ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠠᠴᠠ ᠨᠡᠶᠢᠲᠡᠯᠡᠭᠰᠡᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/3/24
        ᠬᠠᠲᠤᠨ ᠭᠤᠤᠯ ᠤᠨ ᠭᠤᠣᠯ ᠤᠨ ᠵᠠᠮ ᠤᠨ  ᠬᠠᠮᠢᠶᠠᠷᠤᠯᠲᠠ ᠶᠢᠨ ᠬᠡᠪᠴᠢᠶᠡᠨ ᠳᠠᠬᠢ ᠭᠤᠤᠯ           ᠭᠤᠯᠳᠤᠷᠢᠯ ᠤᠨ ᠣᠷᠣᠨ ᠪᠣᠯᠤᠨ ᠭᠤᠣᠯ ᠤᠨ ᠰᠠᠶᠢᠷᠭᠠᠯ ᠠᠴᠠ ᠣᠶᠢᠷᠠᠯᠴᠠᠭ᠎ᠠ ᠦᠶᠡᠷ ᠤᠨ          ᠤᠷᠤᠰᠬᠠᠯ ᠢ  ᠬᠠᠷᠰᠢᠯᠠᠬᠤ ᠣᠷᠣᠨ ᠤ  ᠳᠣᠲᠣᠷ᠎ᠠ  ᠥᠨᠳᠥᠷ ᠡᠰᠢᠲᠦ  ᠲᠠᠷᠢᠮᠠᠯ ᠲᠠᠷᠢᠬᠤ         ᠵᠡᠷᠭᠡ   ᠦᠢᠯᠡ   ᠠᠵᠢᠯᠯᠠᠭ᠎ᠠ   ᠶᠢ   ᠴᠢᠩᠭ᠎ᠠ   ᠴᠠᠭᠠᠵᠠᠯᠠᠬᠤ    ᠲᠤᠬᠠᠶ    ᠵᠠᠷᠯᠠᠯ         ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠵᠢᠴᠢ ︽ᠣᠳᠣᠬᠠᠨ ᠤ ᠬᠠᠲᠤᠨ ᠭᠤᠤᠯ ᠤᠨ ᠭᠤᠣᠯ ᠤᠨ ᠵᠠᠮ ᠤᠨ ᠳᠣᠲᠣᠷᠠᠬᠢ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠦᠪᠦᠷ ᠭᠤᠤᠯ ᠳᠠᠷᠤᠭ᠎ᠠ ᠠᠯᠪᠠᠨ ︹ 2021 ︺ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠣᠷᠣᠨ ︵ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ ᠬᠤᠪᠢᠶᠠᠷᠢᠯᠠᠨ ᠲᠣᠭᠲᠠᠭᠠᠵᠤ᠂ ᠭᠤᠤᠯ ᠤᠨ ᠭᠤᠯᠳᠤᠷᠢᠯ ᠤᠨ ᠲᠥᠪ ᠠᠴᠠ ᠭᠠᠳᠠᠭᠰᠢ ᠪᠠᠨ ᠲᠠᠰ ᠳᠠᠷᠠᠭᠠᠯᠠᠨ ᠭᠤᠤᠯ ᠤᠨ ᠭᠤᠯᠳᠤᠷᠢᠯ ᠤᠨ ᠣᠷᠣᠨ᠂ ᠰᠠᠶᠢᠷᠭᠠᠯ ᠤᠨ ᠣᠶᠢᠷ᠎ᠠ ᠣᠷᠣᠨ᠂ ᠰᠠᠶᠢᠷᠭᠠᠯ ᠤᠨ ᠬᠤᠯᠠ ᠣᠷᠣᠨ ᠢᠶᠠᠷ ᠭᠤᠤᠯᠯᠠᠭᠤᠯᠤᠨ᠎ᠠ︶  ᠤ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠣᠳᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠵᠠᠭᠠᠭᠯᠠᠨ ᠲᠣᠭᠲᠠᠭᠠᠭᠰᠠᠨ ᠭᠤᠤᠯ ᠭᠤᠯᠳᠤᠷᠢᠯ ᠤᠨ ᠣᠷᠤᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠣᠷᠲᠣᠭᠤᠷ᠂ ᠰᠦᠯᠢᠶᠣᠣ ᠪᠦᠷᠬᠦᠪᠴᠢ ᠵᠢᠴᠢ ᠡᠪᠡᠰᠦ ᠠᠷᠢᠯᠭᠠᠭᠴᠢ ᠡᠮ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠲᠠᠷᠢᠶᠠᠯᠠᠩ ᠤᠨ ᠲᠣᠭᠲᠠᠮᠠᠯ ᠭᠠᠳᠠᠭᠰᠢᠯ ᠦᠭᠡᠢ ᠪᠣᠬᠢᠷᠲᠤᠯ ᠢ ᠴᠢᠩᠭ᠎ᠠ ᠬᠢᠵᠠᠭᠠᠷᠯᠠᠬᠤ ᠬᠡᠷᠡᠭᠲᠡᠶ᠃     ᠬᠤᠶᠠᠷ᠂ ᠵᠠᠭᠠᠭᠯᠠᠨ ᠲᠣᠭᠲᠠᠭᠠᠭᠰᠠᠨ ᠰᠠᠶᠢᠷᠭᠠᠯ ᠠᠴᠠ ᠣᠶᠢᠷ᠎ᠠ ᠣᠷᠤᠨ ᠤ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠣᠷᠣᠨ  ᠤ ᠳᠣᠲᠣᠷ᠎ᠠ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠶᠡᠬᠡᠪᠡᠷ ᠶᠠᠪᠤᠭᠤᠯᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠰᠦᠯᠢᠶᠣᠣ ᠪᠦᠷᠬᠦᠪᠴᠢ ᠶᠢ ᠴᠢᠩᠭ᠎ᠠ ᠬᠢᠵᠠᠭᠠᠷᠯᠠᠬᠤ ᠪᠠ ᠬᠡᠷᠡᠭᠯᠡᠬᠦ ᠥᠭᠡᠢ ᠪᠠᠶᠢᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃    ᠭᠤᠷᠪᠠ᠂ ᠵᠠᠭᠠᠭᠯᠠᠨ ᠲᠣᠭᠲᠠᠭᠠᠭᠰᠠᠨ ᠰᠠᠶᠢᠷᠭᠠᠯ ᠠᠴᠠ ᠬᠤᠯᠠ ᠣᠷᠣᠨ ᠤ ᠳᠣᠲᠣᠷ᠎ᠠ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ ᠰᠥᠭᠡᠷᠭᠦ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠶᠠᠪᠤᠭᠤᠯᠵᠤ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃    ᠲᠦᠷᠪᠡ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠭᠠᠨᠢᠭ ᠪᠤᠷᠳᠤᠭᠤᠷ ᠢ ᠶᠡᠬᠡᠪᠡᠷ ᠳᠡᠯᠭᠡᠷᠡᠭᠦᠯᠦᠨ ᠬᠡᠷᠡᠭᠯᠡᠨ᠎ᠡ᠃    ᠲᠠᠪᠤ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠶᠠᠨ ᠭᠠᠵᠠᠷ᠂ ᠭᠡᠷ ᠪᠠᠶᠢᠰᠢᠩ ᠬᠢᠭᠡᠳ ᠬᠠᠮᠢᠶ᠎ᠠ ᠪᠥᠬᠦᠢ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠨᠲᠡ ᠵᠥᠪᠰᠢᠶᠡᠷᠡᠭᠡᠳ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠦᠷ ᠵᠣᠭᠰᠣᠭᠠᠵᠤ᠂ ᠲᠠᠷᠠᠬᠠᠶ ᠪᠤᠲᠠᠷᠬᠠᠶ ᠡᠷᠥᠭᠡ ᠶᠢ ᠳᠠᠷᠦ᠋ᠢᠬᠠᠨ ᠨᠡᠭᠦᠯᠭᠡᠵᠦ᠂ ᠡᠷᠬᠡᠪᠰᠢ ᠵᠢᠯ ᠤᠨ ᠳᠣᠲᠣᠷ᠎ᠠ ᠨᠡᠭᠦᠯᠭᠡᠵᠦ ᠳᠠᠭᠤᠰᠬᠠᠬᠤ ᠬᠡᠷᠡᠭᠲᠡᠶ᠃ ᠬᠠᠲᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠳᠳᠤᠭ ᠮᠠᠯᠲᠠᠬᠤ᠂ ᠤᠭᠤᠷᠬᠠᠶ ᠮᠠᠯᠲᠠᠬᠤ ᠂ ᠤᠭᠤᠷᠬᠠᠶ ᠪᠠᠶᠢᠭᠤᠯᠬᠤ᠂  ᠪᠣᠯᠠᠰᠢᠯᠠᠬᠤ᠂ ᠰᠢᠷᠣᠶ ᠠᠪᠬᠤ᠂ ᠬᠠᠶᠢᠷ ᠮᠠᠯᠲᠠᠬᠤ᠂ ᠮᠠᠯ ᠬᠠᠷᠢᠭᠤᠯᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠠᠷᠢᠬᠤ ᠵᠡᠷᠭᠡ ᠬᠠᠲᠤᠨ ᠭᠤᠣᠯ ᠤᠨ ᠭᠤᠣᠯ ᠤᠨ ᠵᠠᠮ ᠤᠨ ᠤᠰᠤᠨ ᠤ ᠡᠷᠭᠢ ᠶᠢᠨ ᠱᠤᠭᠤᠮ ᠢ ᠡᠵᠡᠯᠡᠬᠦ ᠵᠢᠴᠢ ᠵᠣᠷᠢᠭᠤᠳᠠ ᠬᠠᠷᠰᠢ ᠰᠠᠭᠠᠳ ᠭᠠᠷᠭᠠᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃    ᠵᠢᠷᠭᠤᠭ᠎ᠠ᠂ ᠵᠥᠪᠰᠢᠶᠡᠷᠡᠭᠦᠯᠦᠭᠰᠡᠨ ᠦᠬᠡᠢ ᠪᠠᠷ ᠬᠠᠳᠤᠨ ᠭᠤᠣᠯ ᠤᠨ ᠭᠤᠣᠯ ᠤᠨ ᠵᠠᠮ ᠳᠤ  ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠶᠢ ᠴᠢᠩᠭ᠎ᠠ ᠴᠠᠭᠠᠵᠠᠯᠠᠵᠤ᠂ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠦᠬᠡᠢ ᠠᠮᠢᠳᠤᠷᠠᠯ ᠤᠨ ᠪᠣᠬᠢᠷ ᠤᠰᠤ᠂  ᠲᠡᠵᠢᠭᠡᠪᠦᠷᠢ ᠶᠢᠨ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠵᠡᠷᠭᠡ ᠶᠢ ᠭᠤᠣᠯ ᠤᠨ ᠵᠠᠮ ᠳᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠭᠦᠯᠦᠭᠰᠡᠨ ᠦᠭᠡᠢ ᠪᠠᠷ ᠬᠠᠳᠤᠨ ᠭᠤᠣᠯ ᠤᠨ ᠭᠤᠣᠯ ᠤᠨ ᠵᠠᠮ ᠳᠣᠲᠣᠷ᠎ᠠ ᠤᠰᠤ ᠲᠠᠲᠠᠬᠤ ᠠᠮᠠᠰᠠᠷ ᠭᠠᠷᠭᠠᠬᠤ ᠶᠢ ᠴᠢᠩᠭ᠎ᠠ ᠴᠠᠭᠠᠵᠠᠯᠠᠨ᠎ᠠ︔ ᠬᠠᠲᠤᠨ ᠭᠤᠣᠯ ᠤᠨ ᠭᠤᠣᠯ ᠤᠨ ᠵᠠᠮ ᠳᠣᠲᠣᠷ᠎ᠠ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃    ᠳᠣᠯᠤᠭ᠎ᠠ᠂ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠮᠠᠯ ᠳᠠᠷᠢᠬᠤ ᠳᠤ ᠡᠷᠳᠡᠨᠢ ᠰᠢᠰᠢ ᠶᠢᠨ ᠨᠥᠬᠦᠪᠥᠷᠢ᠂ ᠲᠠᠷᠢᠶᠠᠯᠠᠩ ᠤᠨ ᠳᠠᠭᠠᠳᠬᠠᠯ ᠵᠡᠷᠭᠡ ᠬᠠᠮᠢᠶ᠎ᠠ ᠪᠥᠬᠦᠶ ᠲᠠᠩ ᠲᠦᠷᠦᠯ ᠤᠨ ᠲᠠᠷᠢᠮᠠᠯ ᠤᠨ ᠨᠥᠬᠦᠪᠥᠷᠢ ᠶᠢ ᠭᠥᠷᠳᠡᠬᠦ ᠥᠬᠡᠶ᠃    ᠨᠠᠢᠮᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠭᠤᠤᠯ ᠳᠠᠭᠠᠤ ᠶᠢᠨ ᠡᠯ᠎ᠡ ᠪᠠᠯᠭᠠᠰᠤ᠂ ᠣᠶ ᠰᠢᠭᠤᠶ ᠶᠢᠨ ᠲᠠᠯᠠᠪᠠᠶ ᠨᠤᠭᠤᠳ ᠡᠷᠬᠡᠪᠰᠢ ︽ᠵᠠᠷᠯᠠᠯ︾ ᠨᠠᠭᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠣᠰ ᠵᠠᠷᠯᠠᠯ ᠤᠨ ᠠᠭᠤᠯᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠲᠤᠰ ᠵᠠᠷᠯᠠᠯ ᠢ ᠵᠥᠷᠢᠴᠡᠭᠰᠡᠨ ᠪᠠᠶᠢᠪᠠᠯ᠂ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠬᠠᠤᠯᠢ ᠶᠣᠰᠣᠭᠠᠷ  ᠰᠢᠢᠳᠪᠦᠷᠢᠯᠡᠨ᠎ᠡ᠃  ᠶᠠᠯᠠᠲᠤ ᠬᠡᠷᠡᠭ ᠲᠤ ᠬᠠᠮᠢᠶᠠᠭᠳᠠᠭᠰᠠᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠶᠢᠰᠦ᠂ ᠲᠤᠰ ᠵᠠᠷᠯᠠᠯ ᠢ ᠲᠤᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃                        ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2021 ᠣᠨ ᠤ 3 ᠰᠠᠷ᠎ᠠ ᠶᠢᠨ 22
 
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号