ᠤᠷᠠᠳ ᠤᠨ ᠡᠮᠦᠨᠡᠲᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2021/3/10
     ᠣᠶᠢᠷ᠎ᠠ ᠶᠢᠨ ᠡᠳᠦᠷ᠂ ᠡᠮᠦᠨᠡᠲᠦ ᠬᠤᠰᠢᠭᠤᠨ ᠤ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠨᠢ ᠰᠤᠶᠤᠯ ᠲᠠᠮᠢᠷ ᠵᠢᠭᠤᠯᠴᠢᠯᠠᠯ ᠷᠠᠳᠢᠤ᠋ ᠲᠧᠯᠸᠢᠰ ᠤᠨ ᠰᠢᠰᠲ᠋ᠧᠮ ᠤᠨ ᠨᠠᠮ ᠤᠨ ᠭᠡᠰᠢᠭᠦᠳ ᠤᠨ ︵ᠦᠷᠭᠡᠳᠬᠡᠭᠰᠡᠨ︶ ᠬᠤᠷᠠᠯᠳᠤᠭᠠᠨ ᠵᠢᠴᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠰᠠᠭᠤᠳᠠᠯ ᠤᠨ ᠬᠤᠷᠠᠯ ᠬᠢᠪᠡ᠃      ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠰᠤᠷᠭᠠᠭᠤᠯᠢ ᠶᠢᠨ ᠪᠠᠭᠰᠢ ᠯᠢ ᠶᠠᠨ ᠵᠢᠦ᠋ᠨ ᠢ ᠣᠷᠢᠨ᠂ ᠲᠤᠰ ᠲᠣᠪᠴᠢᠶ᠎ᠠ ᠶᠢᠨ130 ᠭᠠᠷᠤᠢ ᠨᠠᠮ ᠤᠨ ᠭᠡᠰᠢᠭᠦᠨ ᠳᠤ《 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠶ᠎ᠠ》 ᠭᠡᠰᠡᠨ ᠲᠤᠰᠬᠠᠢ ᠰᠡᠳᠦᠪᠲᠦ ᠬᠢᠴᠢᠶᠡᠯ ᠣᠷᠤᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠲᠣᠭᠤᠷᠢᠨ ᠳᠤ  ᠠᠭᠤᠯᠤᠭᠳᠠᠬᠤᠨ ᠲᠠᠢ᠂ ᠣᠯᠠᠨ ᠦᠨᠳᠦᠰᠦᠲᠡᠨ ᠲᠠᠢ᠂ ᠨᠢᠭᠡᠳᠦᠯᠲᠡᠢ ᠤᠯᠤᠰ ᠢ ᠪᠠᠶᠢᠭᠤᠯᠬᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠶᠢᠨ ᠦᠢᠯᠡᠳᠦᠯᠭᠡ ᠶᠢᠨ ᠰᠠᠭᠤᠷᠢ᠂ ᠦᠨᠳᠦᠰᠦᠲᠡᠨ ᠤ ᠣᠷᠤᠨ ᠤ ᠦᠪᠡᠷᠲᠡᠭᠡᠨ ᠵᠠᠰᠠᠬᠤ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠶᠢᠨ ᠪᠦᠲᠦᠮᠵᠢᠲᠡᠢ ᠳᠦᠷᠢᠮ ᠲᠣᠭᠲᠠᠭᠠᠯ᠂ ᠦᠨᠳᠦᠰᠦᠲᠡᠨ ᠤ ᠣᠷᠤᠨ ᠤ ᠶᠡᠷᠦᠩᠬᠡᠶᠢᠯᠡᠭᠰᠡᠨ ᠬᠦᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠣᠭᠴᠠᠯᠠᠬᠤ ᠡᠭᠦᠰᠦᠯᠲᠡ ᠶᠢᠨ ᠴᠡᠭ ᠪᠠ ᠲᠣᠰᠤᠯᠲᠠ ᠶᠢᠨ ᠴᠡᠭ ᠪᠣᠯᠬᠤ ᠲᠣᠬᠠᠢ ᠳᠦᠷᠪᠡᠨ ᠲᠠᠯ᠎ᠠ ᠪᠠᠷ ᠭᠦᠨᠵᠡᠭᠡᠢ ᠪᠦᠭᠡᠳ ᠣᠶᠢᠯᠠᠭᠠᠮᠵᠢᠲᠠᠢ ᠲᠠᠶᠢᠯᠪᠦᠷᠢ ᠬᠢᠪᠡ᠃ ᠶᠠᠷᠢᠬᠤ ᠳᠤᠮᠳᠠ ᠪᠠᠭᠰᠢ ᠠᠴᠠ ᠴᠠᠭ ᠦᠶ᠎ᠡ ᠶᠢᠨ ᠪᠠᠶᠢᠳᠠᠯ᠂ ᠦᠨᠳᠦᠰᠦᠨ ᠠᠭᠤᠯᠭ᠎ᠠ᠂ ᠵᠣᠷᠢᠭ ᠰᠠᠨᠠᠭᠠᠨ ᠤ ᠮᠦᠨ ᠴᠢᠨᠠᠷ ᠪᠠ ᠴᠢᠬᠤᠯᠠ ᠦᠵᠡᠯ ᠰᠠᠨᠠᠭᠠᠨ ᠤ ᠲᠠᠯ᠎ᠠ ᠪᠠᠷ ᠭᠦᠨᠵᠡᠭᠡᠢ ᠵᠠᠳᠠᠯᠤᠯᠲᠠ ᠬᠢᠵᠤ᠂ ᠨᠠᠮ ᠤᠨ ᠭᠡᠰᠢᠭᠦᠳ ᠲᠤ ᠨᠢᠭᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠴᠤᠭᠴᠠᠯᠠᠬᠤ ᠬᠤᠯᠪᠤᠭᠳᠠᠯ ᠪᠦᠬᠦᠢ ᠠᠵᠢᠯ ᠤᠨ ᠲᠣᠬᠠᠢ ᠨᠠᠷᠢᠨ ᠲᠣᠳᠤᠷᠬᠠᠢ ᠣᠨᠤᠯ ᠤᠨ ᠰᠠᠭᠤᠷᠢ ᠪᠠ ᠦᠢᠯᠡᠳᠦᠯᠭᠡ ᠠᠴᠠ ᠵᠠᠮ ᠱᠤᠭᠤᠮ ᠤᠨ ᠲᠣᠬᠠᠢ ᠭᠦᠨᠵᠡᠭᠡᠢ ᠵᠠᠳᠠᠯᠤᠯᠲᠠ ᠬᠢᠵᠡᠢ᠃ ᠪᠠᠭᠰᠢ ᠠᠴᠠ ᠦᠨᠳᠦᠰᠦᠲᠡᠨ ᠤ ᠣᠷᠤᠨ ᠤ ᠬᠦᠭᠵᠢᠯᠲᠡ᠂  ᠨᠡᠶᠢᠳᠡᠮ ᠬᠡᠷᠡᠭᠯᠡᠭᠡᠨ ᠤ ᠵᠢᠭᠠᠬᠤ ᠮᠠᠲ᠋ᠧᠷᠢᠶᠠᠯ ᠤᠨ ᠦᠭᠡᠷᠡᠴᠢᠯᠡᠯᠲᠡ ᠵᠢᠴᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠣᠬᠠᠢ ᠠᠭᠤᠯᠭ᠎ᠠ ᠪᠠᠷ ᠨᠠᠷᠢᠨ ᠲᠠᠶᠢᠯᠪᠦᠷᠢᠯᠠᠯᠲᠠ ᠬᠢᠵᠤ᠂ ᠡᠰᠢ ᠪᠠᠷᠢᠮᠲᠠ ᠲᠠᠲᠠᠨ ᠨᠠᠷᠢᠨ ᠲᠣᠳᠤᠷᠬᠠᠢ ᠣᠨᠤᠯ ᠤᠨ ᠮᠡᠳᠡᠯᠭᠡ ᠪᠠ ᠠᠮᠢᠳᠤᠯᠢᠭ ᠳᠦᠷᠰᠦᠯᠢᠭ ᠦᠢᠯᠡᠳᠦᠯᠭᠡ ᠶᠢᠨ ᠲᠣᠷᠰᠢᠯᠭ᠎ᠠ ᠶᠢᠨ ᠲᠠᠯ᠎ᠠ ᠪᠠᠷ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠦᠨᠳᠦᠰᠦᠲᠡᠨ ᠤ ᠪᠦᠯᠬᠦᠮᠳᠡᠯ ᠪᠠ ᠳᠤᠮᠳᠠᠳᠤ ᠶᠢᠨ ᠦᠨᠳᠦᠰᠦᠳᠡᠨ ᠤ ᠶᠡᠭᠡ ᠭᠡᠷ ᠪᠦᠯᠢ ᠶᠢᠨ ᠬᠠᠮᠲᠤ ᠶᠢᠨ ᠦᠵᠡᠯ ᠤᠬᠠᠮᠰᠠᠷ ᠢ ᠪᠦᠬᠦ ᠲᠠᠯ᠎ᠠ ᠪᠠᠷ ᠤᠯᠠᠮ ᠨᠢᠭᠡ ᠠᠯᠬᠤᠮ ᠴᠢᠩᠭᠠᠳᠬᠠᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ