ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠠᠴᠠ ᠨᠡᠶᠢᠲᠡᠯᠡᠭᠰᠡᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2021/3/24
        ᠬᠠᠲᠤᠨ ᠭᠤᠤᠯ ᠤᠨ ᠭᠤᠣᠯ ᠤᠨ ᠵᠠᠮ ᠤᠨ  ᠬᠠᠮᠢᠶᠠᠷᠤᠯᠲᠠ ᠶᠢᠨ ᠬᠡᠪᠴᠢᠶᠡᠨ ᠳᠠᠬᠢ ᠭᠤᠤᠯ           ᠭᠤᠯᠳᠤᠷᠢᠯ ᠤᠨ ᠣᠷᠣᠨ ᠪᠣᠯᠤᠨ ᠭᠤᠣᠯ ᠤᠨ ᠰᠠᠶᠢᠷᠭᠠᠯ ᠠᠴᠠ ᠣᠶᠢᠷᠠᠯᠴᠠᠭ᠎ᠠ ᠦᠶᠡᠷ ᠤᠨ          ᠤᠷᠤᠰᠬᠠᠯ ᠢ  ᠬᠠᠷᠰᠢᠯᠠᠬᠤ ᠣᠷᠣᠨ ᠤ  ᠳᠣᠲᠣᠷ᠎ᠠ  ᠥᠨᠳᠥᠷ ᠡᠰᠢᠲᠦ  ᠲᠠᠷᠢᠮᠠᠯ ᠲᠠᠷᠢᠬᠤ         ᠵᠡᠷᠭᠡ   ᠦᠢᠯᠡ   ᠠᠵᠢᠯᠯᠠᠭ᠎ᠠ   ᠶᠢ   ᠴᠢᠩᠭ᠎ᠠ   ᠴᠠᠭᠠᠵᠠᠯᠠᠬᠤ    ᠲᠤᠬᠠᠶ    ᠵᠠᠷᠯᠠᠯ         ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠭᠤᠣᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠶᠡᠷ ᠢ ᠰᠡᠷᠭᠡᠶᠢᠯᠡᠬᠦ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠲᠦᠷᠢᠮ︾ ᠤᠨ ᠲᠣᠭᠲᠠᠭᠠᠯ ᠵᠢᠴᠢ ︽ᠣᠳᠣᠬᠠᠨ ᠤ ᠬᠠᠲᠤᠨ ᠭᠤᠤᠯ ᠤᠨ ᠭᠤᠣᠯ ᠤᠨ ᠵᠠᠮ ᠤᠨ ᠳᠣᠲᠣᠷᠠᠬᠢ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠦᠪᠦᠷ ᠭᠤᠤᠯ ᠳᠠᠷᠤᠭ᠎ᠠ ᠠᠯᠪᠠᠨ ︹ 2021 ︺ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠣᠷᠣᠨ ︵ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠠᠴᠠ ᠬᠤᠪᠢᠶᠠᠷᠢᠯᠠᠨ ᠲᠣᠭᠲᠠᠭᠠᠵᠤ᠂ ᠭᠤᠤᠯ ᠤᠨ ᠭᠤᠯᠳᠤᠷᠢᠯ ᠤᠨ ᠲᠥᠪ ᠠᠴᠠ ᠭᠠᠳᠠᠭᠰᠢ ᠪᠠᠨ ᠲᠠᠰ ᠳᠠᠷᠠᠭᠠᠯᠠᠨ ᠭᠤᠤᠯ ᠤᠨ ᠭᠤᠯᠳᠤᠷᠢᠯ ᠤᠨ ᠣᠷᠣᠨ᠂ ᠰᠠᠶᠢᠷᠭᠠᠯ ᠤᠨ ᠣᠶᠢᠷ᠎ᠠ ᠣᠷᠣᠨ᠂ ᠰᠠᠶᠢᠷᠭᠠᠯ ᠤᠨ ᠬᠤᠯᠠ ᠣᠷᠣᠨ ᠢᠶᠠᠷ ᠭᠤᠤᠯᠯᠠᠭᠤᠯᠤᠨ᠎ᠠ︶  ᠤ ᠬᠠᠮᠢᠶᠠᠷᠤᠯᠲᠠ ᠶᠢᠨ ᠠᠵᠢᠯ ᠢ ᠦᠨᠡᠨᠬᠦ ᠴᠢᠩᠭᠠᠳᠬᠠᠵᠤ᠂ ᠣᠳᠣ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠵᠠᠭᠠᠭᠯᠠᠨ ᠲᠣᠭᠲᠠᠭᠠᠭᠰᠠᠨ ᠭᠤᠤᠯ ᠭᠤᠯᠳᠤᠷᠢᠯ ᠤᠨ ᠣᠷᠤᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠣᠷᠲᠣᠭᠤᠷ᠂ ᠰᠦᠯᠢᠶᠣᠣ ᠪᠦᠷᠬᠦᠪᠴᠢ ᠵᠢᠴᠢ ᠡᠪᠡᠰᠦ ᠠᠷᠢᠯᠭᠠᠭᠴᠢ ᠡᠮ ᠬᠡᠷᠡᠭᠯᠡᠬᠦ ᠶᠢ ᠴᠢᠩᠭ᠎ᠠ ᠴᠠᠭᠠᠵᠠᠯᠠᠵᠤ᠂ ᠲᠠᠷᠢᠶᠠᠯᠠᠩ ᠤᠨ ᠲᠣᠭᠲᠠᠮᠠᠯ ᠭᠠᠳᠠᠭᠰᠢᠯ ᠦᠭᠡᠢ ᠪᠣᠬᠢᠷᠲᠤᠯ ᠢ ᠴᠢᠩᠭ᠎ᠠ ᠬᠢᠵᠠᠭᠠᠷᠯᠠᠬᠤ ᠬᠡᠷᠡᠭᠲᠡᠶ᠃     ᠬᠤᠶᠠᠷ᠂ ᠵᠠᠭᠠᠭᠯᠠᠨ ᠲᠣᠭᠲᠠᠭᠠᠭᠰᠠᠨ ᠰᠠᠶᠢᠷᠭᠠᠯ ᠠᠴᠠ ᠣᠶᠢᠷ᠎ᠠ ᠣᠷᠤᠨ ᠤ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠣᠷᠣᠨ  ᠤ ᠳᠣᠲᠣᠷ᠎ᠠ ᠥᠨᠳᠥᠷ ᠡᠰᠢᠲᠦ ᠲᠠᠷᠢᠮᠠᠯ ᠲᠠᠷᠢᠬᠤ ᠶᠢ ᠴᠢᠩᠭ᠎ᠠ ᠴᠠᠭᠠᠵᠠᠯᠠᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠰᠦᠯᠢᠶᠣᠣ ᠪᠦᠷᠬᠦᠪᠴᠢ ᠶᠢᠨ ᠬᠡᠮᠵᠢᠶ᠎ᠡ ᠶᠢ ᠪᠠᠭᠠᠰᠬᠠᠬᠤ ᠠᠵᠢᠯᠯᠠᠭ᠎ᠠ ᠶᠢ ᠶᠡᠬᠡᠪᠡᠷ ᠶᠠᠪᠤᠭᠤᠯᠵᠤ᠂ ᠲᠠᠷᠢᠶᠠᠨ ᠡᠮ᠂ ᠬᠢᠮᠢ ᠶᠢᠨ ᠪᠤᠷᠳᠤᠭᠤᠷ᠂ ᠰᠦᠯᠢᠶᠣᠣ ᠪᠦᠷᠬᠦᠪᠴᠢ ᠶᠢ ᠴᠢᠩᠭ᠎ᠠ ᠬᠢᠵᠠᠭᠠᠷᠯᠠᠬᠤ ᠪᠠ ᠬᠡᠷᠡᠭᠯᠡᠬᠦ ᠥᠭᠡᠢ ᠪᠠᠶᠢᠬᠤ ᠬᠠᠷᠠᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃    ᠭᠤᠷᠪᠠ᠂ ᠵᠠᠭᠠᠭᠯᠠᠨ ᠲᠣᠭᠲᠠᠭᠠᠭᠰᠠᠨ ᠰᠠᠶᠢᠷᠭᠠᠯ ᠠᠴᠠ ᠬᠤᠯᠠ ᠣᠷᠣᠨ ᠤ ᠳᠣᠲᠣᠷ᠎ᠠ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠶᠢ ᠰᠥᠭᠡᠷᠭᠦ ᠨᠡᠮᠡᠭᠳᠡᠭᠦᠯᠬᠦ ᠠᠵᠢᠯᠯᠠᠭ᠎ᠠ ᠶᠢ ᠶᠡᠬᠡᠪᠡᠷ ᠶᠠᠪᠤᠭᠤᠯᠵᠤ᠂ ᠬᠡᠷᠡᠭᠯᠡᠬᠦ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃    ᠲᠦᠷᠪᠡ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠭᠠᠨᠢᠭ ᠪᠤᠷᠳᠤᠭᠤᠷ ᠢ ᠶᠡᠬᠡᠪᠡᠷ ᠳᠡᠯᠭᠡᠷᠡᠭᠦᠯᠦᠨ ᠬᠡᠷᠡᠭᠯᠡᠨ᠎ᠡ᠃    ᠲᠠᠪᠤ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠶᠠᠨ ᠭᠠᠵᠠᠷ᠂ ᠭᠡᠷ ᠪᠠᠶᠢᠰᠢᠩ ᠬᠢᠭᠡᠳ ᠬᠠᠮᠢᠶ᠎ᠠ ᠪᠥᠬᠦᠢ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠬᠠᠳᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠨᠢᠭᠡᠨᠲᠡ ᠵᠥᠪᠰᠢᠶᠡᠷᠡᠭᠡᠳ ᠪᠠᠶᠢᠭᠤᠯᠵᠤ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠦᠷ ᠵᠣᠭᠰᠣᠭᠠᠵᠤ᠂ ᠲᠠᠷᠠᠬᠠᠶ ᠪᠤᠲᠠᠷᠬᠠᠶ ᠡᠷᠥᠭᠡ ᠶᠢ ᠳᠠᠷᠦ᠋ᠢᠬᠠᠨ ᠨᠡᠭᠦᠯᠭᠡᠵᠦ᠂ ᠡᠷᠬᠡᠪᠰᠢ ᠵᠢᠯ ᠤᠨ ᠳᠣᠲᠣᠷ᠎ᠠ ᠨᠡᠭᠦᠯᠭᠡᠵᠦ ᠳᠠᠭᠤᠰᠬᠠᠬᠤ ᠬᠡᠷᠡᠭᠲᠡᠶ᠃ ᠬᠠᠲᠤᠨ ᠭᠤᠣᠯ ᠤᠨ ᠭᠤᠣᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠬᠤᠳᠳᠤᠭ ᠮᠠᠯᠲᠠᠬᠤ᠂ ᠤᠭᠤᠷᠬᠠᠶ ᠮᠠᠯᠲᠠᠬᠤ᠂ ᠤᠭᠤᠷᠬᠠᠶ ᠪᠠᠶᠢᠭᠤᠯᠬᠤ᠂  ᠪᠣᠯᠠᠰᠢᠯᠠᠬᠤ᠂ ᠰᠢᠷᠣᠶ ᠠᠪᠬᠤ᠂ ᠬᠠᠶᠢᠷ ᠮᠠᠯᠲᠠᠬᠤ᠂ ᠮᠠᠯ ᠬᠠᠷᠢᠭᠤᠯᠬᠤ᠂ ᠦᠶᠡᠷ ᠵᠠᠯᠠᠬᠤ ᠶᠢ ᠬᠠᠷᠰᠢᠯᠠᠬᠤ ᠤᠢ ᠮᠣᠳᠣ ᠲᠠᠷᠢᠬᠤ ᠵᠡᠷᠭᠡ ᠬᠠᠲᠤᠨ ᠭᠤᠣᠯ ᠤᠨ ᠭᠤᠣᠯ ᠤᠨ ᠵᠠᠮ ᠤᠨ ᠤᠰᠤᠨ ᠤ ᠡᠷᠭᠢ ᠶᠢᠨ ᠱᠤᠭᠤᠮ ᠢ ᠡᠵᠡᠯᠡᠬᠦ ᠵᠢᠴᠢ ᠵᠣᠷᠢᠭᠤᠳᠠ ᠬᠠᠷᠰᠢ ᠰᠠᠭᠠᠳ ᠭᠠᠷᠭᠠᠬᠤ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃    ᠵᠢᠷᠭᠤᠭ᠎ᠠ᠂ ᠵᠥᠪᠰᠢᠶᠡᠷᠡᠭᠦᠯᠦᠭᠰᠡᠨ ᠦᠬᠡᠢ ᠪᠠᠷ ᠬᠠᠳᠤᠨ ᠭᠤᠣᠯ ᠤᠨ ᠭᠤᠣᠯ ᠤᠨ ᠵᠠᠮ ᠳᠤ  ᠪᠣᠬᠢᠷᠲᠤᠯ ᠭᠠᠳᠠᠭᠰᠢᠯᠠᠭᠤᠯᠬᠤ ᠠᠮᠠᠰᠠᠷ ᠭᠠᠷᠭᠠᠬᠤ ᠶᠢ ᠴᠢᠩᠭ᠎ᠠ ᠴᠠᠭᠠᠵᠠᠯᠠᠵᠤ᠂ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠬᠦ ᠦᠬᠡᠢ ᠠᠮᠢᠳᠤᠷᠠᠯ ᠤᠨ ᠪᠣᠬᠢᠷ ᠤᠰᠤ᠂  ᠲᠡᠵᠢᠭᠡᠪᠦᠷᠢ ᠶᠢᠨ ᠪᠣᠬᠢᠷ ᠤᠰᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠵᠡᠷᠭᠡ ᠶᠢ ᠭᠤᠣᠯ ᠤᠨ ᠵᠠᠮ ᠳᠤ ᠭᠠᠳᠠᠭᠰᠢᠯᠠᠭᠤᠯᠬᠤ ᠶᠢ ᠴᠢᠩᠭ᠎ᠠ ᠴᠠᠭᠠᠵᠠᠯᠠᠨ᠎ᠠ︔ ᠵᠥᠪᠰᠢᠶᠡᠷᠡᠭᠦᠯᠦᠭᠰᠡᠨ ᠦᠭᠡᠢ ᠪᠠᠷ ᠬᠠᠳᠤᠨ ᠭᠤᠣᠯ ᠤᠨ ᠭᠤᠣᠯ ᠤᠨ ᠵᠠᠮ ᠳᠣᠲᠣᠷ᠎ᠠ ᠤᠰᠤ ᠲᠠᠲᠠᠬᠤ ᠠᠮᠠᠰᠠᠷ ᠭᠠᠷᠭᠠᠬᠤ ᠶᠢ ᠴᠢᠩᠭ᠎ᠠ ᠴᠠᠭᠠᠵᠠᠯᠠᠨ᠎ᠠ︔ ᠬᠠᠲᠤᠨ ᠭᠤᠣᠯ ᠤᠨ ᠭᠤᠣᠯ ᠤᠨ ᠵᠠᠮ ᠳᠣᠲᠣᠷ᠎ᠠ ᠪᠠᠷᠢᠯᠭ᠎ᠠ ᠶᠢᠨ ᠬᠤᠭ ᠨᠣᠪᠰᠢ᠂ ᠠᠮᠢᠳᠤᠷᠠᠯ ᠤᠨ ᠬᠤᠭ ᠨᠣᠪᠰᠢ ᠵᠡᠷᠭᠡ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃    ᠳᠣᠯᠤᠭ᠎ᠠ᠂ ᠬᠠᠲᠤᠨ ᠭᠤᠤᠯ ᠤᠨ ᠭᠤᠤᠯ ᠤᠨ ᠵᠠᠮ ᠤᠨ ᠬᠠᠮᠢᠶᠠᠷᠤᠯᠲᠠ ᠶᠢᠨ ᠬᠡᠪᠴᠢᠶᠡᠨ ᠳᠤ ᠲᠠᠷᠢᠮᠠᠯ ᠳᠠᠷᠢᠬᠤ ᠳᠤ ᠡᠷᠳᠡᠨᠢ ᠰᠢᠰᠢ ᠶᠢᠨ ᠨᠥᠬᠦᠪᠥᠷᠢ᠂ ᠲᠠᠷᠢᠶᠠᠯᠠᠩ ᠤᠨ ᠳᠠᠭᠠᠳᠬᠠᠯ ᠵᠡᠷᠭᠡ ᠬᠠᠮᠢᠶ᠎ᠠ ᠪᠥᠬᠦᠶ ᠲᠠᠩ ᠲᠦᠷᠦᠯ ᠤᠨ ᠲᠠᠷᠢᠮᠠᠯ ᠤᠨ ᠨᠥᠬᠦᠪᠥᠷᠢ ᠶᠢ ᠭᠥᠷᠳᠡᠬᠦ ᠥᠬᠡᠶ᠃    ᠨᠠᠢᠮᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠭᠤᠤᠯ ᠳᠠᠭᠠᠤ ᠶᠢᠨ ᠡᠯ᠎ᠡ ᠪᠠᠯᠭᠠᠰᠤ᠂ ᠣᠶ ᠰᠢᠭᠤᠶ ᠶᠢᠨ ᠲᠠᠯᠠᠪᠠᠶ ᠨᠤᠭᠤᠳ ᠡᠷᠬᠡᠪᠰᠢ ︽ᠵᠠᠷᠯᠠᠯ︾ ᠨᠠᠭᠠᠬᠤ᠂ ᠡᠷᠦᠬᠡ ᠳᠤ ᠬᠦᠷᠴᠦ ᠰᠤᠷᠪᠤᠯᠵᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠣᠰ ᠵᠠᠷᠯᠠᠯ ᠤᠨ ᠠᠭᠤᠯᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠲᠤᠰ ᠵᠠᠷᠯᠠᠯ ᠢ ᠵᠥᠷᠢᠴᠡᠭᠰᠡᠨ ᠪᠠᠶᠢᠪᠠᠯ ᠂ ᠦᠢᠯᠡ ᠪᠠᠶᠢᠳᠠᠯ ᠤᠨ ᠬᠢᠨᠢ ᠬᠦᠨᠳᠦ ᠬᠦᠡᠭᠭᠡᠨ ᠢ ᠦᠵᠡᠵᠦ ᠪᠠᠶᠢᠭᠠᠳ ᠬᠠᠤᠯᠢ ᠶᠣᠰᠣᠭᠠᠷ  ᠰᠢᠢᠳᠪᠦᠷᠢᠯᠡᠨ᠎ᠡ᠃  ᠶᠠᠯᠠᠲᠤ ᠬᠡᠷᠡᠭ ᠲᠤ ᠬᠠᠮᠢᠶᠠᠭᠳᠠᠭᠰᠠᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠶᠢᠰᠦ᠂ ᠲᠤᠰ ᠵᠠᠷᠯᠠᠯ ᠢ ᠲᠤᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃    ᠡᠭᠦᠨ ᠤ ᠲᠤᠯᠠ ᠣᠨᠴᠠᠭᠠᠶᠢᠯᠠᠨ ᠵᠠᠷᠯᠠᠪᠠ᠃                        ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                           2021 ᠣᠨ ᠤ 3 ᠰᠠᠷ᠎ᠠ ᠶᠢᠨ 22
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ