2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠰᠢ ᠶᠢᠨ ᠫᠢᠩ ᠶᠡᠷᠦᠩᠬᠡᠶ ᠱᠦᠵᠢ ᠶᠢᠨ | ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠨᠡᠭᠦᠷᠡᠰᠦᠲᠥ᠋ᠷᠥᠭᠴᠢ ᠶᠢ ᠣᠷᠭᠢᠯ ᠳᠤ | ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠮᠢ | ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ | ᠭᠤᠶᠢᠪᠢᠰᠢ ᠦᠭᠡᠶ ᠰᠠᠶᠢᠲᠤᠷ ᠵᠠᠮᠨᠠᠵᠤ᠂ ᠠᠯᠢ ᠴᠢᠳᠠᠬᠤ ᠪᠠᠷ ᠠᠷᠪᠢᠯᠠᠨ ᠭᠠᠮᠨᠠᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠪᠠᠷᠢᠮᠲᠠᠯᠠᠵᠤ᠂ | ᠪᠠᠭ᠎ᠠ ᠪᠠᠭ᠎ᠠ ᠪᠠᠷ ᠡᠬᠢᠯᠡᠨ ᠬᠢᠵᠦ᠂ ᠵᠢᠵᠢᠭ ᠵᠦᠢᠯ ᠳᠡᠭᠡᠷ᠎ᠡ ᠢᠯᠡᠷᠡᠭᠦᠯᠵᠦ᠂ ᠪᠥᠬᠦ ᠬᠤᠰᠢᠭᠤᠨ ᠤ ᠠᠷᠠᠳ ᠲᠦᠮᠡᠨ ᠢ ᠵᠣᠷᠢᠭᠵᠢᠭᠤᠯᠤᠨ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯ ᠤᠨ ᠬᠠᠮ ᠬᠦᠴᠦᠨ ᠢ ᠪᠦᠷᠢᠯᠳᠦᠭᠦᠯᠵᠦ᠂ ︽ᠠᠷᠤ ᠭᠠᠵᠠᠷ ᠤᠨ ᠵᠢᠶᠠᠩᠨᠠᠨ ᠣᠷᠣᠨ᠂ ᠪᠣᠬᠢᠷᠲᠤᠯ ᠥᠬᠡᠶ ᠪᠠᠷ | ᠬᠥᠭᠵᠢᠨ ᠮᠠᠨᠳᠤᠬᠤ︾ ᠦᠢᠯᠡᠳᠦᠯᠭᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠵᠤ᠂ ᠪᠣᠬᠢᠷᠲᠤᠯ ᠥᠬᠡᠶ ᠦᠢᠯᠡᠳᠪᠦᠷᠢᠯᠡᠯ ᠠᠮᠢᠳᠤᠷᠠᠯ ᠤᠨ ᠠᠷᠭ᠎ᠠ | ᠮᠠᠶ᠋ᠢᠭ ᠳᠠᠰᠢ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠪᠥᠬᠦ ᠰᠠᠭᠤᠭᠠᠯᠢ ᠠᠷᠠᠳ ᠵᠢᠴᠢ ᠠᠯᠪᠠᠨ ᠪᠠᠶᠢᠭᠤᠯᠤᠯᠭ᠎ᠠ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠳᠤ ᠣᠨᠴᠠᠭᠠᠶᠢᠯᠠᠨ ᠳᠣᠤᠷᠠᠬᠢ ᠮᠡᠲᠦ ᠰᠠᠨᠠᠭᠠᠴᠢᠯᠠᠭ᠎ᠠ ᠶᠢ ᠭᠠᠷᠭᠠᠶ᠎ᠠ᠄ | ᠨᠢᠭᠡ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠦᠵᠡᠯᠲᠡ ᠶᠢᠨ ᠰᠠᠨᠠᠭᠠᠴᠢᠯᠠᠭᠴᠢ ᠪᠣᠯᠤᠶ᠎ᠠ | ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠲᠤᠬᠠᠶ ᠰᠠᠨᠠᠭᠠᠰᠢᠷᠠᠬᠤ ᠤᠬᠠᠮᠰᠠᠷ ᠢ ᠨᠡᠮᠡᠭᠳᠡᠭᠦᠯᠵᠦ᠂ ᠠᠷᠪᠢᠯᠠᠨ ᠭᠠᠮᠨᠠᠬᠤ ᠡᠷᠡᠭᠦᠯ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠮᠠᠶ᠋ᠢᠭ ᠢ ᠡᠷᠬᠢᠮᠯᠡᠨ᠂ ᠡᠯ᠎ᠡ ᠠᠵᠢᠯ ᠲᠦᠷᠦᠯ ᠤᠨ ᠡᠨᠧᠷᠭᠢ ᠶᠢᠨ ᠰᠤᠷᠪᠤᠯᠵᠢ ᠶᠢ ᠠᠷᠪᠢᠯᠠᠬᠤ ᠰᠢᠨ᠎ᠡ ᠬᠡᠪ ᠰᠤᠷᠲᠠᠯ ᠢ ᠪᠤᠢ ᠪᠣᠯᠭᠠᠨ᠎ᠠ᠃ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠪᠣᠬᠢᠷᠲᠤᠯ ᠥᠬᠡᠶ ᠡᠷᠡᠭᠦᠯ ᠮᠡᠨᠳᠦ ᠶᠢᠨ ᠦᠵᠡᠯᠲᠡ ᠶᠢ ᠪᠠᠲᠤ ᠪᠠᠬᠢ ᠪᠣᠶ ᠪᠣᠯᠭᠠᠵᠤ᠂ | ᠠᠷᠪᠢᠲᠠᠶ ᠡᠷᠴᠢᠮᠯᠢᠭ ᠣᠷᠴᠢᠯ ᠠᠰᠢᠭᠯᠠᠬᠤ ᠡᠬᠢ ᠪᠠᠶᠠᠯᠢᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭᠤᠷᠠᠭᠤᠯᠬᠤ ᠦᠵᠡᠯ ᠤᠬᠠᠮᠰᠠᠷ ᠢ ᠴᠢᠩᠭᠠᠷᠠᠭᠤᠯᠤᠨ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭᠤᠷᠠᠭᠤᠯᠬᠤ ᠠᠵᠢᠯ ᠤᠨ ᠵᠣᠬᠢᠶᠠᠨ ᠪᠠᠶᠢᠭᠤᠯᠤᠭᠴᠢ᠂ | ᠠᠬᠢᠭᠤᠯᠤᠭᠴᠢ ᠪᠠ ᠬᠢᠨᠠᠯᠲᠠ ᠲᠠᠯᠪᠢᠭᠴᠢ ᠪᠣᠯᠬᠤ ᠪᠠᠷ ᠴᠢᠷᠮᠠᠶᠢᠬᠤ ᠬᠡᠷᠡᠭᠲᠡᠶ᠃ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠠᠮᠢᠳᠤᠷᠠᠯ ᠤᠨ ᠦᠵᠡᠯᠲᠡ ᠪᠠ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠪᠢᠯᠠᠨ ᠭᠠᠮᠨᠠᠬᠤ ᠬᠡᠯᠪᠡᠷᠢ ᠶᠢᠨ ᠬᠡᠷᠡᠭᠯᠡᠭᠡᠨ ᠤ ᠦᠵᠡᠯᠲᠡ ᠶᠢ ᠬᠥᠮᠦᠵᠢᠭᠦᠯᠵᠦ᠂ | ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭᠠᠨ ᠤ ᠳᠠᠳᠬᠠᠯ ᠢ ᠪᠤᠢ ᠪᠣᠯᠭᠠᠨ᠎ᠠ᠃ | ᠬᠤᠶᠠᠷ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠦᠵᠡᠯᠲᠡ ᠶᠢᠨ ᠦᠢᠯᠡᠳᠦᠯᠭᠡᠵᠢᠭᠦᠯᠦᠭᠴᠢ ᠪᠣᠯᠤᠶ᠎ᠠ | ︵ᠨᠢᠭᠡ︶ ᠠᠯᠪᠠᠯᠠᠬᠤ ᠳᠤ ᠴᠠᠬᠢᠯᠭᠠᠨ ᠢ ᠠᠷᠪᠢᠯᠠᠵᠤ ᠬᠡᠷᠡᠭᠯᠡᠨ᠎ᠡ᠃ ᠭᠡᠷᠡᠯᠲᠦᠭᠦᠯᠭᠡ ᠳᠤ ᠬᠡᠷᠡᠭᠯᠡᠬᠦ ᠴᠠᠬᠢᠯᠭᠠᠨ ᠢ ᠠᠷᠪᠢᠯᠠᠵᠤ᠂ ᠠᠯᠢ ᠴᠢᠳᠠᠬᠤ ᠪᠠᠷ | ᠪᠠᠶᠢᠭᠠᠯᠢ ᠶᠢᠨ ᠬᠡᠷᠡᠯ᠂ ᠦᠳᠡ ᠶᠢᠨ ᠠᠮᠠᠷᠠᠯᠲᠠ ᠪᠤᠶᠤ ᠣᠷᠳᠣ ᠬᠤᠭᠤᠴᠠᠭ᠎ᠠ ᠪᠠᠷ ᠠᠯᠪᠠᠨ ᠬᠡᠷ ᠠᠴᠠ ᠭᠠᠷᠬᠤ ᠬᠤᠭᠤᠴᠠᠭᠠᠨ ᠳᠤ ᠭᠡᠷᠡᠯᠲᠦᠭᠦᠯᠭᠡ ᠶᠢᠨ | ᠲᠥᠬᠦᠭᠡᠷᠦᠮᠵᠢ ᠶᠢ ᠬᠠᠭᠠᠬᠤ ᠬᠡᠷᠡᠭᠲᠡᠶ︔ ᠭᠡᠷ ᠳᠣᠲᠣᠷᠠᠬᠢ ᠠᠭᠠᠷ ᠲᠣᠬᠢᠷᠠᠭᠤᠯᠤᠭᠴᠢ ᠶᠢᠨ ᠳᠤᠯᠠᠭᠠᠨ ᠢ ᠴᠢᠩᠭ᠎ᠠ ᠬᠢᠵᠠᠭᠠᠷᠯᠠᠨ᠎ᠠ᠃ ᠴᠠᠬᠢᠯᠭᠠᠨ ᠬᠡᠷᠡᠭᠰᠡᠯ ᠤᠨ | ᠲᠥᠬᠦᠭᠡᠷᠦᠮᠵᠢ ᠶᠢ ᠣᠷᠳᠣ ᠬᠤᠭᠤᠴᠠᠭ᠎ᠠ ᠪᠠᠷ ᠬᠡᠷᠡᠭᠯᠡᠬᠦ ᠦᠭᠡᠢ ᠪᠣᠯ ᠴᠠᠬᠢᠯᠭᠠᠨ ᠡᠭᠦᠰᠭᠡᠭᠴᠢ ᠠᠴᠠ ᠨᠢ ᠴᠠᠭ ᠲᠤᠬᠠᠶ ᠳᠤᠨᠢ ᠲᠠᠰᠤᠯᠠᠵᠤ᠂ ᠲᠥᠬᠦᠭᠡᠷᠦᠮᠵᠢ ᠶᠢᠨ | ᠲᠣᠬᠢᠶᠠᠯ ᠢ ᠬᠦᠯᠢᠶᠡᠬᠦ ᠡᠨᠧᠷᠭᠢ ᠶᠢᠨ ᠬᠤᠷᠣᠭᠳᠠᠯ ᠢ ᠪᠠᠭᠠᠰᠬᠠᠬᠤ ᠬᠡᠷᠡᠭᠲᠡᠶ︔ ᠠᠯᠪᠠᠨ ᠠᠰᠠᠷ ᠤᠨ ᠦᠵᠡᠮᠵᠢ ᠶᠢᠨ ᠭᠡᠷᠡᠯᠲᠦᠭᠦᠯᠭᠡ ᠶᠢᠨ ᠰᠢᠰᠲ᠋ᠧᠮ ᠤᠨ ᠨᠡᠭᠡᠭᠡᠬᠦ ᠴᠠᠭ | ᠪᠠ ᠳᠠᠪᠲᠠᠮᠵᠢ ᠶᠢ ᠴᠢᠩᠭ᠎ᠠ ᠡᠵᠡᠮᠳᠡᠬᠦ ᠬᠡᠷᠡᠭᠲᠡᠶ︔ ᠠᠯᠪᠠᠯᠠᠬᠤ ᠠᠰᠠᠷ ᠤᠨ ᠳᠥᠷᠪᠡᠳᠦᠭᠡᠷ ᠳᠠᠪᠬᠤᠷᠭ᠎ᠠ ᠠᠴᠠ ᠳᠣᠷᠣᠭᠰᠢᠬᠢ ᠨᠢ ᠴᠠᠬᠢᠯᠭᠠᠨ ᠱᠠᠲᠤᠨ ᠳᠤ ᠰᠠᠭᠤᠬᠤ | ᠦᠭᠡᠢ ᠪᠠᠶᠢᠬᠤ ᠶᠢ ᠰᠠᠨᠠᠭᠠᠴᠢᠯᠠᠨ᠎ᠠ᠃ | ︵ᠬᠤᠶᠠᠷ︶ ᠡᠨᠧᠷᠭᠢ ᠠᠷᠪᠢᠯᠠᠬᠤ ᠵᠢᠴᠢ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠠᠵᠤ ᠠᠬᠤᠶᠢᠯᠠᠯ ᠪᠣᠯ ᠡᠨᠧᠷᠭᠢ ᠠᠷᠪᠢᠯᠠᠬᠤ | ᠭᠤᠣᠯ ᠴᠣᠭᠴᠠ ᠮᠥᠨ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠪᠣᠯ ᠡᠨᠧᠷᠭᠢ ᠬᠤᠷᠣᠭᠳᠠᠭᠤᠯᠬᠤ ᠲᠤᠮᠤ ᠡᠷᠦᠬᠡ ᠮᠥᠨ᠃ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠨᠧᠷᠭᠢ ᠠᠷᠪᠢᠯᠠᠬᠤ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ | ᠶᠡᠬᠡᠪᠡᠷ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠥᠨᠳᠥᠷ ᠦᠷ᠎ᠡ ᠠᠰᠢᠭ ᠲᠠᠢ ᠪᠠᠭ᠎ᠠ ᠬᠤᠷᠣᠭᠳᠠᠯ ᠲᠠᠢ ᠦᠢᠯᠡᠳᠪᠦᠷᠢᠯᠡᠯ ᠤᠨ | ᠬᠡᠪ ᠵᠠᠭᠪᠤᠷ ᠢ ᠪᠠᠶᠢᠭᠤᠯᠬᠤ ᠶᠢ ᠲᠦᠯᠬᠢᠨ ᠠᠬᠢᠭᠤᠯᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ ᠮᠡᠷᠭᠡᠵᠢᠯ ᠤᠨ ᠲᠠᠯ᠎ᠠ ᠪᠠᠷ | ᠶᠠᠪᠤᠭᠳᠠᠭᠤᠰᠢᠲᠠᠶ᠂ ᠣᠷᠴᠢᠨ ᠠᠬᠤᠶ ᠪᠠ ᠨᠡᠶᠢᠭᠡᠮ ᠤᠨ ᠳᠠᠭᠠᠭᠠᠵᠤ ᠳᠡᠶᠢᠯᠬᠦ ᠠᠷᠭ᠎ᠠ ᠬᠡᠮᠵᠢᠶ᠎ᠡ ᠶᠢ ᠠᠪᠴᠤ᠂ ᠦᠢᠯᠡᠳᠪᠦᠷᠢᠯᠡᠯ ᠠᠴᠠ ᠬᠡᠷᠡᠭᠯᠡᠭᠡ ᠬᠦᠷᠲᠡᠯᠡᠬᠢ ᠡᠯ᠎ᠡ | ᠵᠠᠩᠭᠢᠯᠠᠭ᠎ᠠ ᠶᠢᠨ ᠡᠨᠧᠷᠭᠢ ᠶᠢᠨ ᠬᠤᠬᠢᠷᠠᠯ ᠪᠠ ᠪᠦᠷᠢᠯᠭᠡᠯᠲᠡ ᠶᠢ ᠪᠠᠭᠠᠰᠬᠠᠨ᠎ᠠ᠃ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠢᠳᠡᠪᠬᠢᠲᠡᠶ ᠪᠠᠷ ᠰᠢᠯᠢᠵᠤ᠂ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠪᠦᠲᠦᠴᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ | ᠲᠦᠯᠬᠢᠨ ᠠᠬᠢᠭᠤᠯᠵᠤ᠂ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠶᠢ ᠵᠣᠷᠢᠭᠵᠢᠭᠤᠯᠵᠤ᠂ ᠠᠷᠢᠭᠤᠨ ᠴᠡᠪᠡᠷ ᠦᠢᠯᠡᠳᠪᠦᠷᠢᠯᠡᠯ | ᠪᠠ ᠡᠬᠢ ᠪᠠᠶᠠᠯᠢᠭ ᠢ ᠲᠦᠷᠦᠯ ᠬᠤᠪᠢᠶᠠᠨ ᠡᠭᠡᠭᠦᠯᠦᠨ ᠬᠤᠷᠢᠶᠠᠵᠤ ᠣᠷᠴᠢᠯᠳᠤᠭᠤᠯᠤᠨ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ | ︵ᠭᠤᠷᠪᠠ︶ ᠪᠣᠬᠢᠷᠲᠤᠯ ᠥᠬᠡᠶ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠨᠢᠭᠡᠴᠡ ᠶᠢ ᠡᠭᠦᠳᠦᠨ ᠪᠠᠶᠢᠭᠤᠯᠤᠨ᠎ᠠ᠃ ᠠᠯᠪᠠᠨ ᠪᠠᠶᠢᠭᠤᠯᠤᠯᠭ᠎ᠠ ᠠᠵᠢᠯ | ᠦᠢᠯᠡᠰ ᠤᠨ ᠨᠢᠭᠡᠴᠡ ᠪᠣᠬᠢᠷᠲᠤᠯ ᠥᠬᠡᠶ ᠦᠢᠯᠡᠳᠭᠦᠨ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠨᠠᠩ ᠣᠯᠠᠨ ᠡᠨᠧᠷᠭᠢ ᠠᠷᠪᠢᠯᠠᠬᠤ᠂ ᠤᠰᠤ | ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠳᠠᠬᠢᠯᠲᠠ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠪᠣᠬᠢᠷᠲᠤᠯ ᠥᠬᠡᠶ ᠦᠢᠯᠡᠳᠭᠦᠨ ᠢ | ᠲᠦᠷᠦᠭᠦᠯᠡᠨ ᠬᠤᠳᠠᠯᠳᠤᠨ ᠠᠪᠤᠨ᠎ᠠ᠃ ᠬᠤᠶᠠᠷ ᠲᠠᠯ᠎ᠠ ᠳᠤ ᠴᠠᠭᠠᠰᠤ ᠬᠡᠷᠡᠭᠯᠡᠬᠦ ᠶᠢ ᠰᠠᠨᠠᠭᠠᠴᠢᠯᠠᠵᠤ᠂ ᠨᠢᠭᠡ ᠯᠡ ᠤᠳᠠᠭ᠎ᠠ ᠬᠡᠷᠡᠭᠯᠡᠬᠦ ᠠᠯᠪᠠᠨ ᠭᠡᠷ ᠤᠨ ᠬᠡᠷᠡᠭᠰᠡᠯ ᠢ | ᠬᠡᠷᠡᠭᠯᠡᠬᠦ ᠠᠴᠠ ᠵᠠᠶᠢᠯᠠᠰᠬᠢᠵᠦ᠂ ᠠᠯᠪᠠᠨ ᠭᠡᠷ ᠤᠨ ᠬᠡᠷᠡᠭᠰᠡᠯ ᠢ ᠣᠷᠴᠢᠯ ᠠᠰᠢᠭᠯᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ᠃ ᠠᠯᠪᠠᠨ ᠶᠠᠪᠤᠳᠠᠯ ᠢᠶᠠᠷ ᠶᠠᠪᠤᠵᠤ | ᠰᠠᠭᠤᠬᠤ ᠳᠤ ᠲᠡᠷᠭᠡ ᠨᠡᠶᠢᠯᠡᠭᠦᠯᠬᠦ ᠪᠠ ᠨᠡᠶᠢᠲᠡ ᠶᠢᠨ ᠮᠠᠰᠢᠨ ᠲᠡᠷᠭᠡᠨ ᠳᠤ ᠰᠠᠭᠤᠬᠤ ᠶᠢ ᠰᠠᠨᠠᠭᠠᠴᠢᠯᠠᠵᠤ᠂ ᠠᠯᠪᠠᠨ ᠶᠠᠪᠤᠳᠠᠯ ᠤᠨ ᠮᠠᠰᠢᠨ ᠲᠡᠷᠭᠡᠨ ᠤ | ᠰᠢᠲᠠᠭᠠᠯᠭ᠎ᠠ ᠶᠢᠨ ᠲᠤᠰᠤ ᠬᠡᠷᠡᠭᠯᠡᠬᠦ ᠬᠡᠮᠵᠢᠶ᠎ᠡ ᠶᠢ ᠴᠢᠷᠮᠠᠶᠢᠨ ᠪᠠᠭᠤᠷᠠᠭᠤᠯᠤᠨ᠎ᠠ᠃ ᠡᠯ᠎ᠡ ᠲᠦᠷᠦᠯ ᠤᠨ ᠠᠯᠪᠠᠨ ᠶᠠᠪᠤᠳᠠᠯ ᠤᠨ ᠵᠠᠷᠤᠳᠠᠯ ᠤᠨ ᠵᠠᠷᠤᠯᠭ᠎ᠠ ᠶᠢ ᠴᠢᠩᠭ᠎ᠠ | ᠬᠢᠵᠠᠭᠠᠷᠯᠠᠬᠤ ᠪᠥᠭᠡᠳ ᠪᠠᠭᠠᠰᠬᠠᠵᠤ᠂ ᠡᠨᠧᠷᠭᠢ ᠶᠢᠨ ᠬᠤᠷᠣᠭᠳᠠᠯ ᠤᠨ ᠵᠠᠷᠤᠳᠠᠯ ᠢ ᠪᠠᠭᠠᠰᠬᠠᠵᠤ᠂ ᠪᠦᠬᠦ ᠠᠷᠠᠳ ᠤᠨ ᠡᠨᠧᠷᠭᠢ ᠠᠷᠪᠢᠯᠠᠬᠤ᠂ ᠠᠷᠪᠢᠯᠠᠨ ᠭᠠᠮᠨᠠᠬᠤ | ᠠᠵᠢᠯᠯᠠᠭ᠎ᠠ ᠶᠢᠨ ᠳᠤᠮᠳᠠ ᠦᠯᠢᠭᠡᠷ ᠳᠠᠭᠤᠷᠢᠶᠠᠯ ᠦᠵᠡᠭᠦᠯᠦᠨ᠎ᠡ᠃ | ᠭᠤᠷᠪᠠ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠦᠵᠡᠯᠲᠡ ᠶᠢᠨ ᠲᠠᠭᠠᠭᠤᠯᠤᠭᠴᠢ ᠪᠣᠯᠤᠶ᠎ᠠ | ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠳᠤ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠬᠥᠳᠡᠯᠦᠯᠴᠡᠵᠦ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ ᠡᠩᠨᠡᠭᠡ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠂ ᠪᠣᠬᠢᠷᠲᠤᠯ ᠦᠭᠡᠢ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠬᠤᠪᠢ ᠬᠥᠮᠦᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢ ᠪᠣᠯᠪᠠᠰᠤᠨ ᠬᠡᠪ ᠪᠣᠯᠪᠠᠰᠤᠷᠠᠯ ᠤᠨ ᠪᠦᠷᠢᠯᠳᠦᠬᠦᠨ ᠬᠡᠰᠡᠭ ᠪᠣᠯᠭᠠᠬᠤ ᠬᠡᠷᠡᠭᠲᠡᠢ᠃ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ | ᠭᠠᠳᠠᠭᠰᠢᠯᠠᠭᠤᠯᠬᠤ ᠬᠡᠮᠵᠢᠶ᠎ᠡ ᠶᠢ ᠪᠠᠭᠤᠷᠠᠭᠤᠯᠬᠤ ᠤᠬᠠᠭᠤᠯᠤᠭᠴᠢ ᠪᠣᠯᠬᠤ ᠪᠠᠷ ᠴᠢᠷᠮᠠᠶᠢᠨ᠎ᠠ᠃ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ ᠶᠠᠪᠤᠳᠠᠯ ᠠᠴᠠ | ᠡᠬᠢᠯᠡᠨ ᠬᠢᠵᠦ᠂ ᠤᠳᠤ ᠠᠴᠠ ᠡᠬᠢᠯᠡᠨ ᠬᠢᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠦᠯᠢᠭᠡᠷ ᠳᠠᠭᠤᠷᠢᠶᠠᠯ ᠪᠤᠯᠵᠤ᠂ ᠥᠪᠡᠷ ᠤᠨ ᠪᠣᠳᠠᠲᠤ | ᠠᠵᠢᠯᠯᠠᠭ᠎ᠠ ᠪᠠᠷ ᠢᠶᠠᠨ ᠳᠡᠷᠭᠡᠳᠡᠬᠢ ᠬᠥᠮᠦᠰ ᠢᠶᠠᠨ ᠨᠥᠯᠥᠭᠡᠯᠡᠨ ᠲᠠᠶᠢᠴᠢᠯᠠᠵᠤ᠂ ᠡᠨᠧᠷᠭᠢ ᠠᠷᠪᠢᠯᠠᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠪᠦᠬᠦ ᠨᠡᠶᠢᠭᠡᠮ ᠤᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠤᠬᠠᠮᠰᠠᠷ ᠢ ᠳᠡᠭᠡᠭᠰᠢᠯᠡᠭᠦᠯᠦᠨ᠎ᠡ᠃ ᠡᠯ᠎ᠡ ᠠᠵᠢᠯ ᠲᠥᠷᠥᠯ᠂ ᠡᠯ᠎ᠡ | ᠬᠦᠷᠢᠶᠡᠨ ᠳᠠᠬᠢ ᠡᠨᠧᠷᠭᠢ ᠠᠷᠪᠢᠯᠠᠬᠤ ᠰᠢᠨ᠎ᠡ ᠦᠵᠡᠯᠲᠡ ᠶᠢ ᠪᠣᠶ ᠪᠣᠯᠭᠠᠵᠤ᠂ ᠡᠨᠧᠷᠭᠢ ᠡᠬᠢ ᠪᠠᠶᠠᠯᠢᠭ ᠲᠤ ᠰᠠᠨᠠᠭᠠᠰᠢᠷᠠᠬᠤ ᠦᠵᠡᠯ ᠤᠬᠠᠮᠰᠠᠷ ᠢ ᠨᠡᠮᠡᠭᠳᠡᠭᠦᠯᠦᠨ᠂ ︽ | ᠬᠥᠮᠦᠨ ᠪᠦᠬᠦᠨ ᠠᠷᠪᠢᠯᠠᠨ ᠭᠠᠮᠨᠠᠬᠤ ᠶᠢ ᠡᠷᠬᠢᠮᠯᠡᠵᠦ᠂ ᠭᠠᠵᠠᠷ ᠪᠣᠯᠭᠠᠨ ᠳᠤ ᠦᠢᠯᠡ ᠠᠵᠢᠯᠯᠠᠭ᠎ᠠ ᠲᠠᠢ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ | ᠴᠢᠷᠮᠠᠶᠢᠨ ᠪᠣᠶ ᠪᠣᠯᠭᠠᠵᠤ᠂ ᠰᠠᠶᠢᠨ ᠰᠠᠶᠢᠬᠠᠨ ᠰᠢᠨ᠎ᠡ ᠠᠮᠢᠳᠤᠷᠠᠯ ᠢ ᠬᠠᠮᠲᠤᠪᠠᠷ ᠴᠣᠭᠴᠠᠯᠠᠨ ᠪᠠᠶᠢᠭᠤᠯᠵᠤ᠂ ᠪᠣᠬᠢᠷᠲᠤᠯ ᠥᠬᠡᠶ ᠰᠢᠨ᠎ᠡ ᠬᠡᠷ ᠣᠷᠣᠨ ᠢ ᠴᠣᠭᠴᠠᠯᠠᠨ | ᠪᠠᠶᠢᠭᠤᠯᠤᠨ᠎ᠠ᠃ | ᠪᠢᠳᠡ ᠠᠵᠤ ᠠᠬᠤᠶᠢᠯᠠᠯ ᠨᠢᠭᠡᠪᠦᠷᠢ᠂ ᠨᠢᠭᠡᠴᠡ ᠨᠢᠭᠡᠪᠦᠷᠢ᠂ ᠭᠡᠷ ᠪᠦᠯᠢ ᠨᠢᠭᠡᠪᠦᠷᠢ᠂ ᠰᠠᠭᠤᠭᠠᠯᠢ ᠠᠷᠠᠳ ᠨᠢᠭᠡᠪᠦᠷᠢ ᠴᠥᠮ ᠬᠥᠳᠡᠯᠦᠯᠴᠡᠵᠦ᠂ ᠬᠤᠯᠪᠣᠭᠳᠠᠯ | ᠪᠦᠬᠦᠢ ᠡᠨᠧᠷᠭᠢ ᠠᠷᠪᠢᠯᠠᠬᠤ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠴᠢᠩᠭ᠎ᠠ ᠰᠠᠬᠢᠵᠤ᠂ ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ | ᠴᠢᠩᠭᠠᠳᠬᠠᠬᠤ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠢᠱᠢᠶᠡᠴᠢ ᠠᠵᠤ ᠠᠬᠤᠶᠢᠯᠠᠯ︾᠂ | ︽ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠵᠢᠱᠢᠶ᠎ᠡ ᠦᠵᠡᠭᠦᠯᠬᠦ ᠨᠡᠶᠢᠭᠡᠮ ᠲᠣᠭᠤᠷᠢᠭ︾ ᠪᠣᠯᠤᠨ ︽ᠡᠨᠧᠷᠭᠢ ᠠᠷᠪᠢᠯᠠᠵᠤ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠰᠢᠯᠢᠳᠡᠭ ᠭᠡᠷ ᠪᠦᠯᠢ︾ ᠶᠢ ᠴᠢᠷᠮᠠᠶᠢᠨ ᠪᠠᠶᠢᠭᠤᠯᠵᠤ᠂ ᠬᠠᠮᠲᠤᠪᠠᠷ ᠴᠢᠷᠮᠠᠶᠢᠵᠤ ᠪᠠᠶᠢᠭᠠᠳ ᠣᠭᠲᠠᠷᠭᠤᠢ ᠪᠠᠨ ᠨᠡᠩ ᠴᠡᠯᠮᠡᠭ᠂ | ᠤᠰᠤ ᠪᠠᠨ ᠨᠡᠩ ᠲᠤᠩᠭᠠᠯᠠᠭ᠂ ᠠᠮᠢᠳᠤᠷᠠᠯ ᠢᠶᠠᠨ ᠨᠡᠩ ᠰᠠᠶᠢᠨ ᠰᠠᠶᠢᠬᠠᠨ ᠪᠣᠯᠭᠠᠶ᠎ᠠ︕ | | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2021 ᠣᠨ ᠤ 3 ᠰᠠᠷ᠎ᠠ ᠶᠢᠨ 9 | |