ᠤᠷᠠᠳ ᠤᠨ ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠨᠢᠬᠡ ᠤᠳᠠᠭᠠᠨ ᠤ ᠬᠠᠣᠯᠢ ᠪᠤᠰᠤ ᠪᠠᠷ ᠡᠮᠴᠢᠯᠡᠭᠰᠡᠨ ᠬᠡᠷᠡᠭ ᠢ ᠰᠢᠬᠦᠪᠡ
ᠨᠡᠶᠢᠲᠡᠯᠡᠭᠰᠡᠨ ᠴᠠᠭ᠄
2021/3/22
     3 ᠰᠠᠷ᠎ᠠ ᠶᠢᠨ 8   ᠤ ᠡᠳᠦᠷ᠂  ᠡᠮᠦᠨᠡᠳᠦ ᠬᠤᠰᠢᠭᠤᠨ ᠤ ᠰᠢᠬᠦᠬᠦ ᠬᠤᠷᠢᠶ᠎ᠠ ᠨᠢᠬᠡ ᠤᠳᠠᠭᠠᠨ ᠤ ᠬᠠᠣᠯᠢ ᠪᠤᠰᠤ ᠪᠠᠷ ᠡᠮᠴᠢᠯᠡᠭᠰᠡᠨ ᠬᠡᠷᠡᠭ ᠢ ᠢᠯ᠎ᠡ ᠪᠠᠷ ᠰᠢᠬᠦᠨ ᠲᠠᠰᠤᠯᠵᠤ᠂ ᠵᠠᠭᠠᠯᠳᠤᠭᠳᠤᠭᠴᠢ ᠯᠢ ᠤᠪᠤᠭᠳᠠᠨ ᠲᠢᠩᠭᠢᠮ ᠤᠨ ᠰᠢᠬᠦᠯᠳᠡ ᠳᠤ ᠦᠪᠡᠷ ᠤᠨ ᠬᠠᠣᠯᠢ ᠪᠤᠰᠤ ᠪᠠᠷ ᠡᠮᠴᠢᠯᠡᠭᠰᠡᠨ ᠬᠡᠷᠡᠭ ᠢᠶᠠᠨ ᠮᠡᠳᠡᠷᠡᠭᠰᠡᠨ ᠪᠦᠬᠡᠳ ᠶᠠᠯ᠎ᠠ ᠬᠦᠯᠢᠶᠠᠵᠡᠢ᠃  ᠰᠢᠬᠦᠬᠦ ᠬᠤᠷᠢᠶ᠎ᠠ ᠠᠴᠠ ᠲᠠᠷᠠ ᠲᠠᠷᠤᠢ ᠳᠤᠨᠢ ᠰᠢᠬᠦᠨ ᠲᠠᠰᠤᠯᠵᠤ᠂ ᠵᠠᠭᠠᠯᠳᠤᠭᠳᠤᠭᠴᠢ ᠯᠢ ᠤᠪᠤᠭᠳᠠᠨ ᠢ ᠬᠠᠣᠯᠢ ᠪᠤᠰᠤ ᠪᠠᠷ ᠡᠮᠴᠢᠯᠡᠭᠰᠡᠨ ᠬᠡᠷᠡᠭ   ᠢᠶᠠᠷ 6 ᠰᠠᠷ᠎ᠠ ᠶᠢᠨ ᠬᠤᠭᠤᠴᠠᠭ᠎ᠠ ᠲᠠᠢ ᠬᠤᠷᠢᠬᠤ ᠪᠠᠷ ᠲᠠᠰᠤᠯᠵᠤ᠂ ᠨᠢᠬᠡ ᠵᠢᠯ ᠠᠯᠭᠤᠷᠯᠠᠬᠤ ᠪᠠᠷ ᠲᠤᠭᠳᠠᠵᠤ᠂ 5000 ᠲᠦᠬᠦᠷᠢᠭ ᠢᠶᠠᠷ ᠲᠤᠷᠭᠠᠪᠠ᠃      2011 ᠤᠨ ᠤ 3 ᠰᠠᠷ᠎ᠠ ᠠᠴᠠ ᠨᠠᠰᠢ᠂ ᠵᠠᠭᠠᠯᠳᠤᠭᠳᠤᠭᠴᠢ ᠯᠢ ᠤᠪᠤᠭᠳᠠᠨ ︿︿ᠡᠮᠴᠢᠯᠡᠬᠡᠨ ᠤ ᠪᠠᠶᠢᠭᠤᠯᠤᠮᠵᠢ ᠶᠢᠨ ᠠᠵᠢᠯ ᠮᠡᠷᠭᠡᠵᠢᠯ ᠤᠨ ᠵᠦᠪᠰᠢᠶᠠᠷᠠᠯ  ᠤᠨ ᠦᠨᠡᠮᠯᠡᠯ﹀﹀᠂ ︿︿ᠡᠮᠴᠢ ᠶᠢᠨ ᠬᠢᠷᠢ ᠬᠡᠮ ᠤᠨ ᠦᠨᠡᠮᠯᠡᠯ﹀﹀ ᠦᠬᠡᠢ ᠪᠠᠶᠢᠳᠠᠯ ᠲᠤᠤᠷ᠎ᠠ ᠤᠷᠢᠳ ᠬᠤᠵᠢᠳ ᠡᠮᠦᠨᠡᠳᠦ ᠬᠤᠰᠢᠭᠤᠨ ᠳᠤ ᠲᠤᠷ᠎ᠠ ᠪᠠᠷ ᠵᠡᠭᠦᠦ ᠲᠦᠬᠡᠨᠡᠯᠬᠡ᠂ ᠰᠤᠶᠢᠬ᠎ᠠ ᠲᠦᠬᠡᠨᠡᠯᠬᠡ ᠵᠡᠷᠭᠡ ᠬᠢᠳᠠᠳ ᠡᠮᠴᠢᠯᠡᠭᠡ ᠬᠢᠪᠡ᠃ ᠵᠠᠭᠠᠯᠳᠤᠭᠳᠤᠭᠴᠢ ᠯᠢ ᠤᠪᠤᠭᠳᠠᠨ ᠢ ᠬᠠᠣᠯᠢ ᠪᠤᠰᠤ ᠪᠠᠷ ᠡᠮᠴᠢᠯᠡᠭᠰᠡᠨ ᠬᠡᠷᠡᠭ ᠣᠴᠢᠷ  ᠢᠶᠠᠷ ᠡᠮᠦᠨᠡᠳᠦ ᠬᠤᠰᠢᠭᠤᠨ ᠤ ᠡᠷᠡᠭᠦᠯ  ᠬᠠᠮᠠᠭᠠᠯᠠᠯ ᠪᠠ ᠲᠦᠯᠦᠪᠯᠡᠭᠡᠳᠦ ᠦᠷᠡᠵᠢᠯ ᠤᠨ ᠲᠤᠪᠴᠢᠶ᠎ᠠ ᠠᠴᠠ ᠤᠷᠢᠳ ᠬᠤᠵᠢᠳ 2017 ᠣᠨ ᠤ 11 ᠰᠠᠷ᠎ᠠ ᠶᠢᠨ 14 ᠤ ᠡᠳᠦᠷ ᠪᠠ 2018  ᠤᠨ ᠤ 2 ᠰᠠᠷ᠎ᠠ10 ᠡᠳᠦᠷ ᠵᠠᠰᠠᠭ ᠵᠠᠬᠢᠷᠭᠠᠨ ᠤ ᠲᠤᠷᠭᠠᠭᠤᠯᠢ ᠦᠭᠭᠦᠭᠰᠡᠨ ᠪᠤᠯᠪᠠᠴᠤ᠂ ᠲᠠᠷᠠ ᠬᠡᠮᠰᠢᠨ ᠵᠠᠰᠠᠷᠠᠬᠤ ᠦᠬᠡᠢ ᠪᠠᠶᠢᠵᠤ ᠂ ᠬᠠᠤᠯᠢ ᠪᠤᠰᠤ ᠠᠵᠢᠯᠯᠠᠭ᠎ᠠ ᠪᠠᠨ ᠦᠷᠭᠦᠯᠵᠢᠯᠡᠭᠦᠯᠦᠭᠰᠡᠭᠡᠷ  ᠪᠠᠶᠢᠪᠠ᠃ 2020 ᠣᠨ ᠤ 10 ᠰᠠᠷ᠎ᠠ ᠶᠢᠨ10   ᠤ ᠡᠳᠦᠷ ᠲᠤ ᠵᠠᠭᠠᠯᠳᠤᠭᠳᠤᠭᠴᠢ ᠯᠢ ᠤᠪᠤᠭᠳᠠᠨ ᠲᠦᠷᠢᠶᠡᠰᠦᠨ ᠬᠡᠷ ᠲᠤ ᠡᠪᠡᠳᠴᠢᠳᠡᠨ ᠳᠤ ᠡᠮᠴᠢᠯᠡᠭᠡ ᠬᠢᠵᠦ ᠪᠠᠶᠢᠭᠠᠳ  ᠡᠮᠦᠨᠡᠳᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠳᠤ ᠪᠠᠶᠢᠴᠠᠭᠠᠭᠳᠠᠨ ᠢᠯᠡᠷᠡᠭᠦᠯᠦᠭᠳᠡᠵᠦ᠂ ᠬᠠᠤᠯᠢ ᠬᠡᠷᠡᠭᠵᠢᠬᠦᠯᠦᠭᠴᠢ ᠠᠴᠠ ᠲᠠᠷᠠ ᠲᠠᠷᠤᠢ ᠳᠤᠨᠢ ᠬᠡᠷ ᠪᠠᠶᠢᠭᠰᠠᠨ ᠯᠢ ᠤᠪᠤᠭᠳᠠᠨ ᠤ ᠡᠮᠴᠢᠯᠡᠬᠡᠨ ᠤ ᠪᠠᠭᠠᠵᠢ ᠬᠡᠷᠡᠭᠰᠡᠯ ᠢ  ᠨᠢ ᠬᠤᠷᠢᠶᠠᠮᠵᠢᠯᠠᠨ ᠠᠪᠴᠠᠢ᠃      ᠰᠢᠬᠦᠭᠴᠢ ᠠᠴᠠ᠄ ᠦᠷᠭᠡᠨ ᠤᠯᠠᠨ ᠲᠦᠮᠡᠨ ᠢ ᠪᠤᠤ ᠲᠤᠷ᠎ᠠ ᠪᠠᠷ ᠪᠠᠭ᠎ᠠ ᠡᠮᠴᠢᠯᠡᠭᠡᠨ ᠤ ᠭᠠᠵᠠᠷ᠂ ᠪᠡᠶ᠎ᠡ ᠰᠣᠪᠢᠯᠠᠯ ᠤᠨ ᠭᠠᠵᠠᠷ᠂ ᠢᠯᠢᠯᠬᠡ ᠵᠠᠰᠠᠯ ᠤᠨ ᠭᠠᠵᠠᠷ ᠤᠴᠢᠵᠤ ᠦᠵᠡᠭᠦᠯᠬᠦ ᠪᠤᠶᠤ ᠡᠮ ᠠᠪᠬᠤ ᠦᠬᠡᠢ ᠪᠠᠶᠢᠵᠤ᠂ ᠬᠠᠷᠢᠨ ᠡᠮᠴᠢᠯᠡᠬᠡᠨ ᠤ ᠪᠠᠶᠢᠭᠤᠯᠤᠮᠵᠢ ᠪᠤᠶᠤ ᠡᠮᠴᠢᠯᠡᠭᠡᠨ ᠤ ᠬᠢᠷᠢ ᠬᠡᠮ ᠲᠠᠢ ᠭᠠᠵᠠᠷ ᠤᠴᠢᠵᠤ ᠡᠪᠡᠳᠴᠢᠨ ᠦᠵᠡᠬᠦᠯᠵᠦ᠂ ᠬᠠᠣᠯᠢ ᠪᠤᠰᠤ ᠪᠠᠷ ᠡᠮᠴᠢᠯᠡᠭᠰᠡᠨ ᠡᠮᠴᠢᠯᠡᠭᠡᠨ ᠤ ᠭᠠᠵᠠᠷ ᠪᠤᠶᠤ ᠬᠤᠪᠢ ᠬᠦᠮᠦᠨ ᠢ ᠤᠯᠵᠤ ᠮᠡᠳᠡᠪᠡᠯ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠪᠤᠶᠤ ᠡᠷᠡᠭᠦᠯ ᠬᠠᠮᠠᠭᠠᠯᠠᠯ ᠤᠨ ᠬᠢᠨᠠᠯᠳᠠ ᠲᠠᠯᠪᠢᠬᠤ ᠪᠠᠶᠢᠭᠤᠯᠤᠮᠵᠢ ᠳᠤ ᠬᠦᠷᠴᠦ ᠢᠯᠡᠴᠢᠯᠡᠨ ᠮᠡᠳᠡᠭᠦᠯᠬᠦ ᠶᠢ ᠰᠠᠨᠠᠭᠤᠯᠵᠠᠢ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ