ᠤᠷᠠᠳ ᠤᠨ ᠡᠮᠦᠨᠡᠲᠦ ᠬᠤᠰᠢᠭᠤᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠠᠰᠬᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2021/3/15
      2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠰᠢ ᠶᠢᠨ ᠫᠢᠩ ᠶᠡᠷᠦᠩᠬᠡᠶ ᠱᠦᠵᠢ ᠶᠢᠨ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ᠠᠯᠢ ᠴᠢᠳᠠᠬᠤ ᠪᠠᠷ ᠠᠷᠪᠢᠯᠠᠨ ᠭᠠᠮᠨᠠᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠪᠠᠷᠢᠮᠲᠠᠯᠠᠵᠤ᠂ ᠪᠠᠭ᠎ᠠ ᠪᠠᠭ᠎ᠠ ᠪᠠᠷ ᠡᠬᠢᠯᠡᠨ ᠬᠢᠵᠦ᠂ ᠵᠢᠵᠢᠭ ᠵᠦᠢᠯ ᠳᠡᠭᠡᠷ᠎ᠡ ᠢᠯᠡᠷᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠢ ᠵᠣᠷᠢᠭᠵᠢᠭᠤᠯᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯ ᠤᠨ ᠬᠠᠮ ᠬᠦᠴᠦᠨ ᠢ ᠪᠦᠷᠢᠯᠳᠦᠭᠦᠯᠵᠦ᠂ ︽ᠠᠷᠤ ᠭᠠᠵᠠᠷ ᠤᠨ ᠵᠢᠶᠠᠩᠨᠠᠨ ᠣᠷᠣᠨ᠂ ᠪᠣᠬᠢᠷᠲᠤᠯ ᠥᠬᠡᠶ ᠪᠠᠷ ᠬᠥᠭᠵᠢᠨ ᠮᠠᠨᠳᠤᠬᠤ︾ ᠦᠢᠯᠡᠳᠦᠯᠭᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠳᠠᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠪᠥᠬᠦ ᠰᠠᠭᠤᠭᠠᠯᠢ ᠠᠷᠠᠳ ᠵᠢᠴᠢ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ ᠳᠤ ᠣᠨᠴᠠᠭᠠᠶᠢᠯᠠᠨ ᠳᠣᠤᠷᠠᠬᠢ ᠮᠡᠲᠦ ᠰᠠᠨᠠᠭᠠᠴᠢᠯᠠᠭ᠎ᠠ ᠶᠢ  ᠭᠠᠷᠭᠠᠶ᠎ᠠ᠄      ᠨᠢᠭᠡ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠦᠵᠡᠯᠲᠡ ᠶᠢᠨ ᠰᠠᠨᠠᠭᠠᠴᠢᠯᠠᠭᠴᠢ ᠪᠣᠯᠤᠶ᠎ᠠ      ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠲᠤᠬᠠᠶ ᠰᠠᠨᠠᠭᠠᠰᠢᠷᠠᠬᠤ ᠤᠬᠠᠮᠰᠠᠷ ᠢ ᠨᠡᠮᠡᠭᠳᠡᠭᠦᠯᠵᠦ᠂ ᠠᠷᠪᠢᠯᠠᠨ ᠭᠠᠮᠨᠠᠬᠤ ᠡᠷᠡᠭᠦᠯ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠡᠷᠬᠢᠮᠯᠡᠨ᠂ ᠡᠯ᠎ᠡ ᠠᠵᠢᠯ ᠲᠦᠷᠦᠯ ᠤᠨ ᠡᠨᠧᠷᠭᠢ ᠶᠢᠨ ᠰᠤᠷᠪᠤᠯᠵᠢ ᠶᠢ ᠠᠷᠪᠢᠯᠠᠬᠤ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠬᠢᠷᠲᠤᠯ ᠥᠬᠡᠶ ᠡᠷᠡᠭᠦᠯ ᠮᠡᠨᠳᠦ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ ᠠᠷᠪᠢᠲᠠᠶ ᠡᠷᠴᠢᠮᠯᠢᠭ ᠣᠷᠴᠢᠯ ᠠᠰᠢᠭᠯᠠᠬᠤ ᠡᠬᠢ ᠪᠠᠶᠠᠯᠢᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠦᠵᠡᠯ ᠤᠬᠠᠮᠰᠠᠷ ᠢ ᠴᠢᠩᠭᠠᠷᠠᠭᠤᠯᠤᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠵᠢᠯ ᠤᠨ ᠵᠣᠬᠢᠶᠠᠨ ᠪᠠᠶᠢᠭᠤᠯᠤᠭᠴᠢ᠂ ᠠᠬᠢᠭᠤᠯᠤᠭᠴᠢ ᠪᠠ ᠬᠢᠨᠠᠯᠲᠠ ᠲᠠᠯᠪᠢᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠦᠵᠡᠯᠲᠡ ᠪᠠ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠬᠡᠷᠡᠭᠯᠡᠭᠡᠨ ᠤ ᠦᠵᠡᠯᠲᠡ ᠶᠢ ᠬᠥᠮᠦᠵᠢᠭᠦᠯᠵᠦ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭᠠᠨ ᠤ ᠳᠠᠳᠬᠠᠯ ᠢ ᠪᠤᠢ ᠪᠣᠯᠭᠠᠨ᠎ᠠ᠃      ᠬᠤᠶᠠᠷ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠦᠵᠡᠯᠲᠡ ᠶᠢᠨ ᠦᠢᠯᠡᠳᠦᠯᠭᠡᠵᠢᠭᠦᠯᠦᠭᠴᠢ ᠪᠣᠯᠤᠶ᠎ᠠ      ︵ᠨᠢᠭᠡ︶  ᠠᠯᠪᠠᠯᠠᠬᠤ ᠳᠤ ᠴᠠᠬᠢᠯᠭᠠᠨ ᠢ ᠠᠷᠪᠢᠯᠠᠵᠤ ᠬᠡᠷᠡᠭᠯᠡᠨ᠎ᠡ᠃ ᠭᠡᠷᠡᠯᠲᠦᠭᠦᠯᠭᠡ ᠳᠤ ᠬᠡᠷᠡᠭᠯᠡᠬᠦ ᠴᠠᠬᠢᠯᠭᠠᠨ ᠢ ᠠᠷᠪᠢᠯᠠᠵᠤ᠂ ᠠᠯᠢ ᠴᠢᠳᠠᠬᠤ ᠪᠠᠷ ᠪᠠᠶᠢᠭᠠᠯᠢ ᠶᠢᠨ ᠬᠡᠷᠡᠯ᠂ ᠦᠳᠡ ᠶᠢᠨ ᠠᠮᠠᠷᠠᠯᠲᠠ ᠪᠤᠶᠤ ᠣᠷᠳᠣ ᠬᠤᠭᠤᠴᠠᠭ᠎ᠠ ᠪᠠᠷ ᠠᠯᠪᠠᠨ ᠬᠡᠷ ᠠᠴᠠ ᠭᠠᠷᠬᠤ ᠬᠤᠭᠤᠴᠠᠭᠠᠨ ᠳᠤ ᠭᠡᠷᠡᠯᠲᠦᠭᠦᠯᠭᠡ ᠶᠢᠨ ᠲᠥᠬᠦᠭᠡᠷᠦᠮᠵᠢ ᠶᠢ ᠬᠠᠭᠠᠬᠤ ᠬᠡᠷᠡᠭᠲᠡᠶ︔ ᠭᠡᠷ ᠳᠣᠲᠣᠷᠠᠬᠢ ᠠᠭᠠᠷ ᠲᠣᠬᠢᠷᠠᠭᠤᠯᠤᠭᠴᠢ ᠶᠢᠨ ᠳᠤᠯᠠᠭᠠᠨ ᠢ ᠴᠢᠩᠭ᠎ᠠ ᠬᠢᠵᠠᠭᠠᠷᠯᠠᠨ᠎ᠠ᠃ ᠴᠠᠬᠢᠯᠭᠠᠨ ᠬᠡᠷᠡᠭᠰᠡᠯ ᠤᠨ ᠲᠥᠬᠦᠭᠡᠷᠦᠮᠵᠢ ᠶᠢ ᠣᠷᠳᠣ ᠬᠤᠭᠤᠴᠠᠭ᠎ᠠ ᠪᠠᠷ ᠬᠡᠷᠡᠭᠯᠡᠬᠦ ᠦᠭᠡᠢ ᠪᠣᠯ ᠴᠠᠬᠢᠯᠭᠠᠨ ᠡᠭᠦᠰᠭᠡᠭᠴᠢ ᠠᠴᠠ ᠨᠢ ᠴᠠᠭ ᠲᠤᠬᠠᠶ ᠳᠤᠨᠢ ᠲᠠᠰᠤᠯᠠᠵᠤ᠂ ᠲᠥᠬᠦᠭᠡᠷᠦᠮᠵᠢ ᠶᠢᠨ ᠲᠣᠬᠢᠶᠠᠯ ᠢ ᠬᠦᠯᠢᠶᠡᠬᠦ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠶ︔ ᠠᠯᠪᠠᠨ ᠠᠰᠠᠷ ᠤᠨ ᠦᠵᠡᠮᠵᠢ ᠶᠢᠨ ᠭᠡᠷᠡᠯᠲᠦᠭᠦᠯᠭᠡ ᠶᠢᠨ ᠰᠢᠰᠲ᠋ᠧᠮ ᠤᠨ ᠨᠡᠭᠡᠭᠡᠬᠦ ᠴᠠᠭ ᠪᠠ ᠳᠠᠪᠲᠠᠮᠵᠢ ᠶᠢ ᠴᠢᠩᠭ᠎ᠠ ᠡᠵᠡᠮᠳᠡᠬᠦ ᠬᠡᠷᠡᠭᠲᠡᠶ︔ ᠠᠯᠪᠠᠯᠠᠬᠤ ᠠᠰᠠᠷ ᠤᠨ ᠳᠥᠷᠪᠡᠳᠦᠭᠡᠷ ᠳᠠᠪᠬᠤᠷᠭ᠎ᠠ ᠠᠴᠠ ᠳᠣᠷᠣᠭᠰᠢᠬᠢ ᠨᠢ ᠴᠠᠬᠢᠯᠭᠠᠨ ᠱᠠᠲᠤᠨ ᠳᠤ ᠰᠠᠭᠤᠬᠤ ᠦᠭᠡᠢ ᠪᠠᠶᠢᠬᠤ ᠶᠢ ᠰᠠᠨᠠᠭᠠᠴᠢᠯᠠᠨ᠎ᠠ᠃      ︵ᠬᠤᠶᠠᠷ︶ ᠡᠨᠧᠷᠭᠢ ᠠᠷᠪᠢᠯᠠᠬᠤ ᠵᠢᠴᠢ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ ᠃ ᠠᠵᠤ ᠠᠬᠤᠶᠢᠯᠠᠯ ᠪᠣᠯ ᠡᠨᠧᠷᠭᠢ ᠠᠷᠪᠢᠯᠠᠬᠤ ᠭᠤᠣᠯ ᠴᠣᠭᠴᠠ ᠮᠥᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯ ᠡᠨᠧᠷᠭᠢ ᠬᠤᠷᠣᠭᠳᠠᠭᠤᠯᠬᠤ ᠲᠤᠮᠤ ᠡᠷᠦᠬᠡ ᠮᠥᠨ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠶᠡᠬᠡᠪᠡᠷ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠨᠳᠥᠷ ᠦᠷ᠎ᠡ ᠠᠰᠢᠭ ᠲᠠᠢ ᠪᠠᠭ᠎ᠠ ᠬᠤᠷᠣᠭᠳᠠᠯ ᠲᠠᠢ ᠦᠢᠯᠡᠳᠪᠦᠷᠢᠯᠡᠯ ᠤᠨ ᠬᠡᠪ ᠵᠠᠭᠪᠤᠷ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠮᠡᠷᠭᠡᠵᠢᠯ ᠤᠨ ᠲᠠᠯ᠎ᠠ ᠪᠠᠷ ᠶᠠᠪᠤᠭᠳᠠᠭᠤᠰᠢᠲᠠᠶ᠂ ᠣᠷᠴᠢᠨ ᠠᠬᠤᠶ ᠪᠠ ᠨᠡᠶᠢᠭᠡᠮ ᠤᠨ ᠳᠠᠭᠠᠭᠠᠵᠤ ᠳᠡᠶᠢᠯᠬᠦ ᠠᠷᠭ᠎ᠠ ᠬᠡᠮᠵᠢᠶ᠎ᠡ ᠶᠢ ᠠᠪᠴᠤ᠂ ᠦᠢᠯᠡᠳᠪᠦᠷᠢᠯᠡᠯ ᠠᠴᠠ ᠬᠡᠷᠡᠭᠯᠡᠭᠡ ᠬᠦᠷᠲᠡᠯᠡᠬᠢ ᠡᠯ᠎ᠡ ᠵᠠᠩᠭᠢᠯᠠᠭ᠎ᠠ ᠶᠢᠨ ᠡᠨᠧᠷᠭᠢ ᠶᠢᠨ ᠬᠤᠬᠢᠷᠠᠯ ᠪᠠ ᠪᠦᠷᠢᠯᠭᠡᠯᠲᠡ ᠶᠢ ᠪᠠᠭᠠᠰᠬᠠᠨ᠎ᠠ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠢᠳᠡᠪᠬᠢᠲᠡᠶ ᠪᠠᠷ ᠰᠢᠯᠢᠵᠤ᠂ ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠪᠦᠲᠦᠴᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠵᠣᠷᠢᠭᠵᠢᠭᠤᠯᠵᠤ᠂ ᠠᠷᠢᠭᠤᠨ ᠴᠡᠪᠡᠷ ᠦᠢᠯᠡᠳᠪᠦᠷᠢᠯᠡᠯ ᠪᠠ ᠡᠬᠢ ᠪᠠᠶᠠᠯᠢᠭ ᠢ ᠲᠦᠷᠦᠯ ᠬᠤᠪᠢᠶᠠᠨ ᠡᠭᠡᠭᠦᠯᠦᠨ ᠬᠤᠷᠢᠶᠠᠵᠤ ᠣᠷᠴᠢᠯᠳᠤᠭᠤᠯᠤᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃     ︵ᠭᠤᠷᠪᠠ︶ ᠪᠣᠬᠢᠷᠲᠤᠯ ᠥᠬᠡᠶ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠨᠢᠭᠡᠴᠡ ᠶᠢ ᠡᠭᠦᠳᠦᠨ ᠪᠠᠶᠢᠭᠤᠯᠤᠨ᠎ᠠ᠃ ᠠᠯᠪᠠᠨ ᠪᠠᠶᠢᠭᠤᠯᠤᠯᠭ᠎ᠠ ᠠᠵᠢᠯ  ᠦᠢᠯᠡᠰ ᠤᠨ ᠨᠢᠭᠡᠴᠡ ᠪᠣᠬᠢᠷᠲᠤᠯ ᠥᠬᠡᠶ ᠦᠢᠯᠡᠳᠭᠦᠨ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠡᠨᠧᠷᠭᠢ ᠠᠷᠪᠢᠯᠠᠬᠤ᠂ ᠤᠰᠤ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠳᠠᠬᠢᠯᠲᠠ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠪᠣᠬᠢᠷᠲᠤᠯ ᠥᠬᠡᠶ ᠦᠢᠯᠡᠳᠭᠦᠨ ᠢ ᠲᠦᠷᠦᠭᠦᠯᠡᠨ ᠬᠤᠳᠠᠯᠳᠤᠨ ᠠᠪᠤᠨ᠎ᠠ᠃ ᠬᠤᠶᠠᠷ ᠲᠠᠯ᠎ᠠ ᠳᠤ ᠴᠠᠭᠠᠰᠤ ᠬᠡᠷᠡᠭᠯᠡᠬᠦ ᠶᠢ ᠰᠠᠨᠠᠭᠠᠴᠢᠯᠠᠵᠤ᠂ ᠨᠢᠭᠡ ᠯᠡ ᠤᠳᠠᠭ᠎ᠠ ᠬᠡᠷᠡᠭᠯᠡᠬᠦ ᠠᠯᠪᠠᠨ ᠭᠡᠷ ᠤᠨ ᠬᠡᠷᠡᠭᠰᠡᠯ ᠢ ᠬᠡᠷᠡᠭᠯᠡᠬᠦ ᠠᠴᠠ ᠵᠠᠶᠢᠯᠠᠰᠬᠢᠵᠦ᠂ ᠠᠯᠪᠠᠨ ᠭᠡᠷ ᠤᠨ ᠬᠡᠷᠡᠭᠰᠡᠯ ᠢ ᠣᠷᠴᠢᠯ ᠠᠰᠢᠭᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠯᠪᠠᠨ ᠶᠠᠪᠤᠳᠠᠯ ᠢᠶᠠᠷ ᠶᠠᠪᠤᠵᠤ ᠰᠠᠭᠤᠬᠤ ᠳᠤ ᠲᠡᠷᠭᠡ ᠨᠡᠶᠢᠯᠡᠭᠦᠯᠬᠦ ᠪᠠ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠶᠢ ᠰᠠᠨᠠᠭᠠᠴᠢᠯᠠᠵᠤ᠂ ᠠᠯᠪᠠᠨ ᠶᠠᠪᠤᠳᠠᠯ ᠤᠨ ᠮᠠᠰᠢᠨ ᠲᠡᠷᠭᠡᠨ ᠤ ᠰᠢᠲᠠᠭᠠᠯᠭ᠎ᠠ ᠶᠢᠨ ᠲᠤᠰᠤ ᠬᠡᠷᠡᠭᠯᠡᠬᠦ ᠬᠡᠮᠵᠢᠶ᠎ᠡ ᠶᠢ ᠴᠢᠷᠮᠠᠶᠢᠨ ᠪᠠᠭᠤᠷᠠᠭᠤᠯᠤᠨ᠎ᠠ᠃ ᠡᠯ᠎ᠡ ᠲᠦᠷᠦᠯ ᠤᠨ ᠠᠯᠪᠠᠨ ᠶᠠᠪᠤᠳᠠᠯ ᠤᠨ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ ᠪᠥᠭᠡᠳ ᠪᠠᠭᠠᠰᠬᠠᠵᠤ᠂ ᠡᠨᠧᠷᠭᠢ ᠶᠢᠨ ᠬᠤᠷᠣᠭᠳᠠᠯ ᠤᠨ ᠵᠠᠷᠤᠳᠠᠯ ᠢ ᠪᠠᠭᠠᠰᠬᠠᠵᠤ᠂ ᠪᠦᠬᠦ ᠠᠷᠠᠳ ᠤᠨ ᠡᠨᠧᠷᠭᠢ ᠠᠷᠪᠢᠯᠠᠬᠤ᠂ ᠠᠷᠪᠢᠯᠠᠨ ᠭᠠᠮᠨᠠᠬᠤ ᠠᠵᠢᠯᠯᠠᠭ᠎ᠠ ᠶᠢᠨ ᠳᠤᠮᠳᠠ ᠦᠯᠢᠭᠡᠷ ᠳᠠᠭᠤᠷᠢᠶᠠᠯ ᠦᠵᠡᠭᠦᠯᠦᠨ᠎ᠡ᠃     ᠭᠤᠷᠪᠠ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠦᠵᠡᠯᠲᠡ ᠶᠢᠨ ᠲᠠᠭᠠᠭᠤᠯᠤᠭᠴᠢ ᠪᠣᠯᠤᠶ᠎ᠠ     ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠡᠩᠨᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠬᠢᠷᠲᠤᠯ ᠦᠭᠡᠢ ᠬᠥᠭᠵᠢᠯᠲᠡ ᠶᠢᠨ  ᠦᠵᠡᠯᠲᠡ ᠶᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠬᠤᠪᠢ ᠬᠥᠮᠦᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢ ᠪᠣᠯᠪᠠᠰᠤᠨ ᠬᠡᠪ ᠪᠣᠯᠪᠠᠰᠤᠷᠠᠯ ᠤᠨ ᠪᠦᠷᠢᠯᠳᠦᠬᠦᠨ ᠬᠡᠰᠡᠭ ᠪᠣᠯᠭᠠᠬᠤ ᠬᠡᠷᠡᠭᠲᠡᠢ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠤᠬᠠᠭᠤᠯᠤᠭᠴᠢ ᠪᠣᠯᠬᠤ ᠪᠠᠷ ᠴᠢᠷᠮᠠᠶᠢᠨ᠎ᠠ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠦᠯᠢᠭᠡᠷ ᠳᠠᠭᠤᠷᠢᠶᠠᠯ ᠪᠤᠯᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠨ ᠲᠠᠶᠢᠴᠢᠯᠠᠵᠤ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠪᠦᠬᠦ ᠨᠡᠶᠢᠭᠡᠮ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠮᠰᠠᠷ ᠢ ᠳᠡᠭᠡᠭᠰᠢᠯᠡᠭᠦᠯᠦᠨ᠎ᠡ᠃ ᠡᠯ᠎ᠡ ᠠᠵᠢᠯ ᠲᠥᠷᠥᠯ᠂ ᠡᠯ᠎ᠡ ᠬᠦᠷᠢᠶᠡᠨ ᠳᠠᠬᠢ ᠡᠨᠧᠷᠭᠢ ᠠᠷᠪᠢᠯᠠᠬᠤ ᠰᠢᠨ᠎ᠡ ᠦᠵᠡᠯᠲᠡ ᠶᠢ ᠪᠣᠶ ᠪᠣᠯᠭᠠᠵᠤ᠂ ᠡᠨᠧᠷᠭᠢ ᠡᠬᠢ ᠪᠠᠶᠠᠯᠢᠭ  ᠲᠤ ᠰᠠᠨᠠᠭᠠᠰᠢᠷᠠᠬᠤ ᠦᠵᠡᠯ ᠤᠬᠠᠮᠰᠠᠷ ᠢ ᠨᠡᠮᠡᠭᠳᠡᠭᠦᠯᠦᠨ᠂ ︽ᠬᠥᠮᠦᠨ ᠪᠦᠬᠦᠨ ᠠᠷᠪᠢᠯᠠᠨ ᠭᠠᠮᠨᠠᠬᠤ ᠶᠢ ᠡᠷᠬᠢᠮᠯᠡᠵᠦ᠂ ᠭᠠᠵᠠᠷ ᠪᠣᠯᠭᠠᠨ ᠳᠤ  ᠦᠢᠯᠡ ᠠᠵᠢᠯᠯᠠᠭ᠎ᠠ ᠲᠠᠢ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠵᠤ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤᠪᠠᠷ ᠴᠣᠭᠴᠠᠯᠠᠨ ᠪᠠᠶᠢᠭᠤᠯᠵᠤ᠂ ᠪᠣᠬᠢᠷᠲᠤᠯ ᠥᠬᠡᠶ ᠰᠢᠨ᠎ᠡ ᠬᠡᠷ ᠣᠷᠣᠨ ᠢ ᠴᠣᠭᠴᠠᠯᠠᠨ ᠪᠠᠶᠢᠭᠤᠯᠤᠨ᠎ᠠ᠃      ᠪᠢᠳᠡ ᠠᠵᠤ ᠠᠬᠤᠶᠢᠯᠠᠯ ᠨᠢᠭᠡᠪᠦᠷᠢ᠂ ᠨᠢᠭᠡᠴᠡ ᠨᠢᠭᠡᠪᠦᠷᠢ᠂ ᠭᠡᠷ ᠪᠦᠯᠢ ᠨᠢᠭᠡᠪᠦᠷᠢ᠂ ᠰᠠᠭᠤᠭᠠᠯᠢ ᠠᠷᠠᠳ ᠨᠢᠭᠡᠪᠦᠷᠢ ᠴᠥᠮ ᠬᠥᠳᠡᠯᠦᠯᠴᠡᠵᠦ᠂ ᠬᠤᠯᠪᠣᠭᠳᠠᠯ ᠪᠦᠬᠦᠢ ᠡᠨᠧᠷᠭᠢ ᠠᠷᠪᠢᠯᠠᠬᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠴᠢᠩᠭ᠎ᠠ ᠰᠠᠬᠢᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠬᠤ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠢᠱᠢᠶᠡᠴᠢ ᠠᠵᠤ ᠠᠬᠤᠶᠢᠯᠠᠯ︾᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ  ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠪᠣᠯᠤᠨ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠰᠢᠯᠢᠳᠡᠭ ᠭᠡᠷ ᠪᠦᠯᠢ︾ ᠶᠢ ᠴᠢᠷᠮᠠᠶᠢᠨ ᠪᠠᠶᠢᠭᠤᠯᠵᠤ᠂ ᠬᠠᠮᠲᠤᠪᠠᠷ ᠴᠢᠷᠮᠠᠶᠢᠵᠤ ᠪᠠᠶᠢᠭᠠᠳ ᠣᠭᠲᠠᠷᠭᠤᠢ ᠪᠠᠨ ᠨᠡᠩ ᠴᠡᠯᠮᠡᠭ᠂ ᠤᠰᠤ ᠪᠠᠨ ᠨᠡᠩ ᠲᠤᠩᠭᠠᠯᠠᠭ᠂ ᠠᠮᠢᠳᠤᠷᠠᠯ ᠢᠶᠠᠨ ᠨᠡᠩ ᠰᠠᠶᠢᠨ ᠰᠠᠶᠢᠬᠠᠨ ᠪᠣᠯᠭᠠᠶ᠎ᠠ︕                                                      ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                            2021 ᠣᠨ ᠤ 3 ᠰᠠᠷ᠎ᠠ ᠶᠢᠨ 9    
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号