ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ ᠲᠣᠭᠲᠠᠭᠠᠪᠠ | ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠥᠭᠡᠳ ᠬᠦᠴᠦᠲᠡᠶ ᠪᠠᠷ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ ᠪᠠᠬᠢᠵᠢᠭᠦᠯᠦᠨ | ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 15 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠭᠤᠣᠯᠳᠠᠯᠭ᠎ᠠ ᠲᠠᠢ ᠡᠭᠦᠷᠭᠡ ᠶᠢᠨ ᠬᠤᠪᠢᠶᠠᠷᠢᠯᠠᠯ ᠢ | ᠲᠣᠭᠲᠠᠭᠠᠵᠤ᠂ ᠯᠠᠪᠳᠠᠭᠤᠨ ᠪᠥᠭᠡᠳ ᠬᠦᠴᠦᠲᠡᠶ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢ ᠲᠣᠭᠲᠠᠭᠤᠨ ᠤ ᠳᠤᠮᠳᠠ | ᠪᠠᠬᠢᠵᠢᠭᠦᠯᠦᠨ ᠬᠥᠭᠵᠢᠭᠦᠯᠵᠦ᠂ ᠯᠠᠪᠳᠠᠭᠤᠨ ᠢᠶᠠᠷ ᠤᠷᠤᠭᠰᠢᠯᠠᠨ ᠠᠯᠤᠰ ᠢ ᠵᠣᠷᠢᠬᠤ ᠬᠡᠷᠡᠭᠲᠡᠶ ᠭᠡᠵᠦ ᠱᠠᠭᠠᠷᠳᠠᠪᠠ᠃ | ᠬᠤᠷᠠᠯ ᠠᠴᠠ ᠵᠢᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠨᠢ ᠡᠨᠡ ᠵᠢᠯ ᠤᠨ ᠵᠠᠰᠠᠭ ᠤᠨ | ᠣᠷᠳᠣᠨ ᠤ ᠭᠤᠣᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠲᠠ ᠬᠢᠪᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ | ᠬᠥᠭᠵᠢᠯᠲᠡ ᠶᠢᠨ ᠣᠨᠣᠯᠵᠢᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠯᠠᠭᠤᠯᠤᠯᠲᠠ ᠶᠢ ᠪᠠᠶᠢᠭᠤᠯᠵᠤ᠂ ᠴᠢᠨᠠᠷᠯᠢᠭ ᠬᠥᠭᠵᠢᠯᠲᠡ ᠶᠢ ᠠᠬᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ | ᠬᠠᠷᠢᠭᠤᠴᠠᠯᠭ᠎ᠠ ᠶᠢ ᠡᠭᠦᠷᠭᠡᠯᠡᠨ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠠᠰᠠᠭ ᠤᠨ ᠣᠷᠳᠣᠨ ᠤ ᠠᠷᠠᠳ ᠲᠦᠮᠡᠨ ᠳᠤ | ᠠᠮᠠᠯᠳᠠᠭᠰᠠᠨ ᠠᠮᠠᠯᠠᠯᠲᠠ ᠶᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠨ᠎ᠡ ᠦᠷ᠎ᠡ ᠪᠦᠲᠦᠮᠵᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠳᠤᠷᠠᠳᠤᠭᠰᠠᠨ 38 ᠲᠠᠯ᠎ᠠ ᠶᠢᠨ 44 ᠭᠤᠣᠯᠳᠠᠯᠭ᠎ᠠ ᠲᠠᠢ ᠠᠵᠢᠯ ᠢ ᠲᠦᠷᠦ ᠶᠢᠨ | ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠣᠷᠣᠨ ᠨᠤᠲᠤᠭ ᠲᠤ ᠬᠤᠪᠢᠶᠠᠨ ᠥᠭᠴᠦ᠂ ᠬᠠᠷᠢᠭᠤᠴᠠᠯᠭ᠎ᠠ ᠪᠣᠯᠤᠨ ᠪᠡᠶᠡᠯᠡᠭᠦᠯᠬᠦ | ᠴᠠᠭ ᠤᠨ ᠬᠢᠵᠠᠭᠠᠷ ᠢ ᠲᠣᠳᠣᠷᠬᠠᠶᠢᠯᠠᠪᠠ᠃ | ᠬᠤᠷᠠᠯ ᠠᠴᠠ ᠵᠢᠭᠠᠬᠤ ᠳᠤ ᠪᠠᠨ᠂ ᠡᠨᠡ ᠵᠢᠯ ᠤᠨ ᠲᠦᠷᠦᠭᠦᠦ ᠬᠤᠶᠠᠷ ᠰᠠᠷ᠎ᠠ ᠳᠤ ᠠᠵᠤ ᠠᠬᠤᠶ ᠶᠢᠨ ᠠᠵᠢᠯᠯᠠᠭᠠᠨ ᠦᠷᠭᠦᠯᠵᠢᠯᠡᠨ ᠰᠡᠷᠭᠦᠵᠦ᠂ | ᠬᠥᠭᠵᠢᠯᠲᠡ ᠶᠢᠨ ᠬᠥᠳᠡᠯᠭᠡᠬᠦ ᠬᠦᠴᠦᠨ ᠲᠠᠰᠤᠷᠠᠯᠲᠠ ᠦᠭᠡᠶ ᠴᠢᠩᠭᠠᠷᠠᠭᠰᠠᠨ ᠪᠣᠯᠪᠠᠴᠤ ᠰᠡᠷᠭᠦᠭᠡᠯᠲᠡ ᠶᠢᠨ ᠠᠬᠢᠴᠠ ᠮᠥᠨ ᠬᠦ ᠲᠡᠩᠴᠡᠭᠦᠷᠢ ᠦᠭᠡᠶ ᠪᠠᠶᠢᠵᠤ᠂ | ᠦᠢᠯᠡᠴᠢᠯᠡᠭᠡᠨ ᠤ ᠦᠢᠯᠡᠰ᠂ ᠵᠢᠵᠢᠭ ᠪᠢᠴᠢᠯ ᠠᠵᠤ ᠠᠬᠤᠶᠢᠯᠠᠯ ᠪᠣᠯᠤᠨ ᠵᠠᠷᠢᠮ ᠣᠷᠣᠨ ᠨᠤᠲᠤᠭ ᠤᠨ ᠠᠵᠤ ᠠᠬᠤᠶ ᠶᠢᠨ ᠰᠡᠷᠭᠦᠯᠲᠡ ᠳᠤ ᠪᠠᠰᠠ ᠴᠦ ᠴᠥᠭᠡᠨ ᠪᠤᠰᠤ | ᠬᠦᠴᠢᠷᠳᠡᠯ ᠲᠤᠯᠭᠠᠷᠠᠵᠤ ᠪᠠᠶᠢᠨ᠎ᠠ᠃ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠲᠣᠭᠲᠠᠭᠠᠭᠰᠠᠨ ᠪᠦᠬᠦ ᠵᠢᠯ ᠤᠨ ᠬᠥᠭᠵᠢᠯᠲᠡ ᠶᠢᠨ ᠬᠠᠷᠠᠯᠲᠠ | ᠡᠭᠦᠷᠭᠡ ᠶᠢ ᠱᠠᠯᠠᠪᠳᠠᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠬᠡᠪᠴᠢᠶᠡᠨ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠶ ᠭᠡᠪᠡ᠃ | ᠨᠢᠭᠡ ᠳᠤ᠂ ᠳᠡᠯᠡᠬᠡᠶ ᠶᠢᠨ ᠠᠵᠤ ᠠᠬᠤᠶ ᠶᠢᠨ ᠪᠠᠶᠢᠳᠠᠯ ᠤᠨ ᠬᠤᠪᠢᠷᠠᠯᠲᠠ ᠵᠢᠴᠢ ᠮᠠᠨ ᠤ ᠤᠯᠤᠰ ᠲᠤ ᠦᠵᠡᠭᠦᠯᠬᠦ ᠨᠥᠯᠥᠭᠡ ᠶᠢ ᠨᠢᠭᠲᠠ ᠮᠦᠷᠳᠡᠨ ᠳᠠᠭᠠᠵᠤ᠂ | ᠤᠯᠤᠰ ᠤᠨ ᠳᠣᠲᠣᠭᠠᠳᠤ ᠶᠢᠨ ᠠᠵᠤ ᠠᠬᠤᠶ ᠶᠢᠨ ᠠᠵᠢᠯᠯᠠᠭᠠᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠭᠰᠠᠨ ᠪᠠ ᠡᠷᠭᠢᠯᠲᠡ ᠶᠢᠨ | ᠬᠤᠭᠤᠴᠠᠭᠠᠨ ᠤ ᠬᠢ ᠲᠠᠢ ᠬᠠᠷᠢᠴᠠᠭᠤᠯᠤᠭᠰᠠᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠭᠦᠨᠵᠡᠭᠡᠶ ᠵᠠᠳᠠᠯᠵᠤ᠂ | ᠲᠦᠷᠦ ᠶᠢᠨ ᠪᠤᠳᠤᠯᠭ᠎ᠠ ᠶᠢᠨ ᠤᠷᠢᠳᠴᠢᠯᠠᠭᠰᠠᠨ ᠲᠤᠬᠢᠷᠠᠭᠤᠯᠤᠯᠳᠠ ᠪᠢᠴᠢᠯ ᠲᠤᠬᠢᠷᠠᠭᠤᠯᠤᠯᠳᠡ ᠶᠢ ᠴᠠᠭ ᠲᠤᠬᠠᠶ ᠳᠤ ᠨᠢ ᠬᠡᠷᠡᠭᠵᠢᠭᠦᠯᠵᠦ᠂ ᠢᠯᠠᠩᠭᠤᠶ᠎ᠠ ᠠᠵᠢᠯ | ᠣᠯᠭᠤᠯᠲᠠ ᠶᠢ ᠠᠬᠢᠭᠤᠯᠬᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠵᠠᠬ᠎ᠠ ᠳᠡᠯᠭᠡᠭᠦᠷ ᠤᠨ ᠵᠢᠱᠢᠯᠲᠡ ᠶᠢ | ᠲᠣᠭᠲᠠᠪᠤᠷᠢᠵᠢᠭᠤᠯᠤᠨ᠎ᠠ᠃ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠳᠠᠭᠠᠵᠤ᠂ ᠠᠵᠤ ᠠᠬᠤᠶ ᠶᠢᠨ ᠲᠣᠭᠲᠠᠭᠤᠨ ᠢᠶᠠᠷ ᠰᠡᠷᠭᠦᠬᠦ ᠰᠠᠭᠤᠷᠢ ᠶᠢ ᠪᠠᠬᠢᠵᠢᠭᠦᠯᠬᠦ | ᠬᠡᠷᠡᠭᠲᠡᠢ᠃ ᠬᠤᠶᠠᠷ ᠲᠤ᠂ ᠨᠢᠭᠡᠨᠲᠡ ᠲᠣᠭᠲᠠᠭᠠᠭᠰᠠᠨ ᠡᠳ᠋ ᠤᠨ ᠵᠠᠰᠠᠭ᠂ ᠮᠥᠩᠭᠦᠨ ᠭᠦᠢᠯᠭᠡᠭᠡ᠂ ᠠᠵᠢᠯ ᠣᠯᠭᠤᠯᠲᠠ ᠵᠡᠷᠭᠡ ᠬᠤᠷᠸ᠎ᠠ ᠲᠦᠷᠦ ᠶᠢᠨ ᠪᠤᠳᠤᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠎ᠠ᠃ ᠬᠡᠪᠴᠢᠶ᠎ᠡ ᠶᠢ ᠥᠷᠭᠡᠳᠬᠡᠭᠰᠡᠨ ᠤ ᠳᠠᠷᠠᠭᠠᠬᠢ ᠡᠳ᠋ ᠤᠨ ᠵᠠᠰᠠᠭ ᠤᠨ ᠰᠢᠭᠤᠳ ᠬᠦᠷᠭᠡᠬᠦ ᠪᠡᠯᠡ ᠮᠥᠩᠭᠦ ᠶᠢᠨ | ᠦᠨᠳᠦᠰᠦᠨ ᠱᠠᠲᠤᠨ ᠳᠠᠬᠢ ᠨᠠᠶᠢᠳᠠᠪᠤᠷᠢᠵᠢᠭᠤᠯᠤᠯᠲᠠ ᠶᠢ ᠲᠦᠷᠭᠡᠳᠬᠡᠵᠦ᠂ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠠᠲᠤᠯᠠᠬᠤ ᠳᠤ ᠳᠣᠪᠤᠶᠢᠯᠭᠠᠨ ᠬᠡᠷᠡᠭᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠠᠷᠪᠢᠯᠠᠨ ᠭᠠᠮᠨᠠᠬᠤ ᠶᠢ | ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠯᠠᠭᠠᠨ ᠤ ᠵᠠᠷᠤᠳᠠᠯ ᠢ ᠪᠠᠲᠤᠯᠠᠬᠤ ᠬᠡᠷᠡᠭᠲᠡᠶ᠃ ᠵᠢᠵᠢᠭ ᠪᠢᠴᠢᠯ ᠠᠵᠤ ᠠᠬᠤᠶᠢᠯᠠᠯ ᠳᠤ ᠴᠢᠭᠯᠡᠭᠦᠯᠦᠭᠰᠡᠨ ᠭᠠᠶᠢᠯᠢ | ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠣᠨᠴᠠᠭᠠᠶᠢᠯᠠᠨ ᠪᠦᠲᠦᠴᠡ ᠶᠢᠨ ᠴᠢᠨᠠᠷ ᠲᠠᠢ ᠭᠠᠶᠢᠯᠢ ᠬᠥᠩᠭᠡᠯᠡᠬᠦ ᠰᠢᠨ᠎ᠡ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠶᠢ ᠪᠣᠳᠠᠲᠠᠶ ᠪᠥᠭᠡᠳ ᠨᠠᠷᠢᠯᠢᠭ ᠠᠳᠬᠤᠬᠤ ᠬᠡᠷᠡᠭᠲᠡᠢ᠃ ᠦᠢᠯᠡᠳᠬᠡᠯ ᠤᠨ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ | ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠱᠠᠯᠠᠪᠳᠠᠭᠤᠯᠤᠨ ᠬᠡᠷᠡᠭᠵᠢᠭᠦᠯᠵᠦ᠂ ᠳ᠋ᠦᠩᠨᠡᠨ ᠪᠤᠳᠤᠬᠤ | ᠬᠤᠭᠤᠴᠠᠭ᠎ᠠ ᠶᠢ ᠪᠣᠭᠤᠨᠢᠰᠬᠠᠵᠤ᠂ ᠠᠵᠤ ᠠᠬᠤᠶᠢᠯᠠᠯ ᠤᠨ ᠲᠤᠬᠠᠶ ᠶᠢᠨ ᠵᠢᠯ ᠳᠤ ᠪᠠᠨ ᠠᠰᠢᠭ ᠣᠯᠬᠤ ᠶᠢ ᠪᠠᠲᠤᠯᠠᠬᠤ ᠬᠡᠷᠡᠭᠲᠡᠢ᠃ ᠬᠤᠷᠸ᠎ᠠ ᠬᠦᠰᠢᠬᠦᠷᠭᠡ ᠶᠢᠨ | ᠨᠤᠷᠮ᠎ᠠ ᠶᠢ ᠦᠨᠳᠦᠰᠦᠨ ᠳᠤ ᠪᠠᠨ ᠲᠣᠭᠲᠠᠭᠤᠨ ᠪᠠᠶᠢᠯᠭᠠᠵᠤ᠂ ᠵᠠᠰᠠᠭ ᠤᠨ ᠣᠷᠳᠣᠨ ᠤ ᠬᠦᠰᠢᠬᠦᠷᠭᠡ ᠶᠢᠨ ᠨᠤᠷᠮ᠎ᠠ ᠶᠢ ᠵᠣᠬᠢᠬᠤ ᠬᠡᠮᠵᠢᠶ᠎ᠡ ᠪᠠᠷ ᠪᠠᠭᠤᠷᠠᠭᠤᠯᠬᠤ | ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠦᠨ ᠵᠢᠯᠣᠭᠤᠳᠴᠤ ᠪᠠᠶᠢᠭᠠᠳ ᠪᠣᠳᠠᠲᠠᠶ ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠭᠦᠯᠵᠦ᠂ ᠵᠢᠵᠢᠭ | ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠶᠡᠷᠦᠩᠬᠡᠶᠢᠯᠡᠭᠰᠡᠨ ᠪᠠᠯᠠ ᠲᠣᠬᠢᠷᠠᠭᠤᠯᠭ᠎ᠠ ᠶᠢᠨ | ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠭᠦᠢᠴᠡᠳᠬᠡᠬᠦ ᠬᠡᠷᠡᠭᠲᠡᠢ᠃ ᠡᠳ᠋ ᠤᠨ ᠵᠠᠰᠠᠭ᠂ ᠮᠥᠩᠭᠦᠨ ᠭᠦᠢᠯᠭᠡᠭᠡ | ᠵᠡᠷᠭᠡ ᠶᠢᠨ ᠲᠦᠷᠦ ᠶᠢᠨ ᠪᠤᠳᠤᠯᠭ᠎ᠠ ᠨᠢ ᠴᠥᠮ ᠠᠵᠢᠯ ᠣᠯᠭᠤᠯᠲᠠ ᠶᠢ ᠨᠡᠮᠡᠭᠳᠡᠭᠦᠯᠬᠦ ᠶᠢᠨ ᠲᠣᠭᠤᠷᠢᠨ ᠳᠤ ᠬᠠᠮᠵᠢᠯᠴᠠᠨ ᠬᠦᠴᠦᠯᠡᠬᠦ ᠬᠡᠷᠡᠭᠲᠡᠶ᠃ ᠶᠡᠭᠡ ᠳᠡᠭᠡᠳᠦ | ᠰᠤᠷᠭᠠᠭᠤᠯᠢ ᠲᠡᠭᠦᠰᠦᠭᠰᠡᠨ ᠣᠶᠤᠲᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ | ᠠᠬᠢᠭᠤᠯᠬᠤ ᠪᠠ ᠦᠢᠯᠡᠴᠢᠯᠡᠬᠦ ᠶᠢ ᠴᠢᠩᠭᠠᠳᠬᠠᠨ᠎ᠠ᠃ ᠬᠥᠳᠡᠯᠮᠦᠷᠢ ᠬᠦᠴᠦᠨ᠂ ᠴᠢᠳᠠᠪᠤᠷᠢᠲᠠᠨ᠂ ᠡᠳᠦᠷ ᠤᠨ ᠬᠦᠴᠦ ᠶᠠᠪᠤᠭᠴᠢ ᠵᠡᠷᠭᠡ ︽ᠭᠤᠷᠪᠠᠨ ᠵᠠᠬ᠎ᠠ ᠳᠡᠯᠭᠡᠭᠦᠷ | ︾ ᠤᠨ ᠦᠢᠯᠡᠳᠦᠯ ᠢ ᠪᠠᠳᠠᠷᠠᠭᠤᠯᠵᠤ᠂ ᠠᠵᠢᠯ ᠣᠯᠭᠤᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃ ᠭᠤᠷᠪᠠ ᠳᠤ᠂ ᠭᠤᠤᠯᠳᠠᠯᠭ᠎ᠠ ᠲᠠᠢ ᠠᠵᠢᠯ ᠢ ᠵᠠᠳᠠᠯᠤᠨ | ᠨᠠᠷᠢᠯᠢᠬᠵᠢᠭᠤᠯᠤᠨ᠎ᠠ᠃ ︽ᠲᠠᠯᠪᠢᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ | ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ ᠬᠢᠨᠠᠨ ᠵᠥᠪᠰᠢᠶᠡᠷᠡᠯ ᠤᠨ | ᠭᠤᠭᠴᠤᠭ᠎ᠠ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ᠂ ᠵᠠᠷᠤᠳᠠᠯ ᠢ ᠪᠠᠭᠠᠰᠬᠠᠬᠤ ᠵᠡᠷᠭᠡ ᠪᠣᠳᠠᠲᠠᠶ ᠠᠷᠭ᠎ᠠ ᠬᠡᠮᠵᠢᠶ᠎ᠡ ᠶᠢ | ᠬᠡᠷᠡᠭᠵᠢᠭᠦᠯᠦᠨ᠎ᠡ᠃ ᠲᠥᠪ ᠤᠨ ᠲᠥᠰᠦᠪ ᠤᠨ ᠳᠣᠲᠣᠷᠠᠬᠢ ᠪᠡᠯᠡ ᠣᠷᠣᠭᠤᠯᠬᠤ᠂ ᠰᠢᠯᠵᠢᠭᠦᠯᠦᠨ ᠥᠭᠬᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠶ | ᠵᠦᠢᠯ ᠤᠨ ᠥᠷᠢ ᠥᠭᠴᠡᠭᠡ ᠵᠡᠷᠭᠡ ᠶᠢᠨ ᠪᠡᠯᠡ ᠮᠥᠩᠭᠦ ᠶᠢ ᠲᠦᠷᠭᠡᠪᠴᠢᠯᠡᠨ ᠪᠠᠭᠤᠯᠭᠠᠬᠤ ᠪᠠ ᠰᠠᠶᠢᠲᠤᠷ ᠬᠡᠷᠡᠭᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ᠂ | ᠦᠨᠳᠦᠰᠦᠨ ᠡᠮᠴᠢᠯᠡᠭᠡ ᠵᠡᠷᠭᠡ ᠬᠦᠷᠢᠶᠡᠨ ᠳᠠᠬᠢ ᠳᠤᠲᠠᠭᠤᠳᠠᠯ ᠢ ᠨᠥᠬᠦᠪᠦᠷᠢᠯᠡᠬᠦ ᠳᠡᠮᠵᠢᠯᠭᠡ ᠪᠠᠨ ᠴᠢᠩᠭᠠᠳᠬᠠᠨ᠎ᠠ᠃ ᠰᠢᠶᠠᠨ ᠰᠢᠶᠠᠩ ᠤᠨ ᠦᠨᠳᠦᠰᠦᠨ ᠱᠠᠲᠤᠨ ᠤ | ᠪᠠᠭᠰᠢ ᠶᠢ ᠪᠣᠯᠪᠠᠰᠤᠷᠠᠭᠤᠯᠬᠤ ᠪᠠ ᠠᠵᠢᠯ ᠤᠨ ᠪᠠᠶᠢᠷᠢ ᠳᠡᠭᠡᠷ᠎ᠡ ᠪᠠᠨ ᠰᠤᠷᠤᠯᠭ᠎ᠠ ᠶᠢᠨ ᠨᠠᠮᠲᠠᠷ ᠢᠶᠠᠨ ᠳᠡᠭᠡᠭᠰᠢᠯᠡᠭᠦᠯᠬᠦ ᠶᠢ ᠳᠡᠮᠵᠢᠬᠦ ᠲᠦᠷᠦ ᠶᠢᠨ ᠪᠣᠳᠣᠯᠭ᠎ᠠ ᠶᠢ | ᠨᠡᠶᠢᠲᠡᠯᠡᠨ ᠬᠡᠷᠡᠭᠵᠢᠭᠦᠯᠦᠨ᠎ᠡ᠃ ᠡᠭᠦᠳᠡᠨ ᠡᠮᠨᠡᠯᠭᠡ ᠶᠢᠨ ᠵᠠᠷᠤᠳᠠᠯ ᠢ ᠮᠤᠵᠢ ᠠᠯᠤᠰᠯᠠᠨ ᠰᠢᠭᠤᠳ ᠳ᠋ᠦᠩᠨᠡᠨ ᠪᠤᠳᠤᠬᠤ᠂ ᠡᠭᠦᠳᠡᠨ ᠡᠮᠨᠡᠯᠭᠡ ᠶᠢᠨ ᠡᠮᠴᠢᠯᠡᠭᠡ ᠶᠢᠨ | ᠳᠠᠭᠠᠳᠬᠠᠯ ᠤᠨ ᠲᠠᠩᠰᠠ ᠲᠠᠶᠢᠯᠬᠤ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠤ ᠡᠮ ᠤᠨ ᠵᠦᠢᠯ ᠤᠨ ᠲᠠᠩᠰᠠ ᠲᠠᠶᠢᠯᠬᠤ ᠬᠡᠪᠴᠢᠶ᠎ᠡ ᠶᠢ ᠥᠷᠭᠡᠳᠬᠡᠬᠦ ᠵᠡᠷᠭᠡ | ᠠᠷᠭ᠎ᠠ ᠬᠡᠮᠵᠢᠶ᠎ᠡ ᠶᠢ ᠱᠠᠯᠠᠪᠳᠠᠨ ᠨᠡᠶᠢᠲᠡᠯᠡᠨ᠎ᠡ᠃ ᠭᠠᠶᠢᠯᠢ ᠰᠦᠢᠳᠬᠡᠯ ᠢ ᠬᠠᠰᠤᠵᠤ ᠬᠥᠩᠭᠡᠯᠡᠬᠦ ᠵᠡᠷᠭᠡ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ᠨᠡᠶᠢᠭᠡᠮ ᠤᠨ | ᠬᠦᠴᠦᠨ ᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ ᠠᠮᠢᠳᠤᠷᠠᠯ ᠤᠨ ᠦᠢᠯᠡᠴᠢᠯᠡᠭᠡᠨ ᠤ ᠦᠢᠯᠡᠰ ᠵᠡᠷᠭᠡ ᠶᠢ ᠬᠥᠭᠵᠢᠭᠦᠯᠬᠦ ᠶᠢ | ᠳᠡᠮᠵᠢᠨ᠎ᠡ᠃ ᠲᠦᠷᠪᠡ ᠳᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠶᠢᠨ ᠰᠢᠮᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠡᠯ᠎ᠡ ᠭᠠᠵᠠᠷ ᠣᠷᠣᠨ ᠡᠯ᠎ᠡ | ᠰᠠᠯᠠᠭ᠎ᠠ ᠮᠥᠴᠢᠷ ᠤᠨ ᠬᠢᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠲᠤᠰ ᠭᠠᠵᠠᠷ ᠣᠷᠣᠨ ᠲᠤᠰ ᠰᠠᠯᠠᠭ᠎ᠠ | ᠮᠥᠴᠢᠷ ᠤᠨ ᠢᠶᠠᠨ ᠬᠡᠷᠡᠭᠵᠢᠭᠦᠯᠬᠦ ᠲᠥᠰᠦᠯ ᠢ ᠲᠥᠷᠭᠡᠳᠬᠡᠨ ᠲᠣᠭᠲᠠᠭᠠᠵᠤ᠂ ᠡᠯ᠎ᠡ ᠵᠦᠢᠯ ᠤᠨ ᠠᠵᠢᠯ ᠢᠶᠠᠨ ᠤᠷᠢᠳᠴᠢᠯᠠᠨ ᠬᠢᠬᠦ ᠬᠡᠷᠡᠭᠲᠡᠶ᠃ ᠬᠦᠷᠢᠶ᠎ᠡ ᠴᠠᠷᠠᠭ᠎ᠠ | ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠭᠠᠵᠠᠷ ᠣᠷᠣᠨ ᠠᠯᠤᠰᠯᠠᠭᠰᠠᠨ ᠵᠦᠢᠯᠡᠰ ᠲᠤ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠬᠤ ᠬᠡᠷᠡᠭᠲᠡᠶ᠃ ᠠᠵᠤ | ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠵᠤ᠂ ︽14 · 5︾ ᠤᠨ ᠲᠥᠯᠥᠪᠵᠢᠭᠦᠯᠭᠡ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ | ᠪᠠᠲᠤᠯᠠᠬᠤ ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |