ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ | ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ | ᠡᠷᠡᠰ ᠬᠤᠷᠢᠭᠯᠠᠬᠤ ᠲᠤᠬᠠᠶ ᠪᠠᠶᠢᠷᠢᠯᠠᠭᠤᠯᠪᠠ | ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠭᠡᠯ ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ | ᠲᠦᠮᠡᠨ ᠤ ᠵᠣᠬᠢᠰ ᠥᠬᠡᠶ ᠳᠠᠷᠤᠭᠠᠰᠤ ᠶᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ | 1 ᠳ᠋ᠦ᠋ᠭᠡᠷ ᠰᠠᠷ᠎ᠠ ᠶᠢᠨ 20 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠭ᠎ᠠ ᠬᠡᠮᠵᠢᠶ᠎ᠡ ᠶᠢ ᠴᠢᠩᠭᠠᠳᠬᠠᠨ ᠳᠦᠷᠢᠮ ᠢ ᠲᠡᠭᠦᠯᠳᠡᠷᠵᠢᠭᠦᠯᠵᠦ ᠠᠵᠤ ᠠᠬᠤᠶᠢᠯᠠᠯ ᠳᠤ | ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠠᠪᠤᠳᠠᠯ ᠢ ᠡᠷᠡᠰ ᠬᠤᠷᠢᠭᠯᠠᠬᠤ ᠲᠤᠬᠠᠶ ᠪᠠᠶᠢᠷᠢᠯᠠᠭᠤᠯᠵᠤ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠭᠡᠯ | ᠲᠠᠲᠠᠪᠤᠷᠢᠯᠠᠨ ᠲᠤᠰᠢᠶᠠᠬᠤ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠠᠵᠤ ᠠᠬᠤᠶᠢᠯᠠᠯ ᠪᠠ ᠣᠯᠠᠨ ᠲᠦᠮᠡᠨ ᠤ ᠵᠣᠬᠢᠰ ᠥᠬᠡᠶ ᠳᠠᠷᠤᠭᠠᠰᠤ ᠶᠢ ᠨᠡᠮᠡᠭᠳᠡᠭᠦᠯᠬᠦ | ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠥᠷᠭᠡᠨ ᠤᠯᠠᠨ ᠵᠠᠬ᠎ᠠ ᠳᠡᠯᠭᠡᠭᠦᠷ ᠤᠨ ᠭᠤᠣᠯ ᠴᠣᠭᠴᠠ ᠪᠣᠯ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢ | ᠬᠥᠭᠵᠢᠭᠦᠯᠬᠦ ᠬᠦᠴᠦᠨ ᠴᠢᠳᠠᠯ ᠤᠨ ᠡᠬᠢ ᠰᠤᠷᠪᠤᠯᠵᠢ ᠪᠠᠶᠢᠵᠤ᠂ ᠲᠦᠮᠡᠨ ᠤᠯᠠᠨ ᠤ ᠠᠰᠢᠭ ᠲᠤᠰᠠ ᠳᠤ ᠰᠢᠭᠤᠳ ᠬᠤᠯᠪᠣᠭᠳᠠᠵᠤ ᠪᠠᠶᠢᠳᠠᠭ᠃ ᠵᠠᠬ᠎ᠠ | ᠳᠡᠯᠭᠡᠭᠦᠷ ᠤᠨ ᠭᠤᠣᠯ ᠴᠣᠭᠴᠠ ᠢᠯᠠᠩᠭᠤᠶ᠎ᠠ ᠳᠤᠮᠳᠠ ᠪᠠᠭ᠎ᠠ ᠵᠢᠵᠢᠭ ᠠᠵᠤ ᠠᠬᠤᠶᠢᠯᠠᠯ ᠢ ᠳᠡᠮᠵᠢᠬᠦ ᠪᠠ ᠦᠢᠯᠡᠴᠢᠯᠡᠬᠦ ᠶᠢᠨ ᠲᠣᠭᠤᠷᠢᠨ ᠳᠤ᠂ ᠤᠯᠠᠨ ᠪᠣᠳᠠᠲᠠᠢ | ᠠᠷᠭ᠎ᠠ ᠬᠡᠮᠵᠢᠶ᠎ᠡ ᠠᠪᠴᠤ ᠪᠠᠶᠢᠭᠠᠳ ᠲᠡᠳᠡᠨ ᠢ ᠬᠠᠪᠰᠤᠷᠤᠨ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠵᠤᠬᠢᠰ ᠦᠭᠡᠢ ᠳᠠᠷᠤᠭᠠᠰᠤ ᠶᠢ ᠨᠢ ᠬᠥᠩᠭᠡᠷᠡᠭᠦᠯᠵᠦ᠂ | ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠩ ᠶᠡᠭᠡ ᠪᠠᠷ ᠬᠥᠭᠵᠢᠭᠡᠬᠦ ᠬᠡᠷᠡᠭᠲᠡᠢ᠃ ᠣᠶᠢᠷ᠎ᠠ ᠶᠢᠨ ᠵᠢᠯ ᠤᠳ ᠲᠤ᠂ ᠡᠯ᠎ᠡ ᠭᠠᠵᠠᠷ | ᠣᠷᠣᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠢ ᠶᠡᠭᠡ ᠪᠠᠷ ᠴᠡᠭᠴᠡᠯᠡᠨ ᠵᠢᠷᠤᠮᠵᠢᠭᠤᠯᠵᠤ᠂ ᠲᠥᠪ ᠠᠴᠠ ᠲᠣᠬᠢᠷᠠᠭᠤᠯᠤᠭᠰᠠᠨ ᠵᠠᠰᠠᠭ | ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠪᠠ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠲᠤᠰ ᠲᠤᠰ 70% ᠪᠠ | 30% ᠠᠴᠠ ᠳᠡᠭᠡᠭᠰᠢ ᠬᠡᠮᠵᠢᠶ᠎ᠡ ᠪᠠᠷ ᠬᠠᠰᠤᠵᠤ᠂ ᠡᠯ᠎ᠡ ᠭᠠᠵᠠᠷ ᠤᠨ ᠬᠢᠨ ᠴᠦ ᠨᠢᠭᠡ ᠪᠦᠯᠦᠭ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠶ | ᠪᠣᠯᠭᠠᠪᠠ᠃ ᠢᠯᠠᠩᠭᠤᠶ᠎ᠠ ᠨᠢᠳᠤᠨᠤᠨ ᠤ ᠨᠡᠶᠢᠲᠡᠯᠡᠭᠰᠡᠨ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠢ | ᠱᠠᠲᠤᠴᠢ ᠴᠢᠨᠠᠷᠲᠠᠶ ᠪᠠᠷ ᠬᠠᠰᠤᠵᠤ ᠭᠡᠯᠳᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠨᠢ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠵᠤ ᠠᠬᠤᠶ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠪᠡ ᠭᠡᠵᠡᠢ᠃ | ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠬᠢᠵᠢᠭ ᠤᠨ ᠪᠠᠶᠢᠳᠠᠯ ᠪᠣᠯᠤᠨ ᠠᠵᠤ ᠠᠬᠤᠢ ᠶᠢᠨ ᠪᠠᠶᠢᠳᠠᠯ ᠨᠠᠷᠢᠨ ᠪᠤᠳᠤᠯᠢᠶᠠᠨᠲᠠᠢ ᠪᠠᠶᠢᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠮᠥᠨ ᠬᠦ ᠴᠥᠭᠡᠨ ᠪᠤᠰᠤ ᠬᠦᠴᠢᠷᠳᠡᠯ ᠲᠤᠯᠭᠠᠷᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠡᠷᠭᠡ ᠳᠤ ᠨᠢ ᠵᠠᠰᠠᠵᠤ᠂ | ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠦᠷᠭᠦᠯᠵᠢᠯᠡᠨ ᠵᠠᠰᠠᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠠᠵᠤ ᠠᠬᠤᠢ ᠶᠢᠨ | ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠨᠢᠭᠡ ᠳᠤ᠂ ᠪᠦᠬᠦ ᠤᠯᠤᠰ ᠲᠤ ᠠᠵᠤ ᠠᠬᠤᠶᠢᠯᠠᠯ ᠳᠤ ᠬᠤᠯᠪᠣᠭᠳᠠᠬᠤ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠭᠰᠠᠨ ᠪᠠᠶᠢᠳᠠᠯ ᠳᠤ ᠲᠤᠰᠬᠠᠶ ᠵᠦᠢᠯ ᠤᠨ ᠪᠠᠶᠢᠴᠠᠭᠠᠯᠲᠠ ᠬᠢᠬᠦ ᠶᠢ ᠥᠷᠨᠢᠭᠦᠯᠵᠦ᠂ ᠰᠦᠢᠳᠬᠡᠯ ᠬᠤᠷᠢᠶᠠᠬᠤ ᠲᠥᠷᠥᠯ ᠵᠦᠢᠯ ᠢ | ᠳᠤᠷ᠎ᠠ ᠪᠠᠷ ᠲᠣᠬᠢᠷᠠᠭᠤᠯᠬᠤ᠂ ᠲᠠᠲᠠᠪᠤᠷᠢᠯᠠᠬᠤ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠠᠲᠠᠪᠤᠷᠢᠯᠠᠬᠤ ᠬᠡᠪᠴᠢᠶ᠎ᠡ ᠪᠠᠨ ᠥᠷᠭᠡᠳᠬᠡᠬᠦ᠂ ᠳᠤᠷ᠎ᠠ ᠪᠠᠷ ᠲᠡᠰᠬᠡᠬᠦ ᠵᠡᠷᠭᠡ | ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠲᠤᠰᠬᠠᠯ ᠴᠢᠩᠭ᠎ᠠ᠂ ᠨᠡᠶᠢᠭᠡᠮ ᠳᠤ ᠮᠠᠭᠤ ᠨᠥᠯᠥᠭᠡ ᠪᠦᠬᠦᠢ ᠳᠤᠷ᠎ᠠ ᠪᠠᠷ ᠰᠦᠢᠳᠬᠡᠯ | ᠬᠤᠷᠢᠶᠠᠬᠤ ᠦᠢᠯᠡ ᠠᠵᠢᠯᠯᠠᠭ᠎ᠠ ᠶᠢ ᠢᠯᠡᠴᠢᠯᠡᠬᠦ ᠬᠡᠷᠡᠭᠲᠡᠶ᠃ ᠠᠵᠢᠯ ᠲᠥᠷᠥᠯ ᠤᠨ ᠨᠡᠶᠢᠭᠡᠮᠯᠢᠭ ᠪᠠ ᠬᠤᠳᠠᠯᠳᠤᠭᠠᠴᠢᠨ ᠤ ᠡᠪᠯᠡᠯ ᠤᠨ ᠰᠦᠢᠳᠭᠡᠯ ᠬᠤᠷᠢᠶᠠᠬᠤ | ᠠᠵᠢᠯᠯᠠᠭ᠎ᠠ ᠳᠤ ᠥᠪᠡᠰᠦᠪᠡᠨ ᠪᠠᠶᠢᠴᠠᠭᠠᠵᠤ ᠰᠤᠭᠤᠴᠢᠨ ᠪᠠᠶᠢᠴᠠᠭᠠᠬᠤ ᠶᠢ ᠪᠥᠬᠦ ᠲᠠᠯ᠎ᠠ ᠪᠠᠷ ᠥᠷᠨᠢᠭᠦᠯᠬᠦ ᠬᠡᠷᠡᠭᠲᠡᠢ᠃ ᠬᠤᠶᠠᠷ ᠲᠤ᠂ ᠵᠠᠮ ᠬᠠᠷᠢᠯᠴᠠᠭ᠎ᠠ᠂ | ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠵᠤ᠂ ᠲᠠᠰᠤᠯᠤᠯᠲᠠ ᠬᠢᠬᠦ ᠰᠠᠭᠤᠷᠢ | ᠪᠠᠷᠢᠮᠵᠢᠶ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠠᠮ ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠬᠥᠩᠭᠡᠪᠲᠦᠷ ᠬᠡᠷᠡᠭ᠂ ᠵᠠᠮ ᠬᠠᠷᠢᠯᠴᠠᠭᠠᠨ ᠤ | ᠬᠠᠤᠯᠢ ᠠᠴᠠ ᠠᠩᠬ᠎ᠠ ᠤᠳᠠᠭ᠎ᠠ ᠵᠥᠷᠢᠴᠡᠭᠰᠡᠨ᠂ ᠰᠠᠨᠠᠮᠰᠠᠷ ᠦᠭᠡᠢ ᠵᠥᠷᠢᠴᠡᠭᠰᠡᠨ ᠵᠡᠷᠭᠡ ᠬᠡᠷᠡᠭ ᠲᠤ ᠴᠢᠳᠠᠬᠤ ᠳᠤ ᠪᠠᠨ ᠰᠡᠷᠡᠮᠵᠢᠯᠡᠭᠦᠯᠬᠦ ᠠᠷᠭ᠎ᠠ ᠬᠡᠮᠵᠢᠶ᠎ᠡ ᠠᠪᠴᠤ᠂ | ᠵᠣᠭᠤᠰ ᠢᠶᠠᠷ ᠲᠣᠷᠭᠠᠬᠤ ᠶᠢ ᠪᠣᠯᠭᠤᠮᠵᠢᠲᠠᠶ ᠬᠡᠷᠡᠭᠯᠡᠬᠦ ᠪᠤᠶᠤ ᠬᠡᠷᠡᠭᠯᠡᠬᠦ ᠥᠬᠡᠶ ᠪᠠᠶᠢᠵᠤ᠂ ᠭᠠᠶᠢᠯᠢ ᠶᠢᠨ ᠶᠠᠪᠤᠳᠠᠯ ᠤᠨ ᠬᠠᠤᠯᠢ ᠬᠡᠷᠡᠭᠵᠢᠭᠦᠯᠬᠦ ᠬᠦᠷᠢᠶᠡᠨ ᠳᠤ ︽ | ᠠᠩᠬ᠎ᠠ ᠤᠳᠠᠭ᠎ᠠ ᠵᠥᠷᠢᠴᠡᠭᠰᠡᠨ ᠪᠣᠯ ᠲᠣᠷᠭᠠᠬᠤ ᠥᠬᠡᠶ︾ ᠨᠠᠷᠢᠨ ᠬᠠᠭᠤᠳᠠᠰᠤ ᠶᠢᠨ ᠲᠦᠷᠢᠮ ᠢ ᠰᠤᠳᠤᠯᠤᠨ ᠳᠡᠯᠭᠡᠷᠡᠭᠦᠯᠬᠦ ᠬᠡᠷᠡᠭᠲᠡᠢ᠃ ᠲᠣᠷᠭᠠᠵᠤ ᠬᠤᠷᠢᠶᠠᠬᠤ | ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠨ ᠲᠡᠭᠦᠯᠳᠡᠷᠵᠢᠭᠦᠯᠵᠦ᠂ ᠲᠣᠷᠭᠠᠵᠤ ᠬᠤᠷᠢᠶᠠᠭᠰᠠᠨ ᠪᠦᠬᠦ ᠣᠷᠣᠯᠭ᠎ᠠ ᠶᠢ ᠤᠯᠤᠰ ᠤᠨ ᠬᠥᠮᠥᠷᠭᠡ ᠳᠤ ᠲᠤᠰᠢᠶᠠᠵᠤ | ᠂ ︽ᠣᠷᠣᠯᠭ᠎ᠠ ᠵᠠᠷᠤᠯᠭ᠎ᠠ ᠶᠢ ᠠᠰ ᠲᠤ ᠨᠢ ᠪᠠᠶᠢᠯᠭᠠᠬᠤ︾ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠬᠦᠷᠢᠶᠡᠨ ᠤ | ᠰᠦᠢᠳᠭᠡᠯ ᠬᠤᠷᠢᠶᠠᠬᠤ ᠶᠢ ᠦᠷᠭᠦᠯᠵᠢᠯᠡᠨ ᠴᠡᠭᠴᠡᠯᠡᠨ ᠵᠢᠷᠤᠮᠵᠢᠭᠤᠯᠤᠨ᠎ᠠ᠃ ᠠᠵᠤ ᠠᠬᠤᠶᠢᠯᠠᠯ ᠠᠴᠠ ᠰᠦᠢᠳᠬᠡᠯ ᠬᠤᠷᠢᠶᠠᠬᠤ ᠵᠠᠰᠠᠭ ᠤᠨ ᠣᠷᠳᠣᠨ ᠤ ᠴᠢᠨᠠᠷᠲᠠᠢ | ᠰᠠᠭᠤᠷᠢ ᠮᠥᠩᠭᠦ ᠶᠢ ᠰᠢᠨ᠎ᠡ ᠪᠠᠷ ᠲᠣᠬᠢᠷᠠᠭᠤᠯᠬᠤ ᠳᠤ ᠡᠷᠬᠡᠪᠰᠢ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠵᠢᠷᠤᠮᠯᠠᠵᠤ᠂ ᠬᠤᠭᠤᠴᠠᠭ᠎ᠠ ᠨᠢ ᠲᠤᠯᠤᠭᠰᠠᠨ | ᠰᠠᠭᠤᠷᠢ ᠮᠥᠩᠭᠦ ᠶᠢ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠴᠥᠮ ᠬᠦᠴᠦᠨ ᠦᠭᠡᠢ ᠪᠣᠯᠭᠠᠵᠤ᠂ ᠲᠦᠷ ᠴᠠᠭ ᠬᠦᠴᠦᠨ ᠦᠭᠡᠢ ᠪᠣᠯᠭᠠᠬᠤ ᠳᠤ | ᠪᠡᠷᠬᠡᠲᠡᠢ ᠶᠢ ᠨᠢ ᠲᠠᠲᠠᠪᠤᠷᠢᠯᠠᠬᠤ ᠪᠠᠷᠢᠮᠵᠢᠶ᠎ᠠ ᠶᠢ ᠨᠢ ᠪᠠᠭᠤᠷᠠᠭᠤᠯᠬᠤ ᠬᠡᠷᠡᠭᠲᠡᠢ᠃ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ | ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ ᠨᠢ ᠢᠯᠡᠷᠬᠡᠶ ᠥᠨᠳᠥᠷ ᠪᠠᠶᠢᠭ᠎ᠠ ᠳᠤ ᠨᠢ ᠪᠠᠷᠢᠮᠵᠢᠶ᠎ᠠ ᠶᠢ ᠪᠠᠭᠤᠷᠠᠭᠤᠯᠬᠤ ᠠᠷᠭ᠎ᠠ | ᠬᠡᠮᠵᠢᠶ᠎ᠡ ᠠᠪᠴᠤ᠂ ᠡᠩ ᠤᠨ ᠴᠢᠨᠠᠷᠲᠠᠶ ᠬᠠᠮᠢᠶᠠᠷᠤᠯᠲᠠ ᠶᠢᠨ ᠡᠭᠦᠷᠭᠡ ᠴᠢᠳᠠᠪᠬᠢ ᠶᠢ ᠬᠠᠷᠠᠭᠤᠯᠤᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠬᠦᠴᠦᠨ ᠦᠭᠡᠶ | ᠪᠣᠯᠭᠠᠬᠤ ᠬᠡᠷᠡᠭᠲᠡᠶ᠃ ᠳᠥᠷᠪᠡ ᠳᠤ᠂ ᠳᠠᠯᠠᠢ ᠶᠢᠨ ᠲᠡᠭᠡᠭᠡᠪᠦᠷᠢ ᠪᠠ ᠪᠣᠭᠤᠮᠲᠠ ᠶᠢᠨ ᠰᠦᠢᠳᠬᠡᠯ ᠬᠤᠷᠢᠶᠠᠬᠤ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠣᠭᠤᠮᠲᠠ ᠳᠤ ᠮᠡᠳᠡᠭᠦᠯᠬᠦ᠂ ᠪᠠᠷᠠᠭ᠎ᠠ ᠶᠢᠨ ᠭᠦᠢᠯᠭᠡᠭᠡᠨ᠂ ᠬᠥᠮᠥᠷᠭᠡᠯᠡᠨ ᠬᠠᠳᠠᠭᠠᠯᠠᠬᠤ᠂ ᠪᠠᠷᠠᠭ᠎ᠠ ᠠᠴᠢᠶᠠᠯᠠᠵᠤ ᠪᠠᠭᠤᠯᠭᠠᠬᠤ ᠵᠡᠷᠭᠡ ᠭᠤᠭᠴᠤᠭ᠎ᠠ ᠶᠢᠨ | ᠠᠯᠪᠠᠳᠠᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠ ᠦᠨ᠎ᠡ ᠬᠠᠩᠰᠢ ᠶᠢ ᠢᠯᠡ ᠬᠠᠳᠠᠭᠰᠠᠨ ᠨᠢ ᠵᠢᠷᠤᠮᠵᠢᠯ ᠦᠭᠡᠢ ᠵᠡᠷᠭᠡ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠲᠠᠪᠤ ᠳᠤ᠂ ᠦᠨ᠎ᠡ ᠬᠠᠩᠰᠢ ᠶᠢᠨ ᠬᠠᠤᠯᠢ ᠠᠴᠠ ᠵᠥᠷᠢᠴᠡᠭᠰᠡᠨ | ᠦᠢᠯᠡ ᠠᠵᠢᠯᠯᠠᠭ᠎ᠠ ᠳᠤ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠵᠡᠷᠭᠡ ᠲᠠᠯ᠎ᠠ ᠶᠢᠨ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠶᠢ ᠲᠦᠷᠭᠡᠳᠬᠡᠵᠦ | ᠂ ᠵᠦᠢ ᠵᠣᠬᠢᠰ ᠦᠭᠡᠶ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠥᠭᠬᠦ ᠵᠦᠢᠯᠡᠰ ᠲᠤ ᠴᠠᠭ ᠲᠤᠬᠠᠶ ᠳᠤ ᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ | ᠪᠣᠯᠭᠠᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠳᠤᠷ᠎ᠠ ᠪᠠᠷ ᠰᠦᠢᠳᠬᠡᠯ ᠬᠤᠷᠢᠶᠠᠬᠤ ᠶᠢ ᠳᠦᠷᠢᠮ ᠤᠨ ᠲᠠᠯ᠎ᠠ ᠠᠴᠠ ᠰᠡᠷᠭᠡᠶᠢᠯᠡᠨ ᠬᠤᠷᠢᠭᠯᠠᠬᠤ ᠬᠡᠷᠡᠭᠲᠡᠶ ᠭᠡᠵᠡᠢ᠃ | | ᠬᠤᠷᠠᠯ ᠠᠴᠠ ᠱᠠᠭᠠᠷᠳᠠᠬᠤ ᠳᠤ ᠪᠠᠨ᠂ ᠬᠠᠤᠯᠢ ᠪᠠᠷ ᠲᠣᠭᠲᠠᠭᠠᠭᠰᠠᠨ ᠭᠠᠶᠢᠯᠢ ᠰᠦᠢᠳᠭᠡᠯ ᠢ ᠬᠡᠪ ᠢᠶᠠᠷ ᠲᠠᠲᠠᠪᠤᠷᠢᠯᠠᠨ ᠲᠤᠰᠢᠶᠠᠬᠤ ᠠᠵᠢᠯ ᠢ ᠰᠠᠶᠢᠲᠤᠷ ᠬᠢᠵᠦ᠂ | ᠲᠡᠦᠬᠡᠨ ᠠᠴᠠ ᠥᠷᠢᠲᠦᠵᠦ ᠪᠠᠶᠢᠭᠰᠠᠨ ᠰᠦᠢᠳᠭᠡᠯ ᠢ ᠥᠪᠡᠰᠦᠪᠡᠨ ᠲᠥᠪᠯᠡᠷᠡᠭᠦᠯᠵᠦ ᠪᠠᠶᠢᠭᠠᠳ ᠢᠯᠭᠠᠨ ᠲᠤᠰᠢᠶᠠᠵᠤ ᠪᠣᠯᠬᠤ ᠥᠬᠡᠶ᠂ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠲᠠᠲᠠᠪᠤᠷᠢᠯᠠᠬᠤ ᠡᠭᠦᠷᠭᠡ ᠲᠤᠰᠢᠶᠠᠯ ᠢ ᠬᠤᠪᠢᠶᠠᠷᠢᠯᠠᠨ ᠰᠢᠯᠵᠢᠭᠦᠯᠦᠭᠰᠡᠨ ᠠᠴᠠ ᠪᠣᠯᠵᠤ ᠠᠵᠤ ᠠᠬᠤᠶᠢᠯᠠᠯ ᠢᠯᠠᠩᠭᠤᠶ᠎ᠠ ᠳᠤᠮᠳᠠ ᠪᠠᠭ᠎ᠠ | ᠵᠢᠵᠢᠭ ᠠᠵᠤ ᠠᠬᠤᠶᠢᠯᠠᠯ ᠤᠨ ᠰᠦᠢᠳᠭᠡᠯ ᠲᠤᠰᠢᠶᠠᠬᠤ ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ ᠡᠨᠡ ᠵᠢᠯ ᠪᠤᠢ ᠪᠦᠬᠦᠢ ᠮᠤᠵᠢ ᠣᠷᠣᠨ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠲᠠᠲᠠᠪᠤᠷᠢᠯᠠᠬᠤ ᠠᠷᠭ᠎ᠠ ᠬᠡᠯᠪᠡᠷᠢ ᠪᠠᠨ ᠬᠤᠪᠢᠷᠠᠭᠤᠯᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ | ᠰᠢᠯᠢᠳᠡᠭᠵᠢᠭᠦᠯᠦᠨ᠂ ︽ᠥᠯᠥ ᠬᠦᠷᠦᠯᠴᠡᠬᠦ ᠬᠡᠯᠪᠡᠷᠢ︾ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ 7 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ | ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠬᠤ ᠳᠤ ᠦᠨᠳᠦᠰᠦᠨ ᠳᠤ ᠪᠠᠨ ᠰᠦᠯᠵᠢᠶᠡᠨ ᠳᠡᠭᠡᠷ᠎ᠡ ᠭᠦᠢᠴᠡᠳᠬᠡᠵᠦ ᠴᠢᠳᠠᠬᠤ ᠶᠢ | ᠪᠡᠶᠡᠯᠡᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠬᠤᠪᠢ ᠬᠥᠮᠦᠨ ᠤ ᠰᠦᠢᠳᠭᠡᠯ ᠲᠤᠰᠢᠶᠠᠬᠤ ᠳᠤ ᠦᠨᠳᠦᠰᠦᠨ ᠳᠤ ᠪᠠᠨ ︽ᠭᠠᠷ ᠤᠲᠠᠰᠤᠨ ᠳᠡᠭᠡᠷ᠎ᠡ | ᠭᠦᠢᠴᠡᠳᠭᠡᠬᠦ︾ ᠶᠢ ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠨᠠᠰᠤᠲᠠᠶᠢᠴᠤᠳ᠂ ᠬᠦᠨᠳᠦ ᠵᠡᠮᠳᠡᠭᠴᠦᠳ ᠵᠡᠷᠭᠡ ᠣᠨᠴᠠᠭᠠᠢ | ᠬᠥᠮᠦᠰ ᠤᠨ ᠰᠦᠢᠳᠭᠡᠯ ᠲᠤᠰᠢᠶᠠᠬᠤ ᠳᠤ ᠰᠠᠭᠠᠳ ᠥᠬᠡᠶ ᠪᠥᠭᠡᠳ ᠳᠥᠭᠦᠮ ᠳᠥᠲᠡ ᠪᠠᠶᠢᠯᠭᠠᠬᠤ ᠶᠢ ᠭᠦᠶ᠋ᠴᠡᠳ ᠪᠠᠲᠤᠯᠠᠬᠤ ᠬᠡᠷᠡᠭᠲᠡᠢ᠃ ᠨᠡᠶᠢᠭᠡᠮ ᠤᠨ | ᠳᠠᠭᠠᠳᠬᠠᠯ ᠤᠨ ᠰᠦᠢᠳᠭᠡᠯ ᠢ ᠲᠠᠲᠠᠪᠤᠷᠢᠯᠠᠭᠰᠠᠨ ᠪᠠᠶᠢᠳᠠᠯ ᠢ ᠬᠢᠨᠠᠨ ᠰᠢᠨᠵᠢᠯᠡᠵᠦ ᠵᠠᠳᠠᠯᠤᠯᠲᠠ ᠬᠢᠬᠦ ᠶᠢ ᠴᠢᠩᠭᠠᠳᠬᠠᠵᠤ᠂ ᠠᠰᠠᠭᠤᠳᠠᠯ ᠢ ᠰᠡᠷᠡᠵᠦ ᠮᠡᠳᠡᠪᠡᠯ ᠴᠠᠭ | ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠬᠢᠨᠠᠯᠲᠠ ᠪᠠᠶᠢᠴᠠᠭᠠᠯᠲᠠ ᠪᠠᠨ ᠴᠢᠩᠭᠠᠷᠠᠭᠤᠯᠵᠤ᠂ ᠲᠦᠷᠢᠮ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠰᠠᠬᠢᠯᠭ᠎ᠠ | ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠡᠢ᠃ |