦᠶᠯᠡᠰ ᠤᠨ ᠬᠥᠭᠵᠢᠯᠲᠡ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠭᠤᠷᠪᠠᠨ ᠠᠵᠤ ᠦᠶᠯᠡᠰ ᠢ | ᠳᠡᠭᠡᠭᠰᠢᠯᠡᠭᠦᠯᠵᠦ᠂ ᠪᠣᠬᠢᠷᠲᠤᠯ ᠥᠬᠡᠶ ᠣᠷᠭᠠᠨᠢᠭ ᠳᠡᠭᠡᠳᠦ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠣᠷᠣᠨ | ᠨᠤᠲᠤᠭ ᠤᠨ ᠳᠠᠪᠠᠭᠤᠯᠢᠭ ᠢ ᠳᠣᠪᠣᠶᠢᠯᠭᠠᠨ᠂ ᠠᠵᠤ ᠦᠶᠯᠡᠰ ᠤᠨ ᠳᠠᠶᠢᠴᠢᠯᠠᠬᠤ ᠴᠢᠨᠠᠷ ᠢᠶᠠᠷ ᠴᠢᠩᠭ᠎ᠠ᠂ ᠴᠢᠨᠠᠷ ᠰᠠᠶᠢᠲᠠᠶ ᠬᠥᠭᠵᠢᠯᠲᠡ ᠶᠢ ᠢᠯᠡᠷᠡᠭᠦᠯᠦᠭᠰᠡᠨ ᠰᠢᠨ᠎ᠡ | ᠪᠠᠷ ᠪᠣᠶ ᠪᠣᠯᠤᠭᠰᠠᠨ ᠠᠵᠤ ᠦᠶᠯᠡᠳᠪᠦᠷᠢ ᠵᠢᠨᠲ᠋ᠤᠭᠳᠠᠯᠴᠠᠭᠠ ᠶᠢ ᠨᠢᠭᠡᠳᠦᠭᠡᠷ ᠬᠤᠶᠠᠳᠤᠭᠠᠷ ᠠᠵᠤ ᠦᠶᠯᠡᠰ ᠯᠦᠭᠡ ᠭᠦᠨ ᠠᠭᠤᠰᠤᠯᠴᠠᠭᠤᠯᠵᠤ᠂ ᠪᠠᠰᠠ ᠨᠢᠭᠡᠳᠦᠭᠡᠷ | ᠬᠤᠶᠠᠳᠤᠭᠠᠷ ᠠᠵᠤ ᠦᠶᠯᠡᠰ ᠤᠨ ᠬᠥᠭᠵᠢᠯᠲᠡ ᠶᠢ ᠬᠦᠴᠦᠲᠡᠶ ᠳᠠᠶᠢᠴᠢᠯᠠᠭᠰᠠᠨ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠲᠤᠭᠳᠠᠯᠴᠠᠭ᠎ᠠ ᠪᠣᠯᠭᠠᠨ᠎ᠠ᠃ | ︿︿ᠵᠢᠷᠭᠤᠭᠠᠨ ᠣᠷᠣᠨ ᠨᠢᠭᠡ ᠬᠦᠶᠰᠦ﹀﹀᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠣᠷᠣᠨ᠂ ᠰᠢᠨ᠎ᠡ ᠪᠠᠷ ᠪᠣᠶ | ᠪᠣᠯᠤᠭᠰᠠᠨ ᠠᠵᠤ ᠦᠶᠯᠡᠳᠪᠦᠷᠢ ᠶᠢᠨ ᠲᠥᠪᠯᠡᠷᠡᠭᠰᠡᠨ ᠣᠷᠣᠨ᠂ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ ᠤᠨ ᠠᠮᠢᠵᠢᠷᠠᠯ ᠤᠨ ᠬᠦᠴᠦᠨ ᠤ ᠲᠣᠭᠤᠷᠢᠭ᠂ | ᠰᠢᠶᠠᠨ ᠤ ᠬᠡᠪᠴᠢᠶᠡᠨ ᠤ ᠬᠤᠲᠠ ᠶᠢᠨ ᠪᠥᠲᠥᠭᠡᠨ ᠪᠠᠶᠢᠭᠤᠯᠵᠤ ᠬᠠᠮᠢᠶᠠᠷᠤᠭᠰᠠᠨ ᠵᠢᠱᠢᠶ᠎ᠡ ᠦᠵᠡᠭᠦᠯᠬᠦ ᠣᠷᠣᠨ᠂ ᠠᠮᠢᠳᠤᠷᠠᠯ ᠰᠠᠶᠢᠨ ᠰᠠᠶᠢᠬᠠᠨ ᠨᠡᠶᠢᠭᠡᠮ ᠤᠨ ᠡᠶ᠎ᠡ | ᠵᠣᠬᠢᠴᠠᠩᠭᠤᠶ ᠶᠢᠨ ᠵᠢᠱᠢᠶ᠎ᠡ ᠦᠵᠡᠭᠦᠯᠬᠦ ᠣᠷᠣᠨ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠰᠢᠰᠲ᠋ᠧᠮ ᠲᠠᠢ ᠵᠠᠰᠠᠬᠤ | ᠲᠤᠷᠰᠢᠯᠲᠠ ᠶᠢᠨ ᠲᠣᠭᠤᠷᠢᠭ᠂ ︿︿ᠨᠢᠭᠡ ᠪᠦᠰᠡ ᠨᠢᠭᠡ ᠵᠠᠮ﹀﹀᠂ ᠮᠣᠩᠭᠤᠯ ᠤᠯᠤᠰ ᠲᠤ ᠨᠡᠭᠡᠭᠡᠯᠲᠡ ᠬᠢᠬᠦ᠂ ᠬᠥᠬᠡᠬᠤᠲᠠ ᠪᠤᠭᠤᠲᠤ ᠢᠷᠭᠠᠶ ᠲᠡᠮᠡᠭᠡᠲᠦ ᠶᠢᠨ ᠠᠵᠤ | ᠠᠬᠤᠶ ᠶᠢᠨ ᠲᠣᠭᠤᠷᠢᠭ ᠲᠤ ᠭᠦᠨᠵᠡᠭᠡᠶ ᠠᠭᠤᠰᠤᠯᠴᠠᠬᠤ ᠪᠠᠶᠢᠯᠳᠤᠬᠤ ᠪᠣᠳᠣᠯᠭ᠎ᠠ ᠶᠢᠨ ᠬᠦᠶᠰᠦ᠃ | ︿︿ ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ﹀﹀᠄ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠢᠳᠡᠬᠦ | ᠡᠮᠦᠰᠬᠦ ᠳᠡᠭᠡᠨ ᠵᠣᠪᠠᠭ᠋ᠤ ᠦᠭᠡᠢ ᠪᠠᠶᠢᠬᠤ ᠶᠢ ᠲᠣᠭᠲᠠᠭᠤᠨ ᠢᠶᠠᠷ ᠪᠡᠶᠡᠯᠡᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠣᠯᠤᠨ | ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠨ᠎ᠠ᠃ | ᠭᠤᠤᠯ ᠮᠥᠷᠡᠨ ᠨᠠᠭᠤᠷ ᠴᠥᠭᠦᠷᠥᠮ ᠤᠨ ︿︿ᠳᠥᠷᠪᠡᠨ ᠰᠠᠮᠠᠭᠤᠨ ᠢ ᠠᠷᠢᠯᠭᠠᠬᠤ﹀﹀᠄ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ | ᠪᠠᠷ ᠢᠶᠠᠨ ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠲᠣᠪᠣᠶᠢᠮ᠎ᠠ | ᠠᠰᠠᠭᠤᠳᠠᠯ ᠢ ᠲᠦᠪᠯᠡᠷᠡᠭᠦᠯᠦᠨ ᠴᠡᠪᠡᠷᠯᠡᠨ ᠴᠡᠭᠴᠡᠯᠡᠬᠦ ᠠᠵᠢᠯᠯᠠᠭ᠎ᠠ ᠶᠢ ᠥᠷᠨᠢᠭᠦᠯᠦᠨ᠎ᠡ᠂ ᠳᠥᠭᠦᠮᠴᠢᠯᠡᠭᠡᠳ ︿︿ ᠳᠥᠷᠪᠡᠨ ᠰᠠᠮᠠᠭᠤᠨ ᠢ ᠠᠷᠢᠯᠭᠠᠬᠤ﹀﹀ ᠬᠡᠨ᠎ᠡ᠃ | ︿︿ ᠬᠤᠶᠠᠷ ᠪᠦᠲᠦᠭᠡᠭᠳᠡᠬᠦᠨ ᠨᠢᠭᠡ ᠲᠡᠮᠳᠡᠭ﹀﹀᠄ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ | ᠪᠦᠲᠦᠭᠡᠭᠳᠡᠬᠦᠨ ᠤ ᠭᠠᠵᠠᠷ ᠵᠦᠶ ᠶᠢᠨ ᠲᠡᠮᠳᠡᠭ᠃ | ︿︿ ᠲᠠᠪᠤᠨ ᠨᠤᠲᠤᠭ﹀﹀᠄ ᠳᠤᠮᠳᠠᠳᠤ ᠶᠢᠨ ᠰᠢᠯᠦᠭ ᠳᠠᠭᠤᠯᠠᠯ ᠤᠨ ᠨᠤᠲᠤᠭ᠂ ᠳᠤᠮᠳᠠᠳᠤ ᠤᠯᠤᠰ ᠤᠨ ᠮᠢᠭᠮᠡᠨ ᠤ ᠨᠤᠲᠤᠭ᠂ ᠳᠤᠮᠳᠠᠳᠤ ᠤᠯᠤᠰ ᠤᠨ | ᠵᠡᠪᠰᠡᠭ ᠤᠨ ᠡᠷᠳᠡᠮ ᠤᠨ ᠨᠤᠲᠤᠭ᠂ ᠳᠤᠮᠳᠠᠳᠤ ᠤᠯᠤᠰ ᠤᠨ ᠠᠷᠠᠳ ᠤᠨ ᠰᠣᠶᠣᠯ ᠤᠷᠠᠯᠢᠭ ᠤᠨ ᠨᠤᠲᠤᠭ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ | ᠨᠤᠲᠤᠭ᠃ | ︿︿ᠪᠠᠭᠤᠯᠭᠠᠬᠤ ᠬᠠᠮᠢᠶᠠᠷᠬᠤ ᠦᠶᠯᠡᠴᠢᠯᠡᠬᠦ﹀﹀ ᠥᠭᠡᠷᠡᠴᠢᠯᠡᠯᠲᠡ᠄ ᠲᠤᠬᠠᠶᠢᠯᠠᠪᠠᠯ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ | ᠪᠠ ᠬᠠᠮᠢᠶᠠᠷᠬᠤ ᠶᠢ ᠤᠶᠠᠯᠳᠤᠭᠤᠯᠬᠤ᠂ ᠦᠶᠯᠡᠴᠢᠯᠡᠭᠡ ᠶᠢ ᠰᠢᠯᠢᠳᠡᠭᠵᠢᠭᠦᠯᠬᠦ ᠶᠢᠨ ᠳᠥᠭᠦᠮᠴᠢᠯᠡᠯ ᠪᠣᠯᠤᠨ᠎ᠠ᠃ ︿︿ᠪᠠᠭᠤᠯᠭᠠᠬᠤ﹀﹀ ᠭᠡᠳᠡᠭ ᠨᠢ ᠵᠠᠰᠠᠭ ᠢ | ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠣᠷᠣᠬᠤ ᠶᠢ ᠵᠥᠪᠰᠢᠶᠡᠷᠡᠬᠦ ᠪᠠᠷᠢᠮᠵᠢᠶ᠎ᠠ ᠶᠢ ᠳᠣᠷᠣᠭᠰᠢᠯᠠᠭᠤᠯᠤᠨ᠎ᠠ᠃ ︿︿ᠬᠠᠮᠢᠶᠠᠷᠬᠤ﹀﹀ ᠭᠡᠳᠡᠭ ᠨᠢ ᠬᠢᠨᠠᠯᠲᠠ | ᠬᠠᠮᠢᠶᠠᠷᠤᠯᠲᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ᠃ ︿︿ᠦᠶᠯᠡᠴᠢᠯᠡᠬᠦ﹀﹀ ᠨᠢ ᠳᠠᠷᠤᠶ | ᠥᠨᠳᠥᠷ ᠪᠦᠲᠦᠮᠵᠢᠲᠡᠶ ᠦᠶᠯᠡᠴᠢᠯᠡᠵᠦ᠂ ᠳᠥᠭᠦᠮ ᠳᠥᠲᠡ ᠣᠷᠴᠢᠨ ᠲᠤᠭᠤᠷᠢᠨ ᠢ ᠪᠣᠶ ᠪᠣᠯᠭᠠᠨ᠎ᠠ᠃ | ︿︿12345﹀﹀ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠯᠠᠮᠰᠢᠯ ᠤᠲᠠᠰᠤ᠄ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ | ᠭᠦᠶᠴᠡᠳᠬᠡᠵᠦ ᠠᠳᠠᠯ ᠦᠶᠯᠡᠰ ᠴᠣᠭᠴᠠᠯᠠᠬᠤ ᠳᠤ ᠨᠠᠩ ᠰᠠᠶᠢᠲᠤᠷ ᠦᠶᠯᠡᠴᠢᠯᠡᠬᠦ᠂ ᠵᠠᠰᠠᠭ ᠤᠨ ᠣᠷᠳᠣᠨ ᠤ ᠵᠠᠰᠠᠯᠲᠠ ᠶᠢᠨ ᠲᠤᠭᠳᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠳᠤ ᠨᠠᠩ ᠰᠠᠶᠢᠲᠤᠷ ᠦᠶᠯᠡᠴᠢᠯᠡᠬᠦ ᠶᠢᠨ ᠲᠤᠰᠠᠳᠠ᠂ ᠪᠠᠶᠠᠨᠨᠠᠭᠤᠷ ᠬᠤᠲᠠ ᠲᠡᠷᠢᠭᠦᠨ ᠤ ᠭᠠᠵᠠᠷ ᠣᠷᠣᠨ ᠤ ᠠᠷᠭ᠎ᠠ ᠪᠠᠷᠢᠯ ᠢᠶᠠᠷ | ᠲᠣᠯᠢ ᠪᠣᠯᠭᠠᠵᠤ᠂ ᠵᠠᠰᠠᠭ ᠤᠨ ᠶᠠᠪᠤᠳᠠᠯ᠂ ᠣᠯᠠᠨ ᠨᠡᠶᠢᠲᠡ ᠪᠠ ᠨᠡᠶᠢᠭᠡᠮ ᠤᠨ ᠦᠶᠯᠡᠴᠢᠯᠡᠭᠡ ᠶᠢ ᠨᠢᠭᠡ ᠴᠣᠠᠠᠴᠠᠵᠢᠭᠤᠯᠥᠠᠠᠰᠠᠨ ︿︿12345﹀﹀ ᠵᠠᠰᠠᠭ ᠤᠨ | ᠣᠷᠳᠣᠨ ᠤ ᠦᠶᠯᠡᠴᠢᠯᠡᠭᠡᠨ ᠤ ᠬᠠᠯᠠᠮᠰᠢᠯ ᠤᠲᠠᠰᠤ ᠶᠢᠨ ᠲᠠᠪᠴᠠᠩ᠂ ᠠᠵᠤ ᠠᠬᠤᠶᠢᠯᠠᠯ ᠪᠠ ᠣᠯᠠᠨ ᠲᠦᠮᠡᠨ ᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ | ᠠᠷᠠᠳ ᠲᠤ ᠲᠥᠬᠦᠮ ᠦᠵᠡᠭᠦᠯᠬᠦ ᠮᠡᠳᠡᠭᠡ ᠵᠠᠩᠭᠢ᠂ ᠠᠷᠠᠳ ᠤᠨ ᠠᠮᠢᠳᠤᠷᠠᠯ ᠤᠨ ᠠᠰᠠᠭᠤᠳᠠᠯ ᠢ ᠵᠠᠭᠠᠯᠳᠤᠬᠤ᠂ ᠠᠯᠪᠠᠨ ᠲᠤᠰᠢᠶᠠᠯᠲᠠᠨ ᠤ ᠠᠵᠢᠯ ᠶᠠᠪᠤᠳᠠᠯ | ᠭᠦᠶᠴᠡᠳᠬᠡᠬᠦ ᠦᠷ᠎ᠡ ᠪᠦᠲᠦᠮᠵᠢ ᠪᠠ ᠠᠵᠢᠯ ᠤᠨ ᠰᠤᠷᠲᠠᠯ ᠢ ᠲᠤᠰᠬᠠᠬᠤ ᠶᠢᠨ ᠬᠠᠮᠲᠤ᠂ ᠪᠠᠴᠢᠮ ᠪᠤᠰᠤ ᠲᠥᠷᠥᠯ ᠤᠨ ᠲᠤᠰᠠᠯᠠᠮᠵᠢ ᠭᠤᠶᠤᠴᠢᠯᠠᠬᠤ ᠵᠡᠷᠭᠡ ᠶᠢ | ᠭᠥᠯᠢᠶᠡᠨ ᠠᠪᠬᠤ ᠵᠡᠷᠭᠡ ᠪᠤᠯᠤᠨ᠎ᠠ᠃ | ︿︿ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ﹀﹀᠄ ᠡᠵᠡᠩᠨᠡᠯᠲᠡ ᠶᠢᠨ ᠭᠠᠶᠢᠯᠢ ᠶᠢ ᠥᠷᠲᠡᠭ ᠨᠡᠮᠡᠭᠳᠡᠯ ᠤᠨ | ᠭᠠᠶᠢᠯᠢ ᠪᠣᠯᠭᠠᠨ ᠥᠭᠡᠷᠡᠴᠢᠯᠡᠬᠦ ᠶᠢᠨ ᠲᠦᠬᠦᠮᠴᠢᠯᠡᠯ ᠪᠤᠯᠤᠨ᠎ᠠ᠂ ᠲᠡᠷᠡ ᠨᠢ ᠥᠩᠭᠡᠷᠡᠭᠰᠡᠨ ᠳᠤ ᠡᠵᠡᠩᠨᠡᠯᠲᠡ ᠶᠢᠨ ᠭᠠᠶᠢᠯᠢ ᠲᠤᠰᠢᠶᠠᠵᠤ ᠪᠠᠶᠢᠭᠰᠠᠨ ᠭᠠᠶᠢᠯᠢ | ᠲᠤᠰᠢᠶᠠᠬᠤ ᠶᠣᠰᠣᠲᠠᠶ ᠵᠦᠶᠯᠡᠰ ᠢ ᠥᠷᠲᠡᠭ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠶᠢ ᠵᠢᠭᠠᠵᠤ ᠪᠠᠶᠢᠨ᠎ᠠ᠃ ᠡᠵᠡᠩᠨᠡᠯᠲᠡ ᠶᠢᠨ ᠭᠠᠶᠢᠯᠢ ᠲᠠᠲᠠᠪᠤᠷᠢᠯᠠᠵᠤ | ᠪᠠᠶᠢᠭᠰᠠᠨ ᠢ ᠦᠷᠳᠡᠭ ᠨᠡᠮᠡᠭᠳᠡᠯ ᠤᠨ ᠭᠠᠶᠢᠯᠢ ᠲᠠᠲᠠᠪᠤᠷᠢᠯᠠᠬᠤ ᠪᠣᠯᠭᠠᠨ ᠥᠭᠡᠷᠡᠴᠢᠯᠡᠬᠦ ᠶᠢᠨ ᠬᠠᠮᠤᠭ ᠤᠨ ᠶᠡᠭᠡ ᠣᠨᠴᠠᠯᠢᠭ ᠪᠣᠯ ᠳᠠᠪᠬᠤᠷᠳᠠᠭᠤᠯᠤᠨ ᠭᠠᠶᠢᠯᠢ | ᠲᠠᠲᠠᠪᠤᠷᠢᠯᠠᠬᠤ ᠶᠢ ᠪᠠᠭᠠᠰᠬᠠᠬᠤ ᠶᠠᠪᠤᠳᠠᠯ ᠪᠣᠯᠤᠨ᠎ᠠ᠂ ᠡᠨᠡ ᠨᠢ ᠨᠡᠶᠢᠭᠡᠮ ᠤᠨ ᠨᠡᠩ ᠰᠠᠶᠢᠨ ᠣᠷᠴᠢᠯ ᠲᠠᠢ ᠪᠣᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠭᠠᠶᠢᠯᠢ | ᠶᠢᠨ ᠡᠭᠦᠷᠭᠡᠯᠡᠯ ᠢ ᠬᠥᠩᠭᠡᠷᠡᠭᠦᠯᠬᠦ ᠳᠤ ᠠᠰᠢᠭᠲᠠᠢ ᠶᠤᠮ᠃ | ︿︿ ᠭᠤᠷᠪᠠᠨ ᠪᠡᠯᠡ ᠶᠢᠨ ᠬᠠᠮᠢᠶᠠᠷᠤᠯᠲᠠ ﹀﹀᠄ ᠬᠥᠳᠡᠭᠡ ᠲᠣᠰᠬᠤᠨ ᠤ ᠬᠠᠮᠲᠤ ᠶᠢᠨ ᠪᠡᠯᠡ ᠮᠥᠩᠭᠦ᠂ ᠬᠥᠳᠡᠭᠡ ᠲᠣᠰᠬᠤᠨ ᠤ ᠬᠠᠮᠲᠤ ᠶᠢᠨ ᠡᠳ᠋ | ᠬᠥᠷᠥᠩᠭᠡ ᠪᠠ ᠬᠥᠳᠡᠭᠡ ᠲᠣᠰᠬᠤᠨ ᠤ ᠬᠠᠮᠲᠤ ᠶᠢᠨ ᠡᠬᠢ ᠪᠠᠶᠠᠯᠢᠭ ᠤᠨ ᠪᠦᠲᠦᠮᠵᠢᠲᠡᠢ ᠬᠠᠮᠢᠶᠠᠷᠤᠯᠲᠠ ᠶᠢ ᠴᠢᠩᠭᠠᠳᠬᠠᠨ᠎ᠠ᠃ | ᠲᠥᠷᠥ ᠶᠢᠨ ᠶᠠᠪᠤᠳᠠᠯ ᠤᠨ ᠬᠤᠷᠢᠶᠠᠨ ᠤ ︿︿ᠲᠣᠭᠲᠠᠭᠠᠭᠰᠠᠨ ᠭᠤᠷᠪᠠᠨ ᠲᠦᠷᠢᠮ ᠲᠣᠭᠲᠠᠭᠠᠯ ﹀﹀᠄ ᠲᠥᠷᠥ ᠶᠢᠨ ᠶᠠᠪᠤᠳᠠᠯ ᠤᠨ ᠬᠤᠷᠢᠶᠠᠨ ᠤ ᠲᠣᠰ | ᠬᠤᠭᠤᠴᠠᠭᠠᠨ ᠤ ᠲᠤᠰᠢᠶᠠᠯ ᠤᠨ ᠬᠤᠭᠤᠴᠠᠭᠠᠨ ᠳᠤ᠂ ᠵᠠᠰᠠᠭ ᠤᠨ ᠣᠷᠳᠣᠨ ᠤ ᠴᠢᠨᠠᠷᠲᠠᠶ ᠠᠰᠠᠷ ᠲᠠᠭᠲᠤ ᠲᠠᠩᠬᠢᠮ ᠪᠠᠭᠤᠳᠠᠯ ᠭᠠᠵᠠᠷ ᠢ ᠴᠥᠮ ᠰᠢᠨ᠎ᠡ ᠪᠠᠷ | ᠪᠠᠶᠢᠭᠤᠯᠵᠤ ᠪᠣᠯᠬᠤ ᠥᠬᠡᠶ᠂ ᠡᠳ᠋ ᠤᠨ ᠵᠠᠰᠠᠭ ᠠᠴᠠ ᠲᠡᠵᠢᠭᠡᠵᠦ ᠪᠠᠶᠢᠭ᠎ᠠ ᠬᠥᠮᠦᠰ ᠢ ᠬᠠᠰᠤᠬᠤ ᠠᠴᠠ ᠪᠢᠰᠢ ᠨᠡᠮᠡᠭᠳᠡᠭᠦᠯᠵᠦ ᠪᠣᠯᠬᠤ ᠥᠬᠡᠶ᠂ ᠠᠯᠪᠠᠨ ᠵᠠᠷᠤᠳᠠᠯ | ᠢᠶᠠᠷ ᠵᠣᠴᠢᠯᠠᠬᠤ᠂ ᠠᠯᠪᠠᠨ ᠵᠠᠷᠤᠳᠠᠯ ᠢᠶᠠᠷ ᠭᠠᠳᠠᠭᠠᠳᠤ ᠳᠤ ᠭᠠᠷᠬᠤ᠂ ᠠᠯᠪᠠᠨ ᠵᠠᠷᠤᠳᠠᠯ ᠢᠶᠠᠷ ᠲᠡᠷᠭᠡ ᠬᠤᠳᠠᠯᠳᠤᠨ ᠠᠪᠬᠤ ᠶᠢ ᠬᠠᠰᠤᠬᠤ ᠠᠴᠠ ᠪᠢᠰᠢ ᠨᠡᠮᠡᠭᠳᠡᠭᠦᠯᠵᠦ | ᠪᠣᠯᠬᠤ ᠥᠬᠡᠶ᠃ | ︿︿ ᠬᠤᠶᠠᠷ ᠢ ᠰᠤᠷᠤᠯᠴᠠᠵᠤ ᠨᠢᠭᠡ ᠪᠣᠯᠬᠤ ﹀﹀᠄ ᠨᠠᠮ ᠤᠨ ᠲᠦᠷᠢᠮ ᠲᠣᠭᠲᠠᠭᠠᠯ ᠢ ᠰᠤᠷᠤᠯᠴᠠᠵᠤ ᠂ ᠰᠢᠷᠢᠰ ᠶᠠᠷᠢᠶ᠎ᠠ ᠶᠢ ᠰᠤᠷᠤᠯᠴᠠᠵᠤ᠂ ᠬᠢᠷᠢ | ᠲᠡᠩᠴᠡᠭᠰᠡᠨ ᠨᠠᠮ ᠤᠨ ᠭᠡᠰᠢᠭᠦᠨ ᠪᠣᠯᠤᠨ᠎ᠠ᠃ | ︿︿ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀﹀ ᠭᠤᠤᠯ ᠰᠡᠳᠦᠪᠲᠦ ᠬᠥᠮᠦᠵᠢᠯ᠄ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠠᠴᠠ ᠬᠤᠷᠠᠯ ᠡᠷᠬᠢᠯᠡᠵᠦ᠂ 2019 ᠣᠨ ᠤ 6 ᠰᠠᠷ᠎ᠠ ᠠᠴᠠ ᠡᠬᠢᠯᠡᠨ᠂ ᠪᠥᠬᠦ | ᠨᠠᠮ ᠳᠤ ᠳᠡᠭᠡᠳᠦ ᠱᠠᠲᠤᠨ ᠠᠴᠠ ᠦᠨᠳᠦᠰᠦᠨ ᠱᠠᠲᠤ ᠬᠦᠷᠲᠡᠯ᠎ᠡ ᠬᠤᠶᠠᠷ ᠪᠦᠯᠦᠭ ᠬᠤᠪᠢᠶᠠᠨ ︿︿ ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ | ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ﹀﹀ ᠭᠤᠤᠯ ᠰᠡᠳᠦᠪᠲᠦ ᠬᠥᠮᠦᠵᠢᠯ ᠥᠷᠨᠢᠭᠦᠯᠵᠦ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠶ ᠪᠠᠨ | ᠵᠡᠪᠰᠡᠭᠯᠡᠵᠦ᠂ ᠪᠥᠬᠦ ᠨᠠᠮ ᠤᠨ ᠨᠠᠩ ᠤᠬᠠᠮᠰᠠᠷ ᠲᠠᠢ ᠪᠠᠷ ᠰᠢᠨ᠎ᠡ ᠴᠠᠭ ᠦᠶ᠎ᠡ ᠶᠢᠨ ᠨᠠᠮ ᠤᠨ ᠲᠡᠦᠬᠡᠲᠦ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠬᠦ ᠶᠢᠨ ᠲᠥᠯᠥᠭᠡ | ᠴᠥᠬᠦᠷᠡᠰᠢ ᠥᠬᠡᠶ ᠲᠡᠮᠡᠴᠡᠬᠦ ᠶᠢ ᠠᠬᠢᠭᠤᠯᠬᠤ ᠪᠠᠷ ᠲᠣᠭᠲᠠᠪᠠ᠃ | ︿︿ ᠵᠢᠷᠭᠤᠭ᠎ᠠ ᠶᠢ ᠲᠣᠭᠲᠠᠪᠤᠷᠢᠵᠢᠭᠤᠯᠬᠤ﹀﹀᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠵᠢᠱᠢᠯᠲᠡ | ᠶᠢ ᠲᠣᠭᠲᠠᠪᠤᠷᠢᠵᠢᠭᠤᠯᠬᠤ ᠠᠵᠢᠯ ᠪᠤᠯᠤᠨ᠎ᠠ᠃ | ︿︿ᠵᠢᠷᠭᠤᠭ᠎ᠠ ᠶᠢ ᠪᠠᠲᠤᠯᠠᠬᠤ﹀﹀᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠦᠶᠯᠡᠰ ᠤᠨ ᠬᠡᠯᠬᠢᠶᠡᠰᠦ | ᠬᠠᠩᠭᠠᠯᠭ᠎ᠠ ᠶᠢᠨ ᠬᠡᠯᠬᠢᠶᠡᠰᠦ ᠶᠢᠨ ᠲᠣᠭᠲᠠᠭᠤᠨ ᠪᠠᠶᠢᠬᠤ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠬᠤ ᠪᠣᠯᠤᠨ᠎ᠠ᠃ | ︿︿ᠨᠢᠭᠡ ᠲᠣᠭᠤᠷᠢᠭ ᠭᠤᠷᠪᠠᠨ ᠬᠦᠷᠢᠶᠡᠯᠡᠩ﹀﹀᠄ 2020 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠮᠤᠨᠠ ᠠᠭᠤᠯᠠ ᠶᠢᠨ ᠠᠵᠤ ᠦᠶᠯᠡᠳᠪᠦᠷᠢ ᠶᠢᠨ ᠲᠥᠪᠯᠡᠷᠡᠭᠰᠡᠨ ᠲᠣᠭᠤᠷᠢᠭ ᠪᠠ ᠰᠠᠭᠠᠳᠠᠭ ᠠᠵᠤ ᠦᠶᠯᠡᠳᠪᠦᠷᠢ ᠶᠢᠨ | ᠲᠥᠪᠯᠡᠷᠡᠭᠰᠡᠨ ᠲᠣᠭᠤᠷᠢᠭ ᠢ ᠤᠷᠠᠳ ᠤᠨ ᠡᠮᠦᠨᠡᠲᠦ ᠬᠤᠰᠢᠭᠤᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠵᠤ᠂ ︿︿ | ᠨᠢᠭᠡ ᠲᠣᠭᠤᠷᠢᠭ﹀﹀ ︵ᠤᠷᠠᠳ ᠤᠨ ᠡᠮᠦᠨᠡᠲᠦ ᠬᠤᠰᠢᠭᠤᠨ ᠤ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ︿︿ᠭᠤᠷᠪᠠᠨ ᠬᠦᠷᠢᠶᠡᠯᠡᠩ﹀﹀ ︵ | ᠪᠤᠭᠤᠲᠤ ᠶᠢᠨ ᠪᠠᠷᠠᠭᠤᠨ ᠬᠡᠰᠡᠭ ᠤᠨ ᠠᠵᠤ ᠦᠶᠯᠡᠳᠪᠦᠷᠢ ᠶᠢᠨ ᠬᠦᠷᠢᠶᠡᠯᠡᠩ ᠲᠣᠭᠤᠷᠢᠭ᠂ ᠮᠤᠨᠠ ᠠᠭᠤᠯᠠ ᠶᠢᠨ ᠠᠵᠤ ᠦᠶᠯᠡᠳᠪᠦᠷᠢ ᠶᠢᠨ ᠲᠥᠪᠯᠡᠷᠡᠭᠰᠡᠨ | ᠲᠣᠭᠤᠷᠢᠭ᠂ ᠰᠠᠭᠠᠳᠠᠭ ᠠᠵᠤ ᠦᠶᠯᠡᠳᠪᠦᠷᠢ ᠶᠢᠨ ᠲᠥᠪᠯᠡᠷᠡᠭᠰᠡᠨ ᠲᠣᠭᠤᠷᠢᠭ ︶ ᠤᠨ ᠪᠠᠶᠢᠷᠢᠰᠢᠯ ᠢ ᠪᠦᠷᠢᠯᠳᠦᠭᠦᠯᠦᠨ᠎ᠡ᠃ | ︿︿ᠬᠤᠣᠰ ᠭᠡᠷᠡᠴᠢᠯᠡᠯ ﹀﹀᠄ ᠥᠪᠡᠷᠲᠡᠭᠡᠨ ᠵᠠᠰᠠᠬᠤ ᠣᠷᠣᠨ ᠤ ᠵᠠᠬ᠎ᠠ ᠲᠡᠯᠭᠡᠭᠦᠷ ᠤᠨ ᠬᠢᠨᠠᠨ ᠬᠠᠮᠢᠶᠠᠷᠤᠯᠳᠠ ᠶᠢᠨ ᠲᠣᠪᠴᠢᠶ᠎ᠠ ᠶᠢᠨ ︿︿ᠪᠠᠶᠢᠴᠠᠭᠠᠨ | ᠰᠢᠯᠭᠠᠵᠤ ᠪᠠᠶᠢᠴᠠᠭᠠᠨ ᠰᠢᠨᠵᠢᠬᠦ ᠪᠠᠶᠢᠭᠤᠯᠤᠮᠵᠢ ᠶᠢᠨ ᠬᠢᠷᠢ ᠴᠢᠳᠠᠮᠵᠢ ᠶᠢ ᠮᠠᠭᠠᠳᠯᠠᠨ ᠲᠣᠭᠲᠠᠭᠠᠭᠰᠠᠨ ᠦᠨᠡᠮᠯᠡᠯ﹀﹀ ᠪᠠ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ︿︿ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠪᠠᠶᠢᠴᠠᠭᠠᠨ ᠰᠢᠨᠵᠢᠬᠦ | ᠪᠠᠶᠢᠭᠤᠯᠤᠮᠵᠢ ᠶᠢᠨ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠨᠡᠮᠯᠡᠯ﹀﹀ ᠢ ᠣᠯᠤᠨ᠎ᠠ᠃ | ︿︿ᠬᠤᠶᠠᠷ ᠰᠢᠨ᠎ᠡ ᠨᠢᠭᠡ ᠴᠢᠬᠤᠯᠠ﹀﹀ ᠄ ᠰᠢᠨ᠎ᠡ ᠬᠡᠯᠪᠡᠷᠢ ᠶᠢᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯ ᠤᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠤᠰᠤᠨ ᠠᠰᠢᠭᠯᠠᠯᠲᠠ ᠵᠡᠷᠭᠡ ᠴᠢᠬᠤᠯᠠ ᠶᠡᠭᠡ ᠢᠨᠵᠧᠨᠡᠸ᠋ᠷᠢᠩ ᠤᠨ ᠪᠦᠲᠦᠭᠡᠨ ᠪᠠᠶᠢᠭᠤᠯᠤᠯᠲᠠ ᠶᠢ | ᠵᠢᠭᠠᠵᠤ ᠪᠠᠶᠢᠨ᠎ᠠ᠃ | ︿︿ ᠨᠢᠭᠡ ᠪᠦᠰᠡ ᠬᠤᠶᠠᠷ ᠲᠣᠭᠤᠷᠢᠭ᠂ ᠬᠤᠳᠠ ᠬᠦᠳᠡᠭᠡ ᠶᠢ ᠨᠢᠭᠡ ᠴᠤᠬᠴᠠᠵᠢᠭᠤᠯᠬᠤ﹀﹀᠄ ᠳᠠᠷᠤᠢ 110 ᠤᠯᠤᠰ ᠤᠨ ᠵᠠᠮ ᠤᠨ ᠬᠤᠶᠠᠷ ᠬᠠᠵᠠᠭᠤ | ᠪᠠᠷ ᠠᠮᠢ ᠠᠬᠤᠢ ᠶᠢᠨ ᠠᠵᠤ ᠠᠬᠤᠢ ᠶᠢᠨ ᠤᠢ ᠪᠣᠯᠤᠨ ᠤᠯᠤᠰ ᠤᠨ ︿︿ ᠭᠠᠵᠠᠷ ᠤᠨ ᠲᠡᠮᠳᠡᠭ﹀﹀ ᠤᠨ ᠦᠢᠯᠡᠳᠬᠦᠨ ᠤ ᠠᠵᠤ ᠦᠢᠯᠡᠰ ᠤᠨ ᠪᠦᠰᠡ ᠶᠢ | ᠲᠥᠯᠥᠪᠵᠢᠭᠦᠯᠦᠨ ᠪᠠᠶᠢᠷᠢᠰᠢᠭᠤᠯᠤᠨ᠎ᠠ︔ ᠤᠯᠢᠶᠠᠰᠤ ᠨᠠᠭᠤᠷ ᠤᠨ ᠪᠠᠷᠠᠭᠤᠨ ᠡᠷᠭᠢ ᠳᠤ 100 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ | ᠴᠡᠭᠴᠡᠯᠡᠨ ᠵᠠᠰᠠᠬᠤ᠂ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ︿︿ᠳᠥᠷᠪᠡ ᠶᠢ ᠡᠵᠡᠮᠳᠡᠬᠦ﹀﹀ ᠮᠡᠷᠭᠡᠵᠢᠯ ᠢ ᠳᠡᠯᠭᠡᠷᠡᠭᠦᠯᠬᠦ ᠴᠢᠨᠠᠷ ᠰᠠᠶᠢᠲᠠᠶ ᠥᠨᠳᠥᠷ | ᠪᠦᠲᠦᠮᠵᠢᠲᠡᠶ ᠬᠦᠷᠢᠶ᠎ᠡ ᠶᠢ ᠲᠥᠯᠥᠪᠵᠢᠭᠦᠯᠦᠨ ᠪᠠᠶᠢᠷᠢᠰᠢᠭᠤᠯᠤᠨ᠎ᠠ︔ ᠤᠯᠢᠶᠠᠰᠤ ᠨᠠᠭᠤᠷ ᠤᠨ ᠵᠡᠭᠦᠨ ᠡᠷᠭᠢ ᠶᠢ ︿︿ᠭᠤᠷᠪᠠᠨ ᠠᠭᠤᠯᠠ ᠬᠤᠶᠠᠷ ᠲᠠᠯ᠎ᠠ﹀﹀ ᠶᠢᠨ | ᠲᠠᠷᠢᠶᠠᠯᠠᠩ ᠮᠠᠯ ᠠᠵᠤ ᠠᠬᠤᠶ ᠶᠢᠨ ᠣᠷᠴᠢᠯ ᠠᠵᠤ ᠦᠶᠯᠡᠰ᠂ ᠠᠵᠤ ᠦᠢᠯᠡᠰ ᠶᠢᠨ ᠠᠭᠤᠰᠤᠯᠴᠠᠯ᠂ ᠠᠮᠢ ᠠᠬᠤᠶ ᠶᠢᠨ ᠬᠠᠳᠠᠭᠠᠯᠠᠨ ᠬᠠᠮᠠᠭᠠᠯᠠᠬᠤ ᠬᠦᠷᠢᠶ᠎ᠡ ᠶᠢ | ᠲᠥᠯᠥᠪᠵᠢᠭᠦᠯᠦᠨ ᠪᠠᠶᠢᠷᠢᠰᠢᠭᠤᠯᠤᠨ᠎ᠠ ︔ ᠬᠤᠰᠢᠭᠤ ᠵᠠᠰᠠᠭ ᠤᠨ ᠬᠤᠶᠢᠲᠤ ᠲᠡᠭᠦᠷᠭᠡ ᠶᠢ ᠤᠷᠠᠳ ᠤᠨ ᠦᠨᠳᠦᠰᠦᠲᠡᠨ ᠤ ᠰᠣᠶᠣᠯ ᠪᠠ ︿︿ᠲᠩᠷᠢ ᠶᠢᠨ ᠬᠡᠰᠢᠭᠲᠦ | ᠪᠣᠷᠣᠲᠣᠬᠤᠶ﹀﹀ ᠨᠠᠷᠠᠲᠤ ᠲᠡᠮᠳᠡᠭᠲᠦ ᠶᠢᠨ ᠥᠯᠢᠭᠡᠷ ᠤᠨ ᠳᠠᠪᠠᠭᠤᠯᠢᠭ ᠣᠨᠴᠠᠯᠢᠭᠲᠤ ᠠᠵᠤ ᠦᠶᠯᠡᠰ ᠤᠨ ᠬᠥᠳᠡᠭᠡ ᠠᠵᠤ ᠠᠬᠤᠶ ᠶᠢᠨ ᠶᠡᠷᠦᠩᠬᠡᠶᠢᠯᠡᠭᠰᠡᠨ ᠴᠣᠭᠴᠠ | ᠶᠢ ᠲᠥᠯᠥᠪᠵᠢᠭᠦᠯᠦᠨ ᠪᠠᠶᠢᠷᠢᠰᠢᠭᠤᠯᠤᠨ᠎ᠠ᠃ | ︿︿ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ﹀﹀᠄ ᠦᠢᠯᠡᠳᠪᠦᠷᠢᠯᠡᠯ ᠤᠨ ᠨᠢᠭᠡᠳᠦᠭᠡᠷ ᠹᠷᠣᠨᠲ ︵ᠬᠥᠳᠡᠭᠡ ᠲᠣᠰᠬᠤᠨ᠂ ᠠᠵᠤ | ᠠᠬᠤᠶᠢᠯᠠᠯ ︶ ᠲᠤ ᠪᠠᠶᠢᠭᠤᠯᠤᠭᠰᠠᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ | ᠴᠢᠳᠠᠪᠤᠷᠢᠲᠠᠨ ᠢ ᠬᠥᠮᠦᠵᠢᠭᠦᠯᠬᠦ ᠶᠢ ᠨᠢᠭᠡ ᠴᠣᠭᠴᠠᠵᠢᠭᠤᠯᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠪᠣᠯᠤᠨ᠎ᠠ᠃ ᠠᠰᠫᠢᠷᠠᠨᠲ | ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠤ ᠰᠠᠭᠤᠭ᠎ᠠ ᠭᠠᠵᠠᠷ ᠤᠨ ᠰᠤᠳᠤᠯᠤᠯ᠂ ᠲᠡᠭ ᠵᠠᠶ᠂ ᠲᠡᠭ ᠪᠣᠱᠤᠭ᠎ᠠ᠂ ᠲᠡᠭ ᠴᠠᠭ ᠤᠨ ᠵᠥᠷᠢᠶ᠎ᠡ ᠪᠣᠯᠤᠨ | ᠲᠡᠭ ᠵᠠᠷᠤᠳᠠᠯ ᠤᠨ ᠦᠶᠯᠡᠴᠢᠯᠡᠭᠡᠨ ᠤ ᠲᠠᠷᠢᠶᠠᠯᠠᠬᠤ ᠡᠷᠦᠬᠡ ᠵᠢᠴᠢ ᠦᠶᠯᠡᠳᠪᠦᠷᠢᠯᠡᠯ ᠤᠨ ᠵᠣᠬᠢᠶᠠᠨ ᠪᠠᠶᠢᠭᠤᠯᠤᠯᠲᠠ ᠪᠠᠷ ᠣᠨᠴᠠᠯᠢᠭ ᠪᠣᠯᠭᠠᠨ᠂ ᠲᠠᠷᠢᠮᠠᠯ ᠤᠨ | ᠥᠨᠳᠥᠷ ᠤᠨᠠᠯᠲᠠ ᠪᠣᠯᠤᠨ ᠡᠬᠢ ᠪᠠᠶᠠᠯᠢᠭ ᠤᠨ ᠥᠨᠳᠥᠷ ᠦᠷ᠎ᠡ ᠠᠰᠢᠭ ︵ᠬᠤᠤᠰ ᠥᠨᠳᠥᠷ ︶ ᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠲᠠᠷᠢᠶᠠᠴᠢᠳ ᠢ | ᠬᠥᠲᠥᠯᠥᠨ ᠵᠢᠯᠣᠭᠤᠳᠴᠤ ᠪᠠᠶᠢᠭᠠᠳ ᠥᠨᠳᠥᠷ ᠤᠨᠠᠯᠲᠠ ᠲᠠᠢ ᠥᠨᠳᠥᠷ ᠦᠷ᠎ᠡ ᠠᠰᠢᠭ ᠲᠠᠢ ᠦᠶᠯᠡᠳᠪᠦᠷᠢᠯᠡᠯ ᠬᠢᠯᠭᠡᠵᠦ᠂ ᠲᠠᠷᠢᠮᠠᠯ ᠤᠨ ᠥᠨᠳᠥᠷ ᠤᠨᠠᠯᠲᠠ᠂ ᠡᠬᠢ | ᠪᠠᠶᠠᠯᠢᠭ ᠤᠨ ᠥᠨᠳᠥᠷ ᠦᠷ᠎ᠡ ᠠᠰᠢᠭ ᠪᠣᠯᠤᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠬᠠᠮᠲᠤ ᠬᠥᠳᠡᠭᠡ ᠲᠣᠰᠬᠤᠨ ᠤ ᠰᠣᠶᠣᠯ ᠤᠨ | ᠪᠠᠶᠢᠭᠤᠯᠤᠯᠲᠠ ᠪᠣᠯᠤᠨ ᠲᠠᠷᠢᠶᠠᠯᠠᠩ ᠤᠨ ᠡᠵᠡᠩᠨᠡᠯᠲᠡ ᠶᠢᠨ ᠪᠠᠶᠢᠭᠤᠯᠤᠯ ᠤᠨ ᠬᠤᠪᠢᠰᠤᠯᠲᠠ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠣᠳᠣ ᠦᠶ᠎ᠡ | ᠶᠢᠨ ᠲᠠᠷᠢᠶᠠᠯᠠᠩ ᠤᠨ ᠦᠷᠭᠦᠯᠵᠢᠯᠡᠨ ᠬᠥᠭᠵᠢᠬᠦ ᠵᠠᠮ ᠢ ᠬᠠᠶᠢᠨ ᠰᠦᠪᠡᠭᠴᠢᠯᠡᠨ᠎ᠡ᠃ | ︿︿ᠡᠮᠴᠢᠯᠡᠭᠡᠨ ᠤ ᠬᠠᠮᠲᠤ ᠶᠢᠨ ᠴᠣᠭᠴᠠ﹀﹀ ᠄ ᠪᠥᠬᠦ ᠨᠡᠷᠡᠶᠢᠳᠦᠯ ᠨᠢ ᠡᠮᠴᠢᠯᠡᠭᠡᠨ ᠤ ᠬᠠᠮᠲᠤ ᠶᠢᠨ ᠴᠣᠭᠴᠠ ᠭᠡᠳᠡᠭ᠂ ᠬᠤᠰᠢᠭᠤᠨ ᠤ ᠲᠠᠰ ᠤᠨ ᠡᠮᠨᠡᠯᠭᠡ | ᠶᠢᠨ ᠬᠤᠷᠢᠶ᠎ᠠ ᠪᠠᠷ ᠲᠤᠯᠤᠭᠠᠶᠢᠯᠠᠭᠴᠢ ᠪᠣᠯᠭᠠᠵᠤ᠂ ᠬᠤᠰᠢᠭᠤ ᠰᠤᠮᠤ ᠪᠠᠯᠭᠠᠰᠤ ᠬᠤᠶᠠᠷ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ | ᠨᠢᠭᠡᠳᠬᠡᠵᠦ᠂ ᠨᠢᠭᠡ ᠡᠮᠴᠢᠯᠡᠭᠡᠨ ᠤ ᠲᠤᠭᠳᠠᠯᠴᠠᠭ᠎ᠠ ᠶᠢ ᠪᠦᠷᠢᠯᠳᠦᠭᠦᠯᠦᠨ᠂ ᠡᠬᠢ ᠪᠠᠶᠠᠯᠢᠭ ᠤᠨ ᠳᠠᠪᠠᠭᠤᠯᠢᠭ ᠪᠠ ᠮᠡᠷᠭᠡᠵᠢᠯ ᠤᠨ ᠳᠠᠪᠠᠭᠤᠯᠢᠭ ᠢ ᠬᠠᠮᠤᠭ ᠤᠨ ᠶᠡᠭᠡ | ᠪᠠᠷ ᠪᠠᠳᠠᠷᠠᠭᠤᠯᠵᠤ᠂ ᠬᠤᠰᠢᠭᠤᠨ ᠤ ᠬᠡᠪᠴᠢᠶᠡᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠶᠠᠰᠤ ᠴᠢᠨᠠᠷ ᠢ ᠠᠯᠬᠤᠮ ᠠᠯᠬᠤᠮ ᠢᠶᠠᠷ | ᠳᠡᠭᠡᠭᠰᠢᠯᠡᠭᠦᠯᠦᠨ᠂ ᠱᠠᠲᠤ ᠬᠤᠪᠢᠶᠠᠨ ᠣᠨᠣᠰᠢᠯᠠᠨ ᠡᠮᠨᠡᠬᠦ᠂ ᠵᠦᠶ ᠵᠣᠬᠢᠰᠲᠠᠶ ᠣᠨᠣᠰᠢᠯᠠᠨ ᠡᠮᠨᠡᠬᠦ ᠵᠢᠴᠢ ᠡᠮᠬᠢ ᠵᠢᠷᠤᠮ ᠲᠠᠢ ᠪᠠᠷ ᠡᠪᠡᠳᠴᠢᠨ ᠦᠵᠡᠭᠦᠯᠬᠦ ᠰᠢᠨ᠎ᠡ | ᠡᠮᠬᠢ ᠵᠢᠷᠤᠮ ᠢ ᠪᠠᠶᠢᠭᠤᠯᠵᠤ᠂ ᠣᠯᠠᠨ ᠲᠦᠮᠡᠨ ᠤ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ | ᠲᠥᠷᠥᠭᠳᠡᠯ ᠢ ᠬᠦᠴᠦᠯᠡᠨ ᠨᠡᠮᠡᠭᠳᠡᠭᠦᠯᠬᠦ ᠶᠢ ᠵᠢᠭᠠᠵᠤ ᠪᠣᠶ᠃ | ︿︿ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ﹀﹀᠄ ᠲᠤᠬᠠᠶᠢᠯᠠᠪᠠᠯ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠬᠤ ᠡᠲᠡᠭᠡᠳ ᠢᠶᠠᠨ | ᠲᠣᠬᠢᠶᠠᠯᠳᠤᠯ ᠢᠶᠠᠷ ᠰᠣᠩᠭᠤᠬᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠬᠤ᠂ ᠰᠣᠩᠭᠤᠨ | ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠶᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠨ᠎ᠠ᠃ | ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠂ ᠦᠢᠯᠡᠳᠪᠦᠷᠢᠯᠡᠬᠦ᠂ ᠠᠮᠢ ᠠᠬᠤᠢ᠂ ᠠᠮᠢᠳᠤᠷᠠᠯ᠃ | ︿︿ ᠳᠥᠷᠪᠡᠨ ᠰᠠᠶᠢᠨ ᠬᠥᠳᠡᠭᠡ ᠲᠣᠰᠬᠤᠨ ᠤ ᠵᠠᠮ﹀﹀᠄ ᠬᠥᠳᠡᠭᠡ ᠲᠣᠰᠬᠤᠨ ᠤ ᠵᠠᠰᠠᠮᠠᠯ ᠵᠠᠮ ᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ | ᠰᠠᠶᠢᠲᠤᠷ ᠬᠠᠮᠠᠭᠠᠯᠠᠵᠤ᠂ ᠰᠠᠶᠢᠲᠤᠷ ᠡᠵᠡᠩᠨᠡᠬᠦ ᠬᠡᠷᠡᠭᠲᠡᠶ᠃ | ᠲᠠᠷᠢᠶᠠᠯᠠᠩ ᠤᠨ ︿︿ᠳᠥᠷᠪᠡ ᠶᠢ ᠡᠵᠡᠮᠳᠡᠬᠦ ﹀﹀᠄ ︿︿ ᠪᠣᠷᠲᠣᠭᠤᠷ ᠢ ᠡᠵᠡᠮᠳᠡᠨ ᠦᠷ᠎ᠡ ᠠᠰᠢᠭ ᠢ ᠨᠡᠮᠡᠭᠳᠡᠭᠦᠯᠬᠦ᠂ ᠡᠮ ᠢ ᠡᠵᠡᠮᠳᠡᠨ ᠬᠤᠤᠷ ᠬᠥᠨᠥᠭᠡᠯ ᠢ | ᠪᠠᠭᠠᠰᠬᠠᠬᠤ᠂ ᠤᠰᠤ ᠶᠢ ᠡᠵᠡᠮᠳᠡᠨ ᠬᠤᠷᠣᠭᠳᠠᠯ ᠢ ᠪᠠᠭᠠᠰᠬᠠᠬᠤ᠂ ᠪᠦᠷᠬᠦᠭᠦᠯ ᠢ ᠡᠵᠡᠮᠳᠡᠨ ᠦᠷ᠎ᠡ ᠠᠰᠢᠭ ᠢ ᠳᠡᠭᠡᠭᠰᠢᠯᠡᠭᠦᠯᠬᠦ﹀﹀ ᠮᠡᠷᠭᠡᠵᠢᠯ ᠢ ᠳᠡᠯᠭᠡᠷᠡᠭᠦᠯᠦᠨ | ᠬᠡᠷᠡᠭᠯᠡᠵᠦ᠂ ᠡᠬᠢ ᠡᠭᠦᠰᠦᠯ ᠠᠴᠠ ᠨᠢ ᠬᠢᠵᠠᠭᠠᠷᠯᠠᠬᠤ ᠡᠷᠴᠢᠮ ᠢ ᠴᠢᠩᠭᠠᠷᠠᠭᠤᠯᠤᠨ᠂ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | ︿︿ ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ ﹀﹀᠄ ︿︿ ᠭᠤᠷᠪᠠ ᠶᠢ ᠲᠥᠪᠯᠡᠷᠡᠭᠦᠯᠬᠦ﹀﹀ ᠭᠡᠳᠡᠭ ᠨᠢ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ᠂ ᠬᠢᠨᠠᠨ ᠵᠥᠪᠰᠢᠶᠡᠷᠡᠬᠦ ᠡᠭᠦᠷᠭᠡ ᠴᠢᠳᠠᠪᠤᠷᠢ ᠶᠢ ᠡᠭᠦᠷᠭᠡᠯᠡᠬᠦ ᠰᠠᠯᠠᠭ᠎ᠠ ᠲᠠᠰᠤᠭ ᠢ | ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠲᠤ ᠲᠥᠪᠯᠡᠷᠡᠭᠦᠯᠬᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠡᠯᠧᠺᠲᠷᠣᠨ ᠵᠠᠰᠠᠭ ᠤᠨ ᠶᠠᠪᠤᠳᠠᠯ | ᠤᠨ ᠲᠠᠪᠴᠠᠩ ᠳᠤ ᠲᠥᠪᠯᠡᠷᠡᠭᠦᠯᠬᠦ ᠶᠢ ᠵᠢᠭᠠᠵᠤ ᠪᠣᠶ᠃ ︿︿ ᠭᠤᠷᠪᠠ ᠶᠢ ᠪᠣᠳᠠᠲᠠᠶᠢᠵᠢᠭᠤᠯᠬᠤ﹀﹀ ᠭᠡᠳᠡᠭ ᠨᠢ ᠵᠦᠶᠯᠡᠰ ᠢ ᠶᠡᠭᠡ ᠲᠢᠩᠬᠢᠮ ᠳᠤ ᠣᠷᠣᠭᠤᠯᠵᠤ | ᠰᠠᠭᠤᠯᠭᠠᠬᠤ᠂ ᠬᠢᠨᠠᠨ ᠵᠥᠪᠰᠢᠶᠡᠷᠡᠬᠦ ᠡᠷᠬᠡ ᠣᠯᠭᠤᠬᠤ ᠴᠤᠩᠬᠤᠪᠴᠢ ᠶᠢ ᠪᠣᠳᠠᠲᠠᠶᠢᠵᠢᠭᠤᠯᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠪᠣᠳᠠᠲᠠᠶᠢᠵᠢᠭᠤᠯᠬᠤ ᠶᠢ | ᠵᠢᠭᠠᠵᠤ ᠪᠣᠶ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︿︿ ᠭᠤᠷᠪᠠᠨ ᠵᠦᠢᠯ ᠤᠨ ᠳᠦᠷᠢᠮ﹀﹀᠄ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ | ᠨᠡᠶᠢᠲᠡᠯᠡᠬᠦ ᠳᠦᠷᠢᠮ᠂ ᠬᠠᠤᠯᠢ ᠬᠡᠷᠡᠭᠵᠢᠭᠦᠯᠬᠦ ᠪᠦᠬᠦ ᠶᠠᠪᠤᠴᠠ ᠶᠢ ᠲᠡᠮᠳᠡᠭᠯᠡᠬᠦ ᠳᠦᠷᠢᠮ᠂ ᠬᠠᠤᠯᠢ ᠬᠡᠷᠡᠭᠵᠢᠭᠦᠯᠬᠦ ᠴᠢᠬᠤᠯᠠ ᠶᠡᠭᠡ ᠲᠣᠭᠲᠠᠭᠠᠯ ᠤᠨ ᠬᠠᠤᠯᠢ ᠳᠦᠷᠢᠮ | ᠤᠨ ᠬᠢᠨᠠᠨ ᠬᠠᠷᠭᠤᠭᠤᠯᠬᠤ ᠳᠦᠷᠢᠮ ᠢ ᠵᠢᠭᠠᠵᠤ ᠪᠠᠶᠢᠨ᠎ᠠ᠃ | ︿︿ ᠳᠥᠷᠪᠡᠨ ᠤᠬᠠᠮᠰᠠᠷ ﹀﹀᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ | ᠤᠬᠠᠮᠰᠠᠷ ᠢ ᠵᠢᠭᠠᠵᠤ ᠪᠠᠶᠢᠨ᠎ᠠ᠃ | ︿︿ ᠳᠥᠷᠪᠡᠨ ᠢᠲᠡᠭᠡᠯ ﹀﹀᠄ ᠵᠠᠮ ᠤᠨ ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠵᠢᠭᠠᠵᠤ ᠪᠠᠶᠢᠨ᠎ᠠ᠃ | ︿︿ ᠬᠤᠶᠠᠷ ᠢ ᠬᠠᠮᠠᠭᠠᠯᠠᠬᠤ ﹀﹀᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠭᠤᠤᠯᠯᠠᠭᠴᠢ᠂ ᠪᠥᠬᠦ ᠨᠠᠮ ᠤᠨ ᠭᠤᠤᠯᠯᠠᠭᠴᠢ | ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | | ︿︿ᠳᠥᠷᠪᠡᠨ ᠰᠤᠷᠲᠠᠯ﹀﹀ ᠤᠨ ᠠᠰᠠᠭᠤᠳᠠᠯ᠄ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ᠂ ᠵᠢᠷᠭᠠᠨ ᠴᠡᠩᠭᠡᠬᠦ ᠦᠵᠡᠯ᠂ ᠱᠠᠯᠢᠨ ᠪᠦᠷᠢᠯᠭᠡᠬᠦ ᠰᠤᠷᠲᠠᠯ ᠢ | ᠵᠢᠭᠠᠵᠤ ᠪᠠᠶᠢᠨ᠎ᠠ᠃ | ︿︿ ᠭᠤᠷᠪᠠᠨ ᠴᠢᠬᠤᠯᠠ ᠨᠢᠭᠡ ᠶᠡᠭᠡ﹀﹀ ᠶᠢᠨ ᠳᠦᠷᠢᠮ᠄ ᠴᠢᠬᠤᠯᠠ ᠶᠡᠭᠡ ᠤᠴᠢᠷ ᠶᠠᠪᠤᠳᠠᠯ ᠳᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠴᠢᠬᠤᠯᠠ | ᠺᠠᠳ᠋ᠷ ᠢ ᠲᠣᠮᠢᠯᠠᠬᠤ ᠪᠠ ᠪᠠᠭᠤᠯᠭᠠᠬᠤ᠂ ᠴᠢᠬᠤᠯᠠ ᠵᠦᠢᠯᠡᠰ ᠢ ᠲᠣᠬᠢᠷᠠᠭᠤᠯᠬᠤ᠂ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ᠂ ᠡᠷᠬᠡᠪᠰᠢ ᠬᠠᠮᠲᠤ ᠪᠠᠷ ᠶᠠᠷᠢᠯᠴᠠᠵᠤ | ᠲᠣᠭᠲᠠᠭᠠᠯ ᠭᠠᠷᠭᠠᠬᠤ ᠳᠦᠷᠢᠮ ᠢ ᠵᠢᠭᠠᠨ᠎ᠠ᠃ |