3 ᠰᠠᠷ᠎ᠠ ᠶᠢᠨ 4 ᠤ ᠡᠳᠤᠷ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠲᠦᠷᠪᠡᠳᠤᠭᠡᠷ | ᠬᠤᠷᠠᠯ ᠪᠡᠬᠡᠵᠢᠩ ᠳᠤ ᠡᠬᠢᠯᠡᠨ᠎ᠡ᠃ 3 ᠰᠠᠷ᠎ᠠ ᠶᠢᠨ 3 ᠤ ᠡᠳᠤᠷ ᠪᠤᠯᠳᠠᠯ᠎ᠠ᠂ ᠬᠤᠷᠠᠯ ᠳᠤ ᠤᠷᠤᠯᠴᠠᠬᠤ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ | ᠲᠦᠷᠤ ᠶᠢᠨ ᠵᠦᠪᠯᠡᠯᠬᠡᠨ ᠤ 25 ᠬᠡᠰᠢᠬᠦᠨ ᠪᠦᠬᠦᠨ ᠢᠶᠠᠷ ᠢᠶᠠᠨ ᠪᠡᠬᠡᠵᠢᠩ ᠳᠤ ᠬᠦᠷᠴᠤ᠂ ᠬᠠᠪᠤᠷ ᠤᠨ ᠤᠯᠠᠷᠢᠯ ᠤᠨ ᠡᠨᠡ ᠬᠦ ᠦᠪᠡᠳᠡᠭᠰᠢ ᠶᠡᠭᠡ ᠬᠤᠷᠠᠯ ᠳᠤ | ᠤᠷᠤᠯᠴᠠᠬᠤ ᠪᠤᠯᠤᠨ᠎ᠠ᠃ | ᠡᠨᠡ ᠵᠢᠯ ᠪᠤᠯ ︽ᠠᠷᠪᠠᠨ ᠲᠦᠷᠪᠡᠳᠤᠭᠡᠷ ᠲᠠᠪᠤᠨ ᠵᠢᠯ︾ ᠤᠨ ᠲᠦᠯᠤᠪᠵᠢᠬᠦᠯᠬᠡ ᠶᠢ ᠭᠡᠷᠡᠭᠵᠢᠬᠦᠯᠬᠦ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ | ᠲᠠᠯ᠎ᠠ ᠪᠠᠷ ᠪᠦᠳᠤᠬᠡᠨ ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ ᠠᠩᠬᠠᠳᠠᠬᠴᠢ ᠵᠢᠯ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠬᠰᠠᠨ 100 | ᠵᠢᠯ ᠤᠨ ᠤᠢ ᠪᠤᠯᠤᠨ᠎ᠠ᠂ ᠡᠨᠡ ᠵᠢᠯ ᠤᠨ ᠠᠵᠢᠯ ᠢ ᠰᠠᠶᠢᠳᠤᠷ ᠬᠢᠬᠦ ᠨᠢ ᠲᠦᠢᠯ ᠤᠨ ᠴᠢᠬᠤᠯᠠ ᠶᠤᠮ᠃ ᠡᠨᠡ ᠤᠳᠠᠭ᠎ᠠ ᠶᠢᠨ ᠶᠡᠭᠡ ᠬᠤᠷᠠᠯ ᠢ ᠰᠠᠶᠢᠳᠤᠷ ᠬᠢᠬᠦ ᠶᠢᠨ | ᠲᠦᠯᠤᠬᠡ᠂ 17 ᠡᠳᠡᠬᠡᠳ ᠢᠯᠭᠠᠯ ᠠᠴᠠ ᠢᠷᠡᠭᠰᠡᠨ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ | ᠪᠡᠬᠡᠵᠢᠩ ᠳᠤ ᠤᠴᠢᠬᠤ ᠠᠴᠠ ᠡᠮᠤᠨ᠎ᠠ ᠬᠦᠨᠵᠡᠬᠡᠢ ᠪᠠᠶᠢᠴᠠᠭᠠᠨ ᠰᠤᠳᠤᠯᠤᠯᠳᠠ ᠬᠢᠵᠤ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠤᠨᠤᠰᠴᠤ᠂ ᠰᠠᠨᠠᠯ | ᠲᠤᠷᠠᠳᠤᠯᠭ᠎ᠠ ᠶᠢ ᠨᠠᠷᠢᠨ ᠬᠢᠨᠠᠮᠠᠭᠠᠢ ᠲᠤᠭᠤᠷᠪᠢᠨ ᠪᠢᠴᠢᠵᠤ᠂ ᠲᠦᠷᠦ ᠶᠢᠨ ᠶᠠᠪᠤᠳᠠᠯ ᠳᠤ ᠤᠷᠤᠯᠴᠠᠬᠤ ᠲᠦᠷᠦ ᠶᠢᠨ ᠶᠠᠪᠤᠳᠠᠯ ᠢ ᠵᠦᠪᠳᠡᠬᠦ᠂ ᠰᠠᠨᠠᠭᠤᠯᠭ᠎ᠠ ᠭᠠᠷᠭᠠᠵᠤ | ᠠᠷᠭ᠎ᠠ ᠪᠤᠳᠤᠯᠭ᠎ᠠ ᠲᠡᠪᠰᠢᠬᠦᠯᠬᠦ ᠳᠤ ᠬᠦᠢᠴᠡᠳ ᠪᠡᠯᠡᠳᠬᠡᠯ ᠬᠢᠭᠰᠡᠨ ᠪᠠᠶᠢᠨ᠎ᠠ᠃ | ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ | ᠬᠠᠤᠯᠢ ᠶᠢᠨ ᠤᠬᠠᠭᠠᠨ ᠤ ᠲᠡᠭᠡᠳᠤ ᠰᠤᠷᠭᠠᠭᠤᠯᠢ ᠶᠢᠨ ᠫᠷᠤᠹᠧᠰᠰᠤᠷ ᠡᠸ᠋ ᠰᠢᠶᠤᠤ ᠮᠸᠢ᠄ ︽ᠵᠠᠰᠠᠬ ᠤᠨ ᠤᠷᠳᠤᠨ ᠤ ᠠᠵᠢᠯ ᠤᠨ ᠢᠯᠡᠳᠬᠡᠯ ᠳᠤ ᠶᠠᠮᠠᠷ ᠴᠢᠬᠤᠯᠡ | ᠮᠡᠳᠡᠭᠡ ᠶᠢ ᠳᠠᠮᠵᠢᠭᠤᠯᠬᠤ ᠳᠤ ᠪᠢ ᠶᠡᠭᠡ ᠠᠩᠬᠠᠷᠤᠯ ᠲᠡᠯᠪᠢᠵᠤ ᠪᠠᠶᠢᠨ᠎ᠠ᠃ ᠪᠢ ᠨᠠᠷᠢᠨ ᠬᠢᠨᠠᠮᠠᠭᠠᠢ ᠬᠤᠷᠠᠯ ᠳᠤ ᠤᠷᠤᠯᠴᠠᠵᠤ᠂ ᠴᠤᠬ ᠵᠢᠪᠬᠤᠭ᠎ᠠ ᠲᠡᠬᠦᠯᠳᠡᠷ ᠢᠶᠠᠷ | ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠢᠳᠡᠪᠬᠢᠳᠠᠢ ᠰᠠᠨᠠᠭᠤᠯᠭ᠎ᠠ ᠭᠠᠷᠭᠠᠵᠤ ᠠᠷᠭ᠎ᠠ ᠪᠤᠳᠤᠯᠭ᠎ᠠ ᠲᠡᠪᠰᠢᠬᠦᠯᠦᠨ᠎ᠠ︾ ᠬᠡᠵᠤ ᠬᠡᠯᠡᠪᠡ᠃ | ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠤᠢᠢᠯᠡᠳᠪᠤᠷᠢ | ᠬᠤᠳᠠᠯᠳᠤᠭ᠎ᠠ ᠶᠢᠨ ᠬᠤᠯᠪᠤᠭᠠᠨ ᠤ ᠲᠡᠷᠢᠬᠦᠯᠡᠭᠴᠢ ᠠᠨ ᠷᠦᠨ ᠱᠧᠩ᠄ ︽ᠪᠢ ᠶᠡᠭᠡ ᠬᠤᠷᠠᠯ ᠤᠨ ᠬᠤᠯᠪᠤᠬᠳᠠᠯ ᠪᠦᠬᠦᠢ ᠢᠯᠡᠳᠬᠡᠯ ᠮᠡᠳᠡᠬᠦᠯᠦᠯᠳᠠ ᠶᠢ ᠨᠠᠷᠢᠨ | ᠬᠢᠨᠠᠮᠠᠭᠠᠢ ᠰᠤᠨᠤᠰᠬᠤ ᠶᠢᠨ ᠬᠠᠮᠳᠦ ᠰᠠᠶᠢᠳᠤᠷ ᠬᠢᠨᠠᠨ ᠵᠦᠪᠯᠡᠬᠦ ᠪᠠ ᠶᠠᠷᠢᠯᠴᠠᠵᠤ᠂ ᠨᠡᠶᠢᠬᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠢᠳᠡᠪᠬᠢᠳᠠᠢ ᠲᠤᠰᠬᠠᠨ᠎ᠠ︾ ᠬᠡᠵᠤ | ᠬᠡᠯᠡᠪᠡ᠃ ᠡᠨᠡ ᠤᠳᠠᠭ᠎ᠠ ᠶᠢᠨ ᠬᠤᠷᠠᠯ ᠳᠤ᠂ ᠲᠡᠷᠡ ︽ᠴᠡᠪᠡᠷ ᠠᠷᠢᠭᠤᠨ ᠢᠯᠴᠢ ᠶᠢᠨ ᠬᠠᠩᠭᠠᠯᠭ᠎ᠠ ᠶᠢ ᠲᠦᠷᠬᠡᠨ ᠠᠬᠢᠭᠤᠯᠬᠤ︾ ︽ᠲᠤᠭᠠᠴᠢᠯᠠᠬᠰᠠᠨ ᠠᠵᠤ ᠠᠬᠤᠢ | ᠪᠤᠯᠤᠨ ᠪᠤᠳᠠᠳᠤ ᠴᠤᠬᠴᠠ ᠶᠢᠨ ᠠᠵᠤ ᠠᠬᠤᠢ ᠶᠢ ᠬᠦᠨᠵᠡᠬᠡᠢ ᠠᠭᠤᠰᠤᠯᠴᠠᠭᠤᠯᠤᠨ ᠬᠦᠭᠵᠢᠬᠦᠯᠬᠦ︾ ︽ᠮᠠᠨ ᠤ ᠤᠷᠤᠨ ᠳᠤ ᠬᠠᠳᠤᠨ ᠭᠤᠤᠯ ᠤᠷᠳᠤ ᠴᠠᠭᠠᠨ | ᠬᠡᠷᠡᠮ ᠤᠨ ᠤᠯᠤᠰ ᠤᠨ ᠰᠤᠶᠤᠯ ᠤᠨ ᠴᠡᠴᠡᠷᠯᠢᠭ ᠪᠠᠶᠢᠭᠤᠯᠬᠤ︾ ᠵᠡᠷᠬᠡ ᠲᠠᠯ᠎ᠠ ᠶᠢᠨ ᠰᠠᠨᠠᠯ ᠳᠤᠷᠠᠳᠤᠯᠭ᠎ᠠ ᠶᠢ ᠪᠡᠯᠡᠳᠬᠡᠵᠡᠢ᠃ | ︽ᠮᠠᠨ ᠤ ᠤᠯᠤᠰ ᠬᠡᠳᠦ᠋ᠢᠪᠡᠷ ᠤᠷᠭᠤᠮᠠᠯ ᠤᠨ ᠲᠤᠮᠤ ᠤᠯᠤᠰ ᠪᠤᠯᠪᠠᠴᠤ ᠨᠤᠳᠤᠬ ᠤᠨ ᠲᠠᠷᠢᠮᠠᠯ ᠤᠨ ᠬᠦᠴᠦᠷᠭᠡᠭ ᠤᠯᠤᠰ ᠪᠤᠰᠤ᠃ ᠠᠮᠢ ᠠᠬᠤᠢ ᠶᠢᠨ | ᠰᠠᠯᠪᠢᠨ ᠵᠠᠰᠠᠯᠳᠠ ᠳᠤ ᠤᠷᠭᠤᠮᠠᠯ ᠤᠨ ᠦᠷ᠎ᠠ ᠲᠤᠳᠠᠬᠳᠠᠵᠤ᠂ ᠰᠠᠭᠤᠷᠢ ᠭᠡᠷᠡᠭᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ᠂ ᠦᠷᠡᠵᠢᠬᠦᠯᠦᠨ ᠪᠤᠶᠢᠵᠢᠭᠤᠯᠬᠤ | ᠰᠢᠰᠲ᠋ᠧᠮ᠂ ᠵᠠᠬ᠎ᠠ ᠲᠡᠯᠬᠡᠬᠦᠷᠴᠢᠯᠡᠭᠰᠡᠨ ᠬᠦᠢᠯᠬᠡᠬᠡ ᠴᠦᠮ ᠠᠩᠬᠠᠨ ᠤ ᠱᠠᠳᠤᠨ ᠳᠤ ᠪᠠᠶᠢᠨ᠎ᠠ᠃ ᠨᠤᠳᠤᠬ ᠤᠨ ᠲᠠᠷᠢᠮᠠᠯ ᠢ ᠰᠤᠳᠤᠯᠤᠨ ᠨᠡᠭᠡᠭᠡᠬᠦ ᠠᠰᠢᠬᠯᠠᠬᠤ᠂ | ᠡᠪᠡᠰᠤᠨ ᠦᠷ᠎ᠠ ᠶᠢᠨ ᠤᠢᠢᠯᠡᠰ ᠤᠨ ᠰᠢᠰᠲ᠋ᠧᠮ ᠤᠨ ᠪᠠᠶᠢᠭᠤᠯᠤᠯᠳᠠ ᠪᠠᠴᠢᠮ ᠲᠤᠯᠭᠠᠮ ᠪᠠᠶᠢᠨ᠎ᠠ︾᠃ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ | ᠲᠦᠷᠤ ᠶᠢᠨ ᠵᠦᠪᠯᠡᠯᠬᠡᠨ ᠤ ᠬᠡᠰᠢᠬᠦᠨ᠂ ᠦᠪᠤᠷ ᠮᠤᠩᠭᠤᠯ ᠤᠨ ᠮᠧᠩ ᠼᠤᠤ ᠠᠮᠢ ᠠᠬᠤᠢ ᠤᠷᠴᠢᠨ ᠲᠤᠭᠤᠷᠢᠨ ︵ᠪᠦᠯᠦᠭᠯᠡᠯ︶ ᠤ ᠬᠤᠪᠢᠴᠠᠭᠠᠲᠦ ᠬᠢᠵᠠᠭᠠᠷᠳᠤ | ᠺᠤᠮᠫᠠᠨᠢ ᠶᠢᠨ ᠭᠡᠷᠡᠭ ᠮᠡᠳᠡᠭᠴᠢᠳ ᠤᠨ ᠲᠠᠷᠤᠭ᠎ᠠ ᠸᠠᠩ ᠵᠤᠤ ᠮᠢᠩ ᠡᠨᠡ ᠤᠳᠠᠭ᠎ᠠ ᠶᠢᠨ ᠬᠤᠷᠠᠯ ᠳᠤ ᠤᠷᠤᠯᠴᠠᠬᠤ ᠳᠤ᠂ ᠤᠯᠤᠰ ᠤᠨ ᠦᠪᠡᠷᠮᠢᠴᠠ ᠤᠨᠴᠠᠯᠢᠬ ᠲᠠᠢ | ᠲᠠᠷᠢᠮᠠᠯ ᠤᠨ ᠤᠢᠢᠯᠡᠰ ᠦᠷ᠎ᠠ ᠶᠢᠨ ᠡᠳ᠋ ᠤᠨ ᠡᠬᠢ ᠪᠠᠶᠠᠯᠢᠬ ᠤᠨ ᠬᠦᠮᠤᠷᠬᠡ ᠶᠢ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠶᠢ ᠪᠡᠯᠡᠳᠬᠡᠪᠡ᠃ | ︽ᠡᠨᠡ ᠵᠢᠯ ᠬᠤᠷᠠᠯ ᠳᠤ ᠤᠷᠤᠯᠴᠠᠬᠤ ᠳᠤ ᠪᠢ ᠠᠶᠢᠽ ᠡᠪᠡᠳᠴᠢᠨ ᠢ ᠰᠡᠷᠬᠡᠶᠢᠯᠡᠨ ᠡᠵᠡᠮᠳᠡᠬᠦ᠂ ᠭᠠᠩᠰᠠᠷᠠᠬᠤ ᠡᠪᠡᠳᠴᠢᠨ ᠤ ᠡᠬᠢᠨ ᠤ ᠬᠤᠭᠤᠴᠠᠭᠠᠨ ᠤ | ᠵᠠᠰᠠᠯᠳᠠ ᠶᠢᠨ ᠰᠠᠨᠠᠯ ᠳᠤᠷᠠᠳᠤᠯᠭ᠎ᠠ ᠲᠡᠪᠰᠢᠬᠦᠯᠬᠦ ᠪᠠᠷ ᠪᠠᠶᠢᠨ᠎ᠠ︾ ᠬᠡᠵᠤ ᠮᠠᠨ ᠤ ᠤᠷᠤᠨ ᠳᠤ ᠰᠠᠭᠤᠭ᠎ᠠ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ | ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠤ ᠶᠢᠨ ᠵᠦᠪᠯᠡᠯᠬᠡᠨ ᠤ ᠬᠦᠮᠤᠨ ᠠᠮᠠ ᠡᠬᠢ ᠪᠠᠶᠠᠯᠢᠬ ᠤᠷᠴᠢᠨ ᠲᠤᠭᠤᠷᠢᠨ ᠤ ᠵᠦᠪᠯᠡᠯ ᠤᠨ ᠡᠷᠬᠢᠯᠡᠭᠴᠢ | ᠶᠦᠨ ᡁᠢ ᠡᡁᠸᠤ ᠰᠤᠷᠪᠤᠯᠵᠢᠯᠠᠬᠴᠢ ᠳᠤ ᠬᠡᠯᠡᠪᠡ᠃ | ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠪᠤᠯᠤᠭᠰᠠᠨ ᠤ ᠬᠤᠪᠢ ᠳᠠᠬᠢ ᠢᠷᠠᠭᠤ ᠠᠯᠳᠠᠷ ᠢᠶᠠᠨ ᠡᠷᠬᠢᠮᠨᠠᠨ ᠨᠠᠨᠳᠢᠩᠨᠠᠵᠤ᠂ ᠡᠬᠦᠷᠬᠡ ᠬᠠᠷᠢᠭᠤᠴᠠᠯᠭ᠎ᠠ ᠪᠠᠨ | ᠭᠤᠳᠤᠭᠠᠬᠤ ᠦᠬᠡᠢ᠂ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠪᠠᠷ᠂ ᠦᠨᠳᠤᠰᠤᠨ ᠱᠠᠳᠤᠨ ᠤ ᠨᠡᠩ ᠤᠯᠠᠨ ᠲᠠᠭᠤᠨ ᠪᠤᠯᠤᠨ ᠠᠷᠠᠳ ᠤᠯᠠᠨ ᠤ ᠬᠦᠰᠡᠯ | ᠡᠷᠡᠮᠡᠯᠵᠡᠯ ᠢ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠦᠷᠪᠡᠳᠤᠭᠡᠷ ᠬᠤᠷᠠᠯ ᠳᠤ ᠲᠠᠮᠵᠢᠭᠤᠯᠵᠤ᠂ | ᠤᠷᠬᠢᠯᠤᠮ᠎ᠠ ᠬᠠᠯᠠᠭᠤᠨ ᠤᠯᠤᠰ ᠲᠦᠷᠤ ᠶᠢᠨ ᠰᠡᠳᠬᠢᠯᠬᠡ ᠪᠤᠯᠤᠨ ᠰᠠᠶᠢᠨ ᠰᠠᠶᠢᠬᠠᠨ ᠤᠶᠤᠨ ᠰᠠᠨᠠᠭᠠᠠ ᠤ ᠲᠦᠷᠢ ᠪᠠᠶᠢᠳᠠᠯ ᠢᠶᠠᠷ ᠡᠬᠦᠷᠬᠡ ᠬᠠᠷᠢᠭᠤᠴᠠᠯᠭ᠎ᠠ ᠪᠠᠨ | ᠰᠠᠶᠢᠳᠤᠷ ᠬᠦᠢᠴᠡᠳᠬᠡᠵᠤ᠂ ︽ᠠᠷᠪᠠᠨ ᠲᠦᠷᠪᠡᠳᠤᠭᠡᠷ ᠲᠠᠪᠤᠨ ᠵᠢᠯ︾ ᠢ ᠰᠠᠶᠢᠨ ᠡᠬᠢᠯᠠᠯᠳᠠ ᠲᠠᠢ ᠪᠤᠯᠭᠠᠬᠤ ᠳᠤ ᠢᠳᠡᠪᠬᠢᠳᠠᠢ ᠬᠤᠪᠢ ᠨᠡᠮᠡᠷᠢ ᠦᠵᠡᠬᠦᠯᠤᠨ᠎ᠠ ᠬᠡᠵᠤ | ᠢᠯᠡᠷᠬᠡᠶᠢᠯᠡᠵᠡᠬᠡᠨᠠ᠃ | |