ᠤᠷᠠᠳ ᠤᠨ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠺᠠᠳ᠋ᠷ ᠴᠠᠭᠳᠠᠭᠠᠴᠢᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2021/3/5
    ᠬᠡᠷᠡᠭ ᠪᠣᠯᠭᠠᠨ ᠳᠠᠩᠰᠠᠯᠠᠬᠤ ᠵᠠᠷᠭᠤ ᠶᠢᠨ ᠦᠢᠯᠡᠴᠢᠯᠡᠭᠡᠨ ᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠺᠠᠳ᠋ᠷ ᠴᠠᠭᠳᠠᠭᠠᠴᠢᠳ ᠤᠨ ᠪᠦᠬᠦᠶᠢᠯᠠ ᠬᠡᠪ ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠭᠦᠬᠦ ᠶᠢᠨ ᠲᠦᠯᠦᠭᠡ᠂ ᠣᠶᠢᠷ᠎ᠠ ᠶᠢᠨ ᠡᠳᠦᠷ ᠡᠮᠦᠨᠡᠲᠦ ᠬᠤᠰᠢᠭᠤᠨ ᠤ ᠰᠢᠭᠦᠬᠦ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠨᠢ ᠣᠯᠠᠨ ᠠᠷᠭ᠎ᠠ ᠠᠪᠴᠢᠯ ᠢᠶᠠᠷ ᠺᠠᠳ᠋ᠷ ᠴᠠᠭᠳᠠᠭᠠᠴᠢᠳ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ 2021 ᠣᠨ ᠤ ᠬᠡᠷᠡᠭ ᠪᠣᠯᠭᠠᠨ ᠳᠠᠩᠰᠠᠯᠠᠵᠤ ᠵᠠᠷᠭᠤ ᠶᠢᠨ ᠶᠠᠪᠤᠳᠠᠯ ᠳᠤ ᠴᠢᠨᠠᠷ ᠰᠠᠶᠢᠲᠠᠢ ᠦᠢᠯᠡᠴᠢᠯᠡᠬᠦ ᠳᠤ ᠪᠠᠲᠤ ᠪᠠᠬᠢ ᠰᠠᠬᠢᠯᠭ᠎ᠠ ᠪᠠᠲᠤ ᠶᠢᠨ ᠰᠠᠭᠤᠷᠢ ᠶᠢ ᠲᠠᠯᠪᠢᠵᠤ ᠦᠭᠴᠦ ᠪᠣᠢ᠃     ᠨᠢᠭᠡ ᠳᠤ᠂ ᠲᠤᠰ ᠬᠤᠷᠢᠶ᠎ᠠ ᠶᠢᠨ ᠬᠡᠷᠡᠭ ᠪᠣᠯᠭᠠᠨ ᠳᠠᠩᠰᠠᠯᠠᠬᠤ ᠲᠢᠩᠬᠢᠮ ᠤᠨ ᠴᠣᠩᠬᠤᠪᠴᠢ ᠪᠠᠶᠢᠷᠢᠨ ᠳᠠᠬᠢ ᠺᠠᠳ᠋ᠷ ᠴᠠᠭᠳᠠᠭᠠᠴᠢᠳ ᠢ ᠠᠷᠪᠠᠨ ᠮᠢᠨᠦ᠋ᠲ ᠤᠨ ᠡᠮᠦᠨ᠎ᠡ ᠪᠠᠶᠢᠷᠢᠨ ᠳᠠᠭᠠᠨ ᠭᠠᠷᠴᠦ ᠬᠤᠪᠴᠠᠰᠤ ᠬᠤᠨᠠᠷ ᠳᠡᠷᠢ ᠲᠡᠭᠰᠢ ᠪᠠᠶᠢᠬᠤ ᠶᠢ ᠱᠠᠭᠠᠷᠳᠠᠭᠰᠠᠨ ᠪᠦᠭᠡᠳ ᠵᠢᠯ ᠤᠨ ᠡᠴᠦᠰ ᠤᠨ ᠠᠵᠢᠯ ᠤᠨ ᠦᠷ᠎ᠡ ᠪᠦᠲᠦᠮᠵᠢ ᠶᠢ ᠰᠢᠯᠭᠠᠷᠠᠭᠤᠯᠬᠤ ᠲᠠᠢ ᠬᠤᠯᠪᠤᠭᠳᠠᠭᠤᠯᠤᠨ᠎ᠠ᠃ ᠲᠡᠭᠦᠨᠴᠢᠯᠡᠨ ᠬᠢᠨᠠᠨ ᠪᠠᠶᠢᠴᠠᠭᠠᠬᠤ ᠲᠠᠰᠤᠭ ᠤᠨ ᠬᠦᠮᠦᠨ ᠢ ᠣᠷᠢᠨ ᠲᠣᠭᠲᠠᠮᠠᠯ ᠪᠣᠰᠤ ᠬᠤᠭᠤᠴᠠᠭ᠎ᠠ ᠪᠠᠷ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠭᠤᠯᠵᠤ᠂ ᠪᠦᠬᠦ ᠲᠢᠩᠬᠢᠮ ᠤᠨ ᠺᠠᠳ᠋ᠷ ᠴᠠᠭᠳᠠᠭᠠᠴᠢᠳ ᠤᠨ ᠪᠡᠶ᠎ᠡ ᠪᠠᠨ ᠴᠢᠩᠭ᠎ᠠ ᠱᠠᠭᠠᠷᠳᠠᠵᠤ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠲᠣᠬᠠᠢ ᠶᠢᠨ ᠬᠦᠮᠦᠨ ᠳᠤ ᠵᠠᠷᠭᠤ ᠶᠢᠨ ᠨᠢᠭᠡᠳᠦᠭᠡᠷ ᠠᠯᠬᠤᠮ ᠳᠤ ᠬᠠᠤᠯᠢ ᠴᠠᠭᠠᠵᠠ ᠶᠢᠨ ᠡᠨᠡᠷᠢᠩᠭᠦᠢ ᠶᠢ ᠮᠡᠳᠡᠷᠡᠭᠦᠯᠦᠨ᠎ᠡ᠃     ᠬᠤᠶᠠᠷ ᠲᠤ᠂ ᠺᠠᠳ᠋ᠷ ᠴᠠᠭᠳᠠᠭᠠᠴᠢᠳ ᠤᠨ ᠣᠯᠠᠨ ᠲᠦᠮᠡᠨ ᠢ ᠬᠦᠯᠢᠶᠡᠨ ᠠᠪᠴᠦ ᠠᠭᠤᠯᠵᠠᠬᠤ ᠳᠤ ᠬᠠᠯᠠᠭᠤᠮᠰᠤᠭ ᠪᠠᠶᠢᠵᠤ᠂ ᠯᠠᠪᠯᠠᠯᠲᠠ ᠪᠦᠷᠢ ᠶᠢ ᠬᠠᠷᠢᠭᠤᠯᠲᠠ ᠲᠠᠢ ᠪᠠᠶᠢᠯᠭᠠᠨ᠎ᠠ᠃ ᠬᠠᠦᠯᠢ ᠳᠤ ᠨᠡᠶᠢᠴᠡᠭᠰᠡᠨ ᠬᠡᠷᠡᠭ ᠢ ᠡᠷᠬᠡᠪᠰᠢ ᠲᠣᠬᠠᠢ ᠶᠢᠨ ᠲᠠᠯᠠᠪᠤᠷ ᠲᠤ ᠰᠢᠢᠳᠪᠦᠷᠢᠯᠡᠬᠦ ᠬᠡᠷᠡᠭᠲᠡᠢ᠃ ᠬᠡᠷᠡᠭ ᠪᠣᠯᠭᠠᠨ ᠳᠠᠩᠰᠠᠯᠠᠭᠰᠠᠨ ᠮᠠᠲ᠋ᠧᠷᠢᠶᠠᠯ ᠨᠢ ᠪᠦᠷᠢᠨ ᠭᠦᠢᠴᠡᠳ ᠪᠣᠰᠤ ᠲᠣᠬᠠᠢ ᠶᠢᠨ ᠬᠦᠮᠦᠨ ᠳᠤ ᠡᠷᠬᠡᠪᠰᠢ ᠨᠢᠭᠡ ᠯᠡ ᠳᠡᠭᠡᠷ᠎ᠡ ᠮᠡᠳᠡᠭᠦᠯᠵᠦ᠂ ᠣᠯᠠᠨ ᠲᠦᠮᠡᠨ ᠢ ᠴᠦᠬᠡᠨ ᠭᠦᠶᠦᠯᠭᠡᠨ᠎ᠡ᠃ ᠬᠡᠷᠡᠭ ᠪᠣᠯᠭᠠᠨ ᠳᠠᠩᠰᠠᠯᠠᠬᠤ ᠨᠦᠬᠦᠴᠡᠯ ᠳᠤ ᠨᠡᠶᠢᠴᠡᠬᠦ ᠦᠭᠡᠢ ᠬᠡᠷᠡᠭ ᠢ  ᠴᠦ ᠲᠣᠬᠠᠢ ᠶᠢᠨ ᠬᠦᠮᠦᠨ ᠳᠤ ᠰᠢᠯᠲᠠᠭᠠᠨ ᠢ ᠨᠢ ᠰᠢᠭᠤᠳ ᠬᠡᠯᠡᠵᠦ᠂ ᠲᠣᠬᠠᠢ ᠶᠢᠨ ᠬᠦᠮᠦᠨ ᠤ ᠪᠤᠷᠤᠭᠤ ᠣᠶᠢᠯᠭᠠᠬᠤ ᠠᠴᠠ ᠰᠡᠷᠭᠡᠶᠢᠯᠡᠨ᠎ᠡ᠃     ᠭᠤᠷᠪᠠ  ᠳᠤ᠂ ᠳᠣᠲᠤᠭᠠᠳᠤ ᠳᠠᠭᠠᠨ《  ᠲᠢᠩᠬᠢᠮ ᠤᠨ ᠳᠠᠷᠤᠭ᠎ᠠ》 ᠶᠢᠨ ᠵᠠᠭᠠᠯᠳᠤᠯᠭ᠎ᠠ ᠶᠢ ᠰᠢᠢᠳᠪᠦᠷᠢᠯᠡᠬᠦ ᠵᠣᠬᠢᠴᠠᠮᠵᠢ ᠶᠢ ᠪᠠᠶᠢᠭᠤᠯᠵᠤ᠂ ᠵᠠᠷᠭᠤ ᠶᠢᠨ ᠦᠢᠯᠡᠴᠢᠯᠡᠭᠡᠨ ᠤ ᠶᠠᠰᠤ ᠴᠢᠨᠠᠷ ᠢ ᠢᠷᠡᠯᠲᠡ ᠠᠴᠠ ᠨᠢ ᠬᠢᠨᠠᠨ ᠬᠠᠮᠢᠶᠠᠷᠤᠨ᠎ᠠ᠃ ᠲᠣᠬᠠᠢ ᠶᠢᠨ ᠬᠦᠮᠦᠨ ᠤ《 ᠬᠦᠢᠲᠡᠨ ᠬᠠᠲᠠᠭᠤ ᠬᠡᠭᠵᠢᠭᠦᠨ ᠲᠦᠯᠬᠢᠬᠦ》 ᠠᠰᠠᠭᠤᠳᠠᠯ ᠢ ᠲᠣᠬᠠᠢ ᠶᠢᠨ ᠴᠠᠭ ᠲᠤᠨᠢ ᠰᠢᠢᠳᠪᠦᠷᠢᠯᠡᠨ᠎ᠡ᠃ ᠭᠠᠳᠠᠭᠰᠢ ᠪᠠᠨ ᠠᠵᠢᠯ ᠤᠨ ᠪᠠᠶᠢᠷᠢ ᠶᠢᠨ ᠬᠢᠨᠠᠯᠲᠠ ᠶᠢᠨ ᠪᠣᠯᠤᠩ ᠭᠠᠷᠭᠠᠵᠤ᠂ ᠪᠦᠬᠦ ᠺᠠᠳ᠋ᠷ ᠴᠠᠭᠳᠠᠭᠠᠴᠢᠳ ᠤᠨ ᠰᠡᠭᠦᠳᠡᠷ ᠢ ᠨᠠᠭᠠᠵᠤ᠂ ᠨᠠᠰᠤ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠵᠢᠴᠢ ᠬᠢᠨᠠᠯᠲᠠ ᠲᠠᠯᠪᠢᠬᠤ ᠢᠯᠡᠴᠢᠯᠡᠨ ᠮᠡᠳᠡᠭᠦᠯᠬᠦ ᠤᠲᠠᠰᠤ ᠶᠢ ᠨᠡᠶᠢᠲᠡᠯᠡᠵᠦ᠂ ᠦᠷᠭᠡᠨ ᠣᠯᠠᠨ ᠲᠦᠮᠡᠨ ᠪᠠ ᠳᠡᠭᠡᠳᠦ ᠱᠠᠲᠤᠨ ᠤ ᠤᠳᠤᠷᠢᠳᠬᠤ ᠪᠠᠶᠢᠭᠤᠯᠭ᠎ᠠ ᠶᠢᠨ ᠬᠢᠨᠠᠯᠲᠠ ᠪᠠᠶᠢᠴᠠᠭᠠᠯᠲᠠ ᠶᠢ ᠬᠦᠯᠢᠶᠡᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ