ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ | ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠲᠤᠬᠠᠢ | ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ | ᠥᠭᠡᠷᠡᠴᠢᠯᠡᠯᠲᠡ ᠨᠡᠬᠡᠬᠡᠯᠳᠡ ᠶᠢ ᠭᠦᠨᠵᠡᠭᠡᠶᠢᠷᠡᠭᠦᠯᠬᠦ ᠪᠠᠷ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ | ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠨ ᠭᠠᠷᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ | ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠣᠷᠣᠨ ᠪᠦᠰᠡ ᠶᠢᠨ ᠪᠥᠬᠦ ᠲᠠᠯ᠎ᠠ ᠶᠢᠨ ᠠᠵᠤ ᠠᠬᠤᠶ ᠶᠢᠨ ᠬᠠᠨᠢᠲᠠᠨ ᠤ ᠬᠠᠷᠢᠴᠠᠭ᠎ᠠ ᠶᠢᠨ ᠬᠡᠯᠡᠯᠴᠡᠭᠡᠷ ᠢ | ᠬᠦᠴᠦᠨ ᠲᠠᠢ ᠪᠣᠯᠭᠠᠵᠤ ᠬᠡᠷᠡᠭᠵᠢᠭᠦᠯᠬᠦ ᠲᠤᠬᠠᠢ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠪᠠᠷ ᠠᠵᠤ ᠦᠶ᠋ᠯᠡᠰ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ︔ ᠠᠵᠤ ᠠᠬᠤᠶᠢᠯᠠᠯ | ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠨ ᠭᠠᠷᠬᠤ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠪᠦᠷᠢᠨᠰᠢᠭᠦᠯᠵᠦ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠲᠤᠬᠠᠶ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ᠢ | ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠪᠣᠯ ᠨᠡᠭᠡᠭᠡᠯᠳᠠ ᠶᠢ ᠥᠷᠭᠡᠳᠬᠡᠬᠦ ᠶᠢᠨ ᠤᠯᠠᠮ ᠢᠶᠠᠷ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ | ᠪᠣᠯᠤᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ | ᠬᠡᠯᠡᠯᠴᠡᠭᠡᠷ ᠢ ᠬᠦᠴᠦᠨ ᠲᠠᠢ ᠪᠣᠯᠭᠠᠭᠰᠠᠨ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠵᠣᠯᠭᠠᠭᠤᠯᠬᠤ ᠪᠡᠯᠡᠳᠬᠡᠯ ᠠᠵᠢᠯ ᠢ ᠲᠦᠷᠭᠡᠳᠬᠡᠬᠦ ᠬᠡᠷᠡᠭᠲᠡᠢ᠃ | ᠣᠳᠣᠬᠠᠨ ᠳᠤ ᠬᠡᠯᠡᠯᠴᠡᠭᠡᠷ ᠤᠨ ᠵᠦᠢᠯ ᠵᠤᠷᠪᠤᠰ ᠲᠤ ᠬᠠᠤᠯᠢ ᠴᠠᠭᠠᠵᠠ ᠶᠢᠨ ᠬᠢᠨᠠᠨ ᠪᠠᠶᠢᠴᠠᠭᠠᠯᠲᠠ ᠬᠢᠬᠦ᠂ ᠪᠠᠷᠠᠭᠠᠨ ᠤ ᠠᠷᠠᠯᠵᠢᠶᠠᠨ ᠤ ᠪᠣᠭᠤᠮᠲᠠ ᠶᠢᠨ ᠭᠠᠶᠢᠯᠢ ᠶᠢ | ᠬᠦᠩᠭᠡᠯᠡᠬᠦ ᠠᠮᠠᠯᠠᠯᠲᠠ ᠶᠢᠨ ᠬᠦᠰᠦᠨᠦᠭᠲᠦ ᠶᠢ ᠬᠤᠪᠢᠷᠠᠭᠤᠯᠬᠤ ᠲᠥᠰᠦᠯ ᠢ ᠨᠢᠭᠡᠨᠲᠡ ᠲᠣᠭᠲᠠᠭᠠᠵᠤ ᠳᠠᠭᠤᠰᠬᠠᠭᠠᠳ᠂ ᠣᠬ ᠭᠠᠷᠤᠯᠲᠠ ᠶᠢᠨ ᠭᠠᠵᠠᠷ ᠤᠨ | ᠬᠤᠷᠠᠮᠳᠤᠭᠤᠯᠭ᠎ᠠ ᠶᠢᠨ ᠲᠦᠷᠢᠮ ᠢ ᠬᠡᠷᠡᠭᠵᠢᠭᠦᠯᠬᠦ ᠮᠡᠷᠭᠡᠵᠢᠯ ᠤᠨ ᠪᠡᠯᠡᠳᠬᠡᠯ ᠨᠢ ᠮᠥᠨ ᠴᠢᠨᠠᠷ ᠤᠨ ᠠᠬᠢᠯᠲᠠ ᠲᠠᠢ ᠪᠤᠯᠵᠤ᠂ ᠬᠡᠯᠡᠯᠴᠡᠭᠡᠷ ᠲᠤ ᠬᠤᠯᠪᠣᠭᠳᠠᠭᠰᠠᠨ 701 | ᠵᠦᠢᠯ ᠤᠨ ᠬᠢᠵᠠᠭᠠᠷᠯᠠᠬᠤ ᠴᠢᠨᠠᠷᠲᠠᠢ ᠡᠭᠦᠷᠭᠡ ᠶᠢᠨ 85% ᠨᠢ ᠨᠢᠭᠡᠨᠲᠡ ᠭᠦᠢᠴᠡᠳᠬᠡᠬᠦ ᠪᠡᠯᠡᠳᠬᠡᠯ ᠢᠶᠠᠨ ᠰᠠᠶᠢᠲᠤᠷ ᠬᠢᠭᠰᠡᠨ ᠪᠠᠶᠢᠨ᠎ᠠ᠃ ᠳᠠᠷᠠᠭᠠᠴᠢ ᠶᠢᠨ | ᠠᠯᠬᠤᠮ ᠳᠤ᠂ ᠠᠵᠠ ᠲᠣᠬᠢᠶᠠᠯ ᠢ ᠠᠮᠵᠢᠵᠤ᠂ ᠥᠷᠢᠰᠥᠯᠳᠦᠭᠡᠨ ᠢ ᠠᠷᠭᠠᠴᠠᠭᠠᠬᠤ ᠬᠡᠷᠡᠭᠲᠡᠢ᠃ ᠨᠢᠭᠡ ᠳᠤ ᠣᠬ ᠭᠠᠷᠤᠯᠲᠠ ᠶᠢᠨ ᠭᠠᠵᠠᠷ ᠤᠨ ᠬᠤᠷᠠᠮᠳᠤᠭᠤᠯᠭ᠎ᠠ ᠶᠢᠨ | ᠲᠦᠷᠢᠮ ᠢ ᠬᠡᠷᠡᠭᠵᠢᠭᠦᠯᠬᠦ ᠨᠢ ᠪᠣᠭᠤᠮᠲᠠ ᠶᠢᠨ ᠭᠠᠶᠢᠯᠢ ᠶᠢᠨ ᠬᠠᠷᠠᠭᠠᠯᠵᠠᠯ ᠢ ᠬᠦᠷᠲᠡᠬᠦ ᠪᠠᠷᠢᠮᠵᠢᠶ᠎ᠠ ᠶᠢ ᠪᠠᠭᠤᠷᠠᠭᠤᠯᠬᠤ᠂ ᠣᠷᠣᠨ ᠪᠦᠰᠡ ᠶᠢᠨ ᠳᠣᠲᠣᠷᠠᠬᠢ | ᠠᠷᠠᠯᠵᠢᠶᠠᠨ ᠤ ᠬᠠᠮᠲᠤᠷᠠᠯᠴᠠᠭ᠎ᠠ ᠶᠢ ᠠᠬᠢᠭᠤᠯᠬᠤ᠂ ᠣᠷᠣᠨ ᠪᠦᠰᠡ ᠶᠢᠨ ᠠᠵᠤ ᠦᠶ᠋ᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠲᠣᠭᠲᠠᠪᠤᠷᠢᠵᠢᠭᠤᠯᠬᠤ ᠪᠠ | ᠴᠢᠩᠭᠠᠳᠬᠠᠬᠤ ᠳᠤ ᠠᠰᠢᠭᠲᠠᠢ ᠪᠠᠶᠢᠬᠤ ᠶᠢ ᠭᠦᠢᠴᠡᠳ ᠲᠠᠨᠢᠵᠦ᠂ ᠤᠯᠤᠰ ᠤᠨ ᠳᠣᠲᠣᠭᠠᠳᠤ ᠶᠢᠨ ᠬᠠᠮᠢᠶ᠎ᠠ ᠪᠥᠬᠦᠶ ᠬᠠᠮᠢᠶᠠᠷᠤᠯᠲᠠ ᠶᠢᠨ ᠲᠦᠷᠢᠮ ᠤᠨ | ᠥᠭᠡᠷᠡᠴᠢᠯᠡᠯᠲᠡ ᠶᠢ ᠱᠠᠯᠠᠪᠳᠠᠨ ᠠᠬᠢᠭᠤᠯᠵᠤ᠂ ᠣᠬ ᠭᠠᠷᠤᠯᠲᠠ ᠶᠢᠨ ᠭᠠᠵᠠᠷ ᠤᠨ ᠬᠠᠮᠢᠶᠠᠷᠤᠯᠲᠠ ᠶᠢᠨ ᠠᠷᠭ᠎ᠠ ᠪᠣᠯᠤᠨ ᠬᠡᠷᠡᠭᠵᠢᠭᠦᠯᠬᠦ ᠵᠢᠯᠣᠭᠤᠳᠤᠮᠵᠢ ᠶᠢ | ᠲᠣᠭᠲᠠᠭᠠᠨ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠪᠦᠷᠢᠨᠰᠢᠭᠦᠯᠵᠦ᠂ ᠬᠠᠮᠢᠶ᠎ᠠ ᠪᠥᠬᠦᠶ ᠮᠡᠷᠭᠡᠵᠢᠯ ᠤᠨ ᠪᠡᠯᠡᠳᠬᠡᠯ ᠢ ᠬᠠᠨᠳᠤᠯᠭᠠᠲᠤ ᠴᠢᠨᠠᠷᠲᠠᠶ ᠪᠠᠷ ᠰᠠᠶᠢᠲᠤᠷ | ᠬᠢᠵᠦ᠂ ᠬᠡᠯᠡᠯᠴᠡᠭᠡᠷ ᠬᠦᠴᠦᠨ ᠲᠠᠢ ᠪᠣᠯᠤᠮᠠᠭᠴᠠ ᠳᠠᠷᠦ᠋ᠢᠬᠠᠨ ᠪᠤᠲᠠᠲᠠᠶᠢᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ ᠬᠡᠯᠡᠯᠴᠡᠭᠡᠷ ᠢ | ᠬᠡᠷᠡᠭᠵᠢᠭᠦᠯᠦᠭᠰᠡᠨ ᠤ ᠳᠠᠷᠠᠭᠠᠬᠢ ᠨᠡᠩ ᠨᠡᠭᠡᠭᠡᠯᠲᠡᠲᠡᠢ ᠣᠷᠴᠢᠨ ᠨᠥᠬᠦᠴᠡᠯ ᠪᠠ ᠥᠷᠢᠰᠥᠯᠳᠦᠭᠡᠨ ᠨᠡᠩ ᠬᠠᠩᠭᠠᠯᠲᠠᠲᠠᠢ ᠪᠣᠯᠬᠤ ᠰᠢᠨ᠎ᠡ ᠪᠠᠶᠢᠳᠠᠯ ᠳᠤ ᠵᠣᠬᠢᠴᠠᠭᠤᠯᠤᠨ᠂ | ᠳᠡᠯᠡᠬᠡᠢ ᠶᠢᠨ ᠲᠡᠷᠢᠭᠦᠨ ᠤ ᠠᠵᠤ ᠦᠢᠯᠡᠰ ᠤᠨ ᠬᠢᠷᠢ ᠲᠦᠪᠰᠢᠨ ᠢᠶᠠᠷ ᠪᠠᠷᠢᠮᠵᠢᠶᠠᠯᠠᠵᠤ᠂ ᠮᠠᠨ ᠤ ᠤᠯᠤᠰ ᠤᠨ ᠦᠢᠯᠡᠳᠬᠦ ᠦᠢᠯᠡᠰ ᠤᠨ ᠶᠠᠰᠤ ᠴᠢᠨᠠᠷ ᠤᠨ ᠪᠠᠷᠢᠮᠵᠢᠶ᠎ᠠ | ᠂ ᠲᠦᠷᠢᠮ ᠵᠡᠷᠭᠡ ᠶᠢ ᠡᠮᠬᠢᠯᠡᠨ ᠪᠦᠷᠢᠨᠰᠢᠭᠦᠯᠵᠦ᠂ ᠦᠢᠯᠡᠳᠬᠦ ᠦᠢᠯᠡᠰ ᠤᠨ ᠳᠤᠮᠳᠠ ᠳᠡᠭᠡᠳᠦ ᠦᠵᠦᠭᠦᠷ ᠲᠡᠶᠢᠰᠢ ᠳᠠᠪᠰᠢᠬᠤ ᠶᠢ ᠠᠬᠢᠭᠤᠯᠵᠤ᠂ ᠦᠢᠯᠡᠳᠬᠦᠨ ᠤ | ᠶᠠᠰᠤ ᠴᠢᠨᠠᠷ ᠢ ᠳᠡᠭᠡᠭᠰᠢᠯᠡᠭᠦᠯᠦᠨ ᠲᠡᠰ ᠳᠡᠪᠰᠢᠭᠦᠯᠵᠦ᠂ ᠵᠠᠬ᠎ᠠ ᠳᠡᠯᠭᠡᠭᠦᠷ ᠤᠨ ᠦᠷᠢᠰᠤᠯᠳᠤᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ᠃ ᠡᠭᠦᠨ ᠤ ᠬᠠᠮᠲᠤ | ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠤᠯᠠᠮ ᠨᠢᠭᠡ ᠠᠯᠬᠤᠮ ᠥᠷᠭᠡᠳᠬᠡᠬᠦ ᠶᠢᠨ ᠲᠣᠭᠤᠷᠢᠨ ᠳᠤ᠂ ᠪᠠᠷᠢᠮᠵᠢᠶ᠎ᠠ ᠶᠢ ᠳᠡᠭᠡᠭᠰᠢᠯᠡᠭᠦᠯᠬᠦ᠂ ᠳᠦᠷᠢᠮ ᠢ | ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠡᠯᠡᠯᠴᠡᠭᠡᠷ ᠤᠨ | ᠲᠣᠭᠲᠠᠭᠠᠯ ᠲᠠᠢ ᠬᠠᠷᠢᠴᠠᠭᠤᠯᠤᠨ ᠤᠯᠤᠰ ᠤᠨ ᠳᠣᠲᠣᠭᠠᠳᠤ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠶᠢ ᠱᠠᠯᠠᠪᠳᠠᠨ ᠪᠦᠷᠢᠨᠰᠢᠭᠦᠯᠵᠦ᠂ | ᠭᠤᠣᠯᠳᠠᠯᠭ᠎ᠠ ᠲᠠᠢ ᠬᠦᠷᠢᠶ᠎ᠡ ᠶᠢ ᠰᠣᠩᠭᠤᠵᠤ ᠠᠵᠢᠯ ᠲᠦᠷᠦᠯ ᠬᠤᠪᠢᠶᠠᠨ ᠬᠡᠷᠡᠭᠵᠢᠭᠦᠯᠬᠦ ᠲᠥᠰᠦᠯ ᠲᠣᠭᠲᠠᠭᠠᠬᠤ ᠶᠢᠨ ᠬᠠᠮᠲᠤ ᠪᠦᠷᠢᠯᠳᠦᠬᠦᠨ ᠤᠯᠤᠰ ᠤᠨ | ᠪᠣᠭᠤᠮᠲᠠ ᠶᠢᠨ ᠭᠠᠶᠢᠯᠢ ᠶᠢᠨ ᠠᠮᠠᠯᠠᠯᠲᠠ ᠶᠢᠨ ᠬᠦᠰᠦᠨᠦᠭᠲᠦ ᠪᠠᠨ ᠬᠤᠪᠢᠷᠠᠭᠤᠯᠬᠤ᠂ ᠦᠢᠯᠡᠳᠬᠦᠨ ᠤ ᠣᠨᠴᠠᠭᠠᠢ ᠣᠬ ᠭᠠᠷᠤᠯᠲᠠ ᠶᠢᠨ ᠭᠠᠵᠠᠷ ᠤᠨ ᠲᠦᠷᠢᠮ ᠢ | ᠬᠤᠪᠢᠷᠠᠭᠤᠯᠤᠨ ᠭᠡᠪᠯᠡᠬᠦ᠂ ᠣᠬ ᠭᠠᠷᠤᠯᠲᠠ ᠶᠢᠨ ᠭᠠᠵᠠᠷ ᠤᠨ ᠲᠦᠷᠢᠮ ᠢ ᠬᠡᠷᠡᠭᠵᠢᠭᠦᠯᠬᠦ ᠶᠢ ᠵᠢᠯᠣᠭᠤᠳᠤᠨ ᠵᠥᠪᠳᠡᠯᠴᠡᠬᠦ ᠪᠠᠨ ᠲᠦᠷᠭᠡᠯᠡᠨ ᠦᠷᠨᠢᠭᠦᠯᠬᠦ ᠶᠢ | ᠠᠬᠢᠭᠤᠯᠵᠤ᠂ ᠬᠡᠯᠡᠯᠴᠡᠭᠡᠷ ᠢ ᠬᠦᠴᠦᠨ ᠲᠠᠢ ᠪᠣᠯᠭᠠᠵᠤ ᠬᠡᠷᠡᠭᠵᠢᠭᠦᠯᠬᠦ ᠲᠦᠷᠢᠮ ᠤᠨ ᠪᠠᠲᠤᠯᠠᠭ᠎ᠠ ᠶᠢ ᠣᠯᠭᠤᠬᠤ ᠬᠡᠷᠡᠭᠲᠡᠢ᠃ ᠭᠤᠷᠪᠠ ᠳᠤ ᠬᠡᠯᠡᠯᠴᠡᠭᠡᠷ ᠢ ᠬᠡᠷᠡᠭᠵᠢᠭᠦᠯᠬᠦ | ᠬᠠᠮᠢᠶ᠎ᠠ ᠪᠦᠬᠦᠢ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠶᠢᠯᠠᠯ ᠢᠯᠠᠩᠭᠤᠶ᠎ᠠ ᠵᠢᠵᠢᠭ ᠪᠢᠴᠢᠯ ᠠᠵᠤ ᠠᠬᠤᠶᠢᠯᠠᠯ ᠢ ᠬᠠᠪᠰᠤᠷᠤᠨ | ᠬᠡᠯᠡᠯᠴᠡᠭᠡᠷ ᠤᠨ ᠲᠦᠷᠢᠮ ᠤᠨ ᠠᠭᠤᠯᠭ᠎ᠠ ᠪᠠ ᠪᠦᠷᠢᠯᠳᠦᠬᠦᠨ ᠤᠯᠤᠰ ᠤᠨ ᠪᠣᠭᠤᠮᠲᠠ ᠶᠢᠨ ᠭᠠᠶᠢᠯᠢ ᠶᠢ ᠬᠦᠩᠭᠡᠯᠡᠬᠦ ᠪᠠᠶᠢᠳᠠᠯ ᠢ ᠣᠶᠢᠯᠠᠭᠠᠭᠤᠯᠵᠤ᠂ ᠣᠬ | ᠭᠠᠷᠤᠯᠲᠠ ᠶᠢᠨ ᠭᠠᠵᠠᠷ ᠤᠨ ᠦᠨᠡᠮᠯᠡᠯ ᠭᠤᠶᠤᠴᠢᠯᠠᠨ ᠠᠪᠬᠤ ᠳᠡᠰ ᠳᠠᠷᠠᠭᠠᠯᠠᠯ᠂ ᠭᠡᠷᠡᠴᠢᠯᠡᠬᠦ ᠮᠠᠲ᠋ᠧᠷᠢᠶᠠᠯ ᠵᠡᠷᠭᠡ ᠱᠠᠭᠠᠷᠳᠠᠯᠭ᠎ᠠ ᠶᠢ ᠪᠣᠯᠪᠠᠰᠤᠷᠠᠩᠭᠤᠢ ᠡᠵᠡᠮᠰᠢᠭᠦᠯᠬᠦ | ᠬᠡᠷᠡᠭᠲᠡᠢ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠯᠭᠠᠮ ᠰᠡᠳᠬᠢᠯᠭᠡ ᠶᠢ ᠨᠢ ᠴᠢᠩᠭᠠᠷᠠᠭᠤᠯᠵᠤ᠂ | ᠲᠤᠰᠬᠠᠶ ᠮᠡᠷᠭᠡᠵᠢᠯ ᠤᠨ ᠵᠣᠷᠢᠭ ᠰᠠᠨᠠᠭ᠎ᠠ ᠪᠠ ᠨᠢᠭᠲᠠ ᠠᠴᠠ ᠨᠢᠭᠲᠠ ᠪᠠᠶᠢᠬᠤ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠬᠠᠮᠢᠶᠠᠷᠤᠯᠲᠠ ᠶᠢᠨ ᠬᠢᠷᠢ | ᠲᠦᠪᠰᠢᠨ ᠢ ᠨᠢ ᠳᠡᠭᠡᠭᠰᠢᠯᠡᠭᠦᠯᠵᠦ᠂ ᠣᠯᠠᠨ ᠤᠯᠤᠰ ᠤᠨ ᠬᠠᠮᠲᠤᠷᠠᠯᠴᠠᠭ᠎ᠠ ᠬᠢᠭᠡᠳ ᠥᠷᠢᠰᠥᠯᠳᠦᠭᠡᠨ ᠳᠤ ᠣᠷᠣᠯᠴᠠᠬᠤ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ | ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠤᠨ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠪᠣᠯ ᠵᠠᠬ᠎ᠠ ᠳᠡᠯᠭᠡᠭᠦᠷ ᠤᠨ ᠠᠵᠤ | ᠠᠬᠤᠢ ᠶᠢᠨ ᠬᠡᠪ ᠤᠨ ᠦᠵᠡᠭᠳᠡᠯ ᠪᠣᠯᠤᠨ᠎ᠠ᠃ ᠳᠠᠮᠫᠤᠷᠠᠬᠤ ᠶᠣᠰᠣᠲᠠᠶ ᠠᠵᠤ ᠠᠬᠤᠶᠢᠯᠠᠯ ᠢᠯᠠᠩᠭᠤᠶ᠎ᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠤᠴᠠᠨ | ᠭᠠᠷᠬᠤ ᠢᠵᠢ ᠪᠦᠷᠢᠳᠦᠭᠦᠯᠦᠯ ᠤᠨ ᠲᠥᠷᠥ ᠶᠢᠨ ᠪᠣᠳᠣᠯᠭ᠎ᠠ ᠶᠢ ᠲᠦᠷᠭᠡᠯᠡᠨ ᠪᠦᠷᠢᠨᠰᠢᠭᠦᠯᠵᠦ᠂ ᠪᠤᠴᠠᠨ ᠭᠠᠷᠬᠤ ᠳᠤ ᠬᠦᠴᠢᠷᠲᠡᠶ ᠪᠠᠶᠢᠬᠤ ᠠᠰᠠᠭᠤᠳᠠᠯ ᠢ | ᠰᠢᠶ᠋ᠳᠪᠦᠷᠢᠯᠡᠬᠦ ᠨᠢ ᠬᠦᠴᠦᠨ ᠵᠦᠢᠯ ᠤᠨ ᠲᠣᠬᠢᠷᠠᠭᠤᠯᠤᠯᠲᠠ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠪᠠᠷᠢᠯ | ᠮᠥᠨ᠃ ᠨᠢᠭᠡ ᠳᠤ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠳᠦᠭᠦᠮ ᠠᠪᠰᠠᠷᠬᠠᠨ ᠢᠶᠠᠷ ᠬᠦᠴᠦᠨ ᠥᠬᠡᠶ ᠪᠣᠯᠭᠠᠬᠤ ᠲᠦᠷᠢᠮ ᠢ ᠪᠦᠷᠢᠨᠰᠢᠭᠦᠯᠵᠦ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠢ ᠡᠷᠭᠢᠯᠡᠬᠦ ᠳᠤ ᠲᠥᠬᠦᠮ ᠲᠦᠳᠡ ᠪᠠᠶᠢᠬᠤ ᠶᠢᠨ ᠬᠠᠮᠲᠤ ᠪᠤᠴᠠᠨ ᠭᠠᠷᠬᠤ ᠳᠤ ᠴᠦ ᠲᠥᠬᠦᠮ ᠪᠣᠯᠭᠠᠵᠤ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠪᠦᠲᠦᠴᠡ ᠶᠢ ᠰᠠᠶᠢᠵᠢᠷᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ᠃ | ᠬᠤᠶᠠᠷ ᠲᠤ ᠠᠵᠤ ᠠᠬᠤᠶᠢᠯᠠᠯ ᠤᠨ ᠳᠠᠮᠫᠤᠷᠠᠬᠤ ᠪᠠ ᠪᠤᠴᠠᠨ ᠭᠠᠷᠬᠤ ᠪᠠᠶᠢᠳᠠᠯ ᠢ ᠢᠯᠡ ᠨᠡᠶᠢᠲᠡᠯᠡᠬᠦ ᠳᠦᠷᠢᠮ ᠢ ᠪᠠᠶᠢᠭᠤᠯᠵᠤ᠂ ᠠᠵᠤ ᠠᠬᠤᠶᠢᠯᠠᠯ ᠤᠨ ᠳᠠᠮᠫᠤᠷᠠᠬᠤ ᠪᠠ | ᠪᠤᠴᠠᠨ ᠭᠠᠷᠬᠤ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤ ᠨᠢ ᠢᠯᠡ ᠪᠠᠷ ᠬᠠᠶᠢᠨ ᠯᠠᠪᠯᠠᠵᠤ ᠪᠣᠯᠬᠤ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠳᠤ ᠣᠷᠣᠭᠤᠯᠵᠤ᠂ ᠢᠲᠡᠭᠡᠮᠵᠢ ᠶᠢᠨ ᠲᠣᠭᠲᠠᠴᠠ ᠶᠢᠨ ᠪᠠᠶᠢᠭᠤᠯᠤᠯᠲᠠ ᠶᠢ ᠪᠦᠷᠢᠨᠰᠢᠭᠦᠯᠦᠨ᠂ ᠡᠷᠬᠡ ᠲᠡᠭᠰᠢ ᠪᠠᠷ ᠥᠷᠢᠰᠥᠯᠳᠦᠬᠦ ᠶᠢ ᠠᠬᠢᠭᠤᠯᠬᠤ ᠬᠡᠷᠡᠭᠲᠡᠶ᠃ | ᠭᠤᠷᠪᠠ ᠳᠤ ᠳᠠᠮᠫᠤᠷᠠᠯ ᠤᠨ ᠳᠡᠰ ᠳᠠᠷᠠᠭᠠᠯᠠᠯ ᠢ ᠬᠠᠤᠯᠢ ᠶᠣᠰᠣᠭᠠᠷ ᠵᠢᠷᠤᠮᠵᠢᠭᠤᠯᠤᠨ ᠠᠬᠢᠭᠤᠯᠬᠤ ᠶᠢ ᠪᠠᠲᠤᠯᠠᠵᠤ᠂ ᠬᠠᠮᠢᠶᠠᠷᠤᠭᠴᠢ ᠶᠢᠨ ᠲᠦᠷᠢᠮ ᠢ ᠪᠦᠷᠢᠨᠰᠢᠭᠦᠯᠦᠨ᠂ | ᠬᠠᠮᠢᠶᠠᠷᠤᠭᠴᠢ ᠶᠢᠨ ᠬᠠᠤᠯᠢ ᠶᠣᠰᠣᠭᠠᠷ ᠲᠤᠰᠢᠶᠠᠯ ᠢᠶᠠᠨ ᠭᠦᠢᠴᠡᠳᠬᠡᠬᠦ ᠡᠭᠦᠷᠭᠡ ᠶᠢ ᠴᠢᠩᠭᠠᠳᠬᠠᠵᠤ᠂ ᠠᠪᠴᠠᠭᠠᠲᠠᠨ ᠤ ᠺᠣᠮᠢᠰ᠂ ᠵᠢᠭᠡᠯᠡᠯᠭᠡ ᠶᠢᠨ ᠲᠡᠮᠳᠡᠭ | ᠡᠵᠡᠮᠰᠢᠭᠴᠢ ᠶᠢᠨ ᠬᠤᠷᠠᠯᠳᠤᠭᠠᠨ ᠵᠡᠷᠭᠡ ᠶᠢᠨ ᠵᠣᠬᠢᠴᠠᠭᠤᠯᠤᠨ ᠵᠥᠪᠳᠡᠯᠴᠡᠬᠦ ᠦᠢᠯᠡᠳᠦᠯ ᠢ ᠨᠢ ᠪᠠᠳᠠᠷᠠᠭᠤᠯᠤᠨ᠂ ᠠᠵᠢᠯᠳᠠᠨ ᠠᠵᠢᠯᠴᠢᠨ ᠪᠠ ᠠᠪᠴᠠᠭᠠᠲᠠᠨ᠂ ᠪᠡᠯᠡ | ᠣᠷᠣᠭᠤᠯᠤᠭᠴᠢ ᠵᠡᠷᠭᠡ ᠶᠢᠨ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠶᠢᠯᠠᠯ ᠤᠨ ᠳᠠᠮᠫᠤᠷᠠᠬᠤ ᠪᠤᠶᠤ ᠪᠤᠴᠠᠨ ᠭᠠᠷᠬᠤ ᠳᠤᠮᠳᠠᠬᠢ ᠮᠠᠭᠤ | ᠰᠠᠨᠠᠭᠠᠯᠠᠵᠤ ᠥᠷᠢ ᠠᠴᠠ ᠵᠠᠶᠢᠯᠠᠬᠤ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |