ᠤᠷᠠᠳ ᠤᠨ ᠡᠮᠦᠨᠡᠲᠦ ᠬᠤᠰᠢᠭᠤᠨ ᠤ ᠰᠠᠯᠪᠤᠷᠢ ᠪᠠᠩᠭᠢ ᠰᠡᠷᠡᠮᠵᠢ ᠶᠢᠨ ᠬᠦᠮᠦᠵᠢᠯ ᠢ  ᠦᠷᠨᠢᠭᠦᠯᠪᠡ
ᠨᠡᠶᠢᠲᠡᠯᠡᠭᠰᠡᠨ ᠴᠠᠭ᠄
2021/3/3
     2 ᠰᠠᠷᠠᠶᠢᠨ 24 ᠤ ᠡᠳᠦᠷ᠂ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠭᠢ ᠶᠢᠨ ᠡᠮᠦᠨᠡᠲᠦ ᠬᠤᠰᠢᠭᠤᠨ ᠳᠠᠬᠢ ᠰᠠᠯᠪᠤᠷᠢ ᠪᠠᠩᠭᠢ ᠶᠢᠨ ᠨᠠᠮ ᠤᠨ ᠡᠭᠦᠷ《 ᠰᠠᠬᠢᠯᠭ᠎ᠠ ᠪᠠᠲᠤ ᠢᠯᠡ᠂ ᠪᠢᠰᠢᠷᠡᠨ ᠵᠢᠷᠦᠬᠡᠰᠢᠶᠡᠬᠦ᠂ ᠠᠶᠤᠵᠤ ᠡᠮᠢᠶᠡᠬᠦ ᠰᠡᠳᠭᠢᠯᠭᠡ ᠲᠠᠢ᠂ ᠬᠤᠷᠢᠭ᠎ᠠ ᠱᠤᠭᠤᠮ ᠢ ᠰᠠᠬᠢᠬᠤ》 ᠰᠡᠷᠡᠮᠵᠢᠯᠡᠭᠦᠯᠬᠦ ᠬᠦᠮᠦᠵᠢᠯ ᠢᠶᠠᠷ ᠭᠤᠣᠯ ᠰᠡᠳᠦᠪ ᠪᠣᠯᠭᠠᠭᠰᠠᠨ ᠨᠠᠮ ᠤᠨ ᠡᠳᠦᠷᠯᠢᠭ ᠤᠨ ᠠᠵᠢᠯᠯᠠᠭ᠎ᠠ ᠶᠠᠪᠤᠭᠳᠠᠭᠤᠯᠵᠤ᠂ ᠨᠠᠮ ᠤᠨ ᠰᠣᠷᠲᠠᠯ ᠤᠨ ᠪᠠᠶᠢᠭᠤᠯᠤᠯᠲᠠ ᠵᠢᠴᠢ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠢ ᠠᠬᠢᠭᠤᠯᠪᠠ᠃      ᠲᠤᠰ ᠰᠠᠯᠪᠤᠷᠢ ᠪᠠᠩᠭᠢ ᠶᠢᠨ ᠨᠠᠮ ᠤᠨ ᠡᠭᠦᠷ ᠤᠨ ᠱᠦᠵᠢ ᠠᠴᠠ《 ᠬᠤᠷᠢᠭ᠎ᠠ ᠱᠤᠭᠤᠮ ᠤᠨ ᠦᠵᠡᠯᠲᠡ ᠶᠢ ᠪᠠᠲᠤᠳᠬᠠᠵᠤ᠂ ᠤᠬᠠᠮᠰᠠᠷ ᠠᠴᠠ ᠪᠠᠨ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ》 ᠪᠠᠷ ᠭᠤᠣᠯ ᠰᠡᠳᠦᠪ ᠪᠣᠯᠭᠠᠵᠤ᠂ ᠰᠢᠨ᠎ᠡ ᠴᠠᠭ ᠡᠷᠡᠨ ᠤ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠡᠵᠡᠮᠰᠢᠬᠦ ᠵᠢᠴᠢ ᠪᠢᠰᠢᠷᠡᠨ ᠵᠢᠷᠦᠭᠡᠰᠢᠶᠡᠬᠦ ᠠᠶᠤᠵᠤ ᠡᠮᠢᠶᠡᠬᠦ ᠰᠡᠳᠭᠢᠯᠭᠡ ᠲᠠᠢ ᠪᠠᠶᠢᠵᠤ᠂ ᠬᠤᠷᠢᠭ᠎ᠠ ᠱᠤᠭᠤᠮ ᠢ ᠬᠡᠷᠬᠢᠨ ᠰᠠᠬᠢᠬᠤ ᠵᠡᠷᠭᠡ ᠲᠠᠯ᠎ᠠ ᠪᠠᠷ ᠨᠠᠮ ᠤᠨ ᠬᠢᠴᠢᠶᠠᠯ ᠣᠷᠤᠵᠤ᠂ ᠪᠦᠬᠦ ᠨᠠᠮ ᠤᠨ ᠭᠡᠰᠢᠭᠦᠳ ᠤᠨ ᠢᠲᠡᠭᠡᠯ ᠵᠣᠷᠢᠭ ᠢᠶᠠᠨ ᠬᠦᠪᠴᠢᠯᠡᠵᠦ᠂ ᠠᠷᠢᠭᠤᠨ ᠴᠢᠭᠡᠴᠢ ᠪᠠᠷ ᠠᠵᠢᠯ ᠡᠷᠬᠢᠯᠡᠬᠦ ᠦᠵᠡᠯᠲᠡ ᠲᠠᠢ ᠪᠠᠶᠢᠬᠤ ᠶᠢ ᠬᠦᠮᠦᠵᠢᠭᠦᠯᠵᠦ᠂ ᠨᠠᠮ ᠤᠨ ᠭᠡᠰᠢᠭᠦᠨ ᠤ ᠬᠤᠰᠢᠭᠤᠴᠢ ᠳᠦᠷᠢ ᠲᠦᠷᠬᠦ ᠶᠢ ᠪᠣᠢ ᠪᠣᠯᠭᠠᠪᠠ᠃ ᠣᠶᠢᠷ᠎ᠠ ᠶᠢᠨ ᠵᠢᠯ ᠤᠳ ᠤᠨ ᠮᠦᠩᠭᠦᠨ ᠭᠦᠢᠯᠭᠡᠭᠡᠨ ᠤ  ᠬᠦᠷᠢᠶ᠎ᠡ ᠴᠠᠷᠠᠭ᠎ᠠ ᠳᠠᠬᠢ ᠨᠡᠶᠢᠲᠡᠯᠢᠭ ᠬᠡᠷᠡᠭ ᠤᠨ ᠵᠢᠱᠢᠶ᠎ᠡ ᠶᠢ ᠵᠣᠬᠢᠶᠠᠨ ᠪᠠᠶᠢᠭᠤᠯᠤᠨ ᠰᠤᠷᠤᠯᠴᠠᠭᠤᠯᠵᠤ᠂《 ᠰᠡᠷᠡᠮᠵᠢ ᠶᠢᠨ ᠬᠤᠩᠬ᠎ᠠ ᠡᠭᠦᠷᠢᠳᠡ ᠳᠤᠤᠭᠠᠷᠬᠤ》 ᠰᠡᠷᠡᠮᠵᠢᠭᠦᠯᠦᠨ ᠬᠦᠮᠦᠵᠢᠭᠦᠯᠬᠦ ᠺᠢᠨᠤ᠋ ᠦᠵᠡᠭᠦᠯᠵᠦ᠂ ᠦᠷᠭᠡᠨ ᠣᠯᠠᠨ ᠨᠠᠮ ᠤᠨ ᠭᠡᠰᠢᠭᠦᠳ ᠤᠨ ᠰᠡᠳᠭᠢᠯ ᠤᠨ ᠭᠦᠨ ᠤ ᠲᠣᠩᠰᠤᠯᠤᠯ ᠪᠣᠯᠵᠤ᠂ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠠᠴᠠ ᠰᠤᠷᠭᠠᠮᠵᠢ ᠠᠪᠴᠦ᠂ ᠰᠡᠷᠡᠮᠵᠢ ᠶᠢᠨ ᠬᠤᠩᠬ᠎ᠠ ᠶᠢ ᠲᠤᠤᠭᠠᠷᠭᠠᠵᠤ᠂  ᠢᠯᠵᠠᠷᠠᠯ ᠢ ᠡᠷᠡᠰ ᠡᠰᠡᠷᠭᠦᠴᠡᠬᠦ ᠰᠡᠳᠭᠢᠯᠭᠡ ᠪᠠᠨ ᠬᠤᠶᠢᠨ᠎ᠠ ᠬᠤᠶᠢᠨ᠎ᠠ ᠠᠴᠠ ᠪᠠᠨ ᠢᠯᠡᠷᠬᠡᠶᠢᠯᠡᠪᠡ᠃ ᠡᠭᠦᠨ ᠤ ᠬᠠᠮᠲᠤ ᠦᠪᠡᠷ ᠤᠨ ᠠᠵᠢᠯ ᠤᠨ ᠪᠠᠶᠢᠷᠢ ᠲᠠᠢ ᠪᠠᠨ ᠤᠶᠠᠯᠳᠤᠭᠤᠯᠵᠤ᠂ ᠬᠡᠷᠡᠭ ᠤᠨ ᠲᠦᠭᠰᠢᠭᠦᠷᠢ ᠶᠢ ᠰᠡᠷᠭᠡᠶᠢᠯᠡᠨ ᠲᠤᠰ ᠪᠡᠶ᠎ᠡ ᠶᠢᠨ ᠠᠷᠢᠭᠤᠨ ᠴᠢᠭᠡᠴᠢ ᠪᠠᠷ ᠵᠠᠰᠠᠭ ᠪᠠᠷᠢᠬᠤ ᠦᠵᠡᠯᠲᠡ ᠲᠠᠨᠢᠯᠲᠠ ᠪᠠᠨ ᠴᠢᠩᠭᠠᠳᠬᠠᠨ᠂ ᠬᠡᠷᠡᠭ ᠢᠶᠠᠷ ᠰᠤᠷᠭᠠᠮᠵᠢ ᠪᠣᠯᠭᠠᠨ ᠦᠷᠭᠦᠯᠵᠢ ᠦᠪᠡᠷ ᠤᠨ ᠪᠡᠶ᠎ᠡ ᠪᠠᠨ ᠤᠬᠠᠭᠠᠷᠠᠭᠤᠯᠵᠤ᠂ ᠣᠬᠢ ᠰᠠᠶᠢᠨ ᠠᠷᠢᠭᠤᠨ ᠴᠢᠭᠡᠴᠢ ᠠᠭᠤᠷ ᠠᠮᠢᠰᠬᠤᠯ ᠢ ᠪᠣᠢ ᠪᠣᠯᠭᠠᠬᠤ ᠪᠠᠨ ᠢᠯᠡᠷᠬᠡᠶᠢᠯᠡᠵᠡᠢ᠃      ᠲᠤᠰ ᠤᠳᠠᠭᠠᠨ ᠤ ᠰᠡᠷᠡᠮᠵᠢ ᠶᠢᠨ ᠬᠦᠮᠦᠵᠢᠯ ᠢᠶᠠᠷ ᠳᠠᠮᠵᠢᠨ ᠪᠦᠬᠦ ᠨᠠᠮ ᠤᠨ ᠭᠡᠰᠢᠭᠦᠳ ᠤᠨ ᠦᠵᠡᠯ ᠰᠠᠨᠠᠭᠠᠨ ᠤ ᠬᠤᠷᠢᠭ᠎ᠠ ᠱᠤᠭᠤᠮ ᠢ ᠪᠠᠲᠤᠳᠬᠠᠵᠤ᠂ ᠢᠯᠵᠠᠷᠠᠬᠤ ᠠᠴᠠ ᠠᠶᠤᠵᠤ᠂ ᠢᠯᠵᠠᠷᠠᠵᠤ ᠪᠣᠯᠬᠤ ᠦᠭᠡᠢ᠂ ᠢᠯᠵᠠᠷᠠᠬᠤ ᠳᠤᠷ᠎ᠠ ᠦᠭᠡᠢ ᠤᠯᠤᠰ ᠲᠦᠷᠦ ᠶᠢᠨ ᠤᠬᠠᠮᠰᠠᠷ ᠢ ᠨᠡᠮᠡᠭᠳᠡᠭᠦᠯᠵᠦ᠂ ᠠᠷᠢᠭᠤᠨ ᠴᠢᠭᠡᠴᠢ ᠪᠠᠷ ᠪᠡᠶ᠎ᠡ ᠪᠠᠨ ᠪᠠᠷᠢᠬᠤ ᠠᠵᠤ ᠠᠬᠤᠶᠢᠯᠠᠯ ᠤᠨ ᠰᠤᠶᠤᠯ ᠢ ᠬᠦᠮᠦᠵᠢᠭᠦᠯᠵᠦ ᠪᠦᠬᠦ ᠪᠠᠩᠭᠢ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ  ᠶᠢᠨ ᠪᠠᠲᠤ ᠪᠠᠬᠢ ᠪᠠᠲᠤᠯᠭ᠎ᠠ ᠶᠢ ᠬᠠᠩᠭᠠᠪᠠ  ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ